ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠡᠯ᠎ᠡ ᠲᠥᠷᠥᠯ ᠤᠨ ᠠᠮᠤᠷ | ᠲᠦᠪᠰᠢᠨ ᠤ ᠬᠡᠮ ᠰᠣᠭᠤᠭ ᠢ ᠰᠡᠷᠭᠡᠶᠢᠯᠡᠬᠦ ᠪᠠ ᠵᠢᠭᠰᠠᠭᠠᠨ ᠪᠠᠶᠢᠴᠠᠭᠠᠵᠤ ᠵᠠᠰᠠᠬᠤ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠲᠣᠭᠲᠠᠭᠤᠨ ᠪᠠᠶᠢᠬᠤ ᠶᠢ ᠪᠠᠲᠤᠯᠠᠬᠤ ᠶᠢᠨ ᠲᠥᠯᠥᠭᠡ | ᠂ 1 ᠳ᠋ᠤᠭᠡᠷ ᠰᠠᠷ᠎ᠠ ᠶᠢᠨ 17 ᠤ ᠡᠳᠦᠷ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ | ᠬᠥᠬᠡᠬᠤᠲᠠ ᠶᠢᠨ ᠪᠠᠶᠠᠷ ᠤᠨ ᠡᠳᠦᠷ ᠠᠴᠠ ᠡᠮᠦᠨᠡᠬᠢ ᠠᠶᠤᠯᠭᠦᠢ ᠦᠢᠯᠡᠳᠪᠦᠷᠢᠯᠡᠯ ᠤᠨ ᠠᠵᠢᠯ ᠢ ᠰᠢᠮᠳᠠᠭᠤᠯᠤᠨ ᠪᠠᠶᠢᠴᠠᠭᠠᠪᠠ᠃ | | | | ᠪᠠᠶᠢᠴᠠᠭᠠᠬᠤ ᠳᠤᠭᠤᠶᠢᠯᠠᠩ ᠤᠨ ᠬᠢᠨ ︽ᠳᠥᠷᠪᠡ ᠶᠢ ᠬᠡᠷᠡᠭᠵᠢᠭᠦᠯᠬᠦ ᠦᠭᠡᠢ ᠬᠤᠶᠠᠷ ᠰᠢᠯᠤᠭᠤᠨ︾ ᠬᠡᠯᠪᠡᠷᠢ ᠪᠠᠷ ᠬᠥᠬᠡᠬᠤᠲᠠ ᠶᠢᠨ ᠬᠦᠬᠡ ᠬᠠᠪᠤᠷ | ᠭᠤᠷᠪᠠᠳᠤᠭᠠᠷ ᠨᠤᠮᠧᠷᠳᠦ᠂ ᠬᠦᠬᠡᠬᠤᠳᠠ ᠶᠢᠨ ᠳᠥᠷᠪᠡᠳᠦᠭᠡᠷ ᠲᠤᠮᠳᠠᠳᠦ ᠰᠤᠷᠭᠠᠭᠤᠯᠢ ᠵᠡᠷᠭᠡ ᠲᠠᠪᠤᠨ ᠪᠠᠷᠢᠯᠭ᠎ᠠ ᠶᠢᠨ ᠲᠦᠷᠦᠯ ᠵᠦᠢᠯ ᠤᠨ ᠠᠵᠢᠯ ᠵᠣᠭᠰᠣᠬᠤ ᠠᠴᠠ | ᠡᠮᠦᠨᠡᠬᠢ ᠠᠮᠤᠷ ᠲᠦᠪᠰᠢᠨ ᠤ ᠭᠡᠮ ᠰᠣᠭᠤᠭ ᠢ ᠪᠠᠶᠢᠴᠠᠭᠠᠨ ᠴᠡᠭᠴᠡᠯᠡᠬᠦ᠂ ᠲᠤᠬᠠᠢ ᠶᠢᠨ ᠲᠠᠯᠠᠪᠠᠢ ᠳᠤ ᠭᠠᠯ ᠰᠡᠷᠭᠡᠶᠢᠯᠡᠬᠦ᠂ ᠵᠢᠵᠢᠭᠦᠷᠯᠡᠨ ᠰᠠᠬᠢᠬᠤ ᠵᠡᠷᠭᠡ ᠪᠠᠶᠢᠳᠠᠯ ᠳᠤ | ᠲᠤᠬᠠᠢ ᠶᠢᠨ ᠭᠠᠵᠠᠷ ᠤᠨ ᠪᠠᠶᠢᠴᠠᠭᠠᠯᠲᠠ ᠬᠢᠵᠦ᠂ ᠣᠷᠣᠰᠢᠵᠤ ᠪᠠᠶᠢᠭ᠎ᠠ ᠠᠰᠠᠭᠤᠳᠠᠯ ᠪᠣᠯᠣᠨ ᠭᠡᠮ ᠰᠣᠭᠤᠭ ᠢ ᠲᠤᠬᠠᠢ ᠶᠢᠨ ᠲᠠᠯᠠᠪᠠᠢ ᠳᠤ ᠬᠠᠷᠢᠭᠤ ᠲᠤᠰᠬᠠᠬᠤ ᠶᠢᠨ | ᠬᠠᠮᠲᠤ ᠴᠡᠭᠴᠡᠯᠡᠨ ᠰᠠᠶᠢᠵᠢᠷᠠᠭᠤᠯᠬᠤ ᠰᠠᠨᠠᠯ ᠢᠶᠠᠨ ᠳᠤᠷᠠᠳᠴᠠᠢ᠃ | ᠪᠠᠶᠢᠴᠠᠭᠠᠬᠤ ᠳᠤᠭᠤᠶᠢᠯᠠᠩ ᠠᠴᠠ᠂ ᠡᠯ᠎ᠡ ᠲᠥᠷᠥᠯ ᠵᠦᠢᠯ ᠨᠢ ᠪᠠᠶᠠᠷ ᠤᠨ ᠡᠳᠦᠷ ᠠᠴᠠ ᠡᠮᠦᠨᠡᠬᠢ ᠠᠮᠤᠷ ᠲᠦᠪᠰᠢᠨ ᠤ ᠪᠠᠶᠢᠴᠠᠭᠠᠯᠲᠠ ᠶᠢᠨ ᠱᠠᠭᠠᠷᠳᠠᠯᠭ᠎ᠠ ᠶᠢ | ᠴᠢᠩᠭ᠎ᠠ ᠨᠠᠶᠢᠳᠠᠪᠤᠷᠢᠵᠢᠭᠤᠯᠵᠤ᠂ ᠠᠮᠤᠷ ᠲᠦᠪᠰᠢᠨ ᠬᠥᠭᠵᠢᠯᠲᠡ ᠶᠢᠨ ᠬᠤᠷᠢᠭ᠎ᠠ ᠱᠤᠭᠤᠮ ᠢ ᠪᠠᠲᠤ ᠰᠠᠬᠢᠵᠤ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ | ᠳᠡᠭᠡᠳᠦᠯᠡᠬᠦ ᠣᠶᠢᠯᠠᠭᠠᠭᠳᠠᠬᠤᠨ ᠢ ᠪᠠᠷᠢᠮᠲᠠᠯᠠᠵᠤ᠂ ᠬᠤᠷᠢᠭ᠎ᠠ ᠱᠤᠭᠤᠮ ᠤᠨ ᠰᠡᠳᠬᠢᠬᠦᠢ ᠶᠢ ᠴᠢᠩᠭᠠᠳᠬᠠᠵᠤ᠂ ᠠᠶᠤᠯ ᠲᠦᠭᠰᠢᠭᠦᠷᠢ ᠶᠢᠨ ᠤᠬᠠᠮᠰᠠᠷ ᠢ ᠴᠢᠩᠭᠠᠳᠬᠠᠵᠤ | ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠪᠣᠳᠠᠲᠠᠶᠢᠵᠢᠭᠤᠯᠬᠤ᠂ ᠡᠭᠦᠷᠭᠡ ᠬᠠᠷᠠᠯᠲᠠ ᠶᠢ ᠪᠣᠳᠠᠲᠠᠶᠢᠵᠢᠭᠤᠯᠬᠤ᠂ ᠰᠡᠷᠭᠡᠶᠢᠯᠡᠬᠦ ᠠᠷᠭ᠎ᠠ ᠬᠡᠮᠵᠢᠶ᠎ᠡ ᠶᠢ | ᠪᠣᠳᠠᠲᠠᠶᠢᠵᠢᠭᠤᠯᠬᠤ᠂ ᠭᠡᠮ ᠰᠣᠭᠤᠭ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠶᠢᠵᠢᠭᠤᠯᠬᠤ᠂ ᠠᠶᠤᠯ ᠲᠦᠭᠰᠢᠭᠦᠷᠢ ᠶᠢ ᠤᠷᠢᠳᠴᠢᠯᠠᠨ | ᠲᠥᠰᠥᠭᠡᠯᠡᠵᠦ ᠤᠷᠢᠳᠴᠢᠯᠠᠨ ᠰᠡᠷᠡᠮᠵᠢᠯᠡᠭᠦᠯᠬᠦ᠂ ᠵᠢᠵᠢᠭᠦᠷᠯᠡᠨ ᠰᠠᠬᠢᠬᠤ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠵᠤ᠂ ᠡᠯ᠎ᠡ ᠲᠦᠷᠦᠯ ᠤᠨ ᠦᠢᠯᠡᠳᠪᠦᠷᠢᠯᠡᠯ ᠤᠨ | ᠠᠮᠤᠷ ᠲᠦᠪᠰᠢᠨ ᠤ ᠠᠳᠡᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃ | ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠪᠠᠷᠢᠯᠭ᠎ᠠ ᠶᠢᠨ ᠶᠠᠰᠤ ᠴᠢᠨᠠᠷ ᠤᠨ | ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠭᠠᠵᠠᠷ᠂ ᠥᠪᠡᠷᠲᠡᠭᠡᠨ ᠵᠠᠰᠠᠬᠤ ᠣᠷᠣᠨ ᠤ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠤᠨ | ᠠᠮᠤᠷ ᠲᠦᠪᠰᠢᠨ ᠤ ᠮᠡᠷᠭᠡᠵᠢᠯ ᠤᠨ ᠦᠢᠯᠡᠴᠢᠯᠡᠭᠡᠨ ᠤ ᠲᠥᠪ ᠤᠨ ᠬᠠᠮᠢᠶ᠎ᠠ ᠪᠦᠬᠦᠢ ᠬᠠᠷᠢᠭᠤᠴᠠᠯᠭᠠᠳᠠᠨ ᠨᠦᠭᠦᠳ ᠲᠤᠰ ᠤᠳᠠᠭᠠᠨ ᠤ ᠰᠢᠮᠳᠠᠭᠤᠯᠤᠨ | ᠪᠠᠶᠢᠴᠠᠭᠠᠯᠳᠠ ᠳᠤ ᠤᠷᠤᠯᠴᠠᠵᠠᠢ᠃ | |