ᠥᠪᠦᠷ ᠮᠣᠩᠭᠤᠯ ᠣᠷᠣᠨ ᠳᠠᠬᠢ ᠰᠢᠨ᠎ᠡ ᠲᠢᠲᠢᠮᠯᠢᠭ ᠠᠭᠤᠰᠬᠢᠨ ᠥᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2022/4/7
       4 ᠳ᠋ᠦ᠋ᠭᠡᠷ ᠰᠠᠷ᠎ᠠ ᠶᠢᠨ  6 ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠤᠬᠠᠢ ᠶᠢᠨ ᠭᠠᠵᠠᠷ ᠤᠨ  ᠲᠣᠳᠤᠯᠠᠭᠰᠠᠨ ᠡᠪᠡᠳᠴᠢᠨ ᠤ ᠵᠢᠱᠢᠶ᠎ᠡ 1 ︵ᠲᠦᠩᠯᠢᠶᠣᠣ ᠬᠤᠲᠠ ᠳᠤ ᠪᠤᠢ᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠪᠠᠶᠢᠭᠰᠠᠨ ᠠᠴᠠ ᠪᠠᠨ  ᠲᠣᠳᠤᠯᠠᠭᠰᠠᠨ ᠡᠪᠡᠳᠴᠢᠨ ᠤ ᠵᠢᠱᠢᠶ᠎ᠡ ᠪᠣᠯᠵᠠᠢ︶ ᠰᠢᠨ᠎ᠡ ᠪᠠᠷ ᠨᠡᠮᠡᠭᠳᠡᠵᠦ᠂ ᠲᠤᠬᠠᠢ ᠶᠢᠨ ᠭᠠᠵᠠᠷ ᠤᠨ  ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 1 ︵ᠲᠦᠩᠯᠢᠶᠣᠣ ᠬᠤᠲᠠ ᠳᠤ ᠪᠤᠢ᠂ ᠲᠥᠪᠯᠡᠷᠡᠭᠦᠯᠦᠨ ᠲᠤᠰᠠᠭᠠᠷᠯᠠᠬᠤ ᠴᠡᠭ ᠤᠨ ᠪᠥᠭᠡᠮ ᠬᠦᠴᠢᠯ ᠤᠨ ᠪᠠᠶᠢᠴᠠᠭᠠᠯᠲᠠ ᠪᠠᠷ ᠢᠯᠡᠷᠡᠭᠦᠯᠪᠡ︶ ᠨᠡᠮᠡᠭᠳᠡᠪᠡ᠃       4 ᠳ᠋ᠦ᠋ᠭᠡᠷ ᠰᠠᠷ᠎ᠠ ᠶᠢᠨ  6 ᠤ ᠡᠳᠦᠷ ᠤᠨ 24 ᠴᠠᠭ ᠪᠣᠯᠲᠠᠯ᠎ᠠ᠂ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠳᠤ ᠲᠤᠬᠠᠢ ᠶᠢᠨ ᠭᠠᠵᠠᠷ ᠤᠨ  ᠲᠣᠳᠤᠯᠠᠭᠰᠠᠨ ᠡᠪᠡᠳᠴᠢᠨ ᠤ ᠵᠢᠱᠢᠶ᠎ᠡ 7 ᠪᠠᠶᠢᠵᠤ᠂ ᠡᠭᠦᠨ ᠳᠤ ᠬᠥᠬᠡᠬᠤᠲᠠ ᠳᠤ 1᠂  ᠲᠦᠩᠯᠢᠶᠣᠣ ᠬᠤᠲᠠ ᠳᠤ 5᠂  ᠤᠯᠠᠭᠠᠨᠬᠠᠳᠠ ᠬᠤᠲᠠ ᠳᠤ 1 ᠪᠤᠢ᠃  ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 18 ᠪᠠᠶᠢᠵᠤ᠂ ᠡᠭᠦᠨ ᠳᠤ ᠬᠥᠬᠡᠬᠤᠲᠠ ᠳᠤ 9᠂  ᠲᠦᠩᠯᠢᠶᠣᠣ ᠬᠤᠲᠠ ᠳᠤ 9 ᠪᠤᠢ᠃ ᠪᠦᠬᠦᠨ ᠢ ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠴᠥᠮ ᠲᠣᠭᠲᠠᠭᠰᠠᠨ ᠭᠠᠵᠠᠷ ᠲᠤ ᠲᠥᠪᠯᠡᠷᠡᠭᠦᠯᠦᠨ  ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠤᠢ᠃       2 ᠳ᠋ᠤᠭᠠᠷ ᠰᠠᠷ᠎ᠠ ᠶᠢᠨ 15 ᠤ ᠡᠳᠦᠷ ᠠᠴᠠ ᠨᠠᠭᠠᠰᠢ᠂ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠮᠡᠳᠡᠭᠦᠯᠦᠭᠰᠡᠨ ᠲᠤᠬᠠᠢ ᠶᠢᠨ ᠭᠠᠵᠠᠷ ᠤᠨ  ᠲᠣᠳᠤᠯᠠᠭᠰᠠᠨ ᠡᠪᠡᠳᠴᠢᠨ ᠤ ᠵᠢᠱᠢᠶ᠎ᠡ ᠨᠡᠶᠢᠲᠡ 493 ᠪᠠᠶᠢᠵᠤ᠂ ᠡᠭᠦᠨ ᠳᠤ ᠬᠥᠬᠡᠬᠤᠲᠠ ᠳᠤ 436᠂ ᠪᠤᠭᠤᠲᠤ ᠬᠤᠲᠠ ᠳᠤ 25᠂ ᠬᠦᠯᠦᠨ ᠪᠤᠶᠢᠷ ᠬᠤᠲᠠ ᠳᠤ  15᠂ ᠲᠦᠩᠯᠢᠶᠣᠣ ᠬᠤᠲᠠ ᠳᠤ 8᠂ ᠤᠯᠠᠭᠠᠨᠬᠠᠳᠠ ᠬᠤᠲᠠ ᠳᠤ 1᠂ ᠣᠷᠳᠣᠰ ᠬᠤᠲᠠ ᠳᠤ 3᠂ ᠪᠠᠶᠠᠨᠨᠠᠭᠤᠷ ᠬᠤᠲᠠ ᠳᠤ 3᠂ ᠠᠯᠠᠱᠠ ᠠᠶᠢᠮᠠᠭ ᠲᠤ 2 ᠪᠤᠢ᠃  ᠢᠯᠡᠷᠢᠰᠢᠵᠦ ᠡᠮᠨᠡᠯᠭᠡ ᠠᠴᠠ ᠭᠠᠷᠤᠭᠰᠠᠨ ᠡᠪᠡᠳᠴᠢᠲᠡᠨ ᠨᠡᠶᠢᠲᠡ 486 ᠪᠠᠶᠢᠨ᠎ᠠ᠂ ᠡᠭᠦᠨ ᠳᠤ ᠬᠥᠬᠡᠬᠤᠲᠠ ᠳᠤ 435᠂ ᠪᠤᠭᠤᠲᠤ ᠬᠤᠲᠠ ᠳᠤ 25᠂ ᠬᠦᠯᠦᠨ  ᠪᠤᠶᠢᠷ ᠬᠤᠲᠠ ᠳᠤ 15᠂ ᠲᠦᠩᠯᠢᠶᠣᠣ ᠬᠤᠲᠠ ᠳᠤ 3᠂ ᠣᠷᠳᠤᠰ ᠬᠤᠲᠠ ᠳᠤ 3᠂  ᠪᠠᠶᠠᠨᠨᠠᠭᠤᠷ ᠬᠤᠲᠠ ᠳᠤ 3᠂ ᠠᠯᠠᠱᠠ ᠠᠶᠢᠮᠠᠭ ᠲᠤ 2 ᠪᠤᠢ᠃           
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ