ᠣᠶᠢᠷ᠎ᠠ ᠶᠢᠨ ᠵᠢᠯ ᠠᠴᠠ ᠨᠠᠰᠢ᠂ ᠬᠤᠲᠠ ᠶᠢᠨ ᠠᠵᠤ ᠠᠬᠤᠢ ᠶᠢᠨ ᠲᠠᠰᠤᠷᠠᠯᠲᠠ ᠦᠭᠡᠢ ᠬᠦᠭᠵᠢᠯᠳᠡ ᠪᠠ ᠬᠤᠲᠠᠴᠢᠯᠠᠯᠲᠠ ᠶᠢᠨ ᠠᠬᠢᠴᠠ ᠶᠢᠨ ᠲᠦᠷᠭᠡᠳᠬᠦ ᠶᠢ | ᠳᠠᠭᠠᠯᠳᠤᠨ᠂ ᠶᠡᠭᠡ ᠬᠡᠮᠵᠢᠶᠡᠨ ᠤ ᠥᠨᠳᠥᠷ ᠳᠠᠪᠬᠤᠷᠭᠠᠲᠤ ᠪᠠᠷᠢᠯᠭ᠎ᠠ ᠶᠢᠨ ᠪᠠᠶᠢᠭᠤᠯᠤᠯᠲᠠ ᠨᠢ ᠬᠤᠲᠠ ᠶᠢᠨ ᠣᠳᠣᠬᠢᠴᠢᠯᠠᠯᠲᠠ ᠶᠢᠨ ᠬᠥᠭᠵᠢᠯᠲᠡ ᠶᠢ ᠠᠬᠢᠭᠤᠯᠤᠭᠰᠠᠨ | ᠪᠣᠯᠪᠠᠴᠤ ᠥᠨᠳᠥᠷ ᠳᠠᠪᠬᠤᠷᠭᠠᠲᠤ ᠪᠠᠷᠢᠯᠭ᠎ᠠ ᠶᠢᠨ ᠪᠦᠲᠦᠴᠡ ᠨᠢ ᠪᠤᠳᠤᠯᠢᠶᠠᠨᠲᠠᠢ᠂ ᠴᠢᠳᠠᠮᠵᠢ ᠨᠢ ᠣᠯᠠᠨ ᠶᠠᠩᠵᠤ ᠶᠢᠨ᠂ ᠬᠥᠮᠥᠨ ᠬᠠᠷ᠎ᠠ ᠨᠢᠭᠲᠠᠷᠠᠭᠰᠠᠨ᠂ | ᠠᠪᠤᠷᠠᠯᠳᠠ ᠬᠢᠬᠦ ᠳᠤ ᠬᠦᠴᠢᠷᠲᠡᠢ ᠵᠡᠷᠭᠡ ᠣᠯᠠᠨ ᠰᠢᠯᠲᠠᠭᠠᠨ ᠠᠴᠠ ᠪᠣᠯᠵᠤ ᠭᠠᠯ ᠤᠨᠲᠠᠷᠠᠭᠠᠬᠤ ᠠᠮᠤᠷ ᠲᠦᠪᠰᠢᠨ ᠤ ᠳᠠᠯᠳᠠ ᠬᠡᠮ ᠢ ᠨᠡᠮᠡᠭᠳᠡᠭᠦᠯᠦᠭᠰᠡᠨ ᠪᠠᠶᠢᠨ᠎ᠠ᠃ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ | ᠨᠠᠶᠢᠳᠠᠪᠦᠷᠢᠵᠢᠭᠤᠯᠵᠦ᠂ ᠥᠪᠡᠷᠲᠡᠭᠡᠨ ᠵᠠᠰᠠᠬᠤ ᠣᠷᠣᠨ ᠤ ᠬᠡᠳᠦ ᠥᠨᠳᠥᠷ ᠳᠠᠪᠬᠤᠷᠭ᠎ᠠ ᠶᠢᠨ ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ | ᠡᠵᠡᠮᠳᠡᠯ ᠢ ᠤᠯᠠᠮ ᠨᠢᠭᠡ ᠠᠯᠬᠤᠮ ᠴᠢᠩᠭᠠᠳᠬᠠᠵᠤ᠂ ᠭᠠᠯ ᠤᠨ ᠠᠶᠤᠯ ᠤᠨ ᠡ᠊ᠨᠳᠡᠯ ᠭᠠᠷᠬᠤ ᠶᠢ ᠡᠬᠢ ᠡᠭᠦᠰᠦᠯ ᠠᠴᠠ ᠨᠢ ᠰᠡᠷᠭᠡᠶᠢᠯᠡᠨ ᠬᠤᠷᠢᠭᠯᠠᠬᠤ ᠶᠢᠨ ᠲᠦᠯᠦᠭᠡ | ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠪᠣᠯᠣᠨ ᠥᠪᠡᠷᠲᠡᠭᠡᠨ ᠵᠠᠰᠠᠬᠤ | ᠣᠷᠣᠨ ᠤ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠷᠦᠩᠬᠡᠢ ᠠᠩᠭᠢ ᠬᠠᠮᠲᠤᠪᠠᠷ ︽ᠥᠨᠳᠥᠷ ᠳᠠᠪᠬᠤᠷᠭ᠎ᠠ ᠭᠡᠳᠤ ᠥᠨᠳᠥᠷ ᠳᠠᠪᠬᠤᠷᠭ᠎ᠠ ᠶᠢᠨ ᠪᠠᠷᠢᠯᠭ᠎ᠠ ᠶᠢᠨ | ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠷᠦᠩᠬᠡᠢ ᠠᠩᠭᠢ ᠶᠢᠨ | ᠮᠡᠳᠡᠭᠳᠡᠯ︾ ︵ᠥᠪᠥᠷ ᠪᠦᠲᠦᠭᠡᠨ ᠭᠠᠯ ᠤᠨᠳᠠᠷᠠᠭᠠᠬᠤ ﹇2022﹈ 216 ᠳ᠋ᠤᠭᠠᠷ ᠲᠣᠭᠠᠲᠤ︶ ᠢ ᠨᠡᠶᠢᠲᠡᠯᠡᠪᠡ᠃ | ᠬᠤᠶᠠᠷ᠂ ᠲᠤᠭᠤᠷᠪᠢᠨ ᠪᠢᠴᠢᠭᠰᠡᠨ ᠦᠨᠳᠦᠰᠦᠯᠡᠯ | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠠᠮᠤᠨ ᠬᠠᠮᠲᠤᠷᠠᠨ | ᠳᠠᠷᠤᠮᠠᠯᠯᠠᠨ ᠲᠠᠷᠬᠠᠭᠠᠭᠰᠠᠨ ︽ᠬᠡᠲᠦ ᠥᠨᠳᠥᠷ ᠳᠠᠪᠬᠤᠷᠭ᠎ᠠ ᠶᠢᠨ ᠪᠠᠷᠢᠯᠭ᠎ᠠ ᠶᠢᠨ ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢ | ᠴᠢᠩᠭᠠᠳᠬᠠᠬᠤ ᠲᠤᠬᠠᠢ ᠮᠡᠳᠡᠭᠳᠡᠯ︾ ︵ᠪᠦᠲᠦᠭᠡᠨ ᠪᠠᠶᠢᠭᠤᠯᠤᠯᠲᠠ ᠰᠠᠯᠠᠭ᠎ᠠ ﹇2021﹈ 76 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ | ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠪᠠᠨ ᠤᠶᠠᠯᠳᠤᠭᠤᠯᠤᠨ᠂ ᠲᠣᠰ ︽ᠮᠡᠳᠡᠭᠳᠡᠯ︾ ᠢ ᠲᠣᠭᠲᠠᠭᠠᠪᠠ᠃ | ᠭᠤᠷᠪᠠ᠂ ᠨᠡᠶᠢᠲᠡᠯᠡᠭᠰᠡᠨ ᠠᠴᠢ ᠬᠤᠯᠪᠣᠭᠳᠠᠯ | ᠪᠦᠲᠦᠭᠡᠨ ᠪᠠᠶᠢᠭᠤᠯᠤᠯᠳᠠ᠂ ᠵᠢᠷᠤᠭᠯᠠᠨ ᠲᠥᠯᠥᠪᠯᠡᠬᠦ᠂ ᠪᠠᠷᠢᠯᠭ᠎ᠠ ᠪᠠᠷᠢᠬᠤ᠂ ᠬᠢᠨᠠᠨ ᠬᠠᠮᠢᠶᠠᠷᠤᠯᠳᠠ᠂ ᠡᠵᠡᠩᠨᠡᠯᠳᠡ᠂ ᠠᠳᠠᠯ ᠠᠬᠤᠢ ᠶᠢᠨ ᠬᠠᠮᠢᠶᠠᠷᠤᠯᠲᠠ᠂ ᠭᠠᠯ | ᠤᠨᠲᠠᠷᠠᠭᠠᠬᠤ ᠮᠡᠷᠭᠡᠵᠢᠯ ᠤᠨ ᠦᠢᠯᠡᠴᠢᠯᠡᠭᠡᠨ ᠵᠡᠷᠭᠡ ᠨᠢᠭᠡᠴᠡ ᠬᠢᠭᠡᠳ ᠬᠤᠪᠢ ᠬᠥᠮᠥᠨ ᠤ ᠭᠠᠯ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠭᠤᠣᠯ | ᠴᠣᠭᠴᠠ ᠶᠢᠨ ᠬᠠᠷᠢᠭᠤᠴᠠᠯᠭ᠎ᠠ ᠶᠢᠨ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠭᠠᠯ ᠤᠨᠲᠠᠷᠠᠭᠠᠬᠤ ᠠᠵᠢᠯ ᠤᠨ ᠬᠠᠷᠢᠭᠤᠴᠠᠯᠭ᠎ᠠ ᠪᠣᠯᠣᠨ ᠡᠭᠦᠷᠭᠡ ᠪᠠᠨ | ᠤᠬᠠᠮᠰᠠᠷ ᠠᠴᠠ ᠪᠠᠨ ᠭᠦᠢᠴᠡᠳᠭᠡᠨ᠎ᠡ᠃ ᠥᠨᠳᠥᠷ ᠳᠠᠪᠬᠤᠷᠭ᠎ᠠ᠂ ᠭᠡᠳᠤ ᠥᠨᠳᠥᠷ ᠳᠠᠪᠬᠤᠷᠭ᠎ᠠ ᠶᠢ ᠬᠠᠮᠤᠷᠤᠭᠰᠠᠨ ᠪᠠᠷᠢᠯᠭ᠎ᠠ ᠶᠢᠨ ᠠᠮᠢ ᠨᠠᠰᠤᠨ ᠤ ᠪᠦᠬᠦ | ᠦᠶᠡᠯᠡᠯ ᠤᠨ ᠬᠤᠭᠤᠴᠠᠭᠠᠨ ᠤ ᠭᠠᠯ ᠤᠨᠲᠠᠷᠠᠭᠠᠬᠤ ᠢᠨᠵᠧᠨᠧᠷᠢᠩ ᠤᠨ ᠶᠠᠰᠤ ᠴᠢᠨᠠᠷ ᠵᠢᠴᠢ ᠠᠮᠤᠷ ᠲᠦᠪᠰᠢᠨ ᠤ ᠠᠵᠢᠯᠯᠠᠭᠠᠨ ᠤ ᠬᠠᠮᠢᠶᠠᠷᠤᠯᠲᠠ ᠶᠢᠨ ᠲᠣᠭᠲᠠᠴᠠ ᠶᠢ | ᠲᠡᠭᠦᠯᠳᠡᠷᠵᠢᠭᠦᠯᠵᠦ᠂ ᠲᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠰᠢᠰᠲ᠋ᠧᠮ ᠲᠠᠢ ᠪᠠᠷ ᠲᠦᠯᠬᠢᠨ ᠠᠬᠢᠭᠤᠯᠵᠤ᠂ ᠵᠠᠰᠠᠯᠲᠠ ᠶᠢᠨ ᠨᠡᠶᠢᠯᠡᠮᠡᠯ | ᠬᠦᠴᠦᠨ ᠢ ᠦᠨᠡᠨ ᠬᠦ ᠪᠤᠢ ᠪᠣᠯᠭᠠᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ | ᠳᠥᠷᠪᠡ᠂ ᠭᠤᠣᠯᠳᠠᠯᠭ᠎ᠠ | ︵ᠨᠢᠭᠡ︶ ᠬᠡᠲᠦ ᠥᠨᠳᠥᠷ ᠳᠠᠪᠬᠤᠷᠭ᠎ᠠ ᠶᠢᠨ ᠪᠠᠷᠢᠯᠭ᠎ᠠ ᠶᠢ ᠰᠢᠨ᠎ᠡ ᠪᠠᠷ ᠪᠠᠶᠢᠭᠤᠯᠬᠤ ᠶᠢ ᠴᠢᠩᠭ᠎ᠠ ᠬᠠᠮᠢᠶᠠᠷᠤᠨ ᠡᠵᠡᠮᠳᠡᠨ᠎ᠡ᠃ | ᠨᠢᠭᠡ ᠳᠤ᠂ ᠰᠢᠨ᠎ᠡ ᠪᠠᠷ ᠪᠠᠶᠢᠭᠤᠯᠬᠤ ᠬᠡᠲᠦ ᠥᠨᠳᠥᠷ ᠳᠠᠪᠬᠤᠷᠭ᠎ᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠢᠨᠠᠨ ᠵᠥᠪᠰᠢᠶᠡᠷᠡᠯ ᠢ ᠴᠢᠩᠭ᠎ᠠ | ᠬᠠᠮᠢᠶᠠᠷᠤᠨ ᠡᠵᠡᠮᠳᠡᠵᠦ᠂ ᠡᠩ ᠤᠨ ᠪᠠᠶᠢᠳᠠᠯ ᠳᠤ ᠬᠡᠲᠦ ᠥᠨᠳᠥᠷ ᠳᠠᠪᠬᠤᠷᠭ᠎ᠠ ᠶᠢᠨ ᠣᠷᠣᠨ ᠰᠠᠭᠤᠴᠠ ᠪᠠ 250 ᠮᠧᠲᠷ ᠠᠴᠠ ᠳᠡᠭᠡᠭᠰᠢᠬᠢ ᠬᠡᠲᠦ ᠥᠨᠳᠥᠷ | ᠳᠠᠪᠬᠤᠷᠭ᠎ᠠ ᠶᠢᠨ ᠪᠠᠷᠢᠯᠭ᠎ᠠ ᠶᠢ ᠰᠢᠨ᠎ᠡ ᠪᠠᠷ ᠪᠠᠶᠢᠭᠤᠯᠵᠤ ᠪᠣᠯᠬᠤ ᠦᠭᠡᠢ︔ ᠰᠢᠨ᠎ᠡ ᠪᠠᠷ ᠪᠠᠶᠢᠭᠤᠯᠤᠭᠰᠠᠨ ᠬᠡᠲᠦ ᠥᠨᠳᠥᠷ ᠪᠠᠷᠢᠯᠭ᠎ᠠ ᠳᠤ ᠪᠣᠬᠢᠷᠳᠤᠯ ᠦᠭᠡᠢ | ᠪᠠᠷᠢᠯᠭ᠎ᠠ ᠶᠢᠨ ᠭᠤᠷᠪᠠᠨ ᠣᠳᠣᠨ ᠲᠠᠰ ᠤᠨ ᠪᠠᠷᠢᠮᠵᠢᠶ᠎ᠠ ᠶᠢ ᠬᠡᠷᠡᠭᠵᠢᠭᠦᠯᠦᠨ᠎ᠡ︔ ᠬᠡᠲᠦ ᠥᠨᠳᠥᠷ ᠳᠠᠪᠬᠤᠷᠭ᠎ᠠ ᠶᠢᠨ ᠪᠠᠷᠢᠯᠭ᠎ᠠ ᠶᠢᠨ ᠰᠢᠢᠳᠪᠦᠷᠢᠲᠦ ᠪᠣᠳᠣᠯᠭ᠎ᠠ | ᠲᠣᠭᠲᠠᠭᠠᠬᠤ ᠳᠤ ᠬᠠᠷᠢᠭᠤᠴᠠᠯᠭ᠎ᠠ ᠶᠢ ᠨᠠᠰᠤᠨ ᠲᠤᠷᠰᠢ ᠬᠠᠷᠢᠭᠤᠴᠠᠬᠤ ᠳᠦᠷᠢᠮ ᠢ ᠬᠡᠷᠡᠭᠵᠢᠭᠦᠯᠦᠨ᠎ᠡ︔ | ᠬᠤᠶᠠᠷ ᠲᠤ᠂ ᠣᠷᠣᠨ ᠰᠠᠭᠤᠴᠠ ᠪᠣᠯᠣᠨ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠥᠨᠳᠥᠷ | ᠳᠠᠪᠬᠤᠷᠭ᠎ᠠ᠂ ᠭᠡᠳᠤ ᠥᠨᠳᠥᠷ ᠳᠠᠪᠬᠤᠷᠭ᠎ᠠ᠂ ᠢᠯᠠᠩᠭᠤᠶ᠎ᠠ ᠥᠭᠡᠷᠡᠴᠢᠯᠡᠵᠦ ᠥᠷᠭᠡᠳᠬᠡᠨ ᠪᠠᠶᠢᠭᠤᠯᠬᠤ ︵ᠪᠠᠷᠢᠯᠭ᠎ᠠ ᠶᠢᠨ ᠴᠢᠳᠠᠮᠵᠢ ᠶᠢ ᠲᠣᠬᠢᠷᠠᠭᠤᠯᠬᠤ᠂ ᠵᠠᠰᠠᠵᠤ | ᠴᠢᠮᠡᠭᠯᠡᠬᠦ︶ ᠪᠠᠷᠢᠯᠭ᠎ᠠ ᠲᠤ ᠥᠨᠳᠥᠷ ᠳᠠᠪᠬᠤᠷᠭ᠎ᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠶᠢ | ᠴᠢᠩᠭ᠎ᠠ ᠥᠷᠨᠢᠭᠦᠯᠵᠦ᠂ ᠪᠦᠲᠦᠭᠡᠨ ᠪᠠᠶᠢᠭᠤᠯᠤᠯᠳᠠ᠂ ᠵᠢᠷᠤᠭᠯᠠᠨ ᠲᠥᠯᠥᠪᠯᠡᠬᠦ᠂ ᠪᠠᠷᠢᠯᠭ᠎ᠠ ᠪᠠᠷᠢᠬᠤ᠂ ᠬᠢᠨᠠᠨ ᠬᠠᠮᠢᠶᠠᠷᠤᠯᠳᠠ᠂ ᠪᠠᠶᠢᠴᠠᠭᠠᠨ ᠬᠡᠮᠵᠢᠬᠦ ᠵᠡᠷᠭᠡ | ᠨᠢᠭᠡᠴᠡ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠶᠠᠪᠤᠴᠠ ᠲᠠᠬᠢ | ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ | ︵ᠬᠤᠶᠠᠷ︶ ᠨᠢᠭᠡᠨᠲᠡ ᠪᠠᠶᠢᠭ᠎ᠠ ᠥᠨᠳᠥᠷ ᠳᠠᠪᠬᠤᠷᠭ᠎ᠠ᠂ ᠬᠡᠲᠦ ᠥᠨᠳᠥᠷ ᠳᠠᠪᠬᠤᠷᠭ᠎ᠠ ᠶᠢᠨ ᠪᠠᠷᠢᠯᠭ᠎ᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢ | ᠴᠢᠩᠭᠠᠷᠠᠭᠤᠯᠤᠨ᠎ᠠ᠃ ᠠᠮᠤᠷ ᠲᠦᠪᠰᠢᠨ ᠤ ᠬᠡᠮ ᠰᠣᠭᠤᠭ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠬᠤ᠂ ᠬᠡᠮ ᠰᠣᠭᠤᠭ ᠢ ᠴᠡᠭᠴᠡᠯᠡᠨ ᠵᠠᠰᠠᠬᠤ ᠶᠢ ᠰᠢᠰᠲ᠋ᠧᠮ ᠲᠠᠢ | ᠲᠦᠯᠬᠢᠨ ᠠᠬᠢᠭᠤᠯᠬᠤ᠂ ᠠᠮᠤᠷ ᠲᠦᠪᠰᠢᠨ ᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ᠂ ᠠᠵᠢᠯᠯᠠᠭᠠᠨ ᠤ ᠬᠠᠮᠢᠶᠠᠷᠤᠯᠲᠠ ᠶᠢᠨ ᠲᠣᠭᠲᠠᠴᠠ ᠶᠢ | ᠲᠡᠭᠦᠯᠳᠡᠷᠵᠢᠭᠦᠯᠬᠦ᠂ ᠮᠡᠷᠭᠡᠵᠢᠯ ᠢᠶᠠᠷ ᠰᠡᠷᠭᠡᠶᠢᠯᠡᠬᠦ ᠪᠣᠳᠠᠰ ᠢᠶᠠᠷ ᠰᠡᠷᠭᠡᠶᠢᠯᠡᠬᠦ ᠠᠷᠭ᠎ᠠ ᠬᠡᠮᠵᠢᠶ᠎ᠡ ᠶᠢ ᠴᠢᠩᠭᠠᠷᠠᠭᠤᠯᠬᠤ ᠵᠡᠷᠭᠡ ᠲᠠᠪᠤᠨ ᠲᠠᠯ᠎ᠠ ᠠᠴᠠ ᠡᠯ᠎ᠡ ᠰᠠᠯᠠᠭ᠎ᠠ | ᠮᠥᠴᠢᠷ ᠢ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠪᠠᠨ ᠴᠢᠩᠭᠠᠳᠬᠠᠬᠤ ᠶᠢ ᠱᠠᠭᠠᠷᠳᠠᠨ᠎ᠠ᠃ | ︵ᠭᠤᠷᠪᠠ︶ ᠬᠡᠲᠦ ᠥᠨᠳᠥᠷ ᠳᠠᠪᠬᠤᠷᠭ᠎ᠠ ᠶᠢᠨ ᠪᠠᠷᠢᠯᠭ᠎ᠠ ᠶᠢᠨ ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠬᠠᠮᠵᠢᠯᠴᠠᠨ ᠬᠠᠮᠲᠤᠪᠠᠷ | ᠡᠳ᠋ᠯᠡᠬᠦ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠎ᠡ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ | ᠮᠥᠴᠢᠷ ᠬᠢᠭᠡᠳ ᠭᠠᠯ ᠤᠨᠲᠠᠷᠠᠭᠠᠵᠤ ᠠᠪᠤᠷᠠᠨ ᠲᠤᠰᠠᠯᠠᠬᠤ ᠵᠡᠷᠭᠡ ᠰᠠᠯᠠᠭ᠎ᠠ ᠮᠥᠴᠢᠷ ᠤᠳ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠲᠠᠢ ᠪᠠᠨ | ᠤᠶᠠᠯᠳᠤᠭᠤᠯᠤᠨ᠂ ᠬᠡᠲᠦ ᠥᠨᠳᠥᠷ ᠳᠠᠪᠬᠤᠷᠭ᠎ᠠ ᠶᠢᠨ ᠪᠠᠷᠢᠯᠭ᠎ᠠ ᠶᠢᠨ ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ ᠬᠠᠮᠢᠶᠠᠷᠤᠯᠲᠠ ᠶᠢᠨ ᠬᠤᠯᠪᠣᠭᠳᠠᠯ ᠪᠦᠬᠦᠢ | ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠰᠠᠯᠠᠭ᠎ᠠ ᠮᠥᠴᠢᠷ ᠤᠨ ᠨᠡᠪᠲᠡᠷᠡᠯᠴᠡᠭᠡ ᠵᠣᠬᠢᠴᠠᠭᠤᠯᠭ᠎ᠠ ᠪᠠᠨ ᠴᠢᠩᠭᠠᠳᠬᠠᠨ᠂ ᠬᠠᠮᠵᠢᠯᠴᠠᠬᠤ ᠲᠣᠭᠲᠠᠴᠠ ᠪᠠᠨ | ᠲᠠᠰᠤᠷᠠᠯᠲᠠ ᠦᠭᠡᠢ ᠲᠡᠭᠦᠯᠳᠡᠷᠵᠢᠭᠦᠯᠬᠦ ᠶᠢ ᠱᠠᠭᠠᠷᠳᠠᠨ᠎ᠠ᠃ | ︵ᠲᠠᠶᠢᠯᠪᠤᠷᠢᠯᠠᠭᠴᠢ᠄ ᠹᠠᠨ ᠷᠦᠢ᠂ ᠬᠠᠷᠢᠯᠴᠠᠬᠤ ᠬᠡᠯᠪᠡᠷᠢ᠄ 0471 ︱ 6946906︶ | |