ᠸᠠᠩ ᠭᠧᠨ ᠰᠢᠶᠤᠤ ᠬᠠᠮᠢᠶ᠎ᠠ ᠪᠦᠬᠦᠢ ᠨᠥᠬᠦᠳ ᠢ ᠵᠣᠬᠢᠶᠠᠨ ᠪᠠᠶᠢᠭᠤᠯᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠥᠭᠡᠷᠡᠴᠢᠯᠡᠯᠲᠡ ᠶᠢ ᠨᠠᠶᠢᠳᠠᠪᠦᠷᠢᠵᠢᠭᠤᠯᠬᠤ ᠪᠢᠴᠢᠭ ᠮᠠᠲ᠋ᠧᠷᠢᠶᠠᠯ ᠢ ᠰᠤᠷᠤᠯᠴᠠᠪᠠ
ᠨᠡᠶᠢᠲᠡᠯᠡᠭᠰᠡᠨ ᠴᠠᠭ᠄
2022/3/21
      3 ᠳ᠋ᠤᠭᠠᠷ ᠰᠠᠷ᠎ᠠ ᠶᠢᠨ 16 ᠤ ᠡᠳᠦᠷ ᠠᠴᠠ 18 ᠤ ᠡᠳᠦᠷ ᠪᠤᠯᠳᠠᠯ᠎ᠠ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠶᠢᠨ ᠥᠭᠡᠷᠡᠴᠢᠯᠡᠯᠲᠡ ᠶᠢᠨ ᠠᠯᠪᠠᠨ ᠭᠡᠷ ᠤᠨ ᠳᠡᠳ᠋ ᠡᠷᠬᠢᠯᠡᠭᠴᠢ ᠸᠠᠩ ᠭᠧᠨ ᠰᠢᠶᠣᠣ ᠥᠪᠡᠷᠲᠡᠭᠡᠨ ᠵᠠᠰᠠᠬᠤ ᠣᠷᠣᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠵᠢᠴᠢ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠭᠠᠵᠠᠷ ᠤᠨ ᠬᠠᠮᠢᠶ᠎ᠠ ᠪᠦᠬᠦᠢ ᠨᠥᠬᠦᠳ ᠢ ᠵᠣᠬᠢᠶᠠᠨ ᠪᠠᠶᠢᠭᠤᠯᠤᠨ ᠬᠠᠮᠲᠤ ᠶᠢᠨ ᠰᠤᠷᠤᠯᠴᠠᠯᠭ᠎ᠠ ᠶᠢ ᠥᠷᠨᠢᠭᠦᠯᠵᠦ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠵᠢᠴᠢ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠥᠷᠥ ᠶᠢᠨ ᠪᠣᠳᠣᠯᠭ᠎ᠠ ᠶᠢ ᠭᠦᠨᠵᠡᠭᠡᠢ ᠲᠠᠶᠢᠯᠤᠮᠵᠢ ᠬᠢᠵᠦ᠂ ᠨᠠᠷᠢᠯᠢᠭᠵᠢᠭᠤᠯᠤᠨ ᠨᠠᠶᠢᠳᠠᠪᠤᠷᠢᠵᠢᠭᠤᠯᠪᠠ᠃
2.jpg
      ᠲᠤᠰ ᠤᠳᠠᠭᠠᠨ ᠤ ᠰᠤᠷᠤᠯᠴᠠᠯᠭ᠎ᠠ ᠨᠢ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢᠨ ᠲᠤᠬᠠᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠴᠢᠬᠤᠯᠠ ᠶᠡᠭᠡ ᠰᠢᠢᠳᠪᠦᠷᠢᠳᠦ ᠪᠤᠳᠤᠯᠭ᠎ᠠ ᠶᠢ ᠲᠤᠭᠤᠰᠢᠯᠠᠭᠤᠯᠤᠨ ᠨᠠᠶᠢᠳᠠᠪᠦᠷᠢᠵᠢᠭᠤᠯᠬᠤ᠂ ᠪᠦᠬᠦ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ︽ᠥᠪᠡᠷᠲᠡᠭᠡᠨ ᠵᠠᠰᠠᠬᠤ ᠣᠷᠣᠨ ᠤ ᠨᠡᠩ ᠰᠢᠯᠢᠳᠡᠭ ᠡᠵᠡᠩᠨᠡᠯᠲᠡ ᠶᠢᠨ ᠣᠷᠴᠢᠨ ᠲᠣᠭᠤᠷᠢᠨ ᠤ ᠦᠢᠯᠡᠴᠢᠯᠡᠭᠡᠨ ᠤ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠵᠢᠯᠯᠠᠭᠠᠨ ᠤ ᠲᠥᠰᠥᠯ ᠢ ᠳᠠᠷᠤᠮᠠᠯᠯᠠᠨ ᠲᠠᠷᠬᠠᠭᠠᠬᠤ ᠲᠤᠬᠠᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠪᠤᠳᠠᠳᠦ ᠦᠷ᠎ᠡ ᠪᠦᠲᠦᠮᠵᠢ ᠣᠯᠬᠤ ᠶᠢ  ᠠᠬᠢᠭᠤᠯᠪᠠ᠂ ᠲᠠᠶᠢᠯᠪᠤᠷᠢᠯᠠᠬᠤ ᠪᠠ ᠶᠠᠷᠢᠯᠴᠠᠬᠤ ᠶᠢ ᠵᠡᠷᠭᠡᠪᠡᠷ ᠶᠠᠪᠤᠭᠳᠠᠭᠤᠯᠬᠤ ᠠᠷᠭ᠎ᠠ ᠬᠡᠯᠪᠡᠷᠢ ᠶᠢ ᠠᠪᠴᠤ᠂ ︽ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠥᠷᠨᠢᠭᠦᠯᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾ ︽ᠡᠵᠡᠩᠨᠡᠯᠲᠡ ᠶᠢᠨ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠢᠯᠢᠳᠡᠭᠵᠢᠭᠦᠯᠵᠦ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠨᠠᠩ ᠰᠠᠶᠢᠨ ᠦᠢᠯᠡᠴᠢᠯᠡᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾ ᠵᠢᠴᠢ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠠᠭᠤᠯᠭ᠎ᠠ ᠶᠢ ᠵᠦᠢᠯ ᠳᠠᠷᠠᠭᠠᠯᠠᠨ ᠰᠤᠳᠤᠯᠵᠤ᠂ ᠦᠭᠡ ᠥᠭᠦᠯᠡᠪᠦᠷᠢ ᠳᠠᠷᠠᠭᠠᠯᠠᠨ ᠵᠠᠳᠠᠯᠵᠤ᠂ ᠡᠭᠦᠷᠭᠡ ᠶᠢᠨ ᠠᠬᠢᠴᠠ ᠶᠢᠨ ᠪᠠᠶᠢᠳᠠᠯ ᠢ ᠪᠥᠬᠦ ᠲᠠᠯ᠎ᠠ ᠪᠠᠷ ᠣᠶᠢᠯᠠᠭᠠᠵᠤ᠂ ᠠᠬᠢᠭᠤᠯᠬᠤ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠨ᠎ᠠ᠃       ᠸᠠᠩ ᠭᠧᠨ ᠰᠢᠶᠣᠣ ᠴᠢᠬᠤᠯᠠᠴᠢᠯᠠᠬᠤ ᠳᠠᠭᠠᠨ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢᠨ ᠲᠤᠬᠠᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠲᠡᠷᠡ‌‍ᠴᠢᠭ ᠢᠶᠠᠷ ᠨᠢ ᠰᠠᠶᠢᠳᠦᠷ ᠠᠳᠬᠤᠵᠦ᠂ ᠴᠠᠭ ᠪᠢᠳᠡᠨ ᠢ ᠬᠦᠯᠢᠶᠡᠬᠦ ᠦᠭᠡᠢ ᠲᠤᠯᠭᠠᠮ᠎ᠠ ᠰᠡᠳᠬᠢᠯᠭᠡ᠂ ᠬᠠᠲᠠᠭᠤᠵᠢᠯᠲᠠᠢ ᠠᠵᠢᠯᠯᠠᠵᠤ ᠪᠣᠳᠠᠲᠠᠢ ᠠᠵᠢᠯᠯᠠᠬᠤ ᠴᠤᠭ ᠰᠦᠯᠳᠡ ᠪᠠᠷ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠲᠦᠷᠦ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢᠨ ᠲᠦᠭᠵᠢᠷᠡᠯ ᠢ ᠨᠡᠪᠲᠡᠷᠡᠭᠦᠯᠬᠦ᠂ ᠠᠵᠢᠯ ᠤᠨ ᠳᠤᠲᠠᠭᠤᠳᠠᠯ ᠢ ᠨᠥᠬᠦᠪᠦᠷᠢᠯᠡᠬᠦ᠂ ᠬᠠᠷᠢᠯᠴᠠᠨ ᠬᠠᠮᠵᠢᠯᠴᠠᠬᠤ ᠶᠢ ᠴᠢᠩᠭᠠᠳᠬᠠᠬᠤ ᠲᠠᠯ᠎ᠠ ᠪᠠᠷ ᠬᠦᠴᠦᠯᠡᠵᠦ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢᠨ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠬᠡᠷᠡᠭᠲᠡᠢ᠃ ᠲᠣᠰ ᠤᠳᠠᠭᠠᠨ ᠤ ᠰᠤᠷᠤᠯᠴᠠᠯᠭ᠎ᠠ ᠪᠠᠷ ᠳᠡᠮᠵᠢᠨ᠂ ᠣᠳᠣᠬᠢ ᠱᠠᠲᠤᠨ ᠤ ᠮᠠᠨ ᠤ ᠣᠷᠣᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢᠨ ᠭᠤᠣᠯ ᠡᠭᠦᠷᠭᠡ ᠶᠢ ᠡᠮᠬᠢᠯᠡᠨ ᠲᠣᠳᠣᠷᠬᠠᠶᠢᠯᠠᠵᠤ᠂ ᠡᠭᠦᠷᠭᠡ ᠶᠢᠨ ᠨᠠᠷᠢᠨ ᠬᠠᠭᠤᠳᠠᠰᠤ ᠶᠢ ᠲᠣᠭᠲᠠᠭᠠᠨ ᠪᠦᠷᠢᠳᠦᠭᠦᠯᠦᠨ᠎ᠡ ᠭᠡᠵᠡᠢ᠃       ᠲᠠᠷᠠᠭᠠᠴᠢ ᠶᠢᠨ ᠠᠯᠬᠤᠮ ᠳᠤ᠂ ᠡᠭᠦᠷᠭᠡ ᠶᠢᠨ ᠨᠠᠷᠢᠨ ᠬᠠᠭᠤᠳᠠᠰᠦ ᠶᠢᠨ ᠲᠣᠭᠤᠷᠢᠨ ᠳᠤ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠨᠠᠷᠢᠯᠢᠭᠵᠢᠭᠤᠯᠵᠤ᠂ ᠪᠠᠷᠢᠯᠭ᠎ᠠ ᠶᠢᠨ ᠬᠤᠭᠤᠴᠠᠭ᠎ᠠ ᠶᠢ ᠲᠣᠩᠭᠤᠷᠤᠭᠤᠯᠤᠨ ᠵᠢᠭᠰᠠᠭᠠᠵᠤ᠂ ︽ᠡᠭᠦᠷᠭᠡ ᠶᠢᠨ ᠪᠢᠴᠢᠭ︾ ᠢ ︽ᠪᠠᠷᠢᠯᠭ᠎ᠠ ᠶᠢᠨ ᠵᠢᠷᠤᠭ︾ ᠪᠣᠯᠭᠠᠨ ᠬᠤᠪᠢᠷᠠᠭᠤᠯᠵᠤ᠂ ᠮᠠᠨ ᠤ ᠣᠷᠣᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠦᠷ᠎ᠡ ᠪᠦᠲᠦᠮᠵᠢ ᠶᠢ ᠲᠠᠰᠤᠷᠠᠯᠲᠠ ᠦᠭᠡᠢ ᠲᠡᠭᠡᠭᠰᠢᠯᠡᠭᠦᠯᠬᠦ ᠪᠤᠯᠤᠨ᠎ᠠ᠃ 
ᠢᠷᠡᠯᠲᠡ᠄ ᠥᠪᠦᠷ ᠮᠤᠩᠭᠤᠯ ᠤᠨ ᠥᠪᠡᠷᠲᠡᠭᠡᠨ ᠵᠠᠰᠠᠬᠤ ᠣᠷᠤᠨ ᠤ ᠤᠷᠤᠨ ᠰᠠᠭᠤᠴᠠ ᠪᠠ ᠬᠤᠲᠠ ᠬᠦᠳᠡᠭᠡ ᠶᠢᠨ ᠪᠥᠲᠦᠭᠡᠨ ᠪᠠᠶᠢᠭᠤᠯᠤᠯᠲᠠ ᠶᠢᠨ ᠲᠢᠩᠬᠢᠮ