ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠺᠠᠳ᠋ᠷᠴᠤᠳ ᠤᠨ ᠶᠡᠭᠡ ᠬᠤᠷᠠᠯ ᠬᠤᠷᠠᠯᠳᠤᠭᠤᠯᠵᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠭᠤᠣᠯ ᠤᠳᠤᠷᠢᠳᠤᠯᠭ᠎ᠠ ᠳᠤ ᠲᠣᠬᠢᠷᠠᠭᠤᠯᠤᠯᠲᠠ ᠬᠢᠬᠦ ᠲᠤᠬᠠᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠢᠢᠳᠪᠦᠷᠢ ᠶᠢ ᠲᠤᠩᠬᠠᠭᠯᠠᠪᠠ
ᠨᠡᠶᠢᠲᠡᠯᠡᠭᠰᠡᠨ ᠴᠠᠭ᠄
2023/1/18
   1 ᠳ᠋ᠤᠭᠡᠷ ᠰᠠᠷ᠎ᠠ ᠶᠢᠨ 17 ᠤ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠺᠠᠳ᠋ᠷᠴᠤᠳ ᠤᠨ ᠶᠡᠭᠡ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ᠂ ᠠᠬᠠᠮᠠᠳ ᠺᠠᠳ᠋ᠷᠴᠤᠳ ᠤᠨ ᠲᠣᠪᠴᠢᠶ᠎ᠠ ᠶᠢᠨ ᠳᠠᠷᠤᠭ᠎ᠠ ᠰᠦᠨ ᠹᠦ᠋ ᠯᠦᠩ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠺᠠᠳ᠋ᠷ ᠤᠨ ᠭᠤᠷᠪᠠᠳᠤᠭᠠᠷ ᠭᠠᠵᠠᠷ ᠤᠨ ᠳᠡᠳ᠋ ᠳᠠᠷᠤᠭ᠎ᠠ ᠯᠧᠦ ᠵᠥᠩ ᠬᠤᠸᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠲᠠᠭᠠᠯ ᠢ ᠤᠩᠰᠢᠨ ᠨᠡᠶᠢᠲᠡᠯᠡᠪᠡ᠄ ᠭᠦᠸᠧ ᠢᠦᠢ ᠹᠧᠩ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠭᠦᠯᠬᠦ ᠪᠠᠷ ᠨᠡᠷ᠎ᠡ ᠲᠤᠷᠠᠳᠤᠭᠳᠠᠪᠠ᠃ ᠹᠧᠩ ᠷᠧᠨ ᠹᠧᠢ᠂ ᠭᠦᠸᠧ ᠢᠦᠢ ᠹᠧᠩ ᠲᠤᠰ ᠲᠤᠰ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠵᠠᠢ᠃ 
自治区住房和城乡建设厅召开干部大会宣布自治区党委关于住房城乡建设厅主要领导调整的决定1.png 
    ᠰᠦᠨ ᠹᠦ᠋ ᠯᠦᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠤᠳᠤᠷᠢᠳᠬᠤ ᠪᠠᠭ ᠤᠨ ᠪᠠᠶᠢᠭᠤᠯᠤᠯᠲᠠ ᠶᠢ ᠲᠤᠶᠢᠯ ᠢᠶᠠᠷ ᠴᠢᠬᠤᠯᠠᠴᠢᠯᠠᠵᠤ᠂ ᠡᠨᠡ ᠤᠳᠠᠭ᠎ᠠ ᠭᠤᠣᠯ ᠤᠳᠤᠷᠢᠳᠤᠯᠭ᠎ᠠ ᠳᠤ ᠲᠣᠬᠢᠷᠠᠭᠤᠯᠤᠯᠲᠠ ᠬᠢᠬᠦ ᠳᠡᠭᠡᠨ ᠪᠦᠬᠦ ᠣᠷᠣᠨ ᠤ ᠠᠵᠢᠯ ᠤᠨ ᠶᠡᠭᠡ ᠲᠠᠯ᠎ᠠ ᠠᠴᠠ ᠡᠭᠦᠰᠴᠦ᠂ ᠠᠵᠢᠯ ᠤᠨ ᠬᠡᠷᠡᠭᠴᠡᠭᠡ ᠪᠠ ᠤᠳᠤᠷᠢᠳᠬᠤ ᠪᠠᠭ ᠤᠨ ᠪᠠᠶᠢᠭᠤᠯᠤᠯᠲᠠ ᠶᠢᠨ ᠪᠣᠳᠠᠲᠠᠢ ᠪᠠᠶᠢᠳᠠᠯ ᠢ ᠦᠨᠳᠦᠰᠦᠯᠡᠵᠦ᠂ ᠭᠦᠢᠴᠡᠳ ᠶᠠᠷᠢᠯᠴᠠᠵᠤ᠂ ᠪᠦᠬᠦ ᠲᠠᠯ᠎ᠠ ᠪᠠᠷ ᠪᠣᠳᠣᠯᠬᠢᠯᠠᠵᠤ᠂ ᠪᠣᠯᠭᠤᠮᠵᠢᠲᠠᠢ ᠰᠤᠳᠤᠯᠵᠤ ᠲᠣᠭᠲᠠᠭᠠᠭᠰᠠᠨ ᠶᠤᠮ᠃ ᠰᠦᠨ ᠹᠦ᠋ ᠯᠦᠩ ᠢᠯᠡᠷᠬᠡᠶᠢᠯᠡᠬᠦ ᠳᠡᠭᠡᠨ᠂ ᠹᠧᠩ ᠷᠧᠨ ᠹᠧᠢ ᠨᠥᠬᠦᠷ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ ᠪᠠᠶᠢᠭᠰᠠᠨ ᠬᠤᠭᠤᠴᠠᠭᠠᠨ ᠳᠤ ᠥᠷᠭᠡᠨ ᠤᠯᠠᠨ ᠺᠠᠳ᠋ᠷ ᠠᠵᠢᠯᠲᠠᠨ ᠠᠵᠢᠯᠴᠢᠨ ᠢ ᠪᠦᠯᠬᠦᠮᠳᠡᠭᠦᠯᠦᠨ ᠲᠠᠶᠢᠴᠢᠯᠠᠵᠤ᠂ ᠥᠭᠡᠷᠡᠴᠢᠯᠡᠯᠲᠡ ᠬᠥᠭᠵᠢᠯᠲᠡ ᠶᠢᠨ ᠶᠡᠭᠡ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠥᠨᠳᠥᠷ ᠪᠠᠷᠢᠮᠵᠢᠶ᠎ᠠ ᠪᠠᠷ ᠠᠬᠢᠭᠤᠯᠬᠤ ᠠᠵᠢᠯ ᠢ ᠰᠦᠪᠡᠭᠴᠢᠯᠡᠵᠦ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠥᠭᠡᠷᠡᠴᠢᠯᠡᠯᠲᠡ᠂ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ ᠶᠢᠨ ᠲᠣᠭᠠᠴᠢᠯᠠᠭᠰᠠᠨ ᠬᠡᠷᠡᠭᠯᠡᠭᠡᠨ ᠤ ᠲᠠᠪᠴᠠᠩ ᠤᠨ ᠪᠠᠶᠢᠭᠤᠯᠤᠯᠲᠠ᠂ ᠬᠤᠳᠠ ᠬᠥᠳᠡᠭᠡ ᠶᠢᠨ ᠣᠷᠴᠢᠨ ᠲᠣᠭᠤᠷᠢᠨ ᠤ ᠵᠠᠰᠠᠯᠲᠠ᠂ ᠭᠡᠷ ᠪᠠᠶᠢᠰᠢᠩ ᠭᠠᠵᠠᠷ ᠬᠥᠷᠥᠩᠭᠡ ᠶᠢᠨ ᠦᠯᠡᠳᠡᠭᠳᠡᠯ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠵᠡᠷᠭᠡ ᠲᠠᠯ᠎ᠠ ᠪᠠᠷ ᠶᠡᠭᠡ ᠬᠡᠮᠵᠢᠶᠡᠨ ᠤ ᠦᠷ᠎ᠡ ᠪᠦᠲᠦᠮᠵᠢ ᠰᠠᠶᠢᠲᠠᠢ ᠠᠵᠢᠯ ᠬᠢᠵᠦ᠂ ᠤᠯᠠᠨ ᠵᠦᠢᠯ ᠤᠨ ᠠᠵᠢᠯ ᠪᠦᠬᠦ ᠤᠯᠤᠰ ᠤᠨ ᠡᠮᠦᠨ᠎ᠡ ᠡᠩᠨᠡᠭᠡᠨ ᠳᠤ ᠣᠷᠣᠵᠠᠢ ᠭᠡᠵᠡᠢ᠃   ᠰᠦᠨ ᠹᠦ᠋ ᠯᠦᠩ᠂ ᠭᠦᠸᠧ ᠢᠦᠢ ᠹᠧᠩ ᠤᠨ ᠤᠯᠤᠰ ᠲᠦᠷᠦ ᠶᠢᠨ ᠵᠣᠭᠰᠣᠯᠲᠠ ᠪᠠᠲᠤ᠂ ᠶᠡᠭᠡ ᠲᠠᠯ᠎ᠠ ᠶᠢᠨ ᠤᠬᠠᠮᠰᠠᠷ ᠢᠶᠠᠷ ᠴᠢᠩᠭ᠎ᠠ᠂ ᠠᠶᠢᠮᠠᠭ ᠬᠤᠳᠠ᠂ ᠬᠤᠰᠢᠭᠤ ᠰᠢᠶᠠᠨ ᠤ ᠤᠯᠠᠨ ᠠᠵᠢᠯ ᠤᠨ ᠪᠠᠶᠢᠷᠢ ᠶᠢᠨ ᠳᠠᠪᠲᠠᠯᠲᠠ ᠪᠠᠷ ᠳᠠᠮᠵᠢᠵᠤ᠂ ᠠᠵᠢᠯ ᠤᠨ ᠰᠡᠳᠬᠢᠴᠡ ᠲᠣᠳᠣᠷᠬᠠᠢ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠴᠢᠳᠠᠪᠤᠷᠢ ᠴᠢᠩᠭ᠎ᠠ᠂ ᠣᠪᠣᠷ ᠰᠤᠷᠲᠠᠯ ᠪᠣᠳᠠᠲᠠᠢ ᠶᠢ ᠡᠷᠬᠢᠮᠯᠡᠵᠦ᠂ ᠲᠥᠪ ᠭᠤᠣᠯᠴᠢ᠂ ᠲᠤᠰ ᠪᠡᠶ᠎ᠡ ᠶᠢᠨ ᠱᠠᠭᠠᠷᠳᠠᠯᠭ᠎ᠠ ᠴᠢᠩᠭ᠎ᠠ ᠪᠠᠶᠢᠳᠠᠭ᠃ ᠤᠯᠠᠨ ᠢᠶᠠᠷ ᠢᠶᠠᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠲᠠᠭᠠᠯ ᠢ ᠡᠷᠡᠰ ᠬᠦᠷᠢᠶᠡᠯᠡᠵᠦ᠂ ᠭᠦᠸᠧ ᠢᠦᠢ ᠹᠧᠩ ᠨᠥᠬᠦᠷ ᠤᠨ ᠠᠵᠢᠯ ᠢᠶᠠᠨ ᠥᠷᠨᠢᠭᠦᠯᠬᠦ ᠶᠢ ᠪᠦᠬᠦ ᠬᠦᠴᠦᠨ ᠢᠶᠠᠷ ᠢᠶᠠᠨ ᠳᠡᠮᠵᠢᠵᠦ᠂ ᠨᠢᠭᠡ ᠰᠡᠳᠬᠢᠯ ᠨᠢᠭᠡ ᠵᠣᠷᠢᠭ ᠢᠶᠠᠷ᠂ ᠤᠯᠠᠨ ᠤ ᠤᠬᠠᠭᠠᠨ ᠬᠠᠮᠲᠤ ᠶᠢᠨ ᠬᠦᠴᠦᠨ ᠢᠶᠠᠷ ᠡᠯ᠎ᠡ ᠵᠦᠢᠯ ᠤᠨ ᠠᠵᠢᠯ ᠢ ᠪᠦᠲᠦᠮᠵᠢᠲᠡᠢ ᠡᠮᠬᠢ ᠵᠢᠷᠤᠮ ᠲᠠᠢ ᠵᠣᠯᠭᠠᠭᠤᠯᠵᠤ᠂ ᠤᠷᠤᠭᠰᠢᠲᠠᠢ ᠠᠬᠢᠭᠤᠯᠬᠤ ᠶᠢ ᠪᠠᠲᠤᠯᠠᠬᠤ ᠬᠡᠷᠡᠭᠲᠡᠢ ᠭᠡᠵᠦ ᠢᠯᠡᠷᠬᠡᠶᠢᠯᠡᠪᠡ᠃ᠰᠦᠨ ᠹᠦ᠋ ᠯᠦᠩ᠂ ᠨᠢᠭᠡ ᠳᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ︽ᠬᠤᠶᠠᠷ ᠢ ᠲᠤᠭᠳᠠᠭᠠᠬᠤ︾ ᠶᠢᠨ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠨ᠂ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠦᠷᠢᠶᠡᠯᠡᠬᠦ︾ ᠶᠢ ᠪᠡᠶᠡᠯᠡᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠠᠴᠠ ᠳᠤᠷᠠᠳᠤᠭᠰᠠᠨ ᠰᠢᠨ᠎ᠡ ᠪᠠᠶᠢᠯᠳᠤᠬᠤ ᠪᠣᠳᠣᠯᠭ᠎ᠠ᠂ ᠰᠢᠨ᠎ᠡ ᠠᠷᠭ᠎ᠠ ᠬᠡᠮᠵᠢᠶ᠎ᠡ᠂ ᠣᠨᠴᠠᠭᠠᠶᠢᠯᠠᠨ ᠢᠯᠡᠳᠬᠡᠯ ᠳᠤ ᠳᠤᠷᠠᠳᠤᠭᠰᠠᠨ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ ᠶᠢᠨ ᠠᠵᠢᠯ ᠳᠤ ᠬᠤᠯᠪᠣᠭᠳᠠᠭᠰᠠᠨ ᠰᠢᠨ᠎ᠡ ᠪᠠᠶᠢᠷᠢᠯᠠᠭᠤᠯᠤᠯᠲᠠ᠂ ᠰᠢᠨ᠎ᠡ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠲᠠᠪᠤᠳᠤᠭᠠᠷ ᠪᠥᠬᠦᠳᠡ ᠬᠤᠷᠠᠯ ᠪᠣᠯᠣᠨ ᠥᠪᠡᠷᠲᠡᠭᠡᠨ ᠵᠠᠰᠠᠬᠤ ᠣᠷᠣᠨ ᠤ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠬᠢᠨᠠᠮᠠᠭᠠᠢ ᠲᠤᠤᠱᠯᠠᠭᠤᠯᠵᠤ᠂ ᠪᠥᠬᠦ ᠣᠷᠣᠨ ᠤ ᠶᠡᠭᠡ ᠲᠠᠯ᠎ᠠ ᠠᠴᠠ ᠡᠭᠦᠰᠴᠦ᠂ ᠰᠠᠨᠠᠭᠠᠴᠢᠯᠠᠭ᠎ᠠ ᠠᠴᠠ ᠪᠠᠨ ᠵᠠᠮ ᠨᠡᠭᠡᠭᠡᠨ ᠤᠷᠤᠭᠰᠢᠯᠠᠵᠤ᠂ ᠡᠯ᠎ᠡ ᠵᠦᠢᠯ ᠤᠨ ᠠᠵᠢᠯ ᠤᠨ ᠨᠠᠷᠢᠯᠢᠭ ᠣᠨᠣᠴᠠᠲᠠᠢ ᠪᠠᠷ ᠬᠦᠴᠦᠯᠡᠬᠦ ᠶᠢ ᠦᠨᠡᠨ ᠬᠦ ᠪᠠᠲᠤᠯᠠᠵᠤ᠂ ᠪᠣᠳᠠᠲᠤ ᠦᠷ᠎ᠡ ᠪᠦᠲᠦᠮᠵᠢ ᠣᠯᠬᠤ ᠬᠡᠷᠡᠭᠲᠡᠢ᠃ ᠬᠤᠶᠠᠷ ᠲᠤ᠂ ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠢᠶᠠᠨ ᠯᠠᠪᠳᠠᠭᠤᠨ ᠪᠠᠲᠤᠲᠠᠢ ᠰᠠᠶᠢᠲᠤᠷ ᠬᠢᠵᠦ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶᠠᠨ ᠤ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠣᠨ ᠣᠷᠣᠨ ᠰᠠᠭᠤᠴᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠠᠷᠠᠳ ᠤᠯᠠᠨ ᠤ ᠪᠠᠴᠢᠮ ᠬᠦᠴᠢᠷ ᠵᠤᠪᠠᠨᠢᠯ ᠬᠦᠰᠡᠯᠡᠩᠲᠦ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠤᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠨᠡᠮᠡᠭᠳᠡᠭᠦᠯᠦᠨ᠎ᠡ᠃ ︽ᠲᠠᠪᠤᠨ ᠦᠨᠳᠦᠰᠦᠨ ᠠᠴᠠ ᠨᠢ ᠵᠠᠰᠠᠬᠤ︾ ᠠᠵᠢᠯ ᠢ ᠰᠠᠶᠢᠲᠤᠷ ᠬᠢᠵᠦ᠂ ᠲᠦᠷᠦᠯ ᠵᠦᠢᠯ ᠤᠨ ᠪᠡᠯᠡ ᠣᠷᠣᠭᠤᠯᠤᠯᠲᠠ ᠶᠢᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ︽ᠬᠤᠶᠠᠷ ᠰᠢᠯᠢᠳᠡᠭ︾ ᠤᠨ ᠲᠤᠰᠬᠠᠢ ᠠᠵᠢᠯᠯᠠᠭ᠎ᠠ ᠶᠢᠨ ᠰᠡᠭᠦᠯᠴᠢ ᠶᠢᠨ ᠬᠠᠭᠠᠰ ᠠᠵᠢᠯ ᠢ ᠰᠠᠶᠢᠲᠤᠷ ᠬᠢᠵᠦ᠂ ︽ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ︾ ᠤ ᠠᠰᠠᠭᠤᠳᠠᠯ ᠢ ᠰᠢᠢᠳᠪᠦᠷᠢᠯᠡᠬᠦ ᠬᠡᠷᠡᠭᠳᠡᠢ᠃ ᠭᠤᠷᠪᠠ ᠳᠤ᠂ ᠤᠳᠤᠷᠢᠳᠬᠤ ᠪᠠᠭ ᠤᠨ ᠪᠦᠯᠬᠦᠮᠳᠡᠯ ᠢ ᠲᠦᠷᠦᠭᠦᠯᠡᠨ ᠬᠦᠷᠢᠶᠡᠯᠡᠵᠦ᠂ ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠨ ᠠᠵᠢᠯ ᠦᠢᠯᠡᠰ ᠪᠦᠲᠦᠭᠡᠬᠦ ᠶᠢ ᠵᠣᠷᠢᠭᠵᠢᠭᠤᠯᠵᠤ᠂ ᠤᠳᠤᠷᠢᠳᠬᠤ ᠪᠠᠭ ᠤᠨ ᠬᠢᠨ ᠤᠬᠠᠮᠰᠠᠷ ᠠᠴᠠ ᠪᠠᠨ ᠶᠡᠭᠡ ᠲᠠᠯ᠎ᠠ ᠠᠴᠠ ᠡᠭᠦᠰᠴᠦ᠂ ᠠᠷᠠᠳᠴᠢᠯᠠᠯ ᠲᠥᠪᠯᠡᠷᠡᠯ ᠤᠨ ᠶᠣᠰᠣᠨ ᠤ ᠵᠠᠷᠴᠢᠮ ᠢ ᠨᠠᠷᠢᠨ ᠬᠢᠨᠠᠮᠠᠭᠠᠢ ᠲᠤᠤᠱᠯᠠᠭᠤᠯᠤᠨ ᠬᠡᠷᠡᠭᠵᠢᠭᠦᠯᠵᠦ᠂ ᠠᠵᠢᠯ ᠦᠢᠯᠡᠰ ᠢᠶᠠᠷ ᠢᠶᠠᠨ ᠬᠥᠮᠥᠰ ᠤᠨ ᠰᠡᠳᠬᠢᠯ ᠢ ᠨᠢᠭᠲᠠᠷᠠᠭᠤᠯᠵᠤ᠂ ᠤᠳᠤᠷᠢᠳᠬᠤ ᠪᠠᠭ ᠤᠨ ᠪᠦᠯᠬᠦᠮᠳᠡᠯ ᠢ ᠡᠷᠡᠰ ᠬᠦᠷᠢᠶᠡᠯᠡᠵᠦ᠂ ᠤᠳᠤᠷᠢᠳᠬᠤ ᠪᠠᠭ ᠤᠨ ᠪᠦᠷᠢᠯᠳᠦᠭᠦᠨ ᠨᠠᠷ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠬᠦᠴᠦ ᠪᠠᠨ ᠬᠠᠮᠲᠤᠳᠬᠠᠨ ᠬᠠᠮᠲᠤᠷᠠᠯᠴᠠᠵᠤ᠂ ᠦᠵᠡᠯ ᠰᠠᠨᠠᠭᠠᠨ ᠤ ᠲᠠᠯ᠎ᠠ ᠪᠠᠷ ᠰᠡᠳᠬᠢᠯ ᠢᠶᠠᠨ ᠨᠢᠭᠡᠳᠬᠡᠬᠦ᠂ ᠠᠵᠢᠯ ᠤᠨ ᠲᠠᠯ᠎ᠠ ᠪᠠᠷ ᠬᠦᠴᠦ ᠪᠠᠨ ᠬᠠᠮᠲᠤᠳᠬᠠᠬᠤ᠂ ᠦᠢᠯᠡ ᠠᠵᠢᠯᠯᠠᠭ᠎ᠠ ᠶᠢᠨ ᠲᠠᠯ᠎ᠠ ᠪᠠᠷ ᠨᠢᠭᠡᠳᠦᠯᠲᠡᠢ ᠪᠠᠶᠢᠬᠤ ᠶᠢ ᠦᠨᠡᠨᠬᠦ ᠪᠡᠶᠡᠯᠡᠭᠦᠯᠵᠦ᠂ ᠰᠡᠳᠬᠢᠯ ᠨᠢᠭᠡᠲᠡᠢ ᠣᠪᠣᠷ ᠲᠥᠪ ᠠᠵᠢᠯ ᠤᠨ ᠠᠭᠤᠷ ᠠᠮᠢᠰᠬᠤᠯ ᠢ ᠴᠢᠷᠮᠠᠶᠢᠨ ᠪᠤᠢ ᠪᠣᠯᠭᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠨ ᠦᠢᠯᠡᠰ ᠪᠦᠲᠦᠭᠡᠬᠦ ᠶᠢ ᠵᠣᠷᠢᠭᠵᠢᠭᠤᠯᠬᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠪᠣᠳᠠᠲᠠᠢ ᠪᠦᠲᠦᠮᠵᠢᠲᠡᠢ ᠠᠷᠭ᠎ᠠ ᠬᠡᠮᠵᠢᠶ᠎ᠡ ᠶᠢ ᠡᠷᠬᠢᠮᠯᠡᠨ᠂ ᠺᠠᠳ᠋ᠷ ᠤᠨ ᠡᠩᠨᠡᠭᠡ ᠶᠢᠨ ᠠᠵᠢᠯ ᠬᠢᠵᠦ ᠦᠢᠯᠡᠰ ᠪᠣᠰᠬᠠᠬᠤ ᠴᠤᠭ ᠰᠦᠯᠳᠡ ᠶᠢ ᠬᠥᠭᠵᠢᠭᠡᠬᠦ ᠬᠡᠷᠡᠭᠲᠡᠢ᠃ ᠺᠠᠳ᠋ᠷ ᠤᠨ ᠡᠩᠨᠡᠭᠡᠨ ᠤ ᠦᠵᠡᠯ ᠰᠠᠨᠠᠭ᠎ᠠ ᠤᠯᠤᠰ ᠲᠦᠷᠦ ᠶᠢᠨ ᠬᠥᠮᠦᠵᠢᠯ᠂ ᠰᠤᠷᠲᠠᠯ ᠤᠨ ᠬᠥᠮᠦᠵᠢᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠬᠥᠮᠦᠵᠢᠯ ᠢ ᠴᠢᠩᠭᠠᠳᠬᠠᠵᠤ᠂ ᠨᠠᠮ ᠤᠨ ᠪᠠᠶᠢᠭᠤᠯᠤᠯᠲᠠ ᠪᠠ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠴᠢᠩᠭᠠᠳᠬᠠᠵᠤ᠂ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠰᠢᠰᠲ᠋ᠧᠮ ᠤᠨ ᠺᠠᠳ᠋ᠷ ᠤᠨ ᠡᠩᠨᠡᠭᠡᠨ ᠤ ᠰᠢᠨ᠎ᠡ ᠳᠦᠷᠢ ᠲᠥᠷᠬᠦ ᠶᠢ ᠪᠤᠢ ᠪᠤᠯᠭᠠᠬᠤ ᠬᠡᠷᠡᠭᠳᠡᠢ ᠭᠡᠵᠦ ᠱᠠᠭᠠᠷᠳᠠᠪᠠ᠃ 
自治区住房和城乡建设厅召开干部大会宣布自治区党委关于住房城乡建设厅主要领导调整的决定2.png 
    ᠹᠧᠩ ᠷᠧᠨ ᠹᠧᠢ ᠢᠯᠡᠷᠬᠡᠶᠢᠯᠡᠬᠦ ᠳᠡᠭᠡᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠲᠠᠭᠠᠯ ᠢ ᠴᠢᠩ ᠰᠡᠳᠬᠢᠯ ᠠᠴᠠ ᠪᠠᠨ ᠬᠦᠷᠢᠶᠡᠯᠡᠵᠦ ᠪᠠᠶᠢᠨ᠎ᠠ᠂ ᠡᠨᠡ ᠤᠳᠠᠭ᠎ᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠭᠤᠣᠯ ᠤᠳᠤᠷᠢᠳᠤᠯᠭ᠎ᠠ ᠳᠤ ᠲᠣᠬᠢᠷᠠᠭᠤᠯᠤᠯᠲᠠ ᠬᠢᠭᠰᠡᠨ ᠨᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠪᠠᠭ ᠤᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠬᠤ ᠶᠢ ᠭᠦᠢᠴᠡᠳ ᠬᠠᠷᠠᠭᠤᠯᠵᠤ ᠪᠠᠶᠢᠨ᠎ᠠ᠂ ᠡᠭᠦᠨ ᠢ ᠪᠢ ᠪᠦᠷᠢᠮᠦᠰᠦᠨ ᠬᠦᠷᠢᠶᠡᠯᠡᠵᠦ᠂ ᠡᠷᠡᠰ ᠳᠠᠭᠠᠨ᠎ᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠥᠪ ᠣᠨᠣᠪᠴᠢᠲᠠᠶ ᠤᠳᠤᠷᠢᠳᠤᠯᠭ᠎ᠠ ᠳᠣᠣᠷ᠎ᠠ᠂ ᠭᠦᠸᠧ ᠢᠦᠢ ᠹᠧᠩ ᠨᠥᠬᠦᠷ ᠢᠶᠠᠷ ︽ᠠᠩᠭᠢ ᠶᠢᠨ ᠳᠠᠷᠤᠭ᠎ᠠ︾ ᠪᠣᠯᠭᠠᠭᠰᠠᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠤᠳᠤᠷᠢᠳᠬᠤ ᠪᠠᠭ ᠨᠢ ᠯᠠᠪᠲᠠᠢ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠰᠢᠰᠲ᠋ᠧᠮ ᠤᠨ ᠺᠠᠳ᠋ᠷ ᠠᠵᠢᠯᠲᠠᠨ ᠢ ᠪᠦᠯᠬᠦᠮᠳᠡᠭᠦᠯᠦᠨ ᠳᠠᠭᠠᠭᠤᠯᠵᠤ᠂ ᠰᠢᠨ᠎ᠡ ᠠᠵᠠ ᠲᠣᠬᠢᠶᠠᠯ ᠢ ᠡᠵᠡᠮᠳᠡᠨ᠂ ᠰᠢᠨ᠎ᠡ ᠥᠷᠢᠰᠦᠯᠳᠦᠭᠡᠨ ᠢ ᠤᠭᠲᠤᠵᠤ᠂ ᠪᠥᠬᠦ ᠣᠷᠣᠨ ᠤ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠵᠦ ᠴᠢᠳᠠᠨ᠎ᠠ ᠭᠡᠳᠡᠭ ᠢ ᠢᠲᠡᠭᠡᠵᠦ ᠪᠠᠶᠢᠨ᠎ᠠ ᠭᠡᠵᠡᠢ᠃ 
自治区住房和城乡建设厅召开干部大会宣布自治区党委关于住房城乡建设厅主要领导调整的决定3.png 
    ᠭᠦᠸᠧ ᠢᠦᠢ ᠹᠧᠩ ᠢᠯᠡᠷᠬᠡᠶᠢᠯᠡᠬᠦ ᠳᠡᠭᠡᠨ᠂ ᠵᠣᠬᠢᠶᠠᠨ ᠪᠠᠶᠢᠭᠤᠯᠤᠯᠲᠠ ᠶᠢᠨ ᠲᠣᠭᠲᠠᠭᠠᠯ ᠢ ᠡᠷᠡᠰ ᠬᠦᠷᠢᠶᠡᠯᠡᠨ ᠳᠠᠭᠠᠵᠤ᠂ ᠵᠣᠬᠢᠶᠠᠨ ᠪᠠᠶᠢᠭᠤᠯᠤᠯᠲᠠ ᠶᠢᠨ ᠢᠲᠡᠭᠡᠯ ᠪᠠ ᠬᠥᠮᠥᠵᠢᠭᠦᠯᠦᠯ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠨ᠎ᠠ᠃ ᠨᠢᠭᠡ ᠳᠤ᠂ ᠤᠯᠤᠰ ᠲᠥᠷᠥ ᠶᠢᠨ ᠲᠠᠯ᠎ᠠ ᠪᠠᠷ ᠪᠠᠲᠤ ᠴᠢᠩᠭ᠎ᠠ᠂ ᠨᠠᠮ ᠳᠠᠭᠠᠨ ᠦᠨᠡᠨᠴᠢ ᠰᠢᠳᠤᠷᠭᠤ᠂ ᠨᠠᠮ ᠳᠠᠭᠠᠨ ᠲᠤᠶᠢᠯ ᠤᠨ ᠦᠨᠡᠨᠴᠢ ᠰᠢᠳᠤᠷᠭᠤ ᠪᠠᠶᠢᠬᠤ ᠶᠢ ᠴᠢᠰᠤᠨ ᠰᠤᠳᠠᠰᠤᠨ ᠳᠤ ᠠᠭᠤᠰᠬᠠᠵᠤ᠂ ᠰᠦᠭ ᠰᠦᠨᠡᠰᠦ ᠳᠤ ᠰᠢᠩᠭᠡᠭᠡᠵᠦ᠂ ᠭᠠᠳᠠᠷ ᠳᠣᠲᠣᠷ ᠨᠢ ᠠᠳᠠᠯᠢ᠂ ᠮᠡᠳᠡᠬᠦᠢ ᠬᠢᠬᠦᠢ ᠶᠢ ᠨᠢᠭᠡᠳᠭᠡᠨ᠂ ︽ᠳᠥᠷᠪᠡᠨ ᠤᠬᠠᠮᠰᠠᠷ︾ ᠢᠶᠠᠨ ᠦᠨᠡᠨᠬᠦ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠨ᠂ ︽ᠬᠤᠶᠠᠷ ᠢ ᠲᠣᠭᠲᠠᠭᠠᠬᠤ︾ ᠶᠢ ᠬᠦᠷᠢᠶᠡᠯᠡᠵᠦ᠂ ︽ᠬᠤᠶᠠᠷ ᠢ ᠬᠦᠷᠢᠶᠡᠯᠡᠬᠦ︾ ᠶᠢ ᠪᠡᠶᠡᠯᠡᠭᠦᠯᠦᠨ᠎ᠡ᠃ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠶᠢᠨ ᠲᠠᠯ᠎ᠠ ᠪᠠᠷ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠵᠤ᠂ ᠤᠬᠠᠮᠰᠠᠷ ᠠᠴᠠ ᠪᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠣᠭᠤᠳᠤᠭᠤᠯᠵᠤ᠂ ᠠᠵᠢᠯ ᠢᠶᠠᠨ ᠠᠬᠢᠭᠤᠯᠵᠤ᠂ ᠲᠠᠷᠢᠬᠢ ᠲᠣᠯᠣᠭᠠᠢ ᠰᠡᠷᠭᠡᠭ᠂ ᠤᠯᠤᠰ ᠲᠦᠷᠦ ᠶᠢᠨ ᠵᠤᠭᠰᠤᠯᠳᠠ ᠡᠷᠡᠰ ᠪᠠᠲᠤ᠂ ᠦᠢᠯᠡ ᠠᠵᠢᠯᠯᠠᠭ᠎ᠠ ᠶᠢᠨ ᠤᠬᠠᠮᠰᠠᠷ ᠲᠠᠢ ᠪᠠᠶᠢᠬᠤ ᠶᠢ ᠪᠡᠶᠡᠯᠡᠭᠦᠯᠦᠨ᠎ᠡ᠃ ᠬᠤᠶᠠᠷ ᠲᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠰᠢᠷᠭᠠᠭᠤ ᠬᠠᠲᠠᠭᠤᠵᠢᠯᠲᠠᠢ ᠠᠵᠢᠯᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠰᠤᠷᠤᠯᠴᠠᠵᠤ᠂ ᠡᠵᠡᠮᠰᠢᠵᠦ᠂ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠲᠠᠪᠤᠳᠤᠭᠠᠷ ᠪᠥᠬᠦᠳᠡ ᠬᠤᠷᠠᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠷᠪᠠᠨ ᠳᠥᠷᠪᠡᠳᠦᠭᠡᠷ ᠬᠤᠭᠤᠴᠠᠭᠠᠨ ᠤ ᠠᠩᠬᠠᠳᠤᠭᠠᠷ ᠬᠤᠷᠠᠯ ᠤᠨ ᠪᠠᠶᠢᠷᠢᠯᠠᠭᠤᠯᠤᠯᠲᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠥᠭᠵᠢᠯᠲᠡ ᠶᠢᠨ ᠣᠶᠢᠯᠠᠭᠠᠭᠳᠠᠬᠤᠨ ᠢᠶᠠᠨ ᠲᠥᠪ ᠪᠣᠯᠭᠠᠵᠤ᠂ ︽ᠲᠤᠯᠤᠭ᠎ᠠ ᠶᠢ ᠲᠠᠶᠠᠭᠳᠠᠬᠤ︾ ᠶᠢ ᠪᠡᠶᠡᠯᠡᠭᠦᠯᠵᠦ᠂ ᠲᠡᠷᠢᠭᠦᠨ ᠴᠢᠬᠤᠯᠠ ᠡᠭᠦᠷᠭᠡ ᠶᠢ ᠴᠢᠩᠭ᠎ᠠ ᠠᠳᠬᠤᠵᠤ᠂ ᠲᠡᠷᠢᠭᠦᠨ ᠴᠢᠬᠤᠯᠠ ᠡᠭᠦᠷᠭᠡ ᠶᠢ ᠪᠡᠶᠡᠯᠡᠭᠦᠯᠬᠦ ᠪᠠᠷ ᠬᠠᠷᠠᠯᠳᠠ ᠪᠤᠯᠭᠠᠵᠦ᠂ ᠢᠮᠠᠭᠲᠠ ᠠᠮᠵᠢᠯᠲᠠ ᠪᠦᠲᠦᠭᠡᠯ ᠭᠠᠷᠭᠠᠬᠤ ᠪᠠᠷ ᠦᠪᠡᠷ ᠤᠨ ᠦᠢᠯᠡᠰ ᠢᠶᠠᠨ ᠪᠤᠯᠭᠠᠬᠤ ᠶᠢ ᠪᠤᠳᠤᠯᠬᠢᠯᠠᠵᠦ᠂ ᠬᠠᠷᠢᠭᠤᠴᠠᠯᠭ᠎ᠠ ᠡᠭᠦᠷᠭᠡᠯᠡᠨ ᠬᠥᠭᠵᠢᠯᠲᠡ ᠶᠢ ᠠᠳᠬᠤᠵᠤ ᠂ ᠠᠵᠢᠯ ᠶᠠᠪᠤᠳᠠᠯ ᠳᠤ ᠤᠬᠤᠷᠢᠬᠤ ᠦᠭᠡᠢ᠂ ᠵᠢᠷᠤᠮ ᠬᠠᠷᠢᠭᠤᠴᠠᠯᠭ᠎ᠠ ᠠᠴᠠ ᠵᠠᠶᠢᠯᠠᠬᠤ ᠦᠭᠡᠢ᠂ ᠥᠷᠯᠥᠭᠡ ᠦᠳᠡᠰᠢ ᠶᠢ ᠲᠡᠮᠡᠴᠡᠵᠦ᠂ ᠴᠢᠩᠭ᠎ᠠ ᠠᠳᠬᠤᠨ ᠲᠦᠷᠭᠡᠨ ᠠᠵᠢᠯᠯᠠᠵᠤ᠂ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ᠃ ᠭᠤᠷᠪᠠ ᠳᠤ᠂ ᠦᠨᠡᠨ ᠰᠡᠳᠬᠢᠯ ᠠᠴᠠ ᠪᠠᠨ ᠪᠦᠯᠬᠦᠮᠳᠡᠵᠦ᠂ ᠠᠵᠢᠯ ᠬᠢᠵᠦ ᠦᠢᠯᠡᠰ ᠪᠣᠰᠬᠠᠵᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠰᠡᠳᠬᠢᠯ ᠨᠢᠭᠡᠳᠦᠨ ᠰᠠᠨᠠᠭ᠎ᠠ ᠰᠢᠯᠤᠭᠤᠨ᠂ ᠲᠦᠷᠦ ᠲᠤᠭᠳᠠᠭᠤᠨ ᠠᠷᠠᠳ ᠠᠮᠦᠭᠤᠯᠠᠩ᠂ ᠲᠦᠮᠡᠨ ᠠᠷᠠᠳ ᠡᠶᠡᠪᠡᠷᠭᠦᠦ ᠪᠠᠶᠢᠬᠤ ᠶᠡᠭᠡ ᠰᠠᠶᠢᠨ ᠪᠠᠶᠢᠳᠠᠯ ᠢ ᠬᠤᠪᠢ ᠳᠠᠬᠢᠨ ᠨᠠᠨᠳᠢᠩᠨᠠᠵᠤ᠂ ᠠᠷᠠᠳᠴᠢᠯᠠᠯ ᠲᠥᠪᠯᠡᠷᠡᠯ ᠤᠨ ᠶᠣᠰᠣ ᠶᠢ ᠵᠢᠱᠢᠶᠡᠴᠢ ᠪᠠᠷ ᠲᠦᠷᠦᠭᠦᠯᠡᠨ ᠬᠡᠷᠡᠭᠵᠢᠭᠦᠯᠵᠦ᠂ ᠤᠳᠤᠷᠢᠳᠬᠤ ᠪᠠᠭ ᠤᠨ ᠪᠦᠯᠬᠦᠮᠳᠡᠯ ᠢ ᠤᠬᠠᠮᠰᠠᠷ ᠠᠴᠠ ᠪᠠᠨ ᠬᠦᠷᠢᠶᠡᠯᠡᠵᠦ᠂ ᠤᠯᠠᠨ ᠲᠠᠢ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠨ ᠠᠵᠢᠯ ᠦᠢᠯᠡᠰ ᠢᠶᠠᠨ ᠬᠢᠵᠦ᠂ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠰᠢᠰᠲ᠋ᠧᠮ ᠤᠨ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠦᠨ᠎ᠡ᠃ ᠳᠥᠷᠪᠡ ᠳᠤ᠂ ᠪᠡᠶ᠎ᠡ ᠪᠠᠨ ᠴᠢᠩᠭ᠎ᠠ ᠱᠠᠭᠠᠷᠳᠠᠵᠤ᠂ ᠠᠷᠢᠭᠤᠨ ᠴᠢᠬᠡᠴᠢ ᠪᠠᠷ ᠵᠠᠰᠠᠭ ᠪᠠᠷᠢᠵᠤ᠂ ᠨᠠᠮ ᠢ ᠬᠠᠮᠢᠶᠠᠷᠴᠤ ᠨᠠᠮ ᠢ ᠵᠠᠰᠠᠬᠤ ︽ᠨᠢᠭᠡᠳᠦᠭᠡᠷ ᠬᠠᠷᠢᠭᠤᠴᠠᠯᠭᠠᠲᠠᠨ︾ ᠤ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠤᠳᠤᠷᠢᠳᠬᠤ ᠪᠠᠭ ᠤᠨ ᠪᠦᠷᠢᠯᠳᠦᠭᠦᠨ ᠲᠠᠢ ᠬᠠᠮᠳᠦ ᠶᠢᠨ ᠰᠠᠬᠢᠯᠭ᠎ᠠ ᠪᠠᠲᠤ ᠶᠣᠰᠣ ᠳᠦᠷᠢᠮ ᠢ ᠲᠡᠷᠢᠭᠦᠨ ᠳᠤ ᠲᠠᠯᠪᠢᠬᠤ᠂ ᠶᠡᠭᠡ ᠶᠤᠰᠤᠨ ᠢ ᠮᠡᠳᠡᠬᠦ᠂ ᠨᠡᠶᠢᠲᠡ ᠶᠢᠨ ᠮᠣᠷᠠᠯ ᠢ ᠰᠠᠬᠢᠬᠤ᠂ ᠬᠤᠪᠢ ᠶᠢᠨ ᠮᠣᠷᠠᠯ ᠢ ᠴᠢᠩᠳᠠᠯᠠᠬᠤ᠂ ᠦᠯᠢᠬᠡᠷ ᠳᠠᠭᠤᠷᠢᠶᠠᠯ ᠪᠣᠯᠬᠤ᠂ ᠡᠩᠨᠡᠭᠡ ᠪᠠᠨ ᠳᠠᠭᠠᠭᠤᠯᠬᠤ᠂ ᠪᠡᠶ᠎ᠡ ᠪᠠᠨ ᠬᠦᠨᠳᠦᠳᠬᠡᠬᠦ᠂ ᠪᠡᠶ᠎ᠡ ᠪᠠᠨ ᠰᠡᠷᠡᠮᠵᠢᠯᠡᠭᠦᠯᠬᠦ᠂ ᠪᠡᠶ᠎ᠡ ᠪᠠᠨ ᠵᠣᠷᠢᠭᠵᠢᠭᠤᠯᠬᠤ ᠴᠢᠩᠭ᠎ᠠ ᠪᠣᠳᠠᠲᠠᠢ ᠰᠤᠷᠲᠠᠯ ᠢᠶᠠᠷ᠂ ᠣᠷᠣᠨ ᠰᠠᠭᠤᠴᠠ ᠶᠢᠨ ᠪᠦᠳᠦᠭᠡᠨ ᠪᠠᠶᠢᠭᠤᠯᠤᠯᠳᠠ ᠶᠢᠨ ᠰᠢᠰᠲ᠋ᠧᠮ ᠲᠤ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠬᠦ᠂ ᠠᠷᠢᠭᠤᠨ ᠴᠢᠬᠡᠴᠢ ᠠᠵᠢᠯᠴᠢ ᠬᠢᠴᠢᠶᠡᠩᠭᠦᠢ ᠪᠠᠷ ᠵᠠᠰᠠᠭ ᠪᠠᠷᠢᠬᠤ ᠰᠠᠶᠢᠨ ᠰᠠᠶᠢᠬᠠᠨ ᠳᠦᠷᠢ ᠲᠥᠷᠬᠦ ᠶᠢ ᠰᠠᠶᠢᠲᠤᠷ ᠪᠤᠢ ᠪᠤᠯᠭᠠᠨ᠎ᠠ ᠭᠡᠵᠡᠢ᠃   ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠤᠳᠤᠷᠢᠳᠬᠤ ᠪᠠᠭ ᠤᠨ ᠪᠦᠷᠢᠯᠳᠦᠭᠦᠨ᠂ ᠲᠢᠩᠬᠢᠮ ᠤᠨ ᠪᠠᠶᠢᠭᠤᠯᠭ᠎ᠠ ᠭᠠᠵᠠᠷ ᠭᠡᠷ᠂ ᠲᠢᠩᠬᠢᠮ ᠤᠨ ᠬᠠᠷᠢᠶ᠎ᠠ ᠠᠵᠢᠯ ᠦᠢᠯᠡᠰ ᠤᠨ ᠨᠢᠭᠡᠴᠡ ᠶᠢᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ