ᠲᠢᠩᠬᠢᠮ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠰᠦᠨ ᠰᠢᠤᠸᠠᠢ ᠰᠥᠩ ᠠᠵᠢᠯᠲᠠᠨ ᠠᠵᠢᠯᠴᠢᠨ ᠤ ᠬᠤᠭᠤᠯᠠᠨ ᠲᠢᠩᠬᠢᠮ ᠪᠠ ᠠᠳᠠᠯ ᠠᠬᠤᠢ ᠶᠢᠨ ᠦᠢᠯᠡᠴᠢᠯᠡᠭᠡᠨ ᠤ ᠠᠵᠢᠯᠲᠠᠳ ᠢ ᠲᠣᠬᠤᠨᠢᠭᠤᠯᠪᠠ
ᠨᠡᠶᠢᠲᠡᠯᠡᠭᠰᠡᠨ ᠴᠠᠭ᠄
2023/1/20
   1 ᠳ᠋ᠤᠭᠡᠷ ᠰᠠᠷ᠎ᠠ ᠶᠢᠨ 19 ᠤ ᠡᠳᠦᠷ ᠤᠨ ᠦᠳᠡ ᠶᠢᠨ ᠬᠤᠶᠢᠨ᠎ᠠ᠂ ᠲᠢᠩᠬᠢᠮ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠰᠦᠨ ᠰᠢᠤᠸᠠᠢ ᠰᠥᠩ ᠠᠵᠢᠯᠲᠠᠨ ᠠᠵᠢᠯᠴᠢᠨ ᠤ ᠬᠤᠭᠤᠯᠠᠨ ᠲᠢᠩᠬᠢᠮ ᠪᠠ ᠠᠳᠠᠯ ᠠᠬᠤᠢ ᠶᠢᠨ ᠦᠢᠯᠡᠴᠢᠯᠡᠭᠡᠨ ᠤ ᠺᠣᠮᠫᠠᠨᠢ ᠶᠢᠨ ᠠᠵᠢᠯᠲᠠᠳ ᠢ ᠪᠣᠯᠭᠤᠭᠠᠨ ᠲᠣᠬᠤᠨᠢᠭᠤᠯᠤᠭᠰᠠᠨ ᠪᠥᠭᠡᠳ ᠲᠡᠳᠡᠨ ᠳᠤ ᠪᠠᠶᠠᠷ ᠤᠨ ᠡᠳᠦᠷ ᠤᠨ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠵᠦ᠂ ᠲᠡᠳᠡᠨᠠᠷ ᠲᠤ ᠴᠠᠭᠠᠨ ᠰᠠᠷ᠎ᠠ ᠶᠢᠨ ᠪᠠᠶᠠᠷ ᠪᠠᠶᠠᠰᠬᠤᠯᠠᠩ ᠲᠠᠢ᠂ ᠭᠡᠷ ᠬᠤᠲᠠᠯᠠᠭᠠᠷ ᠢᠶᠠᠷ ᠢᠶᠠᠨ ᠠᠮᠤᠷ ᠠᠮᠤᠭᠤᠯᠠᠩ ᠪᠠᠶᠢᠬᠤ ᠶᠢ ᠢᠷᠦᠭᠡᠶ᠎ᠡ︕ ᠭᠡᠵᠦ ᠵᠦᠩᠨᠡᠯ ᠲᠡᠪᠰᠢᠭᠦᠯᠵᠡᠢ᠃ 
厅二级巡视员孙雪松走访慰问职工餐厅和物业服务工作人员1.png 
    ᠰᠦᠨ ᠰᠢᠤᠸᠠᠢ ᠰᠥᠩ ᠤᠷᠢᠳ ᠬᠤᠵᠢᠳ ᠠᠵᠢᠯᠲᠠᠨ ᠠᠵᠢᠯᠴᠢᠨ ᠤ ᠬᠤᠭᠤᠯᠠᠨ ᠲᠢᠩᠬᠢᠮ ᠪᠠ ᠠᠳᠠᠯ ᠠᠬᠤᠢ ᠶᠢᠨ ᠦᠢᠯᠡᠴᠢᠯᠡᠭᠡᠨ ᠤ ᠺᠣᠮᠫᠠᠨᠢ ᠶᠢᠨ ᠲᠥᠷᠥᠯ ᠵᠦᠢᠯ ᠤᠨ ᠬᠡᠯᠲᠡᠰ ᠤᠨ ᠠᠵᠢᠯᠲᠠᠳ ᠢ ᠲᠣᠬᠤᠨᠢᠭᠤᠯᠵᠤ᠂ ᠲᠢᠩᠬᠢᠮ ᠤᠨ ᠤᠳᠤᠷᠢᠳᠤᠯᠭ᠎ᠠ ᠶᠢ ᠲᠥᠯᠥᠭᠡᠯᠡᠨ ᠦᠢᠯᠡᠴᠢᠯᠡᠭᠡ ᠪᠠᠲᠤᠯᠠᠭ᠎ᠠ ᠶᠢᠨ ᠠᠵᠢᠯᠲᠠᠨ ᠤ ᠰᠢᠷᠭᠠᠭᠤ ᠴᠢᠷᠮᠠᠶᠢᠯᠭ᠎ᠠ ᠳᠤ ᠲᠠᠯᠠᠷᠬᠠᠵᠤ ᠪᠠᠶᠢᠬᠤ ᠪᠠᠨ ᠢᠯᠡᠳᠬᠡᠵᠦ᠂ ᠣᠨᠴᠠᠭᠠᠶᠢᠯᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ ᠣᠯᠠᠨ ᠤ ᠢᠯᠡᠷᠡᠭᠦᠯᠦᠭᠰᠡᠨ ᠬᠠᠷᠠᠮ ᠦᠭᠡᠢ ᠵᠣᠷᠢᠭᠤᠯᠬᠤ ᠵᠣᠷᠢᠭ ᠰᠠᠨᠠᠭ᠎ᠠ ᠳᠤ ᠴᠢᠩ ᠰᠡᠳᠬᠢᠯ ᠤᠨ ᠬᠦᠨᠳᠦᠳᠬᠡᠯ ᠢᠶᠠᠨ ᠳᠡᠪᠰᠢᠭᠦᠯᠪᠡ᠃ ᠰᠦᠨ ᠰᠢᠤᠸᠠᠢ ᠰᠦᠩ᠂ ᠰᠢᠨ᠎ᠡ ᠨᠢᠭᠡ ᠵᠢᠯ ᠳᠡᠭᠡᠨ ᠤᠯᠠᠨ ᠢᠶᠠᠷ ᠢᠶᠠᠨ ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠲᠤᠳᠬᠠᠵᠤ᠂ ᠬᠦᠴᠦᠯᠡᠨ ᠴᠢᠷᠮᠠᠶᠢᠵᠤ ᠦᠢᠯᠡᠰ ᠪᠦᠳᠦᠭᠡᠬᠦ ᠶᠢ ᠵᠤᠷᠢᠭᠵᠢᠭᠤᠯᠵᠤ ᠂ ᠲᠡᠭᠦᠰ ᠲᠡᠭᠦᠯᠳᠡᠷ ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ ᠢᠶᠠᠨ ᠦᠢᠯᠡᠴᠢᠯᠡᠭᠡ ᠪᠠᠲᠤᠯᠠᠭ᠎ᠠ ᠶᠢᠨ ᠡᠯ᠎ᠡ ᠵᠦᠢᠯ ᠤᠨ ᠠᠵᠢᠯ ᠢᠶᠠᠨ ᠡᠷᠬᠢᠯᠡᠬᠦ ᠶᠢ ᠬᠦᠰᠡᠵᠦ ᠪᠠᠶᠢᠨ᠎ᠠ ᠭᠡᠵᠡᠢ᠃ 
 厅二级巡视员孙雪松走访慰问职工餐厅和物业服务工作人员2.png
    ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ ᠤᠨ ᠬᠠᠮᠢᠶ᠎ᠠ ᠪᠦᠬᠦᠢ ᠬᠥᠮᠥᠰ ᠪᠠᠷ᠎ᠠ ᠪᠣᠯᠵᠤ ᠪᠣᠯᠭᠤᠭᠠᠨ ᠲᠣᠬᠤᠨᠢᠭᠤᠯᠪᠠ᠃ 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ