ᠢᠦᠢ ᠰᠢᠨ ᠹᠠᠩ ᠲᠢᠩᠬᠢᠮ ᠤᠨ ᠪᠣᠬᠢᠷᠳᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠤᠳᠤᠷᠢᠳᠬᠤ ᠳᠤᠭᠤᠶᠢᠯᠠᠩ ᠵᠢᠴᠢ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠤᠳᠤᠷᠢᠳᠬᠤ ᠳᠤᠭᠤᠶᠢᠯᠠᠩ ᠤᠨ ᠬᠤᠷᠠᠯ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/3/17
      3 ᠳ᠋ᠤᠭᠠᠷ ᠰᠠᠷ᠎ᠠ ᠶᠢᠨ 15 ᠤ ᠡᠳᠦᠷ᠂ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠢᠩᠬᠢᠮ ᠤᠨ ᠳᠡᠳ᠋ ᠳᠠᠷᠤᠭ᠎ᠠ ᠢᠦᠢ ᠰᠢᠨ ᠹᠠᠩ ᠲᠢᠩᠬᠢᠮ ᠤᠨ ᠪᠣᠬᠢᠷᠳᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠤᠳᠤᠷᠢᠳᠬᠤ ᠳᠤᠭᠤᠶᠢᠯᠠᠩ ᠵᠢᠴᠢ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠤᠳᠤᠷᠢᠳᠬᠤ ᠳᠤᠭᠤᠶᠢᠯᠠᠩ ᠤᠨ ᠬᠤᠷᠠᠯ ᠡᠷᠭᠢᠯᠡᠨ ᠬᠤᠷᠠᠯᠳᠤᠭᠤᠯᠪᠠ᠃
2.jpg
      ᠬᠤᠷᠠᠯ ᠠᠴᠠ ᠴᠢᠬᠤᠯᠠᠴᠢᠯᠠᠭᠰᠠᠨ ᠨᠢ᠂ ᠲᠥᠪ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ  ᠰᠢᠮᠳᠠᠭᠤᠯᠤᠨ ᠪᠠᠶᠢᠴᠠᠭᠠᠬᠤ ᠪᠣᠯ ᠨᠠᠮ ᠤᠨ ᠲᠥᠪ ᠬᠤᠷᠢᠶ᠎ᠠ ᠠᠴᠠ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠩᠭᠠᠳᠬᠠᠬᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠨᠢᠭᠡ ᠵᠦᠢᠯ ᠤᠨ ᠴᠢᠬᠤᠯᠠ ᠶᠡᠭᠡ ᠲᠦᠷᠢᠮ ᠤᠨ ᠪᠠᠶᠢᠷᠢᠯᠠᠭᠤᠯᠤᠯᠳᠠ ᠮᠦᠨ᠂ ᠲᠥᠪ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ ᠠᠵᠢᠯ ᠢ ᠳᠡᠮᠵᠢᠬᠦ ᠪᠠ ᠬᠠᠮᠵᠢᠯᠴᠠᠬᠤ ᠪᠣᠯ ᠤᠯᠤᠰ ᠲᠦᠷᠦ ᠶᠢᠨ ᠬᠠᠷᠢᠭᠤᠴᠠᠯᠭ᠎ᠠ᠂ ᠤᠯᠤᠰ ᠲᠦᠷᠦ ᠶᠢᠨ ᠡᠭᠦᠷᠭᠡ ᠪᠣᠯᠣᠨ᠎ᠠ᠂ ᠡᠯ᠎ᠡ ᠬᠠᠮᠢᠶ᠎ᠠ ᠪᠦᠬᠦᠢ ᠭᠠᠵᠠᠷ ᠭᠡᠷ ᠤᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠭᠤᠣᠯ ᠬᠠᠷᠢᠭᠤᠴᠠᠯᠭᠠᠲᠠᠨ ᠪᠡᠶ᠎ᠡ ᠪᠠᠷ ᠢᠶᠠᠨ ᠣᠷᠣᠯᠴᠠᠵᠤ᠂ ᠭᠠᠵᠠᠷ ᠭᠡᠷ ᠤᠨ ᠬᠤᠭᠤᠷᠣᠨᠳᠤ ᠪᠠᠨ ᠠᠵᠢᠯ ᠬᠤᠪᠢᠶᠠᠷᠢᠯᠠᠨ ᠬᠠᠷᠢᠭᠤᠴᠠᠵᠤ᠂ ᠵᠣᠬᠢᠴᠠᠭᠤᠯᠤᠨ ᠬᠤᠯᠪᠤᠭᠠᠯᠠᠨ ᠬᠥᠳᠡᠯᠦᠯᠴᠡᠵᠦ᠂ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠬᠢᠨ ᠮᠠᠲ᠋ᠧᠷᠢᠶᠠᠯ ᠦᠵᠡᠪᠡᠯ ᠳᠠᠷᠤᠢ ᠲᠦᠷᠭᠡᠨ ᠲᠤᠰᠢᠶᠠᠵᠤ᠂ ᠬᠠᠷᠢᠯᠴᠠᠨ ᠲᠦᠯᠬᠢᠯᠴᠡᠬᠦ᠂ ᠬᠠᠰᠢ ᠶᠠᠰᠢ ᠪᠠᠷ ᠠᠷᠭᠠᠴᠠᠬᠤ ᠶᠢ ᠡᠷᠡᠰ ᠬᠤᠷᠢᠭᠯᠠᠬᠤ ᠬᠡᠷᠡᠭᠲᠡᠢ ᠭᠡᠪᠡ᠃
3.jpg
      ᠬᠤᠷᠠᠯ ᠠᠴᠠ᠂ ᠲᠤᠬᠠᠶᠢᠯᠠᠭᠰᠠᠨ ᠠᠵᠢᠯ ᠤᠨ ᠰᠠᠭᠤᠷᠢ ᠲᠤᠭ᠎ᠠ ᠪᠣᠯᠣᠨ ᠬᠤᠯᠪᠣᠭᠳᠠᠯ ᠪᠦᠬᠦᠢ ᠪᠠᠶᠢᠳᠠᠯ ᠢ ᠣᠨᠣᠪᠴᠢᠲᠠᠢ ᠡᠵᠡᠮᠰᠢᠵᠦ᠂ ᠬᠤᠯᠪᠣᠭᠳᠠᠯ ᠪᠦᠬᠦᠢ ᠵᠢᠷᠤᠮᠵᠢᠯ᠂ ᠳᠦᠷᠢᠮ ᠵᠢᠴᠢ ᠳᠦᠷᠢᠮ ᠲᠣᠭᠲᠠᠭᠠᠯ ᠤᠨ ᠪᠢᠴᠢᠭ ᠮᠠᠲ᠋ᠧᠷᠢᠶᠠᠯ ᠢ ᠡᠮᠬᠢᠳᠬᠡᠨ ᠬᠤᠷᠢᠶᠠᠩᠭᠤᠶᠢᠯᠠᠵᠤ᠂ ᠬᠠᠷᠢᠭᠤᠴᠠᠯᠭ᠎ᠠ ᠶᠢ ᠲᠣᠳᠣᠷᠬᠠᠢ ᠮᠡᠳᠡᠵᠦ᠂ ᠬᠠᠷᠢᠭᠤᠴᠠᠯᠭ᠎ᠠ ᠪᠠᠨ ᠭᠦᠢᠴᠡᠳᠬᠡᠵᠦ᠂ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠡᠯ᠎ᠡ ᠵᠦᠢᠯ ᠤᠨ ᠡᠭᠦᠷᠭᠡ ᠶᠢ ᠨᠠᠷᠢᠯᠢᠭᠵᠢᠭᠤᠯᠵᠤ᠂ ᠲᠤᠬᠠᠶᠢᠯᠠᠭᠰᠠᠨ ᠠᠵᠢᠯ ᠤᠨ ᠭᠤᠣᠯᠯᠠᠭᠴᠢ ᠬᠦᠴᠦᠨ ᠢ ᠲᠣᠬᠢᠷᠠᠭᠤᠯᠤᠨ ᠰᠠᠶᠢᠲᠤᠷ ᠨᠠᠶᠢᠳᠠᠪᠤᠷᠢᠵᠢᠭᠤᠯᠵᠤ᠂ ᠠᠵᠢᠯ ᠨᠢᠭᠡᠪᠦᠷᠢ ᠭᠤᠭᠴᠤᠭ᠎ᠠ ᠨᠢᠭᠡᠪᠦᠷᠢ ᠶᠢ ᠬᠠᠮᠢᠶᠠᠷᠬᠤ ᠬᠥᠮᠥᠨ ᠲᠠᠢ᠂ ᠠᠳᠬᠤᠬᠤ ᠬᠥᠮᠥᠨ ᠲᠠᠢ ᠪᠠᠶᠢᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃      ᠡᠯ᠎ᠡ ᠬᠠᠮᠢᠶ᠎ᠠ ᠪᠦᠬᠦᠢ ᠭᠠᠵᠠᠷ ᠭᠡᠷ ᠪᠣᠯᠣᠨ ᠨᠢᠭᠡᠴᠢ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃   
ᠢᠷᠡᠯᠲᠡ᠄ ᠥᠪᠦᠷ ᠮᠤᠩᠭᠤᠯ ᠤᠨ ᠥᠪᠡᠷᠲᠡᠭᠡᠨ ᠵᠠᠰᠠᠬᠤ ᠣᠷᠤᠨ ᠤ ᠤᠷᠤᠨ ᠰᠠᠭᠤᠴᠠ ᠪᠠ ᠬᠤᠲᠠ ᠬᠦᠳᠡᠭᠡ ᠶᠢᠨ ᠪᠥᠲᠦᠭᠡᠨ ᠪᠠᠶᠢᠭᠤᠯᠤᠯᠲᠠ ᠶᠢᠨ ᠲᠢᠩᠬᠢᠮ