— ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠲᠣᠪᠴᠢᠶ᠎ᠠ | ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠲᠣᠪᠴᠢᠶ᠎ᠠ ᠶᠠᠰᠤ ᠴᠢᠨᠠᠷᠲᠤ ᠳ᠋ᠦᠩᠱᠧᠩ ᠤᠨ ᠪᠥᠲᠥᠭᠡᠨ ᠪᠠᠶᠢᠭᠤᠯᠤᠯᠲᠠ ᠪᠠᠷ ᠭᠠᠷᠳᠠᠴᠠ ᠪᠣᠯᠭᠠᠵᠤ᠂ ᠠᠷᠠᠳ ᠲᠦᠮᠡᠨ ᠳᠤ ᠲᠠᠭᠠᠰᠢᠶᠠᠭᠳᠠᠭᠰᠠᠨ ᠬᠤᠲᠠ ᠶᠢᠨ | ᠬᠠᠮᠢᠶᠠᠷᠤᠯᠲᠠ ᠪᠠᠷ ᠬᠠᠷᠠᠯᠲᠠ ᠪᠣᠯᠭᠠᠨ᠂ ᠬᠤᠲᠠ ᠶᠢᠨ ᠬᠠᠮᠢᠶᠠᠷᠤᠯᠲᠠ ᠪᠠ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠰᠢᠨ᠎ᠡ ᠵᠠᠭᠪᠤᠷ ᠢ ᠢᠳᠡᠪᠬᠢᠲᠡᠶ ᠰᠦᠪᠡᠭᠴᠢᠯᠡᠵᠦ᠂ | ᠬᠤᠲᠠ ᠶᠢᠨ ᠨᠠᠷᠢᠯᠢᠬᠵᠢᠭᠤᠯᠤᠭᠰᠠᠨ᠂ ᠬᠠᠤᠯᠢᠵᠢᠭᠰᠠᠨ᠂ ᠣᠶᠤᠨᠴᠢᠯᠠᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ ᠲᠠᠰᠤᠷᠠᠯᠲᠠ ᠥᠬᠡᠶ ᠴᠢᠩᠭᠠᠳᠬᠠᠵᠤ᠂ | ᠬᠤᠲᠠ ᠶᠢᠨ ᠬᠠᠮᠢᠶᠠᠷᠤᠯᠲᠠ ᠶᠢᠨ ᠠᠵᠢᠯ ᠤᠨ ᠲᠠᠰ ᠳᠡᠪᠰᠢᠬᠦ ᠶᠢ ᠳᠥᠯᠭᠢᠨ ᠠᠬᠢᠭᠤᠯᠪᠠ᠃ ᠤᠷᠢᠳ ᠬᠤᠵᠢᠳ ᠤᠷᠳᠤᠰ ᠬᠤᠳᠠ ᠶᠢᠨ ᠲᠠᠪᠤᠳᠤᠭᠠᠷ᠂ ᠵᠢᠷᠭᠤᠳᠤᠭᠠᠷ | ᠬᠤᠭᠤᠴᠠᠭᠠᠨ ᠤ ᠪᠦᠬᠦ ᠤᠯᠤᠰ ᠤᠨ ᠪᠣᠯᠪᠠᠰᠤᠨ ᠬᠤᠳᠠ ᠶᠢᠨ ᠠᠵᠢᠯ ᠤᠨ ᠲᠡᠷᠢᠭᠦᠨ ᠤ ᠬᠠᠮᠲᠤ᠂ 2018 ᠣᠨ ᠠᠴᠠ 2021 ᠣᠨ ᠪᠣᠯᠲᠠᠯᠠᠬᠢ ︽ᠲᠠᠪᠤ ᠶᠢ | ᠨᠢᠭᠡ ᠴᠤᠬᠴᠠᠵᠢᠭᠤᠯᠬᠤ︾ ᠪᠣᠳᠠᠲᠤ ᠠᠮᠵᠢᠯᠲᠠ ᠪᠠᠷ ᠲᠤᠪᠤᠶᠢᠮ᠎ᠠ ᠨᠢᠭᠡᠴᠡ᠂ 2022 ᠣᠨ ᠤ ᠥᠪᠡᠷᠲᠡᠭᠡᠨ ᠵᠠᠰᠠᠬᠤ ᠣᠷᠣᠨ ᠤ ᠬᠤᠳᠠ ᠶᠢᠨ ᠬᠠᠮᠢᠶᠠᠷᠤᠯᠲᠠ ᠶᠢᠨ | ᠬᠠᠤᠯᠢ ᠬᠡᠷᠡᠭᠵᠢᠭᠦᠯᠬᠦ ᠲᠡᠷᠢᠭᠦᠨ ᠤ ᠨᠢᠭᠡᠴᠡ ᠵᠡᠷᠭᠡ ᠢᠷᠠᠭᠤ ᠠᠯᠳᠠᠷ ᠢᠶᠠᠷ ᠦᠨᠡᠯᠡᠭᠳᠡᠪᠡ᠃ | ᠨᠢᠭᠡ ᠳᠤ ︽ᠦᠢᠯᠡᠴᠢᠯᠡᠭᠡᠨ ᠤ ᠬᠡᠯᠪᠡᠷᠢ︾ ᠪᠦᠬᠦᠢ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠡᠩᠨᠡᠭᠡᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ | ᠲᠦᠯᠬᠢᠨ ᠠᠬᠢᠭᠤᠯᠪᠠ᠃ ︽ᠬᠠᠤᠯᠢ ᠬᠡᠷᠡᠭᠵᠢᠭᠦᠯᠬᠦ ᠬᠤᠪᠢᠶᠠᠷᠢ ᠠᠩᠭᠢ ᠨᠢ ᠬᠡᠷᠡᠭ ᠡᠷᠬᠢᠯᠡᠬᠦ ᠭᠠᠵᠠᠷ ᠲᠤ᠂ ᠬᠠᠤᠯᠢ ᠬᠡᠷᠡᠭᠵᠢᠭᠦᠯᠬᠦ ᠳᠤᠮᠳᠠ ᠠᠩᠭᠢ ᠨᠢ ᠨᠡᠶᠢᠭᠡᠮ | ᠲᠣᠭᠤᠷᠢᠭ ᠲᠤ᠂ ᠬᠠᠤᠯᠢ ᠬᠡᠷᠡᠭᠵᠢᠭᠦᠯᠬᠦ ᠭᠡᠰᠢᠭᠦᠳ ᠨᠢ ᠬᠡᠰᠡᠭ ᠲᠣᠭᠤᠷᠢᠭ ᠲᠤ ᠵᠣᠬᠢᠴᠠᠯᠳᠤᠬᠤ︾ ᠬᠠᠮᠢᠶᠠᠷᠤᠯᠲᠠ ᠶᠢᠨ ᠵᠠᠭᠪᠤᠷ ᠶᠣᠰᠣᠭᠠᠷ᠂ ︽ᠡᠭᠦᠳᠡᠨ ᠡᠮᠦᠨᠡᠬᠢ | ᠲᠠᠪᠤ ᠶᠢ ᠳᠠᠭᠠᠭᠠᠴᠢᠯᠠᠬᠤ︾ ᠬᠠᠮᠢᠶᠠᠷᠤᠯᠲᠠ ᠶᠢ ᠴᠢᠩᠭᠠᠳᠬᠠᠵᠤ᠂ ᠬᠤᠲᠠ ᠶᠢᠨ ᠬᠠᠮᠢᠶᠠᠷᠤᠯᠲᠠ ᠪᠠ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠬᠢᠷᠢ ᠬᠡᠮᠵᠢᠶ᠎ᠡ ᠶᠢ | ᠳᠡᠭᠡᠭᠰᠢᠯᠡᠭᠦᠯᠪᠡ᠃ | ᠬᠤᠶᠠᠷ ᠲᠤ ᠠᠵᠢᠯ ᠲᠥᠷᠥᠯ ᠤᠨ ᠣᠨᠴᠠᠯᠢᠭ ᠢ ᠳᠣᠪᠤᠶᠢᠯᠭᠠᠵᠤ᠂ ᠬᠠᠤᠯᠢ ᠬᠡᠷᠡᠭᠵᠢᠭᠦᠯᠬᠦ ᠠᠷᠭ᠎ᠠ ᠮᠠᠶ᠋ᠢᠭ ᠤᠨ ᠰᠢᠨ᠎ᠡ ᠶᠢ ᠡᠭᠦᠳᠦᠨ᠎ᠡ᠃ ᠬᠡᠮᠵᠢᠨ ᠲᠣᠭᠲᠠᠭᠠᠬᠤ | ᠰᠢᠰᠲ᠋ᠧᠮᠵᠢ ᠪᠠᠷ ᠪᠠᠷᠢᠮᠵᠢᠶ᠎ᠠ ᠪᠣᠯᠭᠠᠨ᠂ ︽ᠪᠤᠵᠠᠷ ᠪᠤᠷᠲᠠᠭ ᠢ ᠵᠠᠰᠠᠬᠤ᠂ ᠡᠷᠦᠶ ᠬᠤᠷᠤᠶ ᠦᠭᠡᠶ ᠶᠢ ᠵᠠᠰᠠᠬᠤ᠂ ᠪᠠᠷᠤᠭᠲᠠᠶ ᠶᠢ ᠵᠠᠰᠠᠬᠤ︾ ᠪᠠᠷ ᠭᠤᠣᠯᠳᠠᠯᠭ᠎ᠠ ᠪᠣᠯᠭᠠᠨ | ᠂ ᠬᠤᠲᠠ ᠶᠢᠨ ᠦᠵᠡᠮᠵᠢ ᠣᠷᠴᠢᠨ ᠲᠣᠭᠤᠷᠢᠨ ᠢ ᠲᠣᠣᠷᠵᠢᠭᠤᠯᠤᠨ ᠬᠠᠮᠢᠶᠠᠷᠬᠤ᠂ ᠨᠡᠭᠦᠳᠡᠯ ᠬᠤᠳᠠᠯᠳᠤᠭᠠᠴᠢᠨ ᠢ ᠣᠷᠣᠨ ᠬᠤᠪᠢᠶᠠᠨ ᠬᠠᠮᠢᠶᠠᠷᠬᠤ᠂ ᠲᠣᠭᠲᠠᠩᠭᠤᠶ | ᠪᠠᠶᠢᠳᠠᠯ ᠲᠠᠢ ᠲᠡᠷᠭᠡ ᠬᠥᠰᠬᠡ ᠶᠢ ᠳᠡᠰ ᠬᠤᠪᠢᠶᠠᠨ ᠬᠠᠮᠢᠶᠠᠷᠬᠤ᠂ ᠪᠠᠷᠢᠯᠭ᠎ᠠ ᠶᠢᠨ ᠭᠠᠵᠠᠷ ᠤᠨ ᠳᠠᠩᠰᠠ ᠡᠪᠬᠡᠮᠡᠯ ᠪᠠᠶᠢᠭᠤᠯᠬᠤ ᠮᠠᠶ᠋ᠢᠭ ᠤᠨ ᠬᠠᠮᠢᠶᠠᠷᠤᠯᠲᠠ᠂ | ᠳᠦᠷᠢᠮ ᠠᠴᠠ ᠵᠥᠷᠢᠴᠡᠭᠰᠡᠨ ᠪᠠᠷᠢᠯᠭ᠎ᠠ ᠶᠢᠨ ᠥᠨᠳᠥᠷ ᠳᠠᠷᠤᠯᠲᠠᠲᠤ ᠮᠠᠶ᠋ᠢᠭ ᠤᠨ ᠬᠠᠮᠢᠶᠠᠷᠤᠯᠲᠠ᠂ ᠭᠡᠷ ᠤᠨ ᠭᠠᠳᠠᠨᠠᠬᠢ ᠵᠠᠷ ᠮᠡᠳᠡᠭᠡ ᠶᠢᠨ ᠫᠠᠶᠢᠰᠠ ᠢᠯᠡᠷᠬᠡᠶᠢᠯᠡᠯ ᠢ | ᠮᠥᠷᠳᠡᠬᠦ ᠮᠠᠶ᠋ᠢᠭ ᠤᠨ ᠬᠠᠮᠢᠶᠠᠷᠤᠯᠲᠠ ᠵᠡᠷᠭᠡ ᠵᠠᠭᠪᠤᠷ ᠢ ᠪᠦᠬᠦ ᠲᠠᠯ᠎ᠠ ᠪᠠᠷ ᠶᠠᠪᠤᠭᠤᠯᠵᠤ᠂ ᠬᠤᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠂ ᠬᠤᠲᠠ ᠶᠢᠨ | ᠪᠣᠯᠪᠠᠰᠤᠨ ᠳᠤ ᠥᠩᠭᠡ ᠨᠡᠮᠡᠷᠢᠯᠡᠪᠡ᠃ | ᠭᠤᠷᠪᠠ ᠳᠤ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ ᠶᠢ ᠠᠬᠢᠭᠤᠯᠪᠠ᠃ ᠬᠠᠤᠯᠢ ᠬᠡᠷᠡᠭᠵᠢᠭᠦᠯᠬᠦ ᠶᠠᠪᠤᠴᠠ ᠳᠤ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ︽ᠭᠤᠷᠪᠠᠨ ᠵᠦᠢᠯ ᠤᠨ ᠳᠦᠷᠢᠮ︾ ᠢ ᠪᠦᠬᠦ ᠲᠠᠯ᠎ᠠ ᠪᠠᠷ ᠶᠠᠪᠤᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠬᠠᠷᠢᠭᠤᠴᠠᠯᠭ᠎ᠠ ᠶᠢᠨ ᠳᠦᠷᠢᠮ᠂ ᠬᠠᠤᠯᠢ ᠬᠡᠷᠡᠭᠵᠢᠭᠦᠯᠬᠦ ᠠᠵᠢᠯᠲᠠᠨ ᠤ ᠦᠨᠡᠮᠯᠡᠯ ᠲᠠᠢ ᠪᠠᠷ ᠠᠵᠢᠯ ᠤᠨ ᠪᠠᠶᠢᠷᠢ ᠳᠤ ᠭᠠᠷᠬᠤ ᠳᠦᠷᠢᠮ ᠢ ᠴᠢᠩᠭ᠎ᠠ | ᠨᠠᠶᠢᠳᠠᠪᠤᠷᠢᠵᠢᠭᠤᠯᠤᠨ᠂ ᠬᠠᠤᠯᠢ ᠬᠡᠷᠡᠭᠵᠢᠭᠦᠯᠦᠭᠰᠡᠨ ᠬᠡᠷᠡᠭ ᠤᠨ ᠡᠪᠬᠡᠮᠡᠯ ᠢ ᠴᠢᠩᠭ᠎ᠠ ᠠᠳᠬᠤᠵᠤ᠂ ᠬᠢᠨᠠᠮᠠᠭᠠᠶ ᠬᠢᠨᠠᠨ ᠪᠠᠶᠢᠴᠠᠭᠠᠵᠤ᠂ ᠬᠠᠤᠯᠢ ᠲᠣᠭᠲᠠᠭᠠᠯ ᠠᠴᠠ | ᠵᠥᠷᠢᠴᠡᠨ ᠬᠠᠤᠯᠢ ᠬᠡᠷᠡᠭᠵᠢᠭᠦᠯᠦᠭᠰᠡᠨ ᠬᠠᠷᠢᠭᠤᠴᠠᠯᠭ᠎ᠠ ᠡᠭᠦᠷᠭᠡᠯᠡᠭᠴᠢ ᠶᠢ ︽ᠠᠯᠳᠠᠭ᠎ᠠ ᠶᠢᠨ ᠬᠠᠷᠢᠭᠤᠴᠠᠯᠭ᠎ᠠ ᠨᠡᠬᠡᠮᠵᠢᠯᠡᠬᠦ ᠳᠦᠷᠢᠮ︾ ᠤᠨ ᠶᠣᠰᠣᠭᠠᠷ ᠨᠡᠬᠡᠮᠵᠢᠯᠡᠬᠦ | ᠬᠡᠷᠡᠭᠲᠡᠶ᠃ ᠬᠠᠤᠯᠢ ᠬᠡᠷᠡᠭᠵᠢᠭᠦᠯᠬᠦ ᠠᠵᠢᠯᠲᠠᠨ ᠤ ᠡᠷᠬᠡ ᠲᠡᠭᠰᠢ᠂ ᠲᠥᠪ ᠭᠤᠤᠯᠴᠢ᠂ ᠵᠢᠷᠤᠮᠵᠢᠯ ᠲᠠᠢ ᠪᠠᠷ ᠬᠠᠤᠯᠢ ᠬᠡᠷᠡᠭᠵᠢᠭᠦᠯᠬᠦ ᠶᠢ ᠲᠠᠰᠤᠷᠠᠯᠲᠠ ᠥᠬᠡᠶ | ᠠᠬᠢᠭᠤᠯᠬᠤ ᠬᠡᠷᠡᠭᠲᠡᠶ᠃ |