ᠤᠯᠠᠭᠠᠨᠬᠠᠳᠠ ᠬᠤᠲᠠ ᠶᠢᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ︽ᠬᠠᠷᠢᠭᠤᠴᠠᠯᠭ᠎ᠠ ᠡᠭᠦᠷᠭᠡᠯᠡᠬᠦ ᠶᠢ ᠡᠷᠬᠢᠮᠯᠡᠬᠦ᠂ ᠠᠭᠤᠰᠤᠯᠴᠠᠬᠤ ᠶᠢ ᠠᠬᠢᠭᠤᠯᠬᠤ᠂ ᠳᠦᠷᠢ ᠲᠥᠷᠬᠦ ᠶᠢ ᠪᠣᠶ ᠪᠣᠯᠭᠠᠬᠤ︾ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/11/4
    ︽ᠬᠡᠪ ᠰᠤᠷᠲᠠᠯ ᠲᠥᠪ᠂ ᠰᠠᠬᠢᠯᠭ᠎ᠠ ᠪᠠᠲᠤ ᠴᠢᠩᠭ᠎ᠠ᠂ ᠣᠪᠣᠷ ᠰᠤᠷᠲᠠᠯ ᠦᠨᠡᠨ᠂ ᠡᠷᠴᠢ ᠵᠣᠷᠢᠭ ᠲᠡᠭᠦᠯᠳᠡᠷ︾ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠡᠩᠨᠡᠭᠡ ᠶᠢ ᠪᠠᠶᠢᠭᠤᠯᠬᠤ ᠶᠢᠨ ᠲᠥᠯᠥᠭᠡ᠂ ᠤᠯᠠᠭᠠᠨᠬᠠᠳᠠ ᠬᠤᠲᠠ ᠶᠢᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠬᠦ᠂ ᠠᠭᠤᠰᠤᠯᠴᠠᠨ ᠬᠥᠭᠵᠢᠬᠦ ᠶᠢ ᠠᠬᠢᠭᠤᠯᠬᠤ ᠪᠠ ᠰᠠᠶᠢᠨ ᠰᠠᠶᠢᠬᠠᠨ ᠳᠦᠷᠢ ᠲᠥᠷᠬᠦ ᠶᠢ ᠪᠣᠶ ᠪᠣᠯᠭᠠᠬᠤ ᠪᠠᠷ ᠬᠠᠷᠠᠯᠲᠠ ᠪᠣᠯᠭᠠᠵᠤ᠂ ︽ᠬᠠᠷᠢᠭᠤᠴᠠᠯᠭ᠎ᠠ ᠡᠭᠦᠷᠭᠡᠯᠡᠬᠦ ᠶᠢ ᠡᠷᠬᠢᠮᠯᠡᠬᠦ᠂ ᠠᠭᠤᠰᠤᠯᠴᠠᠬᠤ ᠶᠢ ᠠᠬᠢᠭᠤᠯᠬᠤ᠂ ᠳᠦᠷᠢ ᠲᠥᠷᠬᠦ ᠶᠢ ᠪᠣᠶ ᠪᠣᠯᠭᠠᠬᠤ︾ ᠲᠤᠰᠬᠠᠢ ᠠᠵᠢᠯᠯᠠᠭ᠎ᠠ ᠶᠢ ᠥᠷᠨᠢᠭᠦᠯᠪᠡ᠃ 
盟市动态】赤峰市城市管理综合行政执法局开展“讲担当、促融合、树形象”活动.jpg 
     ᠨᠢᠭᠡ ᠳᠤ᠂ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠪᠠᠷ ᠬᠥᠳᠡᠯᠭᠡᠬᠦ ᠬᠦᠴᠦᠨ ᠪᠣᠯᠭᠠᠵᠤ᠂ ᠬᠠᠷᠢᠭᠤᠴᠠᠯᠭ᠎ᠠ ᠡᠭᠦᠷᠭᠡᠯᠡᠬᠦ ᠤᠬᠠᠮᠰᠠᠷ ᠢᠶᠠᠨ ᠴᠢᠩᠭᠠᠳᠬᠠᠪᠠ᠃ ᠤᠳᠤᠷᠢᠳᠬᠤ ᠺᠠᠳ᠋ᠷᠴᠤᠳ ᠤᠨ ᠨᠠᠮ ᠤᠨ ᠬᠢᠴᠢᠶᠡᠯ ᠣᠷᠣᠬᠤ ᠪᠠ ᠬᠠᠮᠲᠤ ᠶᠢᠨ ᠰᠤᠷᠤᠯᠴᠠᠯᠭ᠎ᠠ ᠶᠢᠨ ᠳᠦᠷᠢᠮ ᠢ ᠪᠠᠷᠢᠮᠲᠠᠯᠠᠵᠤ᠂ ᠨᠠᠮ ᠪᠠᠶᠢᠭᠤᠯᠤᠭᠳᠠᠭᠰᠠᠨ 101 ᠵᠢᠯ ᠤᠨ ᠤᠢ ᠶᠢᠨ ᠲᠠᠰᠢᠷᠠᠮ ᠳᠤ ᠭᠤᠣᠯ ᠰᠡᠳᠦᠪ ᠨᠢ ᠢᠯᠡ ᠲᠣᠳᠣ᠂ ᠬᠡᠯᠪᠡᠷᠢ ᠮᠠᠶ᠋ᠢᠭ ᠨᠢ ᠤᠯᠠᠨ ᠶᠠᠩᠵᠤ ᠶᠢᠨ ᠠᠯᠢ ᠤᠯᠠᠨ ᠪᠡᠯᠭᠡᠯᠡᠬᠦ ᠪᠠ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠪᠡ᠃ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠬᠤᠲᠠ ᠶᠢᠨ ᠬᠠᠮᠢᠶᠠᠷᠤᠯᠲᠠ ᠶᠢᠨ ᠡᠩᠨᠡᠭᠡ ᠶᠢᠨ ᠪᠦᠯᠬᠦᠮᠳᠡᠨ ᠬᠠᠮᠵᠢᠯᠴᠠᠬᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ ᠣᠶᠤᠨ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠢᠯᠡᠷᠡᠭᠦᠯᠪᠡ᠃    ᠬᠤᠶᠠᠷ ᠲᠤ᠂ ᠰᠠᠨᠠᠯ ᠢᠶᠠᠨ ᠰᠣᠯᠢᠯᠴᠠᠨ ᠣᠶᠢᠯᠠᠭᠠᠯᠴᠠᠬᠤ ᠪᠠᠷ ᠬᠤᠯᠪᠣᠭᠠᠰᠤ ᠪᠣᠯᠭᠠᠵᠤ᠂ ᠠᠭᠤᠰᠤᠯᠴᠠᠨ ᠬᠥᠭᠵᠢᠬᠦ ᠶᠢ ᠠᠬᠢᠭᠤᠯᠪᠠ᠃ ᠠᠵᠢᠯ ᠤᠨ ᠪᠠᠶᠢᠷᠢ ᠶᠢᠨ ᠢᠶᠠᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠰᠤᠳᠤᠯᠤᠨ ᠶᠠᠷᠢᠯᠴᠠᠬᠤ ᠪᠠ ᠥᠪᠡᠷ ᠢᠶᠠᠨ ᠪᠠᠶᠢᠴᠠᠭᠠᠵᠤ ᠥᠪᠡᠷ ᠢᠶᠠᠨ ᠵᠠᠯᠠᠷᠠᠭᠤᠯᠬᠤ ᠶᠢ ᠥᠷᠨᠢᠭᠦᠯᠵᠦ ᠂ ᠢᠯᠡᠷᠡᠭᠦᠯᠦᠭᠰᠡᠨ ᠠᠰᠠᠭᠤᠳᠠᠯ ᠢ ᠴᠠᠭ ᠲᠤᠬᠠᠢ ᠳᠤ ᠨᠢ ᠴᠡᠭᠴᠡᠯᠡᠨ ᠰᠠᠶᠢᠵᠢᠷᠠᠭᠤᠯᠪᠠ᠃ ᠰᠡᠳᠬᠢᠯ ᠤᠨ ᠦᠭᠡ ᠪᠠᠨ ᠬᠡᠯᠡᠯᠴᠡᠨ ᠰᠠᠨᠠᠯ ᠢᠶᠠᠨ ᠰᠣᠯᠢᠯᠴᠠᠬᠤ ᠶᠢ ᠥᠷᠨᠢᠭᠦᠯᠵᠦ᠂ ᠠᠵᠢᠯᠲᠠᠨ ᠤ ᠦᠵᠡᠯ ᠰᠠᠨᠠᠭᠠᠨ ᠤ ᠬᠥᠳᠡᠯᠦᠯ ᠪᠠᠶᠢᠳᠠᠯ ᠢ ᠴᠠᠭ ᠲᠤᠬᠠᠢ ᠳᠤ ᠨᠢ ᠡᠵᠡᠮᠰᠢᠵᠦ᠂ ᠺᠠᠳ᠋ᠷ ᠠᠵᠢᠯᠲᠠᠨ ᠤ ᠬᠦᠰᠡᠯ ᠱᠠᠭᠠᠷᠳᠠᠯᠭ᠎ᠠ ᠶᠢ ᠰᠣᠨᠣᠰᠴᠤ᠂ ᠪᠣᠳᠠᠲᠠᠢ ᠬᠦᠴᠢᠷᠳᠡᠯ ᠢ ᠨᠢ ᠰᠢᠢᠳᠪᠦᠷᠢᠯᠡᠵᠦ᠂ ᠠᠵᠢᠯ ᠢᠶᠠᠨ ᠲᠠᠰᠤᠯᠳᠠᠭᠤᠯᠬᠤ ᠦᠭᠡᠢ᠂ ᠡᠷᠴᠢ ᠵᠣᠷᠢᠭ ᠢᠶᠠᠨ ᠰᠤᠯᠠᠷᠠᠭᠤᠯᠬᠤ ᠦᠭᠡᠢ ᠪᠠᠶᠢᠬᠤ ᠶᠢ ᠪᠠᠲᠤᠯᠠᠪᠠ᠃    ᠭᠤᠷᠪᠠ ᠳᠤ᠂ ᠬᠡᠪ ᠴᠢᠨᠠᠷ ᠤᠨ ᠪᠠᠶᠢᠭᠤᠯᠤᠯᠲᠠ ᠪᠠᠷ ᠭᠠᠷᠳᠠᠴᠠ ᠪᠣᠯᠭᠠᠵᠤ᠂ ᠡᠩᠨᠡᠭᠡᠨ ᠤ ᠳᠦᠷᠢ ᠲᠥᠷᠬᠦ ᠶᠢ ᠪᠤᠢ ᠪᠤᠯᠭᠠᠪᠠ᠃ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ᠂ ᠬᠤᠲᠠ ᠶᠢᠨ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠪᠠᠶᠢᠩᠭᠤ ᠲᠣᠬᠢᠶᠠᠯᠳᠤᠬᠤ ᠠᠰᠠᠭᠤᠳᠠᠯ᠂ ᠬᠤᠲᠠ ᠶᠢᠨ ᠬᠠᠮᠢᠶᠠᠷᠤᠯᠲᠠ ᠶᠢᠨ ᠶᠠᠷᠢᠶ᠎ᠠ ᠬᠡᠯᠡᠯᠴᠡᠭᠡ ᠪᠠᠷ ᠬᠥᠲᠥᠯᠥᠨ ᠵᠢᠯᠤᠭᠤᠳᠬᠤ ᠵᠡᠷᠭᠡ ᠠᠭᠤᠯᠭ᠎ᠠ ᠶᠢ ᠵᠣᠬᠢᠶᠠᠨ ᠪᠠᠶᠢᠭᠤᠯᠤᠨ ᠰᠤᠷᠤᠯᠴᠠᠵᠤ᠂ ᠲᠡᠷᠢᠭᠦᠨ ᠤ ᠭᠠᠵᠠᠷ ᠣᠷᠣᠨ ᠤ ᠲᠤᠷᠰᠢᠯᠭ᠎ᠠ ᠵᠢᠴᠢ ᠵᠢᠱᠢᠶᠡᠴᠢ ᠬᠥᠮᠥᠰ ᠤᠨ ᠦᠢᠯᠡ ᠠᠵᠢᠯᠯᠠᠭ᠎ᠠ ᠶᠢ ᠰᠤᠷᠤᠯᠴᠠᠨ᠂ ᠲᠣᠰ ᠪᠡᠶ᠎ᠡ ᠶᠢᠨ ᠲᠤᠬᠠᠶᠢᠯᠠᠭᠰᠠᠨ ᠠᠵᠢᠯ ᠤᠨ ᠬᠡᠪ ᠴᠢᠨᠠᠷ ᠢᠶᠠᠨ ᠴᠢᠩᠭᠠᠳᠬᠠᠵᠤ᠂ ᠬᠠᠤᠯᠢ ᠬᠡᠷᠡᠭᠵᠢᠭᠦᠯᠬᠦ ᠣᠨᠣᠯᠵᠢᠬᠤᠨ ᠢᠶᠠᠨ ᠬᠤᠪᠢᠷᠠᠭᠤᠯᠵᠤ᠂ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ᠂ ᠵᠢᠷᠤᠮᠵᠢᠯ ᠲᠠᠢ ᠪᠠᠷ ᠬᠠᠤᠯᠢ ᠬᠡᠷᠡᠭᠵᠢᠭᠦᠯᠬᠦ᠂ ᠠᠷᠢᠭᠤᠨ ᠴᠢᠬᠡᠴᠢ ᠪᠠᠷ ᠬᠠᠤᠯᠢ ᠬᠡᠷᠡᠭᠵᠢᠭᠦᠯᠬᠦ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠡᠩᠨᠡᠭᠡ ᠶᠢᠨ ᠳᠦᠷᠢ ᠲᠥᠷᠬᠦ ᠶᠢ ᠪᠣᠶ ᠪᠣᠯᠭᠠᠪᠠ᠃ᠲᠠᠷᠠᠭᠠᠴᠢ ᠶᠢᠨ ᠠᠯᠬᠤᠮ ᠳᠤ᠂ ᠤᠯᠠᠭᠠᠨᠬᠠᠳᠠ ᠬᠤᠲᠠ ᠶᠢᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠠᠴᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠦᠵᠡᠯ ᠰᠠᠨᠠᠭ᠎ᠠ ᠪᠠᠨ ᠳᠠᠬᠢᠨ ᠴᠢᠯᠦᠭᠡᠯᠡᠵᠦ᠂ ᠠᠵᠢᠯ ᠤᠨ ᠲᠠᠯ᠎ᠠ ᠪᠠᠷ ᠳᠠᠬᠢᠨ ᠡᠷᠴᠢ ᠵᠣᠷᠢᠭ ᠢᠶᠠᠨ ᠬᠥᠪᠴᠢᠯᠡᠵᠦ᠂ ᠠᠷᠭ᠎ᠠ ᠬᠡᠮᠵᠢᠶ᠎ᠡ ᠶᠢᠨ ᠲᠠᠯ᠎ᠠ ᠪᠠᠷ ᠳᠠᠬᠢᠨ ᠰᠢᠨ᠎ᠡ ᠶᠢ ᠡᠭᠦᠳᠴᠦ᠂ ᠨᠠᠩ ᠲᠡᠭᠦᠰ ᠲᠡᠭᠦᠯᠳᠡᠷ ᠣᠶᠤᠨ ᠰᠠᠨᠠᠭᠠᠨ ᠤ ᠳᠦᠷᠰᠦ ᠪᠠᠶᠢᠳᠠᠯ ᠢᠶᠠᠷ ᠬᠤᠲᠠ ᠶᠢᠨ ᠬᠠᠮᠢᠶᠠᠷᠤᠯᠲᠠ ᠶᠢᠨ ᠠᠵᠢᠯ ᠤᠨ ᠰᠢᠨ᠎ᠡ ᠪᠠᠶᠢᠳᠠᠯ ᠢ ᠡᠭᠦᠳᠬᠦ ᠪᠣᠯᠣᠨ᠎ᠠ᠃ 
ᠢᠷᠡᠯᠲᠡ᠄ ᠤᠯᠠᠭᠠᠨᠬᠠᠳᠠ ᠬᠤᠲᠠ ᠵᠢᠨ‌ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ