ᠰᠢᠨᠬᠤᠸᠠ ᠬᠤᠷᠢᠶᠠᠨ ᠤ ᠪᠡᠭᠡᠵᠢᠩ ᠤᠨ 1 ᠰᠠᠷ᠎ᠠ ᠶᠢᠨ 25 ᠤ ᠴᠠᠬᠢᠯᠭᠠᠨ ᠮᠡᠳᠡᠭᠡ 1 ᠰᠠᠷ᠎ᠠ ᠶᠢᠨ 24 ᠤ ᠡᠳᠦᠷ᠂ ᠯᠠᠲ᠋ᠢᠨ ᠠᠮᠧᠷᠢᠺᠠ ᠪᠣᠯᠣᠨ ᠺᠠᠷᠢᠪᠧ ᠶᠢᠨ | ᠤᠯᠤᠰ ᠤᠳ ᠤᠨ ᠬᠠᠮᠲᠤ ᠶᠢᠨ ᠴᠣᠭᠴᠠ ᠶᠢᠨ ᠳᠣᠯᠣᠳᠤᠭᠠᠷ ᠬᠤᠭᠤᠴᠠᠭᠠᠨ ᠤ ᠲᠦᠷᠦᠭᠦᠴᠦᠳ ᠤᠨ ᠬᠤᠷᠠᠯ ᠠᠷᠭᠧᠨ᠋ᠲ᠋ᠢᠨ ᠤ ᠨᠡᠶᠢᠰᠯᠡᠯ ᠪᠦᠶᠧᠨᠣᠰ ᠠᠶᠢᠷᠧᠰ ᠲᠤ | ᠶᠠᠪᠤᠭᠳᠠᠪᠠ᠃ ᠯᠠᠲ᠋ᠢᠨ ᠠᠮᠧᠷᠢᠺᠠ ᠶᠢᠨ ᠬᠠᠮᠲᠤ ᠶᠢᠨ ᠴᠣᠭᠴᠠ ᠶᠢᠨ ᠵᠢᠵᠢᠭᠦᠷ ᠲᠡᠷᠢᠭᠦᠯᠡᠭᠴᠢ ᠤᠯᠤᠰ ᠠᠷᠭᠧᠨ᠋ᠲ᠋ᠢᠨ ᠤ ᠶᠡᠷᠦᠩᠬᠡᠶᠢᠯᠡᠭᠴᠢ ᠹᠧᠷᠨᠠᠨᠳᠧᠰ ᠤᠨ | ᠤᠷᠢᠯᠭ᠎ᠠ ᠪᠠᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠲᠦᠷᠦᠭᠦᠴᠦᠳ ᠤᠨ ᠬᠤᠷᠠᠯ ᠳᠤ ᠸᠢᠳᠢᠣ᠋ ᠪᠠᠷ ᠪᠠᠶᠠᠷ ᠤᠨ ᠦᠭᠡ ᠬᠡᠯᠡᠪᠡ᠃ | | | | 1 ᠰᠠᠷ᠎ᠠ ᠶᠢᠨ 24 ᠤ ᠡᠳᠦᠷ᠂ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠳᠣᠯᠣᠳᠤᠭᠠᠷ ᠬᠤᠭᠤᠴᠠᠭᠠᠨ ᠤ | ᠲᠦᠷᠦᠭᠦᠴᠦᠳ ᠤᠨ ᠬᠤᠷᠠᠯ ᠠᠷᠭᠧᠨ᠋ᠲ᠋ᠢᠨ ᠤ ᠨᠡᠶᠢᠰᠯᠡᠯ ᠪᠦᠶᠧᠨᠣᠰ ᠠᠶᠢᠷᠧᠰ ᠲᠤ ᠶᠠᠪᠤᠭᠳᠠᠪᠠ᠃ ᠯᠠᠲ᠋ᠢᠨ ᠠᠮᠧᠷᠢᠺᠠ ᠶᠢᠨ ᠬᠠᠮᠲᠤ ᠶᠢᠨ ᠴᠣᠭᠴᠠ ᠶᠢᠨ ᠵᠢᠵᠢᠭᠦᠷ | ᠲᠡᠷᠢᠭᠦᠯᠡᠭᠴᠢ ᠤᠯᠤᠰ ᠠᠷᠭᠧᠨ᠋ᠲ᠋ᠢᠨ ᠤ ᠶᠡᠷᠦᠩᠬᠡᠶᠢᠯᠡᠭᠴᠢ ᠹᠧᠷᠨᠠᠨᠳᠧᠰ ᠤᠨ ᠤᠷᠢᠯᠭ᠎ᠠ ᠪᠠᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠲᠦᠷᠦᠭᠦᠴᠦᠳ ᠤᠨ | ᠬᠤᠷᠠᠯ ᠳᠤ ᠸᠢᠳᠢᠣ᠋ ᠪᠠᠷ ᠪᠠᠶᠠᠷ ᠤᠨ ᠦᠭᠡ ᠬᠡᠯᠡᠪᠡ᠃ | ᠰᠢ ᠶᠢᠨ ᠫᠢᠩ᠂ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠪᠣᠯ ᠬᠥᠭᠵᠢᠵᠦ ᠪᠠᠶᠢᠭ᠎ᠠ ᠤᠯᠤᠰ ᠤᠳ ᠤᠨ ᠴᠢᠬᠤᠯᠠ ᠪᠦᠷᠢᠯᠳᠦᠬᠦᠨ ᠬᠡᠰᠡᠭ ᠮᠥᠨ᠂ | ᠪᠠᠰᠠ ᠴᠤ ᠪᠥᠬᠦ ᠪᠥᠮᠪᠥᠷᠴᠡᠭ ᠤᠨ ᠵᠠᠰᠠᠯᠲᠠ ᠳᠤ ᠢᠳᠡᠪᠬᠢᠲᠡᠢ ᠣᠷᠣᠯᠴᠠᠭᠴᠢ ᠪᠠ ᠬᠤᠪᠢ ᠨᠡᠮᠡᠷᠢ ᠦᠵᠡᠭᠦᠯᠦᠭᠴᠢ ᠮᠥᠨ᠂ ᠯᠠᠲ᠋ᠢᠨ ᠠᠮᠧᠷᠢᠺᠠ ᠶᠢᠨ ᠬᠠᠮᠲᠤ ᠶᠢᠨ | ᠴᠣᠭᠴᠠ ᠨᠢᠭᠡᠨᠲᠡ ᠪᠥᠬᠦ ᠪᠥᠮᠪᠥᠷᠴᠡᠭ ᠤᠨ ᠡᠮᠦᠨᠡᠳᠡᠬᠢ ᠨᠢ ᠡᠮᠦᠨᠡᠳᠡᠬᠢ ᠲᠠᠢ ᠪᠠᠨ ᠬᠠᠮᠲᠤᠷᠠᠯᠴᠠᠬᠤ ᠳᠤ ᠳᠤᠲᠠᠭᠳᠠᠵᠤ ᠪᠣᠯᠣᠰᠢ ᠦᠭᠡᠢ ᠠᠬᠢᠭᠤᠯᠬᠤ ᠬᠦᠴᠦᠨ ᠪᠣᠯᠵᠤ | ᠂ ᠭᠠᠵᠠᠷ ᠣᠷᠣᠨ ᠤ ᠡᠩᠬᠡ ᠲᠠᠶᠢᠪᠤᠩ ᠢ ᠬᠠᠮᠠᠭᠠᠯᠠᠬᠤ᠂ ᠬᠠᠮᠲᠤ ᠶᠢᠨ ᠬᠥᠭᠵᠢᠯᠲᠡ ᠶᠢ ᠠᠬᠢᠭᠤᠯᠬᠤ᠂ ᠣᠷᠣᠨ ᠪᠦᠰᠡ ᠶᠢᠨ ᠨᠢᠭᠡ ᠴᠣᠭᠴᠠᠵᠢᠯᠲᠠ ᠶᠢ | ᠠᠬᠢᠭᠤᠯᠬᠤ ᠳᠤ ᠴᠢᠬᠤᠯᠠ ᠦᠢᠯᠡᠳᠦᠯ ᠦᠵᠡᠭᠦᠯᠵᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠳᠤᠮᠳᠠᠳᠤ ᠤᠯᠤᠰ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠣᠷᠣᠨ ᠤ ᠨᠢᠭᠡ ᠴᠣᠭᠴᠠᠵᠢᠯᠲᠠ ᠶᠢᠨ ᠠᠬᠢᠴᠠ ᠶᠢ ᠢᠮᠠᠭᠲᠠ ᠳᠡᠮᠵᠢᠵᠦ᠂ | ᠯᠠᠲ᠋ᠢᠨ ᠠᠮᠧᠷᠢᠺᠠ ᠶᠢᠨ ᠬᠠᠮᠲᠤ ᠶᠢᠨ ᠴᠣᠭᠴᠠ ᠯᠤᠭ᠎ᠠ ᠶᠢᠨ ᠬᠠᠷᠢᠯᠴᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠯᠠᠲ᠋ᠢᠨ ᠠᠮᠧᠷᠢᠺᠠ ᠶᠢᠨ ᠬᠠᠮᠲᠤ ᠶᠢᠨ | ᠴᠣᠭᠴᠠ ᠶᠢ ᠬᠥᠭᠵᠢᠵᠦ ᠪᠠᠶᠢᠭ᠎ᠠ ᠤᠯᠤᠰ ᠤᠳ ᠤᠨ ᠪᠦᠯᠬᠦᠮᠳᠡᠯ ᠢ ᠪᠠᠬᠢᠵᠢᠭᠦᠯᠬᠦ᠂ ᠡᠮᠦᠨᠡᠳᠡᠬᠢ ᠲᠠᠢ ᠪᠠᠨ ᠬᠠᠮᠲᠤᠷᠠᠯᠴᠠᠬᠤ ᠶᠢ ᠠᠬᠢᠭᠤᠯᠬᠤ ᠴᠢᠬᠤᠯᠠ ᠬᠠᠨᠢᠲᠠᠨ ᠢᠶᠠᠷ | ᠦᠵᠡᠵᠦ ᠪᠠᠶᠢᠨ᠎ᠠ᠃ ᠶᠠᠭ ᠡᠶᠢᠮᠦ ᠤᠭ ᠰᠠᠨᠠᠭ᠎ᠠ ᠠᠴᠠ᠂ ᠳᠤᠮᠳᠠᠳᠤ ᠤᠯᠤᠰ ᠯᠠᠲ᠋ᠢᠨ ᠠᠮᠧᠷᠢᠺᠠ ᠶᠢᠨ ᠬᠢᠨ ᠲᠠᠢ ᠬᠠᠮᠲᠤ ᠪᠠᠷ᠂ ᠳᠤᠮᠳᠠᠳᠤ ᠯᠠᠲ᠋ᠢᠨ ᠠᠮᠧᠷᠢᠺᠠ ᠶᠢᠨ | ᠶᠠᠷᠢᠶᠠᠨ ᠤ ᠲᠠᠪᠴᠠᠩ ᠤᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠳᠤᠮᠳᠠᠳᠤ ᠯᠠᠲ᠋ᠢᠨ ᠠᠮᠧᠷᠢᠺᠠ ᠶᠢᠨ ᠬᠠᠷᠢᠯᠴᠠᠭ᠎ᠠ ᠶᠢᠨ ᠡᠷᠬᠡ ᠲᠡᠭᠰᠢ᠂ | ᠬᠠᠷᠢᠯᠴᠠᠨ ᠠᠰᠢᠭᠲᠠᠢ᠂ ᠰᠢᠨ᠎ᠡ ᠶᠢ ᠡᠭᠦᠳᠬᠦ᠂ ᠨᠡᠭᠡᠭᠡᠯᠲᠡᠲᠦ᠂ ᠠᠷᠠᠳ ᠲᠤ ᠠᠰᠢᠭ ᠬᠦᠷᠲᠡᠭᠡᠬᠦ ᠰᠢᠨ᠎ᠡ ᠴᠠᠭ ᠦᠶ᠎ᠡ ᠳᠤ ᠣᠷᠣᠬᠤ ᠶᠢ ᠠᠬᠢᠭᠤᠯᠪᠠ᠃ ᠨᠡᠩ ᠣᠯᠠᠨ | ᠭᠠᠵᠠᠷ ᠣᠷᠣᠨ ᠪᠣᠯᠣᠨ ᠤᠯᠤᠰ ᠤᠳ ᠳᠤᠮᠳᠠᠳᠤ ᠤᠯᠤᠰ ᠯᠤᠭ᠎ᠠ ᠬᠠᠮᠲᠤᠷᠠᠯᠴᠠᠭ᠎ᠠ ᠬᠢᠵᠦ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠴᠢᠨᠠᠷ ᠰᠠᠶᠢᠲᠠᠢ ᠪᠦᠲᠦᠭᠡᠨ | ᠪᠠᠶᠢᠭᠤᠯᠬᠤ ᠶᠢ ᠠᠬᠢᠭᠤᠯᠵᠤ᠂ ᠪᠥᠬᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠪᠣᠯᠣᠨ ᠪᠥᠬᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ ᠶᠢ | ᠳᠡᠮᠵᠢᠬᠦ ᠪᠥᠭᠡᠳ ᠣᠷᠣᠯᠴᠠᠵᠤ᠂ ᠳᠤᠮᠳᠠᠳᠤ ᠤᠯᠤᠰ ᠲᠠᠢ ᠭᠠᠷ ᠬᠤᠯᠪᠣᠨ ᠳᠤᠮᠳᠠᠳᠤ ᠯᠠᠲ᠋ᠢᠨ ᠠᠮᠧᠷᠢᠺᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ | ᠪᠠᠶᠢᠭᠤᠯᠵᠤ ᠪᠠᠶᠢᠨ᠎ᠠ ᠭᠡᠵᠦ ᠴᠢᠬᠤᠯᠠᠴᠢᠯᠠᠪᠠ᠃ | | | | 1 ᠰᠠᠷ᠎ᠠ ᠶᠢᠨ 24 ᠤ ᠡᠳᠦᠷ᠂ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠳᠣᠯᠣᠳᠤᠭᠠᠷ ᠬᠤᠭᠤᠴᠠᠭᠠᠨ ᠤ | ᠲᠦᠷᠦᠭᠦᠴᠦᠳ ᠤᠨ ᠬᠤᠷᠠᠯ ᠠᠷᠭᠧᠨ᠋ᠲ᠋ᠢᠨ ᠤ ᠨᠡᠶᠢᠰᠯᠡᠯ ᠪᠦᠶᠧᠨᠣᠰ ᠠᠶᠢᠷᠧᠰ ᠲᠤ ᠶᠠᠪᠤᠭᠳᠠᠪᠠ᠃ ᠯᠠᠲ᠋ᠢᠨ ᠠᠮᠧᠷᠢᠺᠠ ᠶᠢᠨ ᠬᠠᠮᠲᠤ ᠶᠢᠨ ᠴᠣᠭᠴᠠ ᠶᠢᠨ ᠵᠢᠵᠢᠭᠦᠷ | ᠲᠡᠷᠢᠭᠦᠯᠡᠭᠴᠢ ᠤᠯᠤᠰ ᠠᠷᠭᠧᠨ᠋ᠲ᠋ᠢᠨ ᠤ ᠶᠡᠷᠦᠩᠬᠡᠶᠢᠯᠡᠭᠴᠢ ᠹᠧᠷᠨᠠᠨᠳᠧᠰ ᠤᠨ ᠤᠷᠢᠯᠭ᠎ᠠ ᠪᠠᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠲᠦᠷᠦᠭᠦᠴᠦᠳ ᠤᠨ | ᠬᠤᠷᠠᠯ ᠳᠤ ᠸᠢᠳᠢᠣ᠋ ᠪᠠᠷ ᠪᠠᠶᠠᠷ ᠤᠨ ᠦᠭᠡ ᠬᠡᠯᠡᠪᠡ᠃ | ᠰᠢ ᠶᠢᠨ ᠫᠢᠩ᠂ ᠣᠳᠣᠬᠠᠨ ᠳᠤ ᠳᠡᠯᠡᠬᠡᠢ ᠳ᠋ᠠᠬᠢᠨ ᠰᠢᠨ᠎ᠡ ᠤᠷᠪᠠᠭᠠᠨ ᠬᠥᠷᠪᠡᠭᠡᠨ ᠲᠠᠢ ᠬᠤᠪᠢᠰᠤᠯᠲᠠ ᠶᠢᠨ ᠬᠤᠭᠤᠴᠠᠭᠠᠨ ᠳᠤ ᠣᠷᠣᠪᠠ᠂ ᠭᠠᠭᠴᠠ ᠬᠦ | ᠪᠦᠯᠬᠦᠮᠳᠡᠯ ᠬᠠᠮᠲᠤᠷᠠᠯᠴᠠᠭ᠎ᠠ ᠪᠠᠨ ᠴᠢᠩᠭᠠᠳᠬᠠᠪᠠᠯ ᠰᠠᠶ᠋ᠢ ᠥᠷᠢᠰᠦᠯᠳᠦᠭᠡᠨ ᠢ ᠬᠠᠮᠲᠤ ᠪᠠᠷ ᠤᠭᠲᠤᠵᠤ᠂ ᠴᠠᠭ ᠤᠨ ᠪᠡᠷᠬᠡ ᠶᠢ ᠬᠠᠮᠲᠤ ᠪᠠᠷ ᠲᠤᠭᠤᠯᠵᠤ ᠴᠢᠳᠠᠨ᠎ᠠ᠃ | ᠳᠤᠮᠳᠠᠳᠤ ᠤᠯᠤᠰ ᠳᠤᠷᠠᠲᠠᠶ᠎ᠠ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠲᠠᠢ ᠦᠷᠭᠦᠯᠵᠢᠯᠡᠨ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠭᠠᠷ | ᠬᠤᠯᠪᠣᠨ ᠬᠠᠮᠲᠤ ᠪᠠᠷ ᠤᠷᠤᠭᠰᠢᠯᠠᠵᠤ᠂ ᠡᠩᠬᠡ ᠲᠠᠶᠢᠪᠤᠩ᠂ ᠬᠥᠭᠵᠢᠯᠲᠡ᠂ ᠲᠥᠪ ᠭᠤᠣᠯᠴᠢ᠂ ᠰᠢᠳᠤᠷᠭᠤ ᠶᠣᠰᠣ᠂ ᠠᠷᠠᠳᠴᠢᠯᠠᠯ᠂ ᠡᠷᠬᠡ ᠴᠢᠯᠦᠭᠡ ᠪᠦᠬᠦᠢ ᠪᠥᠬᠦ | ᠬᠥᠮᠥᠨ ᠲᠥᠷᠥᠯᠬᠢᠲᠡᠨ ᠤ ᠬᠠᠮᠲᠤ ᠶᠢᠨ ᠥᠷᠲᠡᠭ ᠢ ᠪᠠᠳᠠᠷᠠᠭᠤᠯᠵᠤ᠂ ᠳᠡᠯᠡᠬᠡᠢ ᠶᠢᠨ ᠡᠩᠬᠡ ᠲᠠᠶᠢᠪᠤᠩ ᠪᠣᠯᠣᠨ ᠬᠥᠭᠵᠢᠯᠲᠡ ᠶᠢ ᠠᠬᠢᠭᠤᠯᠵᠤ᠂ ᠬᠥᠮᠥᠨ | ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠵᠤ᠂ ᠨᠡᠩ ᠰᠠᠶᠢᠨ ᠰᠠᠶᠢᠬᠠᠨ ᠢᠷᠡᠭᠡᠳᠦᠢ ᠶᠢ ᠬᠠᠮᠲᠤ ᠪᠠᠷ ᠴᠣᠭᠴᠠᠯᠠᠨ᠎ᠠ | ᠭᠡᠵᠦ ᠴᠢᠬᠤᠯᠠᠴᠢᠯᠠᠪᠠ᠃ | |