2022 ᠣᠨ ᠤ ᠭᠤᠴᠢᠨ ᠭᠤᠷᠪᠠᠳᠤᠭᠠᠷ ᠪᠦᠯᠦᠭ ᠠᠵᠤ ᠠᠬᠤᠶᠢᠯᠠᠯ ᠤᠨ ᠬᠢᠷᠢ ᠭᠡᠮ ᠢ ᠬᠢᠨᠠᠨ ᠪᠠᠶᠢᠴᠠᠭᠠᠭᠰᠠᠨ ᠰᠠᠨᠠᠯ ᠤᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠠᠯᠪᠠᠨ ᠨᠡᠶᠢᠳᠡᠯᠡᠯ
ᠨᠡᠶᠢᠲᠡᠯᠡᠭᠰᠡᠨ ᠴᠠᠭ᠄
2022/9/7
2022 ᠣᠨ ᠤ ᠭᠤᠴᠢᠨ ᠭᠤᠷᠪᠠᠳᠤᠭᠠᠷ ᠪᠦᠯᠦᠭ ᠠᠵᠤ ᠠᠬᠤᠶᠢᠯᠠᠯ ᠤᠨ ᠬᠢᠷᠢ ᠭᠡᠮ ᠢ ᠬᠢᠨᠠᠨ ᠪᠠᠶᠢᠴᠠᠭᠠᠭᠰᠠᠨ ᠰᠠᠨᠠᠯ ᠤᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠠᠯᠪᠠᠨ ᠨᠡᠶᠢᠳᠡᠯᠡᠯ    ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾ ᠵᠢᠴᠢ ᠬᠤᠯᠪᠣᠭᠳᠠᠯ ᠪᠦᠬᠦᠢ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠠᠵᠤ ᠠᠬᠤᠶᠢᠯᠠᠯ ᠤᠨ ᠬᠢᠷᠢ ᠭᠡᠮ ᠤᠨ ᠬᠠᠮᠢᠶᠠᠷᠤᠯᠲᠠ ᠶᠢᠨ ᠲᠤᠬᠠᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠮᠠᠨ ᠤ ᠲᠢᠩᠬᠢᠮ ᠠᠴᠠ 2022 ᠣᠨ ᠤ ᠭᠤᠴᠢᠨ ᠭᠤᠷᠪᠠᠳᠤᠭᠠᠷ ᠪᠦᠯᠦᠭ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠥᠷᠥᠯ ᠵᠦᠢᠯ ᠤᠨ ᠮᠡᠳᠡᠭᠦᠯᠦᠯᠲᠡ ᠶᠢᠨ ᠮᠠᠲ᠋ᠧᠷᠢᠶᠠᠯ ᠳᠤ ᠬᠢᠨᠠᠨ ᠪᠠᠶᠢᠴᠠᠭᠠᠯᠲᠠ ᠬᠢᠵᠦ᠂ ᠣᠲᠣ 2 ᠬᠠᠶᠢᠨ ᠪᠠᠶᠢᠴᠠᠭᠠᠵᠤ ᠵᠢᠷᠤᠵᠤ ᠲᠥᠯᠥᠪᠯᠡᠬᠦ ᠠᠵᠤ ᠠᠬᠤᠶᠢᠯᠠᠯ᠂ 3 ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ᠂ 2 ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠬᠢᠨᠠᠨ ᠬᠠᠮᠢᠶᠠᠷᠤᠯᠳᠠ ᠶᠢᠨ ᠠᠵᠤ ᠠᠬᠤᠶᠢᠯᠠᠯ᠂ 9 ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠪᠠᠶᠢᠴᠠᠭᠠᠨ ᠰᠢᠯᠭᠠᠬᠤ ᠪᠠᠶᠢᠭᠤᠯᠤᠮᠵᠢ᠂ 24 ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠵᠢᠴᠢ 73 ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠢ ᠬᠢᠨᠠᠨ ᠪᠠᠶᠢᠴᠠᠭᠠᠭᠰᠠᠨ ᠰᠠᠨᠠᠯ ᠢ ᠵᠠᠷᠯᠠᠨ ᠨᠡᠶᠢᠲᠡᠯᠡᠪᠡ ︵ᠳᠠᠭᠠᠯᠳᠤᠭᠤᠯᠤᠯ ᠳᠤ ᠦᠵᠡ︶᠃ ᠬᠢᠨᠠᠨ ᠪᠠᠶᠢᠴᠠᠭᠠᠭᠰᠠᠨ ᠰᠠᠨᠠᠯ ᠢ ᠵᠠᠷᠯᠠᠨ ᠨᠡᠶᠢᠲᠡᠯᠡᠬᠦ ᠬᠤᠭᠤᠴᠠᠭ᠎ᠠ ᠨᠢ 2022 ᠣᠨ ᠤ 9 ᠳ᠋ᠤᠭᠡᠷ ᠰᠠᠷ᠎ᠠ ᠶᠢᠨ 8 ᠤ ᠡᠳᠦᠷ ᠤᠨ 17 ᠴᠠᠭ 30 ᠮᠢᠨᠦ᠋ᠲ ᠳᠤ ᠳᠠᠭᠤᠰᠤᠨ᠎ᠠ᠃ ᠵᠠᠷᠯᠠᠨ ᠨᠡᠶᠢᠲᠡᠯᠡᠭᠰᠡᠨ ᠰᠠᠨᠠᠯ ᠳᠤ ᠣᠨᠳᠣᠣ ᠰᠠᠨᠠᠯ ᠲᠠᠢ ᠪᠤᠶᠤ ᠠᠰᠠᠭᠤᠳᠠᠯ ᠲᠠᠢ ᠪᠣᠯ ᠵᠥᠪᠲᠦᠭᠡᠨ ᠲᠣᠳᠣᠷᠬᠠᠶᠢᠯᠠᠵᠤ ᠪᠣᠯᠣᠨ᠎ᠠ᠂ ᠬᠢᠨᠠᠨ ᠪᠠᠶᠢᠴᠠᠭᠠᠭᠰᠠᠨ ᠰᠠᠨᠠᠯ ᠨᠢ ᠪᠠᠲᠤᠯᠠᠭᠳᠠᠭᠰᠠᠨ ᠦᠭᠡᠢ ᠠᠵᠤ ᠠᠬᠤᠶᠢᠯᠠᠯ ᠠᠴᠠ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠢᠰᠲ᠋ᠧᠮ ᠠᠴᠠ ᠪᠣᠳᠠᠲᠠᠢ ᠰᠠᠨᠠᠯ ᠢ ᠨᠢ ᠪᠠᠶᠢᠴᠠᠭᠠᠨ ᠦᠵᠡᠵᠦ ᠪᠣᠯᠣᠨ᠎ᠠ᠃     ᠶᠠᠮᠠᠷᠪᠠ ᠬᠤᠯᠪᠣᠭᠳᠠᠯ ᠪᠦᠬᠦᠢ ᠨᠢᠭᠡᠴᠢ ᠵᠢᠴᠢ ᠬᠤᠪᠢ ᠬᠥᠮᠥᠨ᠂ ᠬᠡᠷᠪᠡ ᠠᠵᠤ ᠠᠬᠤᠶᠢᠯᠠᠯ ᠤᠨ ᠮᠡᠳᠡᠭᠦᠯᠦᠭᠰᠡᠨ ᠬᠢᠷᠢ ᠬᠡᠮ ᠤᠨ ᠪᠠᠶᠢᠳᠠᠯ ᠳᠤ ᠣᠨᠳᠣᠣ ᠰᠠᠨᠠᠯ ᠲᠠᠢ ᠪᠠᠶᠢᠪᠠᠯ᠂ ᠴᠥᠮ ᠮᠠᠨ ᠤ ᠲᠢᠩᠬᠢᠮ ᠳᠤ ᠪᠠᠶᠢᠳᠠᠯ ᠢᠶᠠᠨ ᠲᠤᠰᠬᠠᠵᠤ ᠪᠣᠯᠣᠨ᠎ᠠ᠃ ᠨᠢᠭᠡᠴᠢ ᠠᠴᠠ ᠪᠠᠶᠢᠳᠠᠯ ᠢᠶᠠᠨ ᠲᠤᠰᠬᠠᠬᠤ ᠳᠤ ᠠᠯᠪᠠᠨ ᠲᠠᠮᠠᠭ᠎ᠠ ᠪᠠᠶᠢᠬᠤ ᠬᠡᠷᠡᠭᠲᠡᠢ᠂ ᠬᠤᠪᠢ ᠬᠥᠮᠥᠨ ᠠᠴᠠ ᠪᠠᠶᠢᠳᠠᠯ ᠢᠶᠠᠨ ᠲᠤᠰᠬᠠᠬᠤ ᠳᠤ ᠦᠨᠡᠨ ᠣᠪᠣᠭ ᠨᠡᠷ᠎ᠡ ᠪᠠᠨ ᠪᠢᠴᠢᠬᠦ ᠶᠢᠨ ᠬᠠᠮᠲᠤ ᠬᠠᠷᠢᠯᠴᠠᠬᠤ ᠤᠲᠠᠰᠤ᠂ ᠬᠠᠶ᠋ᠢᠭ ᠪᠠ ᠰᠢᠤᠳᠠᠨ ᠳ᠋ᠤᠭᠠᠷ ᠢᠶᠠᠨ ᠦᠯᠡᠳᠡᠭᠡᠬᠦ ᠬᠡᠷᠡᠭᠲᠡᠢ᠃ ᠮᠠᠲ᠋ᠧᠷᠢᠶᠠᠯ ᠢ ᠰᠢᠤᠳᠠᠨ ᠢᠶᠠᠷ ᠮᠡᠳᠡᠭᠦᠯᠦᠨ ᠬᠦᠷᠭᠡᠭᠰᠡᠨ ᠠᠵᠤ ᠠᠬᠤᠶᠢᠯᠠᠯ ᠪᠤᠶᠤ ᠬᠤᠪᠢ ᠬᠥᠮᠥᠨ ᠡᠷᠬᠡᠪᠰᠢ ᠬᠠᠷᠢᠯᠴᠠᠬᠤ ᠠᠷᠭ᠎ᠠ ᠮᠠᠶ᠋ᠢᠭ ᠢᠶᠠᠨ ᠦᠯᠡᠳᠡᠭᠡᠵᠦ᠂ ᠴᠢᠬᠤᠯᠠ ᠲᠠᠢ ᠵᠦᠢᠯ ᠳᠤ ᠪᠡᠯᠡᠳᠬᠡᠬᠦ ᠬᠡᠷᠡᠭᠲᠡᠢ᠃   ᠬᠠᠷᠢᠯᠴᠠᠬᠤ ᠤᠲᠠᠰᠤ᠄ 0471-6945165   ᠬᠠᠷᠢᠯᠴᠠᠬᠤ ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠰᠠᠶᠢᠬᠠᠨ ᠲᠣᠭᠤᠷᠢᠭ ᠤᠨ ᠴᠡᠯᠡᠭᠡᠷ ᠲᠠᠯ᠎ᠠ ᠶᠡᠭᠡ ᠵᠡᠭᠡᠯᠢ ᠶᠢᠨ 6 ᠳ᠋ᠤᠭᠠᠷ ᠲᠣᠭᠠᠲᠤ ᠶᠢᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ 13 ᠳ᠋ᠤᠭᠠᠷ ᠠᠰᠠᠷ ᠤᠨ 26 - 34 ᠳ᠋ᠤᠭᠡᠷ ᠴᠤᠩᠬᠤᠪᠴᠢ   ᠳᠠᠭᠠᠯᠳᠤᠭᠤᠯᠤᠯ᠄   1᠂ ᠭᠤᠴᠢᠨ ᠭᠤᠷᠪᠠᠳᠤᠭᠠᠷ ᠪᠦᠯᠦᠭ ᠬᠠᠶᠢᠨ ᠪᠠᠶᠢᠴᠠᠭᠠᠵᠤ ᠵᠢᠷᠤᠭᠯᠠᠨ ᠲᠥᠯᠥᠪᠯᠡᠬᠦ ᠠᠵᠤ ᠠᠬᠤᠶᠢᠯᠠᠯ  ᠤᠨ ᠬᠢᠷᠢ ᠭᠡᠮ ᠢ ᠬᠢᠨᠠᠨ ᠪᠠᠶᠢᠴᠠᠭᠠᠭᠰᠠᠨ ᠰᠠᠨᠠᠯ   2᠂ ᠭᠤᠴᠢᠨ ᠭᠤᠷᠪᠠᠳᠤᠭᠠᠷ ᠪᠦᠯᠦᠭ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠬᠢᠷᠢ ᠬᠡᠮ ᠢ ᠬᠢᠨᠠᠨ ᠪᠠᠶᠢᠴᠠᠭᠠᠭᠰᠠᠨ ᠰᠠᠨᠠᠯ   3᠂ ᠭᠤᠴᠢᠨ ᠭᠤᠷᠪᠠᠳᠤᠭᠠᠷ ᠪᠦᠯᠦᠭ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠬᠢᠨᠠᠨ ᠬᠠᠮᠢᠶᠠᠷᠤᠯᠳᠠ ᠶᠢᠨ ᠠᠵᠤ ᠠᠬᠤᠶᠢᠯᠠᠯ ᠤᠨ ᠬᠢᠷᠢ ᠬᠡᠮ ᠢ ᠬᠢᠨᠠᠨ ᠪᠠᠶᠢᠴᠠᠭᠠᠭᠰᠠᠨ ᠰᠠᠨᠠᠯ   4᠂ ᠭᠤᠴᠢᠨ ᠭᠤᠷᠪᠠᠳᠤᠭᠠᠷ ᠪᠦᠯᠦᠭ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠢ ᠬᠢᠨᠠᠨ ᠪᠠᠶᠢᠴᠠᠭᠠᠭᠰᠠᠨ ᠰᠠᠨᠠᠯ   5᠂ ᠭᠤᠴᠢᠨ ᠭᠤᠷᠪᠠᠳᠤᠭᠠᠷ ᠪᠦᠯᠦᠭ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠪᠠᠶᠢᠴᠠᠭᠠᠨ ᠰᠢᠯᠭᠠᠬᠤ ᠪᠠᠶᠢᠭᠤᠯᠤᠮᠵᠢ ᠶᠢᠨ ᠬᠢᠷᠢ ᠬᠡᠮ ᠢ ᠬᠢᠨᠠᠨ ᠪᠠᠶᠢᠴᠠᠭᠠᠭᠰᠠᠨ ᠰᠠᠨᠠᠯ   6᠂ ᠭᠤᠴᠢᠨ ᠭᠤᠷᠪᠠᠳᠤᠭᠠᠷ ᠪᠦᠯᠦᠭ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠤᠨ ᠬᠢᠷᠢ ᠬᠡᠮ ᠢ ᠬᠢᠨᠠᠨ ᠪᠠᠶᠢᠴᠠᠭᠠᠭᠰᠠᠨ ᠰᠠᠨᠠᠯ            2022 ᠣᠨ ᠤ 9 ᠳ᠋ᠤᠭᠡᠷ ᠰᠠᠷ᠎ᠠ ᠶᠢᠨ 2 ᠤᠨ ᠡᠳᠦᠷ 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ