ᠥᠰᠥᠭ ᠪᠢᠴᠢᠭ ᠤᠨ ᠲᠠᠶᠢᠯᠤᠮᠵᠢ᠄ 《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ 〈 ᠠᠷᠪᠠᠨ ᠳᠥᠷᠪᠡᠳᠦᠭᠡᠷ ᠲᠠᠪᠤᠨ ᠵᠢᠯ 〉 ᠤᠨ ᠮᠡᠳᠡᠭᠡ ᠵᠠᠩᠭᠢᠵᠢᠯᠲᠠ ᠶᠢᠨ ᠲᠤᠰᠬᠠᠶ ᠲᠥᠯᠥᠪᠵᠢᠭᠦᠯᠭᠡ 》  ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/1/6
    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠦᠶᠯᠡᠰ ᠤᠨ ᠮᠡᠳᠡᠭᠡ ᠵᠠᠩᠭᠢᠵᠢᠯᠲᠠ ᠶᠢᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠲᠥᠷᠥᠯ ᠤᠨ ᠲᠣᠭᠠᠴᠢᠯᠠᠯᠲᠠ ᠶᠢᠨ ᠬᠡᠯᠪᠡᠷᠢ ᠶᠢ ᠬᠤᠪᠢᠷᠠᠭᠤᠯᠬᠤ ᠶᠢ ᠠᠬᠢᠭᠤᠯᠵᠤ᠂ ᠣᠳᠣᠬᠢᠴᠢᠯᠠᠭᠰᠠᠨ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ 《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ 〈 ᠠᠷᠪᠠᠨ ᠳᠥᠷᠪᠡᠳᠦᠭᠡᠷ ᠲᠠᠪᠤᠨ ᠵᠢᠯ 〉 ᠤᠨ ᠮᠡᠳᠡᠭᠡ ᠵᠠᠩᠭᠢᠵᠢᠯᠲᠠ ᠶᠢᠨ ᠲᠤᠰᠬᠠᠶ ᠲᠥᠯᠥᠪᠵᠢᠭᠦᠯᠭᠡ 》 ᠶᠢ ᠨᠠᠶᠢᠷᠠᠭᠤᠯᠤᠨ ᠵᠣᠬᠢᠶᠠᠪᠠ  ᠃ ᠲᠣᠰ ᠲᠥᠯᠥᠪᠵᠢᠭᠦᠯᠭᠡ ᠪᠣᠯ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠢᠰᠲ᠋ᠧᠮ ᠤᠨ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠮᠡᠳᠡᠭᠡ ᠵᠠᠩᠭᠢᠵᠢᠯᠲᠠ ᠶᠢᠨ ᠲᠤᠰᠬᠠᠶ ᠲᠥᠯᠥᠪᠵᠢᠭᠦᠯᠭᠡ ᠪᠣᠯᠤᠨ᠎ᠠ᠂ 《 ᠠᠷᠪᠠᠨ ᠳᠥᠷᠪᠡᠳᠦᠭᠡᠷ ᠲᠠᠪᠤᠨ ᠵᠢᠯ 》 ᠤᠨ ᠬᠤᠭᠤᠴᠠᠭᠠᠨ ᠳᠠᠬᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠦᠶᠯᠡᠰ ᠤᠨ ᠮᠡᠳᠡᠭᠡ ᠵᠠᠩᠭᠢᠵᠢᠯᠲᠠ ᠶᠢᠨ ᠬᠥᠭᠵᠢᠯᠲᠡ ᠶᠢᠨ ᠵᠢᠯᠣᠭᠤᠳᠬᠤ ᠦᠵᠡᠯ ᠰᠠᠨᠠᠭ᠎ᠠ᠂ ᠬᠥᠭᠵᠢᠯᠲᠡ ᠶᠢᠨ ᠵᠠᠷᠴᠢᠮ᠂ ᠬᠥᠭᠵᠢᠯᠲᠡ ᠶᠢᠨ ᠬᠠᠷᠠᠯᠲᠠ᠂ ᠶᠡᠷᠦᠩᠬᠡᠶ ᠡᠭᠦᠷᠭᠡ᠂ ᠬᠥᠭᠵᠢᠯᠲᠡ ᠶᠢᠨ ᠭᠤᠤᠯᠳᠠᠯᠭ᠎ᠠ ᠪᠠ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠳᠤᠷᠠᠳᠴᠤ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠮᠡᠳᠡᠭᠡ ᠵᠠᠩᠭᠢᠵᠢᠯᠲᠠ ᠶᠢᠨ ᠠᠵᠢᠯ  ᠤᠨ ᠵᠢᠯᠣᠭᠤᠳᠬᠤ ᠴᠢᠨᠠᠷᠲᠠᠶ ᠪᠢᠴᠢᠭ ᠮᠠᠲ᠋ᠧᠷᠢᠶᠠᠯ ᠪᠣᠯᠤᠨ᠎ᠠ  ᠃   ᠨᠢᠭᠡ᠂ 《 ᠲᠥᠯᠥᠪᠵᠢᠭᠦᠯᠭᠡ 》 ᠶᠢ ᠨᠠᠶᠢᠷᠠᠭᠤᠯᠤᠨ ᠵᠣᠬᠢᠶᠠᠭᠰᠠᠨ ᠠᠬᠤᠶ ᠪᠠᠶᠢᠳᠠᠯ   《 ᠠᠷᠪᠠᠨ  ᠭᠤᠷᠪᠠᠳᠤᠭᠠᠷ ᠲᠠᠪᠤᠨ ᠵᠢᠯ 》ᠵᠢᠯ ᠤᠨ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠨᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠮᠡᠳᠡᠭᠡ ᠵᠠᠩᠭᠢᠵᠢᠯᠲᠠ ᠶᠢᠨ ᠪᠥᠲᠥᠭᠡᠨ ᠪᠠᠶᠢᠭᠤᠯᠤᠯᠲᠠ ᠶᠢᠨ ᠲᠤᠬᠠᠶ ᠡᠯ᠎ᠡ ᠵᠦᠶᠯ ᠤᠨ ᠱᠠᠭᠠᠷᠳᠠᠯᠭ᠎ᠠ ᠶᠢ ᠬᠢᠨᠠᠮᠠᠭᠠᠶ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠲᠥᠷᠥᠯ ᠤᠨ ᠮᠡᠳᠡᠭᠡ ᠵᠠᠩᠭᠢᠵᠢᠯᠲᠠ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠢ ᠪᠥᠬᠦ ᠲᠠᠯ᠎ᠠ ᠪᠠᠷ ᠠᠬᠢᠭᠤᠯᠤᠨ᠂《 ᠠᠷᠪᠠᠨ  ᠭᠤᠷᠪᠠᠳᠤᠭᠠᠷ ᠲᠠᠪᠤᠨ ᠵᠢᠯ 》 ᠤᠨ ᠲᠥᠯᠥᠪᠵᠢᠭᠦᠯᠭᠡ ᠳᠤ ᠲᠣᠭᠲᠠᠭᠠᠭᠰᠠᠨ ᠡᠯ᠎ᠡ ᠵᠦᠶᠯ ᠤᠨ ᠮᠡᠳᠡᠭᠡ ᠵᠠᠩᠭᠢᠵᠢᠯᠲᠠ ᠶᠢᠨ ᠪᠥᠲᠥᠭᠡᠨ ᠪᠠᠶᠢᠭᠤᠯᠤᠯᠲᠠ ᠶᠢᠨ ᠬᠠᠷᠠᠯᠲᠠᠲᠤ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠪᠡ  ᠃ 《 ᠠᠷᠪᠠᠨ ᠳᠥᠷᠪᠡᠳᠦᠭᠡᠷ ᠲᠠᠪᠤᠨ ᠵᠢᠯ 》 ᠤᠨ ᠲᠥᠯᠥᠪᠵᠢᠭᠦᠯᠭᠡ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠶᠢ ᠤᠷᠢᠳ ᠢᠶᠠᠷ ᠪᠣᠳᠣᠯᠬᠢᠯᠠᠵᠤ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ ᠠᠩᠬᠠᠳᠠᠭᠴᠢ ᠲᠠᠪᠤᠨ ᠵᠢᠯ ᠤᠨ ᠲᠥᠯᠥᠪᠵᠢᠭᠦᠯᠭᠡ ᠪᠣᠯᠤᠨ᠎ᠠ᠃ ᠮᠡᠳᠡᠭᠡ ᠵᠠᠩᠭᠢᠵᠢᠯᠲᠠ  ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠨᠢ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠦᠶᠯᠡᠰ ᠤᠨ ᠬᠥᠭᠵᠢᠯᠲᠡ ᠶᠢᠨ ᠴᠢᠬᠤᠯᠠ ᠪᠦᠷᠢᠯᠳᠦᠬᠦᠨ ᠬᠡᠰᠡᠭ ᠪᠣᠯᠤᠭᠰᠠᠨ ᠤ ᠬᠤᠪᠢ ᠳᠤ᠂ ᠮᠡᠳᠡᠭᠡ ᠵᠠᠩᠭᠢᠵᠢᠯᠲᠠ ᠶᠢᠨ ᠬᠥᠭᠵᠢᠯᠲᠡ ᠶᠢᠨ ᠬᠠᠨᠳᠤᠰᠢ ᠶᠢ ᠴᠢᠩᠭ᠎ᠠ ᠠᠩᠬᠠᠷᠴᠤ᠂ ᠲᠣᠮᠣ ᠳ᠋ᠠᠶᠢᠲ᠋ᠠ᠂ ᠡᠭᠦᠯᠡᠨ ᠪᠤᠳᠤᠯᠲᠠ᠂ 5G ᠵᠡᠷᠭᠡ ᠰᠢᠨ᠎ᠡ ᠮᠡᠷᠭᠡᠵᠢᠯ ᠤᠨ ᠬᠡᠷᠡᠭᠯᠡᠯᠲᠡ ᠳᠡᠯᠭᠡᠷᠡᠭᠦᠯᠦᠯᠲᠡ ᠶᠢ ᠲᠦᠷᠭᠡᠳᠬᠡᠵᠦ᠂ ᠣᠳᠣᠬᠢᠴᠢᠯᠠᠭᠰᠠᠨ ᠵᠠᠰᠠᠯᠲᠠ ᠶᠢᠨ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ 《 ᠠᠷᠪᠠᠨ ᠳᠥᠷᠪᠡᠳᠦᠭᠡᠷ ᠲᠠᠪᠤᠨ ᠵᠢᠯ 》 ᠤᠨ ᠲᠥᠯᠥᠪᠵᠢᠭᠦᠯᠭᠡ ᠶᠢᠨ ᠬᠤᠭᠤᠴᠠᠭᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠲᠥᠷᠥᠯ ᠤᠨ ᠵᠠᠰᠠᠯᠲᠠ ᠶᠢᠨ ᠵᠠᠭᠪᠤᠷ ᠪᠠ ᠠᠵᠤ ᠦᠶᠯᠡᠰ ᠤᠨ ᠬᠡᠯᠬᠢᠶ᠎ᠡ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠤᠨ᠎ᠠ ᠃   ᠬᠤᠶᠠᠷ᠂ 《 ᠲᠥᠯᠥᠪᠵᠢᠭᠦᠯᠭᠡ 》 ᠶᠢᠨ ᠵᠢᠯᠣᠭᠤᠳᠬᠤ ᠦᠵᠡᠯ ᠰᠠᠨᠠᠭ᠎ᠠ   《 ᠲᠥᠯᠥᠪᠵᠢᠭᠦᠯᠭᠡ 》 ᠨᠢ ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠥᠬᠦᠳᠡ ᠬᠤᠷᠠᠯ ᠪᠠ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠤᠨ᠂ ᠲᠣᠭᠠᠴᠢᠯᠠᠭᠰᠠᠨ ᠵᠠᠰᠠᠭ ᠤᠨ ᠣᠷᠳᠣᠨ ᠪᠠ ᠨᠢᠭᠡ ᠴᠣᠭᠴᠠᠵᠢᠭᠰᠠᠨ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠰᠢᠰᠲ᠋ᠧᠮ ᠤᠨ ᠪᠠᠶᠢᠭᠤᠯᠤᠯᠲᠠ ᠶᠢ ᠲᠠᠰᠤᠷᠠᠯᠲᠠ ᠥᠬᠡᠶ ᠠᠬᠢᠭᠤᠯᠵᠤ᠂ 《 ᠨᠢᠭᠡ ᠰᠦᠯᠵᠢᠶ᠎ᠡ ᠪᠠᠷ ᠨᠡᠶᠢᠳᠡᠮ ᠭᠦᠶᠴᠡᠳᠬᠡᠬᠦ 》᠂ 《 ᠨᠢᠭᠡ ᠰᠦᠯᠵᠢᠶ᠎ᠡ ᠪᠠᠷ ᠨᠢᠭᠡᠳᠦᠯᠲᠡᠶ ᠬᠠᠮᠢᠶᠠᠷᠬᠤ 》 ᠪᠠ 《 ᠨᠢᠭᠡ ᠰᠦᠯᠵᠢᠶ᠎ᠡ ᠪᠠᠷ ᠬᠠᠮᠵᠢᠯᠴᠠᠬᠤ 》 ᠶᠢ ᠦᠷᠭᠦᠯᠵᠢᠯᠡᠨ   ᠭᠦᠨᠵᠡᠭᠡᠶᠢᠷᠡᠭᠦᠯᠦᠨ᠎ᠡ ᠃ ᠪᠠᠷᠢᠯᠭ᠎ᠠ ᠶᠢᠨ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠵᠤ᠂ ᠮᠡᠳᠡᠭᠡ ᠵᠠᠩᠭᠢᠵᠢᠯᠲᠠ ᠪᠠ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠦᠶᠯᠡᠰ ᠤᠨ ᠭᠦᠨᠵᠡᠭᠡᠶ ᠠᠭᠤᠰᠤᠯᠴᠠᠯ ᠢ ᠠᠬᠢᠭᠤᠯᠬᠤ ᠪᠠᠷ ᠭᠤᠤᠯ ᠰᠢᠵᠢᠮ ᠪᠣᠯᠭᠠᠵᠤ᠂ ᠣᠶᠤᠨᠴᠢ ᠪᠠᠷ ᠪᠥᠲᠥᠭᠡᠨ ᠪᠠᠶᠢᠭᠤᠯᠬᠤ  ᠪᠠᠷ ᠭᠤᠤᠯ ᠰᠢᠪᠲᠤᠯᠤᠯᠲᠠ ᠶᠢᠨ ᠴᠢᠭᠯᠡᠯ ᠪᠣᠯᠭᠠᠵᠤ᠂ ᠠᠵᠤ ᠦᠶᠯᠡᠰ ᠤᠨ ᠢᠨᠲ᠋ᠧᠷ ᠰᠦᠯᠵᠢᠶᠡᠨ ᠤ ᠰᠢᠨ᠎ᠡ ᠶᠢ ᠡᠭᠦᠳᠬᠦ ᠬᠥᠭᠵᠢᠯᠲᠡ ᠪᠠᠷ ᠰᠢᠪᠲᠤᠯᠤᠯᠲᠠ ᠪᠣᠯᠭᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠦᠨᠳᠦᠰᠦᠨ ᠬᠥᠳᠡᠯᠭᠡᠬᠦ ᠬᠦᠴᠦᠨ ᠪᠣᠯᠭᠠᠵᠤ᠂ ᠮᠡᠳᠡᠭᠡ ᠵᠠᠩᠭᠢᠵᠢᠯᠲᠠ ᠶᠢᠨ ᠰᠢᠰᠲ᠋ᠧᠮ ᠤᠨ ᠪᠠᠶᠢᠭᠤᠯᠤᠯᠲᠠ ᠪᠠ ᠮᠡᠳᠡᠭᠡ ᠵᠠᠩᠭᠢ ᠶᠢᠨ ᠰᠠᠭᠤᠷᠢ  ᠲᠦᠬᠦᠭᠡᠷᠡᠮᠵᠢ ᠶᠢᠨ ᠲᠠᠰ ᠳᠡᠪᠰᠢᠬᠦ ᠶᠢ ᠲᠦᠷᠭᠡᠳᠬᠡᠵᠦ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠤᠨ᠎ᠠ᠃    ᠭᠤᠷᠪᠠ᠂ 《 ᠲᠥᠯᠥᠪᠵᠢᠭᠦᠯᠭᠡ 》 ᠶᠢᠨ ᠭᠤᠣᠯ ᠠᠭᠤᠯᠭ᠎ᠠ    ( ᠨᠢᠭᠡ ) ᠬᠥᠭᠵᠢᠯᠲᠡ ᠶᠢᠨ ᠣᠳᠣᠬᠢ ᠪᠠᠶᠢᠳᠠᠯ ᠪᠠ ᠣᠷᠣᠰᠢᠵᠤ ᠪᠠᠶᠢᠭ᠎ᠠ ᠠᠰᠠᠭᠤᠳᠠᠯ  ᠃ ᠪᠠᠷᠢᠯᠭ᠎ᠠ ᠶᠢᠨ ᠦᠶᠯᠡᠰ᠂ ᠣᠷᠣᠨ ᠰᠠᠭᠤᠴᠠ ᠪᠠ ᠬᠤᠲᠠ ᠶᠢᠨ ᠬᠠᠮᠢᠶᠠᠷᠤᠯᠲᠠ ᠵᠢᠴᠢ ᠵᠠᠰᠠᠭ ᠤᠨ ᠶᠠᠪᠤᠳᠠᠯ ᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠵᠡᠷᠭᠡ ᠭᠤᠷᠪᠠᠨ ᠲᠠᠯ᠎ᠠ ᠠᠴᠠ 《 ᠠᠷᠪᠠᠨ  ᠭᠤᠷᠪᠠᠳᠤᠭᠠᠷ ᠲᠠᠪᠤᠨ ᠵᠢᠯ 》 ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ  ᠶᠢᠨ ᠬᠦᠷᠢᠶᠡᠨ ᠳᠠᠬᠢ ᠮᠡᠳᠡᠭᠡ ᠵᠠᠩᠭᠢᠵᠢᠯᠲᠠ ᠶᠢᠨ ᠪᠥᠲᠥᠭᠡᠨ ᠪᠠᠶᠢᠭᠤᠯᠤᠯᠲᠠ ᠶᠢᠨ ᠣᠳᠣᠬᠢ ᠪᠠᠶᠢᠳᠠᠯ ᠢ ᠨᠠᠷᠢᠨ ᠲᠣᠳᠣᠷᠬᠠᠶᠢᠯᠠᠨ ᠥᠭᠦᠯᠡᠭᠰᠡᠨ ᠪᠥᠭᠡᠳ ᠬᠥᠭᠵᠢᠯᠲᠡ ᠶᠢᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠳᠤ ᠵᠠᠳᠠᠯᠤᠯᠲᠠ ᠬᠢᠪᠠ᠃      ( ᠬᠤᠶᠠᠷ ) 《 ᠠᠷᠪᠠᠨ ᠳᠥᠷᠪᠡᠳᠦᠭᠡᠷ ᠲᠠᠪᠤᠨ ᠵᠢᠯ 》 ᠳᠤ ᠲᠤᠯᠭᠠᠷᠠᠵᠤ ᠪᠠᠶᠢᠭ᠎ᠠ ᠪᠠᠶᠢᠳᠠᠯ᠃ ᠲᠣᠭᠠᠴᠢᠯᠠᠭᠰᠠᠨ ᠨᠡᠶᠢᠭᠡᠮ᠂ ᠲᠣᠭᠠᠴᠢᠯᠠᠭᠰᠠᠨ ᠵᠠᠰᠠᠭ ᠤᠨ ᠣᠷᠳᠣᠨ᠂ ᠲᠣᠭᠠᠴᠢᠯᠠᠭᠰᠠᠨ ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠲᠠ ᠵᠢᠴᠢ ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠲᠥᠷᠥᠯ  ᠤᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠵᠡᠷᠭᠡ ᠳᠥᠷᠪᠡᠨ ᠲᠠᠯ᠎ᠠ ᠠᠴᠠ 《 ᠠᠷᠪᠠᠨ ᠳᠥᠷᠪᠡᠳᠦᠭᠡᠷ ᠲᠠᠪᠤᠨ ᠵᠢᠯ 》 ᠳᠤ ᠲᠤᠯᠭᠠᠷᠠᠵᠤ ᠪᠠᠶᠢᠭ᠎ᠠ ᠪᠠᠶᠢᠳᠠᠯ ᠢ ᠲᠣᠳᠣᠷᠬᠠᠶᠢᠯᠠᠨ ᠥᠭᠦᠯᠡᠪᠡ᠃    ( ᠭᠤᠷᠪᠠ ) ᠶᠡᠷᠦᠩᠬᠡᠶ ᠱᠠᠭᠠᠷᠳᠠᠯᠭ᠎ᠠ᠃ ᠥᠪᠡᠷᠲᠡᠭᠡᠨ ᠵᠠᠰᠠᠬᠤ ᠣᠷᠣᠨ ᠤ 《 ᠠᠷᠪᠠᠨ ᠳᠥᠷᠪᠡᠳᠦᠭᠡᠷ ᠲᠠᠪᠤᠨ ᠵᠢᠯ 》  ᠤᠨ ᠬᠤᠭᠤᠴᠠᠭᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠮᠡᠳᠡᠭᠡ ᠵᠠᠩᠭᠢᠵᠢᠯᠲᠠ ᠶᠢᠨ ᠬᠥᠭᠵᠢᠯᠲᠡ ᠶᠢᠨ ᠵᠢᠯᠣᠭᠤᠳᠬᠤ ᠦᠵᠡᠯ ᠰᠠᠨᠠᠭ᠎ᠠ ᠶᠢ ᠲᠣᠶᠢᠮᠣᠴᠢᠯᠠᠨ ᠥᠭᠦᠯᠡᠪᠡ᠃ ᠨᠢᠭᠡᠳᠦᠯᠲᠡᠶ ᠲᠥᠯᠥᠪᠵᠢᠭᠦᠯᠬᠦ᠂ ᠪᠦᠬᠦᠯᠢ ᠴᠣᠭᠴᠠ ᠪᠠᠷ ᠵᠢᠷᠤᠭᠯᠠᠨ ᠲᠥᠯᠥᠪᠯᠡᠬᠦ᠂ ᠪᠡᠶ᠎ᠡ ᠪᠠᠨ ᠳᠠᠭᠠᠭᠠᠨ ᠰᠤᠳᠤᠯᠤᠨ ᠨᠡᠭᠡᠭᠡᠬᠦ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ᠂ ᠪᠠᠷᠢᠮᠵᠢᠶ᠎ᠠ ᠶᠢ ᠤᠷᠢᠳᠠᠪᠠᠷ ᠬᠡᠷᠡᠭᠵᠢᠭᠦᠯᠬᠦ᠂ ᠠᠯᠬᠤᠮ ᠬᠤᠪᠢᠶᠠᠨ ᠬᠡᠷᠡᠭᠵᠢᠭᠦᠯᠬᠦ᠂ ᠳᠡᠭᠡᠳᠦ ᠳᠣᠤᠷᠠᠳᠤ ᠱᠠᠲᠤ ᠬᠠᠮᠲᠤᠷᠠᠨ ᠬᠥᠳᠡᠯᠦᠯᠴᠡᠬᠦ ᠳᠥᠷᠪᠡᠨ ᠵᠦᠶᠯ ᠤᠨ ᠬᠥᠭᠵᠢᠯᠲᠡ ᠶᠢᠨ ᠵᠠᠷᠴᠢᠮ ᠵᠢᠴᠢ ᠲᠣᠮᠣ ᠳ᠋ᠠᠶᠢᠲ᠋ᠠ ᠶᠢ ᠨᠡᠮᠡᠵᠦ ᠬᠠᠮᠲᠤᠪᠠᠷ ᠡᠳ᠋ᠯᠡᠬᠦ ᠂ ᠳ᠋ᠠᠶᠢᠲ᠋ᠠ ᠶᠢᠨ ᠦᠨ᠎ᠡ ᠥᠷᠲᠡᠭ ᠢ ᠪᠠᠳᠠᠷᠠᠭᠤᠯᠬᠤ᠂ ᠲᠤᠬᠠᠶᠢᠯᠠᠭᠰᠠᠨ ᠠᠵᠢᠯ ᠤᠨ ᠲᠣᠭᠠᠴᠢᠯᠠᠯᠲᠠ ᠶᠢ ᠪᠡᠶᠡᠯᠡᠭᠦᠯᠬᠦ᠂ ᠵᠠᠰᠠᠭ ᠵᠠᠬᠢᠷᠭᠠᠨ ᠤ ᠬᠦᠴᠦᠨ ᠴᠢᠳᠠᠪᠤᠷᠢ ᠶᠢ ᠳᠡᠭᠡᠭᠰᠢᠯᠡᠭᠦᠯᠬᠦ᠂ ᠮᠡᠳᠡᠭᠡ ᠵᠠᠩᠭᠢᠵᠢᠯᠲᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ᠂ ᠲᠣᠭᠠᠴᠢᠯᠠᠭᠰᠠᠨ ᠣᠷᠣᠨ ᠰᠠᠭᠤᠴᠠ ᠪᠠ ᠪᠥᠲᠥᠭᠡᠨ ᠪᠠᠶᠢᠭᠤᠯᠤᠯᠲᠠ ᠶᠢ ᠨᠢᠭᠡ ᠴᠣᠭᠴᠠᠵᠢᠭᠤᠯᠬᠤ᠂ ᠠᠵᠤ ᠦᠶᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠢ ᠠᠬᠢᠭᠤᠯᠬᠤ ᠬᠥᠭᠵᠢᠯᠲᠡ ᠶᠢᠨ ᠬᠠᠷᠠᠯᠲᠠ ᠶᠢ ᠳᠤᠷᠠᠳᠪᠠ  ᠃    ( ᠳᠥᠷᠪᠡ ) ᠶᠡᠷᠦᠩᠬᠡᠶ ᠡᠭᠦᠷᠭᠡ  ᠃ 《 ᠲᠥᠯᠥᠪᠵᠢᠭᠦᠯᠭᠡ 》 ᠳᠤ᠂ ᠠᠮᠤᠷ ᠲᠦᠪᠰᠢᠨ᠂ ᠶᠠᠰᠤ ᠴᠢᠨᠠᠷ ᠢᠶᠠᠷ ᠬᠠᠷᠠᠯᠲᠠ ᠪᠣᠯᠭᠠᠨ ᠪᠠᠷᠢᠯᠭ᠎ᠠ ᠶᠢᠨ ᠦᠢᠯᠡᠰ  ᠤᠨ ᠬᠢᠨᠠᠯᠲᠠ ᠬᠠᠮᠢᠶᠠᠷᠤᠯᠲᠠ ᠶᠢᠨ ᠤᠶᠤᠨᠴᠢᠯᠠᠯᠲᠠ ᠶᠢ ᠪᠡᠶᠡᠯᠡᠭᠦᠯᠵᠦ᠂ ᠬᠠᠮᠵᠢᠯᠴᠠᠬᠤ᠂ ᠠᠭᠤᠰᠤᠯᠴᠠᠬᠤ ᠪᠠᠷ ᠬᠠᠷᠠᠯᠲᠠ ᠪᠣᠯᠭᠠᠨ ᠬᠤᠳᠠ ᠶᠢᠨ ᠬᠠᠮᠢᠶᠠᠷᠤᠯᠲᠠ ᠶᠢᠨ ᠤᠶᠤᠨᠴᠢᠯᠠᠯᠲᠠ ᠶᠢ ᠪᠡᠶᠡᠯᠡᠭᠦᠯᠵᠦ᠂ ᠦᠨ᠎ᠡ ᠬᠠᠩᠰᠢ ᠶᠢ ᠲᠣᠭᠲᠠᠪᠤᠷᠢᠵᠢᠭᠤᠯᠬᠤ᠂ ᠠᠮᠤᠭᠤᠯᠠᠩ ᠰᠠᠭᠤᠴᠠ ᠪᠠᠷ ᠬᠠᠷᠠᠯᠲᠠ ᠪᠣᠯᠭᠠᠨ ᠬᠡᠷ ᠭᠠᠵᠠᠷ ᠤᠨ ᠬᠦᠷᠦᠩᠬᠡ ᠶᠢᠨ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠲᠣᠭᠠᠴᠢᠯᠠᠯᠲᠠ ᠶᠢ ᠪᠡᠶᠡᠯᠡᠭᠦᠯᠵᠦ᠂ ᠥᠨᠳᠥᠷ ᠪᠦᠲᠦᠮᠵᠢᠲᠡᠢ᠂ ᠠᠷᠠᠳ ᠲᠤ ᠲᠦᠬᠦᠮ ᠦᠵᠡᠭᠦᠯᠬᠦ ᠪᠠᠷ ᠬᠠᠷᠠᠯᠲᠠ ᠪᠣᠯᠭᠠᠨ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠨᠢᠭᠡ ᠴᠤᠬᠴᠠᠵᠢᠭᠤᠯᠬᠤ ᠶᠡᠷᠦᠩᠬᠡᠢ ᠡᠭᠦᠷᠭᠡ ᠶᠢ ᠪᠡᠶᠡᠯᠡᠭᠦᠯᠦᠨ᠎ᠡ ᠭᠡᠵᠦ  ᠳᠤᠷᠠᠳᠪᠠ  ᠃    ( ᠲᠠᠪᠤ ) ᠠᠵᠢᠯ ᠤᠨ ᠭᠤᠣᠯᠳᠠᠯᠭ᠎ᠠ  ᠃ ᠳᠣᠯᠣᠭᠠᠨ ᠲᠠᠯ᠎ᠠ ᠶᠢᠨ ᠭᠤᠤᠯᠳᠠᠯᠭ᠎ᠠ ᠲᠠᠢ ᠡᠭᠦᠷᠭᠡ ᠶᠢ ᠳᠤᠷᠠᠳᠪᠠ  ᠃ ᠨᠢᠭᠡ ᠳᠤ᠂ ᠦᠵᠦ ᠲᠥᠯᠥᠪᠯᠡᠭᠡ ᠶᠢ ᠴᠢᠩᠭᠠᠳᠬᠠᠵᠤ᠂ ᠰᠢᠰᠲ᠋ᠧᠮ ᠤᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠵᠦ᠂ ᠲᠤᠭ᠎ᠠ ᠪᠠᠷᠢᠮᠲᠠ ᠶᠢᠨ ᠠᠭᠤᠰᠤᠯᠴᠠᠯ ᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠮᠡᠳᠡᠭᠡ ᠵᠠᠩᠭᠢ ᠶᠢᠨ ᠰᠢᠰᠲ᠋ᠧᠮ ᠢ ᠨᠢᠭᠡ ᠴᠤᠭᠴᠠᠵᠢᠭᠤᠯᠬᠤ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠰᠢᠰᠲ᠋ᠧᠮ ᠢ ᠨᠡᠶᠢᠳᠬᠡᠬᠦ ᠶᠢ ᠠᠬᠢᠭᠤᠯᠵᠤ᠂ ᠲᠣᠭᠠᠴᠢᠯᠠᠭᠰᠠᠨ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ  ᠃ ᠬᠤᠶᠠᠷ ᠲᠤ᠂ 《 ᠣᠶᠤᠨᠴᠢ ᠪᠠᠷᠢᠯᠭ᠎ᠠ 》 ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠠᠬᠢᠭᠤᠯᠵᠤ᠂ ᠪᠠᠷᠢᠯᠭ᠎ᠠ ᠶᠢᠨ ᠦᠶᠯᠡᠰ  ᠤᠨ ᠲᠣᠭᠠᠴᠢᠯᠠᠭᠰᠠᠨ ᠬᠢᠨᠠᠯᠲᠠ ᠬᠠᠮᠢᠶᠠᠷᠤᠯᠲᠠ ᠶᠢᠨ ᠰᠢᠨ᠎ᠡ ᠲᠣᠭᠲᠠᠴᠠ ᠶᠢ ᠪᠠᠶᠢᠭᠤᠯᠵᠤ᠂ BIM ᠮᠡᠷᠭᠡᠵᠢᠯ ᠢ ᠲᠥᠪᠯᠡᠷᠡᠭᠦᠯᠦᠨ ᠬᠡᠷᠡᠭᠯᠡᠬᠦ ᠶᠢ ᠠᠬᠢᠭᠤᠯᠵᠤ᠂ ᠣᠶᠤᠨᠴᠢ ᠪᠠᠷ ᠪᠠᠶᠢᠭᠤᠯᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ  ᠃ ᠭᠤᠷᠪᠠ ᠳᠤ᠂ 《 ᠤᠶᠤᠨᠲᠤ ᠬᠤᠲᠠ ᠶᠢᠨ ᠬᠠᠮᠢᠶᠠᠷᠤᠯᠲᠠ 》 ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠠᠬᠢᠭᠤᠯᠵᠤ᠂ ᠬᠤᠲᠠ ᠶᠢᠨ ᠮᠡᠳᠡᠭᠡ ᠵᠠᠩᠭᠢ ᠶᠢᠨ ᠵᠠᠭᠪᠤᠷ ( CIM ) ᠤᠨ ᠰᠠᠭᠤᠷᠢ ᠲᠠᠪᠴᠠᠩ ᠤᠨ ᠪᠠᠶᠢᠭᠤᠯᠤᠯᠲᠠ᠂ ᠬᠤᠲᠠ ᠶᠢᠨ ᠶᠠᠪᠤᠳᠠᠯ ᠤᠨ ᠰᠠᠭᠤᠷᠢ  ᠲᠦᠬᠦᠭᠡᠷᠦᠮᠵᠢ ᠶᠢᠨ ᠣᠶᠤᠨᠴᠢᠯᠠᠭᠰᠠᠨ ᠪᠠᠶᠢᠭᠤᠯᠤᠯᠲᠠ ᠪᠠ ᠥᠭᠡᠷᠡᠴᠢᠯᠡᠯᠲᠡ ᠵᠢᠴᠢ ᠬᠤᠲᠠ ᠶᠢᠨ ᠠᠵᠢᠯᠯᠠᠭᠠᠨ ᠤ ᠬᠠᠮᠢᠶᠠᠷᠤᠯᠲᠠ ᠶᠢᠨ ᠦᠶᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢ ᠠᠬᠢᠭᠤᠯᠤᠨ᠎ᠠ ᠃  ᠳᠥᠷᠪᠡ ᠳᠤ᠂ 《 ᠤᠶᠤᠨᠲᠤ ᠬᠡᠷ ᠬᠥᠷᠥᠩᠭᠡ 》 ᠶᠢᠨ ᠮᠡᠳᠡᠭᠡ ᠵᠠᠩᠭᠢᠴᠢᠯᠠᠯᠲᠠ ᠶᠢᠨ ᠪᠠᠶᠢᠭᠤᠯᠤᠯᠲᠠ ᠶᠢ ᠠᠬᠢᠭᠤᠯᠵᠤ᠂ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠦᠶᠯᠡᠴᠢᠯᠡᠭᠡᠨ ᠤ ᠰᠢᠰᠲ᠋ᠧᠮ ᠢ ᠲᠠᠰ ᠳᠡᠪᠰᠢᠭᠦᠯᠦᠨ ᠥᠭᠡᠷᠡᠴᠢᠯᠡᠨ ᠪᠠᠶᠢᠭᠤᠯᠬᠤ ᠶᠢ ᠠᠬᠢᠭᠤᠯᠵᠤ᠂ ᠣᠷᠣᠨ ᠰᠠᠭᠤᠴᠠ ᠶᠢᠨ ᠪᠠᠲᠤᠯᠠᠭ᠎ᠠ ᠶᠢᠨ ᠬᠢᠨᠠᠨ ᠬᠡᠮᠵᠢᠵᠦ ᠵᠠᠳᠠᠯᠬᠤ ᠰᠢᠰᠲ᠋ᠧᠮ ᠢ ᠲᠡᠭᠦᠯᠳᠡᠷᠵᠢᠭᠦᠯᠵᠦ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠬᠢᠭᠡᠳ 《 ᠢᠨᠲ᠋ᠧᠷ ᠰᠦᠯᠵᠢᠶ᠎ᠡ + 》 ᠶᠢᠨ ᠭᠦᠨᠵᠡᠭᠡᠶ ᠠᠭᠤᠰᠤᠯᠴᠠᠯ ᠢ ᠠᠬᠢᠭᠤᠯᠵᠤ᠂ ᠤᠶᠤᠨᠲᠤ ᠠᠳᠠᠯ ᠠᠬᠤᠶ ᠶᠢᠨ ᠬᠠᠮᠢᠶᠠᠷᠤᠯᠲᠠ ᠶᠢᠨ ᠦᠶᠯᠡᠴᠢᠯᠡᠭᠡᠨ ᠤ ᠰᠢᠰᠲ᠋ᠧᠮ ᠢ ᠰᠦᠪᠡᠭᠴᠢᠯᠡᠨ ᠪᠠᠶᠢᠭᠤᠯᠤᠨ᠎ᠠ  ᠃  ᠲᠠᠪᠤ ᠳᠤ 《 ᠣᠶᠤᠨᠴᠢ ᠵᠠᠰᠠᠭ ᠤᠨ ᠶᠠᠪᠤᠳᠠᠯ 》 ᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠰᠢᠰᠲ᠋ᠧᠮ ᠢ ᠦᠷᠭᠦᠯᠵᠢᠯᠡᠨ ᠲᠡᠭᠦᠯᠳᠡᠷᠵᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠨᠢᠭᠡ ᠴᠣᠭᠴᠠᠵᠢᠭᠤᠯᠤᠭᠰᠠᠨ ᠬᠠᠮᠢᠶᠠᠷᠤᠯᠲᠠ ᠶᠢ ᠠᠬᠢᠭᠤᠯᠤᠨ᠎ᠠ᠃ ᠵᠢᠷᠭᠤᠭ᠎ᠠ ᠳᠤ 《 ᠤᠶᠤᠨᠲᠤ ᠲᠣᠰᠬᠤᠨ ᠪᠠᠯᠭᠠᠰᠤ 》 ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠠᠬᠢᠭᠤᠯᠵᠤ᠂ ᠲᠣᠰᠬᠤᠨ ᠪᠠᠯᠭᠠᠰᠤ ᠶᠢᠨ ᠮᠡᠳᠡᠭᠡ ᠵᠠᠩᠭᠢᠵᠢᠯᠲᠠ ᠶᠢᠨ ᠰᠢᠰᠲ᠋ᠧᠮ ᠤᠨ ᠪᠦᠷᠬᠦᠴᠡ ᠶᠢᠨ ᠨᠣᠷᠮ᠎ᠠ ᠶᠢ ᠦᠷᠭᠦᠯᠵᠢᠯᠡᠨ ᠳᠡᠭᠡᠭᠰᠢᠯᠡᠭᠦᠯᠵᠦ᠂ ᠬᠥᠳᠡᠭᠡ ᠲᠣᠰᠬᠤᠨ ᠴᠤᠭᠯᠠᠭ᠎ᠠ ᠪᠠᠯᠭᠠᠰᠤ ᠶᠢᠨ ᠪᠥᠲᠥᠭᠡᠨ ᠪᠠᠶᠢᠭᠤᠯᠤᠯᠲᠠ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ  ᠃ ᠳᠣᠯᠤᠭ᠎ᠠ ᠳᠤ ᠪᠠᠷᠢᠮᠵᠢᠶ᠎ᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠠᠮᠤᠷ ᠲᠦᠪᠰᠢᠨ ᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ  ᠃    ( ᠵᠢᠷᠭᠤᠭ᠎ᠠ ) ᠬᠡᠷᠡᠭᠵᠢᠭᠦᠯᠬᠦ ᠲᠥᠯᠥᠪᠯᠡᠭᠡ᠃ ᠪᠦᠬᠦᠯᠢ ᠴᠣᠭᠴᠠ ᠶᠢᠨ ᠲᠥᠯᠥᠪᠵᠢᠭᠦᠯᠭᠡ ᠶᠢ ᠭᠤᠷᠪᠠᠨ ᠶᠡᠭᠡ ᠱᠠᠲᠤ ᠬᠤᠪᠢᠶᠠᠵᠤ᠂ 2021-2022 ᠣᠨ ᠪᠣᠯ ᠲᠥᠯᠥᠪᠵᠢᠭᠦᠯᠭᠡ ᠶᠢ ᠡᠬᠢᠯᠡᠭᠦᠯᠬᠦ ᠱᠠᠲᠤ᠂ 2023-2024 ᠣᠨ ᠪᠣᠯ ᠭᠤᠤᠯ ᠴᠣᠭᠴᠠ ᠶᠢᠨ ᠪᠥᠲᠥᠭᠡᠨ ᠪᠠᠶᠢᠭᠤᠯᠬᠤ ᠱᠠᠲᠤ᠂ 2025 ᠣᠨ ᠪᠣᠯ ᠳ᠋ᠦᠩᠨᠡᠵᠦ ᠦᠨᠡᠯᠡᠨ ᠵᠢᠱᠢᠬᠦ ᠱᠠᠲᠤ ᠪᠣᠯᠤᠨ᠎ᠠ  ᠃    ( ᠳᠣᠯᠤᠭ᠎ᠠ )  ᠪᠠᠲᠤᠯᠠᠭ᠎ᠠ ᠶᠢᠨ ᠠᠷᠭ᠎ᠠ ᠬᠡᠮᠵᠢᠶ᠎ᠡ  ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ᠂ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠬᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠵᠣᠷᠢᠭᠵᠢᠭᠤᠯᠬᠤ ᠪᠠ ᠪᠠᠯᠠ ᠮᠥᠩᠭᠦ ᠶᠢᠨ ᠪᠠᠲᠤᠯᠠᠭ᠎ᠠ ᠶᠢ ᠰᠠᠶᠢᠲᠤᠷ ᠬᠢᠬᠦ ᠳᠥᠷᠪᠡᠨ ᠲᠠᠯ᠎ᠠ ᠠᠴᠠ ᠲᠥᠯᠥᠪᠵᠢᠭᠦᠯᠭᠡ ᠶᠢ ᠨᠠᠶᠢᠳᠠᠪᠤᠷᠢᠵᠢᠭᠤᠯᠤᠨ ᠪᠡᠶᠡᠯᠡᠭᠦᠯᠬᠦ ᠶᠢ ᠪᠠᠲᠤᠯᠠᠬᠤ ᠠᠷᠭ᠎ᠠ ᠬᠡᠮᠵᠢᠶ᠎ᠡ ᠶᠢ ᠲᠣᠳᠣᠷᠬᠠᠶᠢᠯᠠᠨ ᠥᠭᠦᠯᠡᠪᠡ  ᠃    ᠳᠥᠷᠪᠡ᠂ 《 ᠲᠥᠯᠥᠪᠵᠢᠭᠦᠯᠭᠡ 》 ᠶᠢᠨ ᠬᠥᠭᠵᠢᠯᠲᠡ ᠶᠢᠨ ᠬᠠᠷᠠᠯᠲᠠ2025 ᠣᠨ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠲᠥᠷᠥᠯ ᠤᠨ ᠮᠡᠳᠡᠭᠡ ᠵᠠᠩᠭᠢᠵᠢᠯᠲᠠ ᠶᠢᠨ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ BIM᠂ ᠲᠣᠮᠣ ᠳ᠋ᠠᠶᠢᠲ᠋ᠠ᠂ ᠪᠣᠳᠠᠰᠯᠢᠭ ᠬᠤᠯᠪᠣᠭᠠᠲᠤ ᠰᠦᠯᠵᠢᠶ᠎ᠡ ᠵᠡᠷᠭᠡ ᠰᠢᠨ᠎ᠡ ᠮᠡᠷᠭᠡᠵᠢᠯ ᠤᠨ ᠬᠤᠷᠠᠮᠠᠯ ᠬᠡᠷᠡᠭᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠂ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠤᠨ ᠬᠤᠭᠤᠷᠣᠨᠳᠣᠬᠢ ᠳ᠋ᠠᠶᠢᠲ᠋ᠠ ᠶᠢ ᠬᠠᠮᠲᠤᠪᠠᠷ  ᠡᠳ᠋ᠯᠡᠬᠦ ᠶᠢ ᠠᠩᠬ᠎ᠠ ᠠᠯᠬᠤᠮ ᠪᠡᠶᠡᠯᠡᠭᠦᠯᠵᠦ᠂ 《 ᠮᠡᠳᠡᠭᠡ ᠵᠠᠩᠭᠢ ᠶᠢᠨ ᠥᠨᠥᠴᠢᠨ ᠠᠷᠠᠯ 》 ᠢ ᠪᠦᠲᠦᠮᠵᠢᠲᠡᠶ ᠠᠷᠢᠯᠭᠠᠨ᠂ ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠲᠠ ᠶᠢᠨ ᠲᠣᠭᠠᠴᠢᠯᠠᠭᠰᠠᠨ ᠬᠡᠷᠡᠭᠯᠡᠭᠡᠨ ᠤ ᠲᠠᠪᠴᠠᠩ ᠤᠨ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠪᠠ ᠳ᠋ᠠᠶᠢᠲ᠋ᠠ ᠶᠢᠨ ᠵᠠᠰᠠᠯᠲᠠ ᠳᠤᠮᠳᠠᠬᠢ ᠬᠡᠷᠡᠭᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠳ᠋ᠠᠶᠢᠲ᠋ᠠ ᠶᠢᠨ ᠡᠬᠢ ᠪᠠᠶᠠᠯᠢᠭ ᠤᠨ ᠠᠰᠢᠭᠯᠠᠯᠲᠠ ᠶᠢᠨ ᠬᠢᠷᠢ ᠬᠡᠮᠵᠢᠶ᠎ᠡ ᠪᠠ ᠮᠡᠳᠡᠭᠡ ᠵᠠᠩᠭᠢ ᠶᠢᠨ ᠦᠶᠯᠡᠴᠢᠯᠡᠭᠡᠨ ᠤ ᠴᠢᠳᠠᠪᠤᠷᠢ ᠶᠢ ᠢᠯᠡᠳᠲᠡ ᠳᠡᠭᠡᠭᠰᠢᠯᠡᠭᠦᠯᠦᠨ᠂ ᠲᠣᠮᠣ ᠳ᠋ᠠᠶᠢᠲ᠋ᠠ ᠳᠤ ᠰᠠᠭᠤᠷᠢᠯᠠᠭᠰᠠᠨ ᠲᠣᠭᠠᠴᠢᠯᠠᠭᠰᠠᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠵᠤ᠂ ᠳ᠋ᠠᠶᠢᠲ᠋ᠠ ᠳᠤ ᠰᠠᠭᠤᠷᠢᠯᠠᠭᠰᠠᠨ ᠬᠥᠳᠡᠯᠦᠩᠭᠦᠶ ᠬᠢᠨᠠᠯᠲᠠ ᠬᠠᠮᠢᠶᠠᠷᠤᠯᠲᠠ ᠪᠠ ᠰᠢᠨᠵᠢᠯᠡᠬᠦ ᠤᠬᠠᠭᠠᠨᠴᠢ ᠰᠢᠶᠳᠪᠦᠷᠢᠲᠦ ᠪᠣᠳᠣᠯᠭ᠎ᠠ ᠶᠢ ᠪᠡᠶᠡᠯᠡᠭᠦᠯᠦᠨ᠎ᠡ  ᠃     ( ᠲᠠᠶᠢᠯᠪᠤᠷᠢᠯᠠᠭᠴᠢ᠄ ᠶᠠᠨ ᠬᠠᠢ ᠰᠢᠶᠠ᠂ ᠬᠠᠷᠢᠯᠴᠠᠬᠤ  ᠬᠡᠯᠪᠡᠷᠢ ᠄ 0471 - 5611711 )  ᠃ 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ