ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ ᠵᠤᠬᠢᠶᠠᠨ ᠪᠠᠶᠢᠭᠤᠯᠤᠨ ᠪᠦᠳᠦᠭᠡᠨ ᠪᠠᠶᠢᠭᠤᠯᠤᠯᠳᠠ ᠶᠢᠨ ᠲᠣᠮᠣ ᠠᠰᠠᠷ ᠤᠨ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠴᠠᠭᠠᠯᠲᠠ ᠶᠢᠨ ᠠᠵᠢᠯ ᠦᠷᠨᠢᠭᠦᠯᠪᠡ
ᠨᠡᠶᠢᠲᠡᠯᠡᠭᠰᠡᠨ ᠴᠠᠭ᠄
2023/1/20
   ᠪᠥᠬᠦ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠠᠶᠦᠯᠭᠦᠢ ᠦᠢᠯᠡᠳᠪᠦᠷᠢᠯᠡᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠲᠢᠩᠬᠢᠮ ᠤᠨ ᠰᠢᠰᠲ᠋ᠧᠮ ᠤᠨ ᠠᠯᠪᠠᠯᠠᠬᠤ ᠲᠤᠭᠤᠷᠢᠭ ᠤᠨ ᠠᠮᠤᠷ ᠲᠦᠪᠰᠢᠨ ᠤ ᠬᠠᠮᠢᠶᠠᠷᠤᠯᠲᠠ ᠶᠢ ᠦᠨᠡᠨᠬᠦ ᠰᠠᠶᠢᠲᠤᠷ ᠬᠢᠬᠦ ᠶᠢᠨ ᠲᠤᠰᠠᠳᠠ᠂ 1 ᠳ᠋ᠤᠭᠡᠷ ᠰᠠᠷ᠎ᠠ ᠶᠢᠨ 19 ᠤ ᠡᠳᠦᠷ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ ᠠᠴᠠ ᠠᠳᠠᠯ ᠠᠬᠤᠢ ᠶᠢᠨ ᠦᠢᠯᠡᠴᠢᠯᠡᠭᠡᠨ ᠤ ᠺᠣᠮᠫᠠᠨᠢ ᠪᠠ ᠭᠠᠯ ᠤᠨᠲᠠᠷᠠᠭᠠᠬᠤ ᠠᠮᠤᠷ ᠢ ᠬᠠᠮᠠᠭᠠᠯᠠᠬᠤ ᠨᠢᠭᠡᠴᠡ ᠶᠢᠨ ᠬᠠᠮᠢᠶ᠎ᠠ ᠪᠦᠬᠦᠢ ᠬᠥᠮᠥᠰ ᠢ ᠵᠣᠬᠢᠶᠠᠨ ᠪᠠᠶᠢᠭᠤᠯᠵᠤ᠂ ᠪᠦᠳᠦᠭᠡᠨ ᠪᠠᠶᠢᠭᠤᠯᠤᠯᠳᠠ ᠶᠢᠨ ᠲᠣᠮᠣ ᠠᠰᠠᠷ ᠲᠤ ᠪᠠᠶᠠᠷ ᠤᠨ ᠡᠳᠦᠷ ᠤᠨ ᠬᠤᠭᠤᠴᠠᠭᠠᠨ ᠳᠠᠬᠢ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠴᠠᠭᠠᠯᠲᠠ ᠶᠢᠨ ᠠᠵᠢᠯ ᠦᠷᠨᠢᠭᠦᠯᠪᠡ᠃ ᠪᠠᠶᠢᠴᠠᠭᠠᠬᠤ ᠬᠦᠷᠢᠶ᠎ᠡ ᠬᠡᠪᠴᠢᠶ᠎ᠡ ᠳᠤ ᠠᠵᠢᠯᠯᠠᠬᠤ ᠲᠤᠭᠤᠷᠢᠭ᠂ ᠠᠵᠢᠯᠲᠠᠨ ᠠᠵᠢᠯᠴᠢᠨ ᠤ ᠬᠤᠭᠤᠯᠠᠨ ᠭᠡᠷ᠂ ᠮᠠᠰᠢᠨ ᠲᠦᠭᠦᠭᠡᠷᠦᠮᠵᠢ ᠶᠢᠨ ᠬᠥᠮᠥᠷᠭᠡ ᠵᠡᠷᠭᠡ ᠵᠠᠩᠭᠢᠯᠠᠭ᠎ᠠ ᠶᠢᠨ ᠬᠡᠰᠡᠭ ᠪᠠᠭᠲᠠᠨ᠎ᠠ᠂ ᠴᠠᠬᠢᠯᠭᠠᠨ ᠬᠠᠩᠭᠠᠬᠤ ᠪᠡᠯᠡᠳᠬᠡᠮᠵᠢ ᠲᠥᠬᠦᠭᠡᠷᠦᠮᠵᠢ᠂ ᠤᠳᠠᠰᠦ ᠱᠤᠭᠤᠮ ᠬᠠᠭᠤᠴᠢᠷᠠᠬᠤ᠂ ᠬᠤᠪᠢ ᠪᠠᠷ ᠢᠶᠠᠨ ᠴᠠᠬᠢᠯᠭᠠᠨ ᠤᠲᠠᠰᠤ ᠲᠠᠲᠠᠬᠤ᠂ ᠲᠣᠭᠲᠠᠭᠠᠯ ᠠᠴᠠ ᠵᠥᠷᠢᠴᠡᠨ ᠶᠡᠭᠡ ᠴᠢᠳᠠᠮᠵᠢᠲᠤ ᠴᠠᠬᠢᠯᠭᠠᠨ ᠬᠡᠷᠡᠭᠰᠡᠯ ᠬᠡᠷᠡᠭᠯᠡᠬᠦ ᠵᠡᠷᠭᠡ ᠭᠠᠯ ᠤᠨᠲᠠᠷᠠᠭᠠᠬᠤ ᠳᠠᠯᠳᠠ ᠬᠡᠮ ᠢ ᠭᠤᠣᠯᠳᠠᠯᠭ᠎ᠠ ᠲᠠᠢ ᠵᠢᠭᠰᠠᠭᠠᠨ ᠪᠠᠶᠢᠴᠠᠭᠠᠵᠤ᠂ ᠢᠯᠡᠷᠡᠭᠦᠯᠦᠭᠰᠡᠨ ᠠᠰᠠᠭᠤᠳᠠᠯ ᠳᠤ ᠰᠠᠨᠠᠭᠤᠯᠤᠮᠵᠢ ᠥᠭᠬᠦ ᠶᠢᠨ ᠬᠠᠮᠲᠤ᠂ ᠲᠢᠩᠬᠢᠮ ᠤᠨ ᠬᠠᠷᠢᠶ᠎ᠠ ᠨᠢᠭᠡᠴᠡ ᠶᠢ ᠠᠯᠪᠠᠯᠠᠬᠤ ᠲᠤᠭᠤᠷᠢᠭ ᠤᠨ ᠠᠮᠤᠷ ᠲᠦᠪᠰᠢᠨ ᠤ ᠥᠪᠡᠷ ᠤᠨ ᠪᠠᠶᠢᠴᠠᠭᠠᠯᠲᠠ ᠪᠠ ᠵᠢᠵᠢᠭᠦᠷᠯᠡᠨ ᠲᠣᠭᠤᠷᠢᠨ ᠪᠠᠶᠢᠴᠠᠭᠠᠬᠤ ᠵᠡᠷᠭᠡ ᠠᠵᠢᠯ ᠢ ᠰᠠᠶᠢᠲᠤᠷ ᠬᠢᠵᠦ᠂ ᠪᠠᠶᠠᠷ ᠤᠨ ᠡᠳᠦᠷ ᠤᠨ ᠬᠤᠭᠤᠴᠠᠭᠠᠨ ᠳᠤ ᠠᠯᠪᠠᠯᠠᠬᠤ ᠲᠤᠭᠤᠷᠢᠭ ᠤᠨ ᠠᠮᠤᠷ ᠲᠦᠪᠰᠢᠨ ᠢ ᠦᠨᠡᠨᠬᠦ ᠪᠠᠲᠤᠯᠠᠵᠤ᠂ ᠠᠮᠤᠷ ᠲᠠᠶᠢᠪᠤᠩ ᠥᠯᠵᠡᠢ ᠪᠡᠯᠭᠡ ᠲᠠᠢ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠢ ᠭᠡᠵᠦ ᠱᠠᠭᠠᠷᠳᠠᠪᠠ᠃ 
 自治区住房和城乡建设厅综合保障中心组织开展建设大厦消防安全检查工作1.png
  
 自治区住房和城乡建设厅综合保障中心组织开展建设大厦消防安全检查工作2.png
   
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ