ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠣᠷᠣᠨ ᠨᠤᠲᠤᠭ ᠤᠨ ᠪᠠᠷᠢᠮᠵᠢᠶ᠎ᠠ ︽ᠪᠣᠬᠢᠷᠳᠤᠯ ᠦᠭᠡᠢ ᠮᠣᠩᠭᠤᠯ ᠭᠡᠷ ᠪᠠᠷᠢᠬᠤ ᠵᠢᠷᠤᠭ ᠤᠨ ᠲᠡᠭᠦᠪᠦᠷᠢ︾ ᠶᠢ ᠨᠡᠶᠢᠲᠡᠯᠡᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠠᠯᠪᠠᠨ ᠵᠠᠷ
ᠨᠡᠶᠢᠲᠡᠯᠡᠭᠰᠡᠨ ᠴᠠᠭ᠄
2022/8/31
         ﹇2022﹈ 140 ᠳ᠋ᠤᠭᠡᠷ ᠲᠣᠭᠠᠲᠤ    ᠡᠳᠦᠭᠡ ︽ᠪᠣᠬᠢᠷᠳᠤᠯ ᠦᠭᠡᠢ ᠮᠣᠩᠭᠤᠯ ᠭᠡᠷ ᠪᠠᠷᠢᠬᠤ ᠵᠢᠷᠤᠭ ᠤᠨ ᠲᠡᠭᠦᠪᠦᠷᠢ︾ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠣᠷᠣᠨ ᠨᠤᠲᠤᠭ ᠤᠨ ᠪᠠᠷᠢᠮᠵᠢᠶ᠎ᠠ ᠪᠣᠯᠭᠠᠬᠤ ᠶᠢ ᠵᠥᠪᠰᠢᠶᠡᠷᠡᠵᠦ᠂ D B J/T03 - 123 - 2022 ᠳ᠋ᠤᠭᠠᠷ ᠨᠣᠮᠧᠷ ᠢᠶᠠᠷ ᠳ᠋ᠤᠭᠠᠷᠯᠠᠵᠤ᠂ 2022 ᠣᠨ ᠤ 11 ᠳ᠋ᠤᠭᠡᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃   ᠲᠣᠰ ᠵᠢᠷᠤᠭ ᠤᠨ ᠲᠡᠭᠦᠪᠦᠷᠢ ᠶᠢ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠠᠴᠠ ᠬᠠᠷᠢᠭᠤᠴᠠᠨ ᠲᠠᠶᠢᠯᠪᠤᠷᠢᠯᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠤᠨ ᠣᠷᠳᠣᠨ ᠤ ᠪᠡᠯᠡ ᠣᠷᠣᠭᠤᠯᠤᠭᠰᠠᠨ ᠡᠵᠡᠩᠨᠡᠯᠲᠡ ᠶᠢᠨ ᠪᠤᠰᠤ ᠴᠢᠨᠠᠷᠲᠠᠢ ᠲᠥᠷᠥᠯ ᠵᠦᠢᠯ ᠤᠨ ᠣᠷᠣᠯᠠᠨ ᠪᠠᠶᠢᠭᠤᠯᠬᠤ ᠲᠥᠪ ᠠᠴᠠ ᠬᠤᠯᠪᠣᠭᠳᠠᠯ ᠪᠦᠬᠦᠢ ᠬᠡᠪᠯᠡᠭᠦᠯᠬᠦ᠂ ᠲᠠᠷᠬᠠᠭᠠᠬᠤ ᠠᠵᠢᠯ ᠢ ᠬᠠᠷᠢᠭᠤᠴᠠᠨ᠎ᠠ᠃             2022 ᠣᠨ ᠤ 8 ᠳ᠋ᠤᠭᠠᠷ ᠰᠠᠷ᠎ᠠ ᠶᠢᠨ 29 ᠤ ᠡᠳᠦᠷ 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ