ᠬᠤᠲᠠ ᠪᠠᠯᠭᠠᠰᠤ ᠶᠢᠨ ᠰᠢᠨᠵᠢᠯᠡᠬᠦ ᠤᠬᠠᠭᠠᠨᠴᠢ ᠨᠤᠭᠤᠭᠠᠷᠠᠭᠤᠯᠤᠯᠳᠠ ᠶᠢᠨ ᠠᠵᠢᠯ ᠤᠨ ᠲᠤᠬᠠᠢ ᠵᠢᠯᠤᠭᠤᠳᠬᠤ ᠰᠠᠨᠠᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2022/8/31
01ᠲᠣᠭᠲᠠᠭᠠᠭᠰᠠᠨ ᠠᠬᠤᠢ ᠪᠠᠶᠢᠳᠠᠯ ᠪᠠ ᠵᠣᠷᠢᠯᠭ᠎ᠠ ᠲᠣᠭᠲᠠᠭᠠᠭᠰᠠᠨ ᠠᠬᠤᠢ ᠪᠠᠶᠢᠳᠠᠯ    ᠣᠶᠢᠷ᠎ᠠ ᠶᠢᠨ ᠵᠢᠯ ᠤᠳ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠬᠤᠲᠠ ᠪᠠᠯᠭᠠᠰᠤ ᠶᠢᠨ ᠨᠣᠭᠤᠭᠠᠷᠠᠭᠤᠯᠤᠯᠲᠠ ᠶᠢᠨ ᠠᠵᠢᠯ ᠲᠦᠷᠭᠡᠨ ᠳᠠᠪᠰᠢᠯᠲᠠ ᠲᠠᠢ ᠪᠣᠯᠵᠤ᠂ ᠬᠤᠲᠠ ᠪᠠᠯᠭᠠᠰᠤ ᠶᠢᠨ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢᠯᠡᠳᠲᠡ ᠰᠠᠶᠢᠵᠢᠷᠠᠪᠠ᠃ ᠭᠡᠪᠡᠴᠦ ᠬᠡᠰᠡᠭ ᠭᠠᠵᠠᠷ ᠣᠷᠣᠨ ᠳᠤ ᠬᠤᠲᠠ ᠪᠠᠯᠭᠠᠰᠤ ᠶᠢᠨ ᠨᠣᠭᠤᠭᠠᠷᠠᠭᠤᠯᠤᠯᠲᠠ ᠪᠠ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠳᠤᠮᠳᠠ ᠰᠣᠬᠤᠷ ᠪᠠᠯᠠᠢ ᠪᠠᠷ ᠨᠣᠭᠤᠭᠠᠷᠠᠭᠤᠯᠤᠯᠲᠠ ᠶᠢ ᠥᠷᠭᠡᠳᠬᠡᠬᠦ᠂ ᠬᠡᠭᠡᠨᠴᠢᠷᠯᠡᠨ ᠪᠦᠷᠢᠯᠭᠡᠬᠦ ᠵᠡᠷᠭᠡ ᠦᠵᠡᠭᠳᠡᠯ ᠣᠷᠣᠰᠢᠵᠤ᠂ ᠡᠳ᠋ ᠤᠨ ᠬᠦᠴᠦᠨ ᠬᠦᠷᠦᠯᠴᠡᠬᠦ ᠦᠭᠡᠢ᠂ ᠬᠠᠮᠢᠶᠠᠷᠤᠯᠳᠠ ᠠᠷᠠᠴᠢᠯᠠᠯᠳᠠ ᠶᠢᠨ ᠠᠵᠢᠯᠯᠠᠭᠠᠨ ᠬᠦᠴᠢᠷᠳᠡᠯ ᠳᠤ ᠲᠤᠯᠭᠠᠷᠠᠬᠤ ᠵᠡᠷᠭᠡ ᠵᠥᠷᠢᠴᠡᠯ ᠵᠢᠯ ᠳᠠᠷᠠᠭᠠᠯᠠᠨ ᠲᠣᠪᠣᠶᠢᠮ᠎ᠠ ᠪᠣᠯᠵᠤ ᠪᠠᠶᠢᠨ᠎ᠠ᠃    2022 ᠣᠨ ᠤ 7 ᠳ᠋ᠤᠭᠠᠷ ᠰᠠᠷ᠎ᠠ ᠳᠤ᠂ ᠪᠦᠬᠦ ᠣᠷᠣᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠶᠠᠷᠢᠯᠴᠠᠭᠠᠨ ᠤ ᠬᠤᠷᠠᠯ ᠳᠡᠭᠡᠷ᠎ᠡ᠂ ᠰᠦᠨ ᠱᠤᠤ ᠴᠧᠩ ᠱᠦᠵᠢ᠄ ︽ᠠᠷᠪᠢᠯᠠᠨ ᠭᠠᠮᠨᠠᠬᠤ ᠶᠢ ᠡᠷᠬᠢᠮᠯᠡᠵᠦ᠂ ᠪᠦᠷᠢᠯᠭᠡᠨ ᠰᠦᠢᠳᠬᠡᠬᠦ ᠶᠢ ᠡᠰᠡᠷᠭᠦᠴᠡᠨ᠎ᠡ᠃ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠨᠠᠵᠠᠭᠠᠢ ᠲᠠᠯ᠎ᠠ ᠶᠢᠨ ᠨᠠᠷᠢᠨ ᠬᠠᠭᠤᠳᠠᠰᠤ ᠶᠢ ᠱᠠᠯᠠᠪᠳᠠᠨ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠬᠢᠨ ᠲᠦᠷᠦᠭᠦᠯᠡᠨ ᠠᠷᠪᠢᠯᠠᠨ ᠭᠠᠮᠨᠠᠬᠤ ᠶᠢ ᠰᠠᠶᠢᠲᠤᠷ ᠬᠢᠨ᠎ᠡ᠃ ᠡᠨᠡ ᠵᠢᠯ ᠠᠴᠠ ᠡᠬᠢᠯᠡᠨ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠨᠡᠭᠡᠭᠡᠨ ᠬᠥᠭᠵᠢᠭᠦᠯᠬᠦ ᠵᠠᠭᠠᠭ ᠬᠢᠵᠠᠭᠠᠷ ᠢ ᠴᠢᠩᠭ᠎ᠠ ᠲᠣᠭᠲᠠᠭᠠᠵᠤ᠂ ᠬᠤᠲᠠ ᠪᠠᠯᠭᠠᠰᠤᠨ ᠤ ᠨᠣᠭᠤᠭᠠᠷᠠᠭᠤᠯᠤᠯᠲᠠ ᠶᠢᠨ ᠲᠥᠰᠥᠪ ᠤᠨ ᠵᠠᠷᠤᠯᠭ᠎ᠠ ᠶᠢ ᠴᠢᠩᠭ᠎ᠠ ᠬᠢᠵᠠᠭᠠᠷᠯᠠᠵᠤ᠂ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠱᠠᠯᠢᠨ ᠪᠦᠷᠢᠯᠭᠡᠬᠦ ᠰᠤᠷᠲᠠᠯ ᠢ ᠡᠷᠡᠰ ᠬᠤᠪᠢᠷᠠᠭᠤᠯᠬᠤ ᠬᠡᠷᠡᠭᠲᠡᠢ︾ ᠭᠡᠵᠦ ᠴᠢᠬᠤᠯᠠᠴᠢᠯᠠᠪᠠ᠃ᠲᠣᠭᠲᠠᠭᠠᠭᠰᠠᠨ ᠵᠣᠷᠢᠯᠭ᠎ᠠ    ᠨᠢᠭᠡ ᠲᠠᠯ᠎ᠠ ᠪᠠᠷ ᠬᠤᠲᠠ ᠪᠠᠯᠭᠠᠰᠤᠨ ᠤ ᠨᠣᠭᠤᠭᠠᠷᠠᠭᠤᠯᠤᠯᠲᠠ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠵᠢᠷᠤᠮᠵᠢᠭᠤᠯᠵᠤ᠂ ᠬᠤᠲᠠ ᠪᠠᠯᠭᠠᠰᠤᠨ ᠤ ᠨᠣᠭᠤᠭᠠᠷᠠᠭᠤᠯᠤᠯᠲᠠ ᠶᠢ ᠰᠣᠬᠤᠷ ᠪᠠᠯᠠᠢ ᠪᠠᠷ ᠥᠷᠭᠡᠳᠬᠡᠬᠦ ᠠᠵᠢᠯᠯᠠᠭ᠎ᠠ ᠶᠢ ᠬᠦᠴᠦᠯᠡᠨ ᠰᠢᠢᠳᠪᠦᠷᠢᠯᠡᠨ᠎ᠡ︔    ᠨᠦ᠋ᠬᠦᠬ᠋ᠡ ᠲᠠᠯ᠎ᠠ ᠪᠠᠷ ᠬᠤᠳᠠ ᠪᠠᠯᠭᠠᠰᠤᠨ ᠤ ᠨᠣᠭᠤᠭᠠᠷᠠᠭᠤᠯᠤᠯᠲᠠ ᠶᠢᠨ ᠰᠢᠨᠵᠢᠯᠡᠬᠦ ᠤᠬᠠᠭᠠᠨᠴᠢ ᠪᠥᠭᠡᠳ ᠡᠮᠬᠢ ᠵᠢᠷᠤᠮ ᠲᠠᠢ ᠶᠠᠪᠤᠭᠳᠠᠬᠤ ᠶᠢ ᠬᠥᠲᠥᠯᠥᠨ ᠵᠢᠯᠤᠭᠤᠳᠴᠤ᠂ ᠬᠤᠳᠠ ᠪᠠᠯᠭᠠᠰᠤᠨ ᠤ ᠨᠣᠭᠤᠭᠠᠷᠠᠭᠤᠯᠤᠯᠲᠠ ᠶᠢᠨ ᠦᠷᠭᠦᠯᠵᠢᠯᠡᠨ ᠡᠷᠡᠭᠦᠯ ᠢᠶᠠᠷ ᠬᠦᠭᠵᠢᠬᠦ ᠶᠢ ᠠᠬᠢᠭᠤᠯᠤᠨ᠎ᠠ᠃02 ᠭᠤᠣᠯᠳᠠᠯᠭ᠎ᠠ ᠲᠠᠢ ᠠᠭᠤᠯᠭ᠎ᠠ ᠶᠢᠨ ᠲᠠᠶᠢᠯᠤᠮᠵᠢ    ︵ᠨᠢᠭᠡ︶ ᠬᠢᠵᠠᠭᠠᠷᠯᠠᠬᠤ ᠬᠦᠴᠦᠨ ᠢ ᠴᠢᠩᠭᠠᠷᠠᠭᠤᠯᠵᠤ᠂ ᠰᠢᠨ᠎ᠡ ᠪᠠᠷ ᠪᠠᠶᠢᠭᠤᠯᠬᠤ ᠲᠥᠷᠥᠯ ᠵᠦᠢᠯ ᠢ ᠴᠢᠩᠭ᠎ᠠ ᠬᠠᠮᠢᠶᠠᠷᠤᠨ ᠡᠵᠡᠮᠳᠡᠨ᠎ᠡ᠃ ᠬᠤᠲᠠ ᠪᠠᠯᠭᠠᠰᠤ ᠶᠢᠨ ᠲᠥᠯᠦᠪᠵᠢᠭᠦᠯᠭᠡ ᠶᠢ ᠴᠢᠩᠭ᠎ᠠ ᠬᠠᠮᠢᠶᠠᠷᠤᠨ ᠡᠵᠡᠮᠳᠡᠬᠦ᠂ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠵᠠᠷᠤᠯᠭ᠎ᠠ ᠶᠢ ᠴᠢᠩᠭ᠎ᠠ ᠡᠵᠡᠮᠳᠡᠬᠦ᠂ ᠲᠥᠷᠥᠯ ᠵᠦᠢᠯ ᠤᠨ ᠵᠥᠪᠰᠢᠶᠡᠷᠡᠨ ᠣᠷᠣᠭᠤᠯᠬᠤ ᠶᠢ ᠬᠢᠨᠠᠨ ᠪᠠᠶᠢᠴᠠᠭᠠᠬᠤ ᠶᠢ ᠴᠢᠩᠳᠠᠯᠠᠬᠤ ᠵᠡᠷᠭᠡ ᠠᠷᠭ᠎ᠠ ᠮᠠᠶ᠋ᠢᠭ ᠢ ᠬᠡᠷᠡᠭᠵᠢᠭᠦᠯᠬᠦ ᠪᠠᠷ ᠳᠠᠮᠵᠢᠭᠤᠯᠤᠨ᠂ ᠬᠤᠲᠠ ᠪᠠᠯᠭᠠᠰᠤ ᠶᠢᠨ ᠨᠣᠭᠤᠭᠠᠷᠠᠭᠤᠯᠤᠯᠲᠠ ᠶᠢᠨ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠤᠨ᠎ᠠ᠃ ᠥᠪᠡᠷ ᠤᠨ ᠥᠷᠲᠡᠭ ᠢ ᠪᠤᠳᠤᠬᠤ ᠦᠭᠡᠢ ᠪᠠᠷ ᠲᠥᠯᠥᠪᠵᠢᠭᠦᠯᠵᠦ ᠵᠢᠷᠤᠭᠯᠠᠨ ᠲᠥᠯᠥᠪᠯᠡᠬᠦ ᠪᠠ ᠪᠦᠲᠦᠭᠡᠨ ᠪᠠᠶᠢᠭᠤᠯᠬᠤ ᠨᠢᠭᠤᠷ ᠲᠠᠯ᠎ᠠ ᠶᠢᠨ ᠢᠨᠵᠧᠨᠧᠷᠢᠩ᠂ ᠠᠵᠢᠯ ᠤᠨ ᠠᠮᠵᠢᠯᠲᠠ ᠶᠢᠨ ᠢᠨᠵᠧᠨᠧᠷᠢᠩ ᠢ ᠡᠷᠡᠰ ᠬᠤᠷᠢᠭᠯᠠᠵᠤ᠂ ᠣᠲᠣ ᠶᠢᠨ ᠪᠠᠶᠢᠭ᠎ᠠ ᠨᠣᠭᠤᠭᠠᠷᠠᠭᠤᠯᠤᠯᠲᠠ ᠬᠠᠮᠠᠭᠠᠯᠠᠯᠲᠠ ᠶᠢᠨ ᠪᠠᠲᠤᠯᠠᠭ᠎ᠠ ᠶᠢ ᠠᠷᠪᠢᠲᠠᠢ ᠪᠥᠭᠡᠳ ᠪᠣᠳᠠᠲᠠᠢ ᠶᠢ ᠡᠷᠬᠢᠮᠯᠡᠨ ᠰᠠᠶᠢᠲᠤᠷ ᠬᠢᠭᠰᠡᠨ ᠰᠠᠭᠤᠷᠢᠨ ᠳᠡᠭᠡᠷ᠎ᠡ᠂ ᠲᠥᠰᠥᠪ ᠤᠨ ᠵᠠᠷᠤᠳᠠᠯ ᠤᠨ ᠪᠦᠲᠦᠭᠡᠨ ᠪᠠᠶᠢᠭᠤᠯᠤᠯᠲᠠ ᠶᠢᠨ ᠬᠠᠮᠢᠶ᠎ᠠ ᠪᠦᠬᠦᠢ ᠲᠦᠷᠦᠯ ᠵᠦᠢᠯ ᠢ ᠰᠢᠨ᠎ᠡ ᠪᠠᠷ ᠨᠡᠮᠡᠭᠳᠡᠭᠦᠯᠵᠦ ᠪᠣᠯᠬᠤ ᠦᠭᠡᠢ᠃    ︵ᠬᠤᠶᠠᠷ︶ ᠰᠢᠨ᠎ᠡ ᠪᠠᠶᠢᠳᠠᠯ ᠢ ᠪᠣᠳᠣᠯᠬᠢᠯᠠᠨ᠂ ᠬᠤᠲᠠ ᠪᠠᠯᠭᠠᠰᠤ ᠶᠢᠨ ᠨᠣᠭᠤᠭᠠᠷᠠᠭᠤᠯᠤᠯᠲᠠ ᠶᠢᠨ ᠵᠠᠭᠪᠤᠷ ᠢ ᠬᠤᠪᠢᠷᠠᠭᠤᠯᠬᠤ ᠶᠢ ᠠᠬᠢᠭᠤᠯᠤᠨ᠎ᠠ᠃ ᠠᠷᠪᠢᠲᠠᠢ ᠡᠷᠴᠢᠮᠯᠢᠭ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ᠂ ᠤᠰᠤ ᠠᠷᠪᠢᠯᠠᠬᠤ ᠬᠡᠯᠪᠡᠷᠢ᠂ ᠭᠠᠵᠠᠷ ᠠᠷᠪᠢᠯᠠᠬᠤ ᠬᠡᠯᠪᠡᠷᠢ᠂ ᠮᠠᠲ᠋ᠧᠷᠢᠶᠠᠯ ᠠᠷᠪᠢᠯᠠᠬᠤ ᠬᠡᠯᠪᠡᠷᠢ ᠶᠢᠨ ᠬᠤᠳᠠ ᠪᠠᠯᠭᠠᠰᠤ ᠶᠢᠨ ᠨᠣᠭᠤᠭᠠᠷᠠᠭᠤᠯᠤᠯᠲᠠ ᠶᠢ ᠠᠬᠢᠭᠤᠯᠤᠨ᠎ᠠ᠃ ᠬᠤᠳᠠ ᠶᠢᠨ ᠰᠢᠨᠡᠴᠢᠯᠡᠯᠲᠡ ᠪᠠ ᠬᠤᠳᠠ ᠶᠢᠨ ᠪᠢᠴᠢᠯ ᠥᠭᠡᠷᠡᠴᠢᠯᠡᠯᠲᠡ ᠲᠠᠢ ᠤᠶᠠᠯᠳᠤᠭᠤᠯᠤᠨ᠂ ᠬᠠᠭᠤᠴᠢᠨ ᠬᠤᠳᠠ ᠶᠢᠨ ᠲᠣᠭᠤᠷᠢᠭ᠂ ᠰᠠᠭᠤᠭᠠᠯᠢ ᠠᠷᠠᠳ ᠤᠨ ᠤᠷᠤᠨ ᠰᠠᠭᠤᠴᠠ ᠶᠢᠨ ᠳᠡᠷᠭᠡᠳᠡ ᠴᠡᠴᠡᠷᠯᠢᠭ ᠪᠠᠶᠢᠭᠤᠯᠤᠨ ᠨᠣᠭᠤᠭᠠᠷᠠᠭᠤᠯᠵᠤ᠂ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠦᠢᠯᠡᠴᠢᠯᠡᠭᠡᠨ ᠤ ᠷᠠᠳᠢᠦ᠋ᠰ ᠨᠢ ᠬᠦᠷᠦᠯᠴᠡᠬᠦ ᠦᠭᠡᠢ ᠣᠷᠣᠨ ᠪᠦᠰᠡ ᠳᠤ ᠨᠡᠶᠢᠭᠡᠮ ᠲᠣᠭᠤᠷᠢᠭ ᠤᠨ ᠴᠡᠴᠡᠷᠯᠢᠭ᠂ ᠵᠤᠭᠠᠴᠠᠯ ᠤᠨ ᠤᠷᠤᠨ᠂ ︽ᠬᠠᠷᠮᠠᠨ︾ ᠴᠡᠴᠡᠷᠯᠢᠭ ᠢ  ᠤᠷᠢᠳ ᠢᠶᠠᠷ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠨ᠎ᠠ᠃ ᠪᠣᠷᠣᠭᠠᠨ ᠤ ᠤᠰᠤ᠂ ᠡᠭᠦᠰᠦᠮᠡᠯ ᠤᠰᠤ ᠶᠢᠨ ᠪᠤᠬᠢᠷᠳᠤᠯ ᠦᠭᠡᠢ ᠬᠡᠷᠡᠭᠯᠡᠯᠳᠡ ᠶᠢᠨ ᠨᠣᠷᠮ᠎ᠠ ᠶᠢ ᠳᠡᠭᠡᠭᠰᠢᠯᠡᠭᠦᠯᠦᠨ᠎ᠡ᠃ ᠨᠣᠭᠤᠭᠠᠷᠠᠭᠤᠯᠤᠯᠲᠠ ᠶᠢᠨ ᠡᠬᠢ ᠪᠠᠶᠠᠯᠢᠭ ᠢ ᠡᠷᠭᠢᠯᠳᠦᠭᠦᠯᠦᠨ ᠠᠰᠢᠭᠯᠠᠬᠤ ᠶᠢ ᠪᠡᠶᠡᠯᠡᠭᠦᠯᠦᠨ᠎ᠡ᠃    ︵ᠭᠤᠷᠪᠠ︶ ᠪᠣᠳᠠᠲᠠᠢ ᠶᠢ ᠡᠷᠬᠢᠮᠯᠡᠬᠦ ᠴᠢᠨᠠᠷ᠂ ᠦᠯᠡᠳᠡᠭᠡᠯ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠠᠰᠢᠭᠯᠠᠬᠤ ᠶᠢ ᠲᠤᠪᠤᠶᠢᠯᠭᠠᠨ᠎ᠠ᠃ ᠤᠳᠤ ᠪᠠᠶᠢᠭ᠎ᠠ ᠨᠣᠭᠤᠭᠠᠷᠠᠭᠤᠯᠤᠯᠲᠠ ᠶᠢᠨ ᠦᠷ᠎ᠡ ᠪᠦᠲᠦᠭᠡᠯ ᠢ ᠪᠦᠲᠦᠮᠵᠢᠲᠡᠶ ᠬᠠᠮᠠᠭᠠᠯᠠᠨ᠎ᠠ᠃ ᠬᠤᠲᠠ ᠪᠠᠯᠭᠠᠰᠤ ᠶᠢᠨ ᠨᠣᠭᠤᠭᠠᠷᠠᠭᠤᠯᠤᠯᠲᠠ ᠶᠢᠨ ᠬᠠᠮᠢᠶᠠᠷᠤᠯᠲᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠵᠦᠯᠭᠡ ᠭᠠᠵᠠᠷ ᠢ ᠡᠵᠡᠯᠡᠬᠦ᠂ ᠡᠪᠳᠡᠬᠦ ᠪᠠ ᠵᠦᠯᠭᠡ ᠭᠠᠵᠠᠷ ᠤᠨ ᠰᠢᠨᠵᠢ ᠴᠢᠨᠠᠷ ᠢ ᠳᠤᠷ᠎ᠠ ᠪᠠᠷ ᠢᠶᠠᠨ ᠬᠤᠪᠢᠷᠠᠭᠤᠯᠬᠤ ᠵᠡᠷᠭᠡ ᠬᠤᠲᠠ ᠪᠠᠯᠭᠠᠰᠤ ᠶᠢᠨ ᠵᠦᠯᠭᠡ ᠭᠠᠵᠠᠷ ᠢ ᠡᠪᠳᠡᠬᠦ ᠦᠶᠯᠡ ᠠᠵᠢᠯᠯᠠᠭ᠎ᠠ ᠶᠢ ᠡᠷᠡᠰ ᠪᠠᠶᠢᠴᠠᠭᠠᠨ ᠰᠢᠢᠳᠪᠦᠷᠢᠯᠡᠨ᠎ᠡ᠃ ᠬᠤᠲᠠ ᠪᠠᠯᠭᠠᠰᠤ ᠶᠢᠨ ᠵᠦᠯᠭᠡ ᠭᠠᠵᠠᠷ ᠢ ᠬᠠᠮᠠᠭᠠᠯᠠᠨ ᠬᠠᠮᠢᠶᠠᠷᠬᠤ ᠳᠦᠷᠢᠮ᠂ ᠮᠡᠷᠭᠡᠵᠢᠯ ᠤᠨ ᠪᠠᠷᠢᠮᠵᠢᠶ᠎ᠠ ᠪᠠ ᠠᠵᠢᠯᠯᠠᠬᠤ ᠳᠦᠷᠢᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠪᠣᠬᠢᠷᠳᠤᠯ ᠦᠭᠡᠢ ᠠᠷᠪᠢᠲᠠᠢ ᠪᠥᠭᠡᠳ ᠪᠣᠳᠠᠲᠠᠢ ᠶᠢ ᠡᠷᠬᠢᠮᠯᠡᠨ ᠰᠠᠶᠢᠲᠤᠷ ᠬᠠᠮᠠᠭᠠᠯᠠᠨ᠎ᠠ᠃03ᠠᠵᠢᠯ ᠤᠨ ᠪᠠᠲᠤᠯᠠᠭ᠎ᠠ ᠠᠷᠭ᠎ᠠ ᠬᠡᠮᠵᠢᠶ᠎ᠡ    ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ  ᠶᠢ ᠴᠢᠩᠭᠠᠳᠬᠠᠨ᠎ᠠ    ᠣᠷᠣᠨ ᠨᠤᠲᠤᠭ ᠤᠨ ᠵᠠᠰᠠᠭ ᠤᠨ ᠣᠷᠳᠣᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠤᠲᠠ ᠪᠠᠯᠭᠠᠰᠤ ᠶᠢᠨ ᠰᠢᠨᠵᠢᠯᠡᠬᠦ ᠤᠬᠠᠭᠠᠨᠴᠢ ᠪᠠᠷ ᠨᠣᠭᠤᠭᠠᠷᠠᠭᠤᠯᠤᠯᠲᠠ ᠬᠢᠬᠦ ᠶᠢ ᠴᠢᠬᠤᠯᠠ ᠵᠥᠪᠯᠡᠬᠦ ᠵᠦᠢᠯ ᠳᠤ ᠣᠷᠣᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠡᠭᠦᠷᠭᠡ ᠴᠢᠳᠠᠪᠬᠢ ᠪᠠᠨ ᠪᠠᠳᠠᠷᠠᠭᠤᠯᠵᠤ᠂ ᠬᠢᠨᠠᠯᠲᠠ ᠲᠠᠯᠪᠢᠬᠤ᠂ ᠬᠢᠨᠠᠨ ᠬᠠᠷᠭᠤᠭᠤᠯᠬᠤ ᠠᠵᠢᠯ ᠢ ᠰᠠᠶᠢᠲᠤᠷ ᠬᠢᠨ᠎ᠡ᠃    ︵ᠬᠤᠶᠠᠷ︶ ᠬᠢᠨᠠᠯᠲᠠ ᠬᠠᠮᠢᠶᠠᠷᠤᠯᠳᠠ ᠶᠢᠨ ᠲᠣᠭᠲᠠᠴᠠ ᠶᠢ ᠪᠦᠷᠢᠨᠰᠢᠭᠦᠯᠦᠨ᠎ᠡ   ︽ᠬᠡᠨ ᠬᠡᠷᠡᠭᠯᠡᠪᠡᠯ ᠬᠡᠨ ᠬᠠᠷᠢᠭᠤᠴᠠᠬᠤ︾ ᠵᠠᠷᠴᠢᠮ ᠶᠣᠰᠣᠭᠠᠷ᠂ ᠪᠡᠯᠡ ᠮᠥᠩᠭᠦ ᠶᠢᠨ ᠬᠡᠷᠡᠭᠯᠡᠯᠲᠡ ᠪᠠ ᠠᠵᠢᠯ ᠤᠨ ᠠᠮᠵᠢᠯᠲᠠ ᠪᠦᠲᠦᠮᠵᠢ ᠶᠢᠨ ᠦᠨᠡᠯᠡᠯᠲᠡ ᠬᠠᠮᠢᠶᠠᠷᠤᠯᠲᠠ ᠶᠢ ᠴᠢᠩᠭᠠᠷᠠᠭᠤᠯᠤᠨ᠎ᠠ᠃ ᠬᠤᠲᠠ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠨᠢ ᠦᠨᠡᠯᠡᠨ ᠵᠢᠱᠢᠬᠦ ᠲᠣᠭᠲᠠᠴᠠ ᠪᠠ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠬᠤᠲᠠ ᠪᠠᠯᠭᠠᠰᠤ ᠶᠢᠨ ᠨᠣᠭᠤᠭᠠᠷᠠᠭᠤᠯᠤᠯᠲᠠ ᠵᠡᠷᠭᠡ ᠪᠦᠲᠦᠭᠡᠨ ᠪᠠᠶᠢᠭᠤᠯᠤᠯᠲᠠ ᠶᠢᠨ ᠬᠢᠵᠠᠭᠠᠷ ᠱᠤᠭᠤᠮ ᠢ ᠬᠠᠮᠢᠶᠠᠷᠤᠨ ᠡᠵᠡᠮᠳᠡᠬᠦ ᠶᠢ ᠴᠢᠩᠭᠠᠳᠬᠠᠨ᠎ᠠ᠃    ︵ᠭᠤᠷᠪᠠ︶ ᠤᠬᠠᠭᠤᠯᠵᠤ ᠬᠥᠲᠥᠯᠥᠨ ᠵᠢᠯᠤᠭᠤᠳᠬᠤ ᠶᠢ ᠴᠢᠩᠭᠠᠳᠬᠠᠨ᠎ᠠ    ᠡᠯ᠎ᠡ ᠱᠠᠲᠤᠨ ᠤ ᠡᠯ᠎ᠡ ᠲᠥᠷᠥᠯ ᠤᠨ ᠵᠠᠭᠤᠴᠢᠯᠠᠭᠤᠷ ᠢ ᠭᠦᠢᠴᠡᠳ ᠠᠰᠢᠭᠯᠠᠨ᠂ ᠬᠤᠲᠠ ᠪᠠᠯᠭᠠᠰᠤ ᠶᠢᠨ ᠰᠢᠨᠵᠢᠯᠡᠬᠦ ᠤᠬᠠᠭᠠᠨᠴᠢ ᠪᠠᠷ ᠨᠣᠭᠤᠭᠠᠷᠠᠭᠤᠯᠤᠭᠰᠠᠨ ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠡᠯ ᠢ ᠥᠷᠭᠡᠨ ᠢᠶᠠᠷ ᠤᠬᠠᠭᠤᠯᠵᠤ᠂ ᠠᠷᠪᠢᠯᠠᠨ ᠭᠠᠮᠨᠠᠭᠰᠠᠨ ᠲᠡᠷᠢᠭᠦᠨ ᠤ ᠨᠡᠶᠢᠲᠡᠯᠢᠭ ᠥᠯᠢᠭᠡᠷ ᠵᠢᠱᠢᠶ᠎ᠡ ᠶᠢ ᠪᠣᠶ ᠪᠣᠯᠭᠠᠵᠤ᠂ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢ ᠪᠠᠳᠠᠷᠠᠭᠤᠯᠤᠨ᠎ᠠ᠃ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ ᠲᠠᠶᠢᠯᠤᠮᠵᠢ ᠶᠢ ᠴᠢᠩᠭᠠᠳᠬᠠᠵᠤ᠂ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠨ᠎ᠠ᠃   ᠲᠠᠶᠢᠯᠪᠤᠷᠢᠯᠠᠭᠴᠢ᠄ ᠯᠢ ᠰᠢᠩ ᠮᠦᠸᠧ   ᠬᠠᠷᠢᠯᠴᠠᠬᠤ ᠤᠳᠠᠰᠤ᠄ 0471--6945551 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ