ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠪᠠᠯᠭᠠᠰᠤᠨ ᠤ ᠣᠷᠣᠨ ᠰᠠᠭᠤᠴᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠥᠭᠵᠢᠯᠲᠡ ᠶᠢᠨ ᠲᠥᠯᠦᠪᠵᠢᠭᠦᠯᠭᠡ ᠶᠢᠨ ᠲᠦᠷᠦ ᠶᠢᠨ ᠪᠤᠳᠤᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2022/8/31
   ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠪᠠᠯᠭᠠᠰᠤᠨ ᠤ ᠣᠷᠣᠨ ᠰᠠᠭᠤᠴᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠬᠥᠭᠵᠢᠯᠲᠡ ᠶᠢᠨ ᠲᠥᠯᠦᠪᠵᠢᠭᠦᠯᠭᠡ︾ ︵ᠳᠣᠷᠣᠭᠰᠢ ︽ᠲᠥᠯᠦᠪᠵᠢᠭᠦᠯᠭᠡ︾ ᠭᠡᠵᠦ ᠲᠣᠪᠴᠢᠯᠠᠨ᠎ᠠ︶ ᠪᠤᠯ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠣᠨ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠤᠯᠠᠨ ᠭᠤᠣᠯ ᠴᠣᠭᠴᠠ ᠠᠴᠠ ᠬᠠᠩᠭᠠᠬᠤ᠂ ᠤᠯᠠᠨ ᠠᠷᠭ᠎ᠠ ᠵᠠᠮ ᠢᠶᠠᠷ ᠪᠠᠲᠤᠯᠠᠬᠤ᠂ ᠲᠦᠷᠢᠶᠡᠰᠦᠯᠡᠬᠦ ᠪᠠ ᠬᠤᠳᠠᠯᠳᠤᠨ ᠠᠪᠬᠤ ᠶᠢ ᠵᠡᠷᠭᠡ ᠪᠠᠷ ᠴᠢᠬᠤᠯᠠᠴᠢᠯᠠᠬᠤ ᠣᠷᠣᠨ ᠰᠠᠭᠤᠴᠠ ᠶᠢᠨ ᠳᠦᠷᠢᠮ ᠢ ᠪᠠᠶᠢᠭᠤᠯᠬᠤ ᠶᠢ ᠠᠬᠢᠭᠤᠯᠬᠤ ᠶᠢᠨ ᠲᠥᠯᠥᠭᠡ ᠨᠠᠶᠢᠷᠠᠭᠤᠯᠤᠨ ᠵᠣᠬᠢᠶᠠᠭᠰᠠᠨ ᠶᠤᠮ᠃ ︽ᠲᠥᠯᠦᠪᠵᠢᠭᠦᠯᠭᠡ︾ ᠳᠤ ᠮᠠᠨ ᠤ ᠣᠷᠣᠨ ᠤ ᠬᠤᠲᠠ ᠪᠠᠯᠭᠠᠰᠤ ᠶᠢᠨ ᠣᠷᠣᠨ ᠰᠠᠭᠤᠴᠠ ᠶᠢᠨ ᠬᠥᠭᠵᠢᠯᠲᠡ ᠶᠢᠨ ᠰᠠᠭᠤᠷᠢ ᠬᠢᠭᠡᠳ ᠲᠤᠯᠭᠠᠷᠠᠵᠤ ᠪᠠᠶᠢᠭ᠎ᠠ ᠪᠠᠶᠢᠳᠠᠯ ᠢ ᠪᠥᠬᠦ ᠲᠠᠯ᠎ᠠ ᠪᠠᠷ ᠵᠠᠳᠠᠯᠵᠤ᠂ ᠢᠷᠡᠭᠡᠳᠦᠢ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠣᠷᠣᠨ ᠰᠠᠭᠤᠴᠠ ᠶᠢᠨ ᠬᠥᠭᠵᠢᠯᠲᠡ ᠶᠢᠨ ᠵᠢᠯᠤᠭᠤᠳᠬᠤ ᠦᠵᠡᠯ ᠰᠠᠨᠠᠭ᠎ᠠ᠂ ᠦᠨᠳᠦᠰᠦᠨ ᠵᠠᠷᠴᠢᠮ ᠪᠠ ᠬᠥᠭᠵᠢᠯᠲᠡ ᠶᠢᠨ ᠬᠠᠷᠠᠯᠲᠠ ᠶᠢ ᠲᠣᠭᠲᠠᠭᠠᠵᠤ᠂ ᠪᠥᠬᠦ ᠣᠷᠣᠨ ᠤ ᠬᠤᠲᠠ ᠪᠠᠯᠭᠠᠰᠤ ᠶᠢᠨ ᠣᠷᠣᠨ ᠰᠠᠭᠤᠴᠠ ᠶᠢᠨ ᠬᠥᠭᠵᠢᠯᠲᠡ ᠶᠢᠨ ᠭᠤᠣᠯᠳᠠᠯᠭ᠎ᠠ ᠲᠠᠢ ᠡᠭᠦᠷᠭᠡ ᠶᠢ ᠳᠤᠷᠠᠳᠪᠠ᠃     ︽ᠲᠥᠯᠦᠪᠵᠢᠭᠦᠯᠭᠡ︾ ᠶᠢ ᠨᠠᠶᠢᠷᠠᠭᠤᠯᠤᠨ ᠵᠣᠬᠢᠶᠠᠭᠰᠠᠨ ᠠᠬᠤᠢ ᠪᠠᠶᠢᠳᠠᠯ    △ᠣᠷᠣᠨ ᠰᠠᠭᠤᠴᠠ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠡᠷᠡᠭᠴᠡᠭᠡ ᠱᠠᠭᠠᠷᠳᠠᠯᠭ᠎ᠠ    △ᠣᠷᠣᠨ ᠰᠠᠭᠤᠴᠠ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠬᠤ ᠶᠢᠨ ᠬᠡᠷᠡᠭᠴᠡᠭᠡ    △ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠬᠡᠷᠡᠭᠴᠡᠭᠡ     ᠬᠤᠶᠠᠷ ︽ᠲᠥᠯᠦᠪᠵᠢᠭᠦᠯᠭᠡ︾ ᠶᠢᠨ ᠣᠨᠴᠠᠯᠢᠭ     ︽ᠨᠢᠭᠡ ᠪᠠᠶᠢᠷᠢ ᠲᠣᠭᠲᠠᠭᠠᠯᠲᠠ︾ ᠭᠡᠳᠡᠭ ᠨᠢ ︽ᠭᠡᠷ ᠪᠠᠶᠢᠰᠢᠩ ᠢ ᠪᠣᠯ ᠰᠠᠭᠤᠬᠤ ᠶᠢᠨ ᠲᠥᠯᠥᠭᠡ ᠶᠤᠮ᠂ ᠬᠠᠷᠢᠨ ᠰᠠᠷᠢᠭᠠᠯᠠᠬᠤ ᠶᠢᠨ ᠲᠥᠯᠥᠭᠡ ᠪᠢᠰᠢ︾ ᠭᠡᠬᠦ ᠪᠠᠶᠢᠷᠢ ᠲᠣᠭᠲᠠᠭᠠᠯᠲᠠ ᠶᠢ ᠪᠠᠷᠢᠮᠲᠠᠯᠠᠵᠤ᠂ ᠣᠷᠣᠨ ᠰᠠᠭᠤᠴᠠ ᠶᠢᠨ ᠠᠷᠠᠳ ᠤᠨ ᠠᠮᠢᠳᠤᠷᠠᠯ ᠳᠠᠬᠢ ᠰᠢᠨᠵᠢ ᠴᠢᠨᠠᠷ ᠢ ᠳᠣᠪᠤᠶᠢᠯᠭᠠᠬᠤ ᠶᠢ ᠵᠢᠭᠠᠵᠤ ᠪᠣᠶ᠃     ︽ᠬᠤᠶᠠᠷ ᠬᠠᠷᠠᠯᠲᠠ︾ ᠭᠡᠳᠡᠭ ᠨᠢ ᠲᠦᠷᠢᠶᠡᠰᠦᠯᠡᠬᠦ ᠪᠠ ᠬᠤᠳᠠᠯᠳᠤᠨ ᠠᠪᠬᠤ ᠶᠢ ᠵᠡᠷᠭᠡ ᠪᠠᠷ ᠴᠢᠬᠤᠯᠠᠴᠢᠯᠠᠬᠤ ᠣᠷᠣᠨ ᠰᠠᠭᠤᠴᠠ ᠶᠢᠨ ᠳᠦᠷᠢᠮ ᠢ ᠪᠠᠶᠢᠭᠤᠯᠵᠤ᠂ ᠰᠠᠭᠤᠭᠠᠯᠢ ᠠᠷᠠᠳ ᠤᠨ ᠤᠯᠠᠨ ᠡᠰᠢᠴᠢᠯᠡᠭᠰᠡᠨ ᠣᠷᠣᠨ ᠰᠠᠭᠤᠴᠠ ᠶᠢᠨ ᠬᠡᠷᠡᠭᠴᠡᠭᠡ ᠶᠢ ᠬᠠᠩᠭᠠᠬᠤ᠂ ᠣᠷᠣᠨ ᠰᠠᠭᠤᠴᠠ ᠶᠢᠨ ᠶᠠᠰᠤ ᠴᠢᠨᠠᠷ ᠪᠠ ᠣᠷᠣᠰᠢᠨ ᠰᠠᠭᠤᠬᠤ ᠳᠤ ᠲᠣᠬᠢᠷᠠᠮᠵᠢᠲᠠᠢ ᠬᠢᠷᠢ ᠲᠦᠪᠰᠢᠨ ᠢ ᠳᠡᠭᠡᠭᠰᠢᠯᠡᠭᠦᠯᠵᠦ᠂ ᠠᠷᠠᠳ ᠤᠯᠠᠨ ᠤ ᠣᠷᠣᠨ ᠰᠠᠭᠤᠴᠠ ᠶᠢᠨ ᠲᠠᠯ᠎ᠠ ᠪᠠᠷ ᠬᠢ ᠬᠦᠷᠲᠡᠭᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠪᠠ ᠠᠮᠤᠷ ᠲᠦᠪᠰᠢᠨ ᠤ ᠲᠥᠷᠥᠭᠳᠡᠯ ᠢ ᠲᠠᠰᠤᠷᠠᠯᠳᠠ ᠦᠭᠡᠢ ᠳᠡᠭᠡᠭᠰᠢᠯᠡᠭᠦᠯᠬᠦ ᠶᠢ ᠵᠢᠭᠠᠵᠤ ᠪᠠᠶᠢᠨ᠎ᠠ᠃     ︽ᠬᠤᠶᠠᠷ ᠰᠢᠰᠲ᠋ᠧᠮ︾ ᠭᠡᠳᠡᠭ ᠨᠢ ᠣᠷᠣᠨ ᠰᠠᠭᠤᠴᠠ ᠶᠢᠨ ᠡᠬᠢ ᠪᠠᠶᠠᠯᠢᠭ ᠢ ᠲᠣᠬᠢᠷᠠᠭᠤᠯᠬᠤ ᠶᠠᠪᠤᠴᠠ ᠳᠠᠬᠢ ᠵᠠᠬ᠎ᠠ ᠳᠡᠯᠭᠡᠭᠦᠷ ᠤᠨ ᠲᠣᠭᠲᠠᠴᠠ ᠶᠢᠨ ᠰᠢᠢᠳᠪᠦᠷᠢᠯᠡᠭᠴᠢ ᠴᠢᠨᠠᠷᠲᠠᠢ ᠦᠢᠯᠡᠳᠦᠯ ᠢ ᠭᠦᠢᠴᠡᠳ ᠪᠠᠳᠠᠷᠠᠭᠤᠯᠵᠤ᠂ ᠤᠯᠠᠨ ᠶᠠᠩᠵᠤ ᠶᠢᠨ᠂ ᠤᠯᠠᠨ ᠠᠷᠭ᠎ᠠ ᠵᠠᠮ ᠢᠶᠠᠷ ᠣᠷᠣᠨ ᠰᠠᠭᠤᠴᠠ ᠶᠢᠨ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠬᠦ ᠶᠢ ᠵᠢᠭᠠᠵᠤ ᠪᠠᠶᠢᠨ᠎ᠠ᠃ ᠨᠡᠶᠢᠲᠡ ᠶᠢᠨ ᠲᠦᠷᠢᠶᠡᠰᠦᠨ ᠣᠷᠣᠨ ᠰᠠᠭᠤᠴᠠ᠂ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠪᠠᠷ ᠭᠤᠣᠯ ᠪᠣᠯᠭᠠᠭᠰᠠᠨ ᠣᠷᠣᠨ ᠰᠠᠭᠤᠴᠠ ᠶᠢᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃     ︽ᠵᠢᠷᠭᠤᠭᠠᠨ ᠵᠦᠢᠯ ᠤᠨ ᠭᠤᠣᠯᠳᠠᠯᠭ᠎ᠠ ᠲᠠᠢ ᠠᠷᠭ᠎ᠠ ᠬᠡᠮᠵᠢᠶ᠎ᠡ︾ ᠳᠤ ᠬᠤᠲᠠ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠬᠠᠮᠲᠤ ᠪᠠᠷ ᠥᠮᠴᠢᠯᠡᠬᠦ ᠡᠷᠬᠡ ᠲᠠᠢ ᠣᠷᠣᠨ ᠰᠠᠭᠤᠴᠠ ᠶᠢ ᠬᠠᠶᠢᠨ ᠰᠦᠪᠡᠭᠴᠢᠯᠡᠬᠦ᠂ ᠣᠷᠣᠨ ᠰᠠᠭᠤᠴᠠ ᠶᠢᠨ ᠲᠦᠷᠢᠶᠡᠰᠦᠯᠡᠯ ᠤᠨ ᠵᠠᠬ᠎ᠠ ᠳᠡᠯᠭᠡᠭᠦᠷ ᠢ ᠬᠥᠭᠵᠢᠭᠦᠯᠬᠦ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠠᠶᠢᠬᠤ ᠪᠠ ᠣᠷᠣᠨ ᠰᠠᠭᠤᠴᠠ ᠶᠢᠨ ᠬᠠᠮᠢᠶᠠᠷᠤᠯᠲᠠ ᠶᠢ ᠪᠠᠲᠤᠯᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠭᠦᠯᠬᠦ᠂ ᠨᠠᠰᠤᠵᠢᠯ ᠳᠤ ᠲᠣᠬᠢᠷᠠᠮᠵᠢᠲᠠᠢ ᠣᠷᠣᠨ ᠰᠠᠭᠤᠴᠠ ᠪᠠ ᠨᠠᠰᠤᠵᠢᠯ ᠳᠤ ᠲᠣᠬᠢᠷᠠᠮᠵᠢᠲᠠᠢ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ᠂ ᠣᠷᠣᠨ ᠰᠠᠭᠤᠴᠠ ᠶᠢᠨ ᠶᠠᠰᠤ ᠴᠢᠨᠠᠷ ᠪᠠ ᠦᠢᠯᠡᠴᠢᠯᠡᠭᠡ ᠶᠢ ᠳᠡᠭᠡᠭᠰᠢᠯᠡᠭᠦᠯᠬᠦ ᠵᠡᠷᠭᠡ ᠪᠠᠭᠲᠠᠨ᠎ᠠ᠃     ︽ᠲᠦᠷᠪᠡᠨ ᠴᠢᠬᠤᠯᠠ ᠪᠠᠲᠤᠯᠠᠭ᠎ᠠ︾ ᠳᠤ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠬᠤ᠂ ᠢᠵᠢ ᠪᠦᠷᠢᠳᠦᠭᠦᠯᠬᠦ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠬᠦ᠂ ᠲᠥᠯᠦᠪᠵᠢᠭᠦᠯᠭᠡ ᠶᠢ ᠬᠡᠷᠡᠭᠵᠢᠭᠦᠯᠬᠦ ᠬᠠᠮᠢᠶᠠᠷᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠬᠦ᠂ ᠣᠷᠣᠨ ᠰᠠᠭᠤᠴᠠ ᠶᠢᠨ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠢ ᠲᠡᠭᠦᠯᠳᠡᠷᠵᠢᠭᠦᠯᠬᠦ ᠵᠡᠷᠭᠡ ᠪᠠᠭᠲᠠᠨ᠎ᠠ᠃     ᠭᠤᠷᠪᠠ᠂ ︽ᠲᠥᠯᠦᠪᠵᠢᠭᠦᠯᠭᠡ︾ ᠶᠢᠨ ᠭᠤᠣᠯ ᠠᠭᠤᠯᠭ᠎ᠠ     ︵ᠨᠢᠭᠡ︶ ᠵᠢᠯᠤᠭᠤᠳᠬᠤ ᠦᠵᠡᠯ ᠰᠠᠨᠠᠭ᠎ᠠ     ︵ᠬᠤᠶᠠᠷ︶ ᠬᠥᠭᠵᠢᠯᠲᠡ ᠶᠢᠨ ᠬᠠᠷᠠᠯᠲᠠ     ︵ᠭᠤᠷᠪᠠ︶ ᠣᠷᠣᠨ ᠰᠠᠭᠤᠴᠠ ᠶᠢᠨ ᠬᠠᠩᠭᠠᠯᠭ᠎ᠠ ᠶᠢᠨ ᠲᠣᠭᠲᠠᠯᠴᠠᠭ᠎ᠠ     ︵ᠳᠥᠷᠪᠡ︶ ᠣᠷᠣᠨ ᠰᠠᠭᠤᠴᠠ ᠶᠢᠨ ᠪᠠᠲᠤᠯᠠᠭ᠎ᠠ ᠶᠢᠨ ᠰᠢᠰᠲ᠋ᠧᠮ     ︵ᠲᠠᠪᠤ︶ ᠬᠠᠮᠲᠤ ᠶᠢᠨ ᠦᠮᠴᠢᠯᠡᠯᠳᠦ ᠣᠷᠣᠨ ᠰᠠᠭᠤᠴᠠ     ︵ᠵᠢᠷᠭᠤᠭ᠎ᠠ︶ ᠨᠠᠰᠤᠵᠢᠯ ᠳᠤ ᠲᠤᠬᠢᠷᠠᠮᠵᠢᠳᠠᠢ ᠪᠦᠲᠦᠭᠡᠨ ᠪᠠᠶᠢᠭᠤᠯᠤᠯᠲᠠ ᠪᠠ ᠥᠭᠡᠷᠡᠴᠢᠯᠡᠯᠲᠡ     ︵ᠳᠣᠯᠤᠭ᠎ᠠ︶ ᠣᠷᠣᠨ ᠰᠠᠭᠤᠴᠠ ᠶᠢᠨ ᠶᠠᠰᠤ ᠴᠢᠨᠠᠷ ᠪᠠ ᠦᠢᠯᠡᠴᠢᠯᠡᠭᠡ ᠶᠢ ᠲᠡᠭᠡᠭᠰᠢᠯᠡᠭᠦᠯᠬᠦ     ︵ᠨᠠᠢᠮᠠ︶ ᠪᠠᠲᠤᠯᠠᠭ᠎ᠠ ᠶᠢᠨ ᠠᠷᠭ᠎ᠠ ᠬᠡᠮᠵᠢᠶ᠎ᠡ     ︵ᠨᠢᠭᠡ︶ ᠵᠢᠯᠤᠭᠤᠳᠬᠤ ᠦᠵᠡᠯ ᠰᠠᠨᠠᠭ᠎ᠠ     ︽ᠲᠥᠯᠦᠪᠵᠢᠭᠦᠯᠭᠡ︾ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠣᠨ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠭᠦᠳᠡ ᠬᠤᠷᠠᠯ ᠤᠨ ᠵᠣᠷᠢᠭ ᠰᠠᠨᠠᠭ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠤᠨ᠎ᠠ᠂ ᠨᠢᠭᠡ ᠳᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠣᠷᠣᠨ ᠰᠠᠭᠤᠴᠠ ᠶᠢᠨ ᠬᠡᠷᠡᠭᠴᠡᠭᠡ ᠶᠢ ᠲᠠᠰᠤᠷᠠᠯᠲᠠ ᠦᠭᠡᠢ ᠬᠠᠩᠭᠠᠬᠤ ᠪᠠᠷ ᠵᠣᠭᠰᠣᠯᠲᠠ ᠪᠣᠯᠭᠠᠵᠤ᠂ ︽ᠭᠡᠷ ᠪᠠᠶᠢᠰᠢᠩ ᠢ ᠰᠠᠭᠤᠬᠤ ᠶᠢᠨ ᠲᠥᠯᠥᠭᠡ ᠶᠤᠮ᠂ ᠰᠠᠷᠢᠭᠠᠯᠠᠬᠤ ᠶᠢᠨ ᠲᠥᠯᠥᠭᠡ ᠪᠢᠰᠢ︾ ᠭᠡᠬᠦ ᠪᠠᠶᠢᠷᠢ ᠲᠣᠭᠲᠠᠭᠠᠯᠲᠠ ᠶᠢ ᠪᠠᠷᠢᠮᠲᠠᠯᠠᠵᠤ᠂ ᠣᠷᠣᠨ ᠰᠠᠭᠤᠴᠠ ᠶᠢᠨ ᠠᠷᠠᠳ ᠤᠨ ᠠᠮᠢᠳᠤᠷᠠᠯ ᠤᠨ ᠰᠢᠨᠵᠢ ᠴᠢᠨᠠᠷ ᠢ ᠲᠤᠪᠤᠶᠢᠯᠭᠠᠨ᠎ᠠ︔ ᠬᠤᠶᠠᠷ ᠲᠤ᠂ ᠣᠷᠣᠨ ᠰᠠᠭᠤᠴᠠ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ ᠤᠨ ᠰᠢᠰᠲ᠋ᠧᠮ ᠪᠣᠯᠣᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠡᠬᠢ ᠪᠠᠶᠠᠯᠢᠭ ᠢ ᠲᠣᠬᠢᠷᠠᠭᠤᠯᠬᠤ ᠶᠠᠪᠤᠴᠠ ᠳᠠᠬᠢ ᠵᠠᠬ᠎ᠠ ᠳᠡᠯᠭᠡᠭᠦᠷ ᠤᠨ ᠰᠢᠢᠳᠪᠦᠷᠢᠯᠡᠭᠴᠢ ᠴᠢᠨᠠᠷᠲᠠᠢ ᠦᠢᠯᠡᠳᠦᠯ ᠢ ᠪᠠᠳᠠᠷᠠᠭᠤᠯᠵᠤ᠂ ᠵᠠᠰᠠᠭ ᠤᠨ ᠣᠷᠳᠣᠨ ᠤ ᠦᠢᠯᠡᠳᠦᠯ ᠢ ᠨᠡᠩ ᠰᠠᠶᠢᠲᠤᠷ ᠪᠠᠳᠠᠷᠠᠭᠤᠯᠤᠨ᠎ᠠ᠃ ᠭᠤᠷᠪᠠ ᠳᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠢ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠭᠦᠯᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠭᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠪᠠ ᠴᠢᠨᠠᠷ ᠰᠠᠶᠢᠲᠠᠢ ᠬᠦᠭᠵᠢᠯᠳᠡ ᠶᠢ ᠠᠬᠢᠭᠤᠯᠤᠨ᠎ᠠ᠃ ᠳᠥᠷᠪᠡ ᠳᠤ᠂ ᠬᠤᠲᠠ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠤᠲᠠ ᠶᠢᠨ ᠪᠠᠶᠢᠳᠠᠯ ᠳᠤ ᠨᠢ ᠲᠣᠬᠢᠷᠠᠭᠤᠯᠤᠨ ᠲᠥᠷᠥ ᠶᠢᠨ ᠪᠣᠳᠣᠯᠭ᠎ᠠ ᠬᠡᠷᠡᠭᠵᠢᠭᠦᠯᠵᠦ᠂ ᠭᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ ᠤᠨ ᠰᠠᠶᠢᠨ ᠣᠷᠴᠢᠯ ᠪᠠ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ ᠰᠠᠭᠤᠬᠤ ᠠᠴᠠ ᠣᠷᠣᠨ ᠰᠠᠭᠤᠴᠠ ᠲᠠᠢ ᠪᠣᠯᠭᠠᠬᠤ ᠶᠢ ᠪᠡᠶᠡᠯᠡᠭᠦᠯᠦᠨ᠎ᠡ᠃     ︵ᠬᠤᠶᠠᠷ︶ ᠬᠥᠭᠵᠢᠯᠲᠡ ᠶᠢᠨ ᠬᠠᠷᠠᠯᠲᠠ     2025 ᠣᠨ ᠪᠤᠯᠳᠠᠯ᠎ᠠ᠂ ᠣᠷᠣᠨ ᠤ ᠪᠠᠶᠢᠳᠠᠯ ᠳᠤ ᠨᠡᠶᠢᠴᠡᠭᠰᠡᠳ ᠣᠯᠠᠨ ᠭᠤᠤᠯ ᠴᠣᠭᠴᠠ ᠠᠴᠠ ᠬᠠᠩᠭᠠᠬᠤ᠂ ᠣᠯᠠᠨ ᠠᠷᠭ᠎ᠠ ᠵᠠᠮ ᠢᠶᠠᠷ ᠪᠠᠲᠤᠯᠠᠬᠤ᠂ ᠲᠦᠷᠢᠶᠡᠰᠦᠯᠡᠬᠦ ᠪᠠ ᠬᠤᠳᠠᠯᠳᠤᠨ ᠠᠪᠬᠤ ᠶᠢ ᠵᠡᠷᠭᠡ ᠪᠠᠷ ᠴᠢᠬᠤᠯᠠᠴᠢᠯᠠᠬᠤ ᠣᠷᠣᠨ ᠰᠠᠭᠤᠴᠠ ᠶᠢᠨ ᠳᠦᠷᠢᠮ ᠢ ᠦᠨᠳᠦᠰᠦᠨ ᠳᠤ ᠪᠠᠨ ᠪᠠᠶᠢᠭᠤᠯᠵᠤ᠂ ᠰᠠᠭᠤᠭᠠᠯᠢ ᠠᠷᠠᠳ ᠤᠨ ᠣᠯᠠᠨ ᠡᠰᠢᠵᠢᠭᠰᠡᠨ ᠣᠷᠣᠨ ᠰᠠᠭᠤᠴᠠ ᠶᠢᠨ ᠬᠡᠷᠡᠭᠴᠡᠭᠡ ᠶᠢ ᠬᠠᠩᠭᠠᠨ᠎ᠠ᠃     ᠣᠷᠣᠨ ᠰᠠᠭᠤᠴᠠ ᠶᠢᠨ ᠪᠠᠲᠤᠯᠠᠭ᠎ᠠ ᠶᠢ ᠣᠯᠠᠨ ᠡᠰᠢᠵᠢᠭᠦᠯᠦᠨ ᠨᠠᠷᠢᠯᠢᠭ ᠣᠨᠣᠴᠠᠲᠠᠢ ᠪᠤᠯᠭᠠᠨ᠎ᠠ᠃ 2025 ᠣᠨ ᠪᠤᠯᠳᠠᠯ᠎ᠠ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ 5.8 ᠲᠦᠮᠡᠨ ᠢᠵᠢ ᠪᠦᠲᠦᠭᠡᠨ ᠪᠠᠶᠢᠭᠤᠯᠵᠤ᠂ ᠬᠤᠲᠠ ᠪᠠᠯᠭᠠᠰᠤᠨ ᠤ ᠳᠥᠭᠦᠮ ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠢ 22 ᠲᠦᠮᠡᠨ ᠢᠵᠢ ᠥᠭᠡᠷᠡᠴᠢᠯᠡᠨ ᠵᠠᠰᠠᠬᠤ ᠶᠢ ᠪᠡᠶᠡᠯᠡᠭᠦᠯᠦᠨ᠎ᠡ᠃     ᠣᠷᠣᠨ ᠰᠠᠭᠤᠴᠠ ᠶᠢᠨ ᠶᠠᠰᠤ ᠴᠢᠨᠠᠷ ᠢ ᠢᠯᠡᠳᠲᠡ ᠲᠡᠭᠡᠭᠰᠢᠯᠡᠭᠦᠯᠦᠨ᠎ᠡ᠂ ᠰᠢᠨ᠎ᠡ ᠪᠠᠷ ᠪᠠᠶᠢᠭᠤᠯᠤᠭᠰᠠᠨ ᠪᠣᠬᠢᠷᠳᠤᠯ ᠦᠭᠡᠢ ᠪᠠᠷᠢᠯᠭ᠎ᠠ ᠶᠢᠨ ᠡᠵᠡᠯᠡᠬᠦ ᠬᠠᠷᠢᠴᠠᠯ ᠢ 100 % ᠳᠤ ᠬᠦᠷᠦᠭᠦᠯᠵᠦ᠂ ᠬᠤᠲᠠ ᠪᠠᠯᠭᠠᠰᠤ ᠶᠢᠨ 120 ᠲᠦᠮᠡᠨ ᠬᠠᠭᠤᠴᠢᠨ ᠪᠠ ᠬᠠᠭᠤᠴᠢᠪᠳᠤᠷ ᠵᠢᠵᠢᠭ ᠲᠣᠭᠤᠷᠢᠭ ᠢ ᠥᠭᠡᠷᠡᠴᠢᠯᠡᠨ ᠵᠠᠰᠠᠬᠤ ᠶᠢ ᠪᠡᠶᠡᠯᠡᠭᠦᠯᠦᠨ᠎ᠡ᠃     ᠣᠷᠣᠨ ᠰᠠᠭᠤᠴᠠ ᠶᠢᠨ ᠦᠢᠯᠡᠴᠢᠯᠡᠭᠡᠨ ᠤ ᠬᠢᠷᠢ ᠲᠦᠪᠰᠢᠨ ᠢ ᠢᠯᠡᠳᠲᠡ ᠰᠢᠯᠢᠳᠡᠭᠵᠢᠭᠦᠯᠦᠨ᠎ᠡ᠂ ᠬᠤᠲᠠ ᠪᠠᠯᠭᠠᠰᠤ ᠶᠢᠨ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠠᠳᠠᠯ ᠠᠬᠤᠢ ᠶᠢᠨ ᠬᠠᠮᠢᠶᠠᠷᠤᠯᠲᠠ ᠶᠢᠨ ᠪᠦᠷᠬᠦᠴᠡ ᠶᠢᠨ ᠨᠣᠷᠮ᠎ᠠ ᠶᠢ 100 % ᠳᠤ ᠬᠦᠷᠦᠭᠦᠯᠵᠦ᠂ ᠣᠷᠣᠨ ᠰᠠᠭᠤᠴᠠ ᠶᠢᠨ ᠲᠣᠭᠤᠷᠢᠭ ᠤᠨ ᠠᠳᠠᠯ ᠠᠬᠤᠢ ᠶᠢᠨ ᠬᠠᠮᠢᠶᠠᠷᠤᠯᠲᠠ ᠶᠢᠨ ᠪᠦᠷᠬᠦᠴᠡ ᠶᠢᠨ ᠨᠣᠷᠮ᠎ᠠ ᠶᠢ 90% ᠠᠴᠠ ᠲᠡᠭᠡᠭᠡᠰᠢ ᠪᠠᠶᠢᠯᠭᠠᠵᠤ᠂ ᠦᠮᠴᠢᠳᠡᠨ ᠤ ᠵᠦᠪᠯᠡᠯ ︵ᠠᠳᠠᠯ ᠠᠬᠤᠢ ᠶᠢᠨ ᠬᠠᠮᠢᠶᠠᠷᠤᠯᠳᠠ ᠶᠢᠨ ᠵᠦᠪᠯᠡᠯ︶ ᠢ ᠪᠠᠶᠢᠭᠤᠯᠤᠭᠰᠠᠨ ᠨᠤᠷᠮ᠎ᠠ ᠶᠢ 60 % ᠠᠴᠠ ᠲᠠᠪᠠᠭᠤᠯᠤᠨ᠎ᠠ᠃ 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ