2 ᠰᠠᠷ᠎ᠠ ᠶᠢᠨ 14 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ | ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠢᠷᠠᠨ ᠤ ᠶᠡᠷᠦᠩᠬᠡᠶᠢᠯᠡᠭᠴᠢ ᠯᠠᠶᠢᠰᠢ ᠲᠠᠢ ᠬᠡᠯᠡᠯᠴᠡᠭᠡ ᠬᠢᠪᠡ᠃ | | | | 2 ᠰᠠᠷ᠎ᠠ ᠶᠢᠨ 14 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ | ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠢᠷᠠᠨ ᠤ ᠶᠡᠷᠦᠩᠬᠡᠶᠢᠯᠡᠭᠴᠢ ᠯᠠᠶᠢᠰᠢ ᠲᠠᠢ ᠬᠡᠯᠡᠯᠴᠡᠭᠡ ᠬᠢᠪᠡ᠃ ᠵᠢᠷᠤᠭ ᠪᠣᠯ ᠬᠡᠯᠡᠯᠴᠡᠭᠡ | ᠬᠢᠬᠦ ᠠᠴᠠ ᠡᠮᠦᠨ᠎ᠡ᠂ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠤᠨ ᠬᠤᠶᠢᠲᠤ ᠶᠡᠭᠡ ᠲᠢᠩᠬᠢᠮ ᠳᠤ ᠯᠠᠶᠢᠰᠢ ᠶᠢ ᠤᠭᠲᠤᠬᠤ ᠶᠣᠰᠣᠯᠠᠯ | ᠶᠠᠪᠤᠭᠳᠠᠭᠤᠯᠵᠤ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠶᠠᠨ ᠶᠠᠨ ᠰᠡᠭᠦᠳᠡᠷᠯᠡᠪᠡ | ᠰᠢ ᠶᠢᠨ ᠫᠢᠩ᠂ ᠳᠤᠮᠳᠠᠳᠤ ᠢᠷᠠᠨ ᠬᠤᠶᠠᠷ ᠤᠯᠤᠰ ᠨᠥᠭᠦᠷᠰᠡᠭ ᠤᠯᠠᠮᠵᠢᠯᠠᠯ ᠲᠠᠢ ᠪᠠᠶᠢᠵᠤ᠂ ᠬᠤᠶᠠᠷ ᠤᠯᠤᠰ ᠤᠨ ᠬᠠᠷᠢᠯᠴᠠᠭ᠎ᠠ ᠡᠯ᠎ᠡ ᠵᠦᠢᠯ ᠤᠨ | ᠳᠡᠯᠡᠬᠡᠢ ᠶᠢᠨ ᠤᠷᠪᠠᠭᠠᠨ ᠬᠥᠷᠪᠡᠭᠡᠨ ᠤ ᠰᠢᠯᠭᠠᠯᠲᠠ ᠶᠢ ᠳᠠᠭᠠᠭᠠᠵᠤ ᠴᠢᠳᠠᠬᠤ ᠶᠤᠮ᠃ ᠣᠳᠣᠬᠠᠨ ᠤ ᠳᠡᠯᠡᠬᠡᠢ ᠶᠢᠨ ᠬᠤᠪᠢᠷᠠᠯᠲᠠ᠂ ᠴᠠᠭ ᠦᠶ᠎ᠡ ᠶᠢᠨ ᠬᠤᠪᠢᠷᠠᠯᠲᠠ᠂ | ᠲᠡᠦᠬᠡ ᠶᠢᠨ ᠬᠤᠪᠢᠷᠠᠯᠲᠠ ᠶᠢᠨ ᠪᠤᠳᠤᠯᠢᠶᠠᠨᠲᠠᠢ ᠪᠠᠶᠢᠳᠠᠯ ᠤᠨ ᠡᠮᠦᠨ᠎ᠡ᠂ ᠳᠤᠮᠳᠠᠳᠤ ᠢᠷᠠᠨ ᠬᠠᠷᠢᠯᠴᠠᠨ ᠳᠡᠮᠵᠢᠵᠦ᠂ ᠪᠦᠯᠬᠦᠮᠳᠡᠨ ᠬᠠᠮᠵᠢᠯᠴᠠᠵᠤ᠂ ᠭᠠᠷ ᠬᠤᠯᠪᠣᠨ | ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠲᠠᠢ ᠲᠡᠮᠡᠴᠡᠵᠦ᠂ ᠪᠠᠶᠢᠯᠳᠤᠬᠤ ᠪᠣᠳᠣᠯᠭ᠎ᠠ ᠶᠢᠨ ᠢᠲᠡᠭᠡᠯᠴᠡᠭᠡ ᠲᠠᠰᠤᠷᠠᠯᠲᠠ ᠦᠭᠡᠢ ᠪᠠᠬᠢᠵᠢᠵᠦ᠂ | ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠯᠠᠪᠳᠠᠭᠤᠨ ᠢᠶᠠᠷ ᠠᠬᠢᠵᠤ᠂ ᠬᠠᠮᠲᠤ ᠶᠢᠨ ᠠᠰᠢᠭ ᠲᠤᠰᠠ ᠶᠢ ᠠᠬᠢᠭᠤᠯᠵᠤ᠂ ᠳᠡᠯᠡᠬᠡᠢ ᠶᠢᠨ ᠲᠥᠪ ᠭᠤᠤᠯᠴᠢ ᠰᠢᠳᠤᠷᠭᠤ | ᠶᠣᠰᠣ ᠶᠢ ᠬᠠᠮᠠᠭᠠᠯᠠᠵᠤ᠂ ᠳᠤᠮᠳᠠᠳᠤ ᠢᠷᠠᠨ ᠤ ᠨᠥᠬᠦᠷᠯᠡᠯ ᠤᠨ ᠰᠢᠨ᠎ᠡ ᠬᠠᠭᠤᠳᠠᠰᠤ ᠶᠢ ᠪᠢᠴᠢᠭᠯᠡᠪᠡ᠃ ᠳᠤᠮᠳᠠᠳᠤ ᠤᠯᠤᠰ ᠶᠠᠭ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠪᠠ | ᠥᠨᠳᠥᠷ ᠲᠦᠪᠰᠢᠨ ᠪᠦᠬᠦᠢ ᠨᠡᠭᠡᠭᠡᠯᠲᠡ ᠶᠢ ᠡᠷᠡᠰ ᠭᠤᠶᠢᠪᠢᠰᠢ ᠦᠭᠡᠢ ᠠᠬᠢᠭᠤᠯᠵᠤ᠂ ᠳᠡᠯᠡᠬᠡᠢ ᠶᠢᠨ ᠡᠩᠬᠡ ᠲᠠᠶᠢᠪᠤᠩ ᠢ ᠡᠷᠡᠰ ᠭᠤᠶᠢᠪᠢᠰᠢ ᠦᠭᠡᠢ ᠬᠠᠮᠠᠭᠠᠯᠠᠵᠤ᠂ | ᠬᠠᠮᠲᠤ ᠶᠢᠨ ᠬᠥᠭᠵᠢᠯᠲᠡ ᠶᠢ ᠠᠬᠢᠭᠤᠯᠵᠤ ᠪᠠᠶᠢᠨ᠎ᠠ᠃ ᠳᠤᠮᠳᠠᠳᠤ ᠤᠯᠤᠰ ᠢᠮᠠᠭᠲᠠ ᠪᠠᠶᠢᠯᠳᠤᠬᠤ ᠪᠣᠳᠣᠯᠭ᠎ᠠ ᠶᠢᠨ ᠥᠨᠳᠥᠷᠴᠡ ᠠᠴᠠ ᠳᠤᠮᠳᠠᠳᠤ ᠢᠷᠠᠨ ᠤ | ᠬᠠᠷᠢᠯᠴᠠᠭ᠎ᠠ ᠳᠤ ᠬᠠᠨᠳᠤᠬᠤ ᠪᠠ ᠬᠥᠭᠵᠢᠭᠦᠯᠵᠦ᠂ ᠳᠡᠯᠡᠬᠡᠢ ᠶᠢᠨ ᠪᠠ ᠭᠠᠵᠠᠷ ᠣᠷᠣᠨ ᠤ ᠪᠠᠶᠢᠳᠠᠯ ᠳᠤ ᠶᠠᠮᠠᠷ ᠬᠤᠪᠢᠷᠠᠯᠲᠠ ᠭᠠᠷᠤᠭᠰᠠᠨ ᠴᠤ᠂ ᠳᠤᠮᠳᠠᠳᠤ ᠤᠯᠤᠰ | ᠪᠦᠷ ᠢᠷᠠᠨ ᠯᠤᠭ᠎ᠠ ᠶᠢᠨ ᠨᠥᠭᠦᠷᠰᠡᠭ ᠬᠠᠮᠲᠤᠷᠠᠯᠴᠠᠭ᠎ᠠ ᠪᠠᠨ ᠡᠷᠡᠰ ᠭᠤᠶᠢᠪᠢᠰᠢ ᠦᠭᠡᠢ ᠬᠥᠭᠵᠢᠭᠦᠯᠵᠦ᠂ ᠳᠤᠮᠳᠠᠳᠤ ᠢᠷᠠᠨ ᠤ ᠪᠦᠭᠦ ᠲᠠᠯ᠎ᠠ ᠶᠢᠨ ᠪᠠᠶᠢᠯᠳᠤᠬᠤ | ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠲᠠᠰᠤᠷᠠᠯᠳᠡ ᠦᠭᠡᠢ ᠰᠢᠨ᠎ᠡ ᠬᠥᠭᠵᠢᠯᠲᠡ ᠲᠠᠢ ᠪᠤᠯᠬᠤ ᠶᠢ ᠠᠬᠢᠭᠤᠯᠵᠤ᠂ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ | ᠬᠤᠪᠢᠰᠤᠯᠲᠠ ᠶᠢᠨ ᠳᠤᠮᠳᠠ ᠳᠡᠯᠡᠬᠡᠢ ᠶᠢᠨ ᠡᠩᠬᠡ ᠲᠠᠶᠢᠪᠤᠩ ᠪᠣᠯᠣᠨ ᠬᠥᠮᠥᠨ ᠲᠥᠷᠥᠯᠬᠢᠲᠡᠨ ᠤ ᠲᠠᠪᠰᠢᠯᠳᠠ ᠳᠤ ᠢᠳᠡᠪᠬᠢᠲᠡᠢ ᠦᠢᠯᠡᠳᠦᠯ ᠦᠵᠡᠭᠦᠯᠦᠨ᠎ᠡ ᠭᠡᠵᠦ | ᠵᠢᠭᠠᠵᠤ ᠭᠠᠷᠭᠠᠪᠠ᠃ | ᠰᠢ ᠶᠢᠨ ᠫᠢᠩ᠂ ᠳᠤᠮᠳᠠᠳᠤ ᠶᠢᠨ ᠲᠠᠯ᠎ᠠ ᠢᠷᠠᠠ ᠤ ᠲᠠᠯ᠎ᠠ ᠶᠢᠨ ᠬᠢᠨ ᠤ ᠤᠯᠤᠰ ᠤᠨ ᠡᠷᠬᠡ ᠮᠡᠲᠡᠯ ᠲᠤᠰᠠᠭᠠᠷ ᠲᠣᠭᠲᠠᠨᠢᠯ᠂ ᠨᠤᠲᠤᠭ ᠳᠡᠪᠢᠰᠬᠡᠷ ᠤᠨ ᠪᠦᠷᠢᠨ | ᠪᠦᠲᠦᠨ᠂ ᠦᠨᠳᠦᠰᠦᠲᠡᠨ ᠤ ᠨᠡᠷ᠎ᠡ ᠬᠦᠨᠳᠦ ᠪᠠᠨ ᠬᠠᠮᠠᠭᠠᠯᠠᠬᠤ ᠶᠢ ᠲᠡᠮᠵᠢᠵᠦ᠂ ᠢᠷᠠᠠ ᠤ ᠲᠠᠯ᠎ᠠ ᠶᠢᠨ ᠬᠢᠨ ᠤ ᠭᠠᠭᠴᠠ ᠲᠠᠯᠠᠲᠤ ᠦᠵᠡᠯ᠂ ᠡᠵᠡᠷᠬᠡᠭ ᠦᠵᠡᠯ ᠢ | ᠡᠰᠡᠷᠭᠦᠴᠡᠬᠦ ᠶᠢ ᠲᠡᠮᠵᠢᠵᠦ᠂ ᠭᠠᠳᠠᠭᠠᠳᠤ ᠶᠢᠨ ᠬᠦᠴᠦᠨ ᠤ ᠢᠷᠠᠠ ᠤ ᠳᠣᠲᠣᠭᠠᠳᠤ ᠵᠠᠰᠠᠭ ᠲᠤ ᠭᠠᠷ ᠲᠦᠷᠦᠭᠦ᠂ ᠢᠷᠠᠠ ᠤ ᠠᠮᠤᠷ ᠲᠦᠪᠰᠢᠨ ᠲᠣᠭᠲᠠᠭᠤᠨ ᠢ | ᠡᠪᠳᠡᠭᠦ ᠶᠢ ᠡᠰᠡᠷᠭᠦᠴᠡᠵᠦ᠂ ᠳᠤᠷᠠᠲᠠᠶ᠎ᠠ ᠲᠤᠰ ᠲᠤᠰ ᠤᠨ ᠢᠶᠠᠨ ᠭᠤᠣᠯᠯᠠᠭᠴᠢ ᠠᠰᠢᠭ ᠲᠤᠰᠠ ᠳᠤ ᠬᠤᠯᠪᠣᠭᠳᠠᠭᠰᠠᠨ ᠠᠰᠠᠭᠤᠳᠠᠯ ᠳᠡᠭᠡᠷ᠎ᠡ ᠢᠷᠠᠠ ᠤ ᠲᠠᠯ᠎ᠠ ᠯᠤᠭ᠎ᠠ | ᠬᠠᠷᠢᠯᠴᠠᠨ ᠡᠷᠡᠰ ᠲᠡᠮᠵᠢᠨ᠎ᠠ᠃ ᠳᠤᠮᠳᠠᠳᠤ ᠤᠯᠤᠰ ᠳᠤᠷᠠᠲᠠᠶ᠎ᠠ ᠢᠷᠠᠨ ᠯᠤᠭ᠎ᠠ ᠬᠤᠶᠠᠷ ᠤᠯᠤᠰ ᠤᠨ ᠪᠦᠭᠦ ᠲᠠᠯ᠎ᠠ ᠶᠢᠨ ᠬᠠᠮᠲᠤᠷᠠᠯᠴᠠᠭᠠᠨ ᠤ ᠲᠥᠯᠥᠪᠯᠡᠭᠡ ᠶᠢ | ᠰᠠᠶᠢᠲᠤᠷ ᠨᠠᠶᠢᠳᠠᠪᠤᠷᠢᠵᠢᠭᠤᠯᠵᠤ᠂ ᠠᠷᠠᠯᠵᠢᠶ᠎ᠠ᠂ ᠬᠥᠳᠡᠭᠡ ᠠᠵᠤ ᠠᠬᠤᠢ᠂ ᠠᠵᠤ ᠦᠢᠯᠡᠳᠪᠦᠷᠢ᠂ ᠰᠠᠭᠤᠷᠢ ᠲᠥᠬᠦᠭᠡᠷᠦᠮᠵᠢ ᠵᠡᠷᠭᠡ ᠬᠦᠷᠢᠶᠡᠨ ᠳᠠᠬᠢ ᠪᠣᠳᠠᠲᠠᠢ ᠶᠢ | ᠡᠷᠬᠢᠮᠯᠡᠭᠰᠡᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠢᠷᠠᠨ ᠤ ᠴᠢᠨᠠᠷ ᠰᠠᠶᠢᠲᠠᠢ ᠬᠥᠳᠡᠭᠡ ᠠᠵᠤ ᠠᠬᠤᠢ ᠶᠢᠨ ᠪᠦᠲᠦᠭᠡᠭᠳᠡᠬᠦᠨ ᠢ ᠨᠡᠩ ᠤᠯᠠᠨ ᠣᠷᠣᠭᠤᠯᠤᠨ | ᠠᠪᠴᠢᠷᠠᠨ᠎ᠠ᠃ ᠳᠤᠮᠳᠠᠳᠤ ᠤᠯᠤᠰ ᠳᠤᠷᠠᠲᠠᠶ᠎ᠠ ᠢᠷᠠᠨ ᠯᠤᠭ᠎ᠠ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠬᠠᠮᠲᠤᠷᠠᠯᠴᠠᠭ᠎ᠠ ᠶᠢ | ᠦᠷᠭᠦᠯᠵᠢᠯᠡᠨ ᠥᠷᠨᠢᠭᠦᠯᠵᠦ᠂ ᠬᠤᠯᠪᠣᠯᠳᠤᠨ ᠨᠡᠪᠲᠡᠷᠡᠯᠴᠡᠬᠦ ᠶᠢ ᠠᠬᠢᠭᠤᠯᠵᠤ᠂ ᠰᠣᠶᠣᠯ ᠢᠷᠭᠡᠨᠰᠢᠯ ᠤᠨ ᠰᠣᠯᠢᠯᠴᠠᠭ᠎ᠠ ᠶᠢ ᠥᠷᠭᠡᠳᠬᠡᠨ᠎ᠡ ᠭᠡᠵᠦ ᠴᠢᠬᠤᠯᠠᠴᠢᠯᠠᠪᠠ᠃ | ᠰᠢ ᠶᠢᠨ ᠫᠢᠩ᠂ ᠳᠤᠮᠳᠠᠳᠤ ᠳᠣᠷᠣᠨᠠᠲᠤ ᠶᠢᠨ ᠲᠣᠭᠲᠠᠭᠤᠨ ᠢ ᠬᠠᠮᠠᠭᠠᠯᠠᠬᠤ ᠨᠢ ᠭᠠᠵᠠᠷ ᠣᠷᠣᠨ ᠤ ᠤᠯᠤᠰ ᠪᠣᠯᠣᠨ ᠠᠷᠠᠳ ᠲᠦᠮᠡᠨ ᠤ ᠪᠤᠶᠠᠨ ᠵᠢᠷᠭᠠᠯ ᠳᠤ | ᠬᠤᠯᠪᠣᠭᠳᠠᠵᠤ᠂ ᠳᠡᠯᠡᠬᠡᠢ ᠶᠢᠨ ᠡᠩᠬᠡ ᠲᠠᠶᠢᠪᠤᠩ ᠢ ᠬᠠᠮᠠᠭᠠᠯᠠᠬᠤ᠂ ᠪᠦᠭᠦ ᠪᠥᠮᠪᠥᠷᠴᠡᠭ ᠤᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ᠂ ᠡᠨᠧᠷᠭᠢ ᠶᠢᠨ | ᠲᠣᠭᠲᠠᠭᠤᠨ ᠬᠠᠩᠭᠠᠯᠭ᠎ᠠ ᠶᠢ ᠪᠠᠲᠤᠯᠠᠬᠤ ᠳᠤ ᠲᠦᠢᠯ ᠤᠨ ᠴᠢᠬᠤᠯᠠ ᠶᠤᠮ᠃ ᠢᠷᠠᠨ ᠤ ᠬᠢᠨ ᠤ ᠳᠤᠷᠠᠲᠠᠶ᠎ᠠ ᠡᠷᠭᠢᠨ ᠲᠣᠭᠤᠷᠢᠨ ᠤ ᠬᠥᠷᠰᠢ ᠤᠯᠤᠰ ᠯᠤᠭ᠎ᠠ ᠶᠢᠨ | ᠬᠠᠷᠢᠯᠴᠠᠭ᠎ᠠ ᠪᠠᠨ ᠢᠳᠡᠪᠬᠢᠲᠡᠢ ᠰᠠᠶᠢᠵᠢᠷᠠᠭᠤᠯᠵᠤ᠂ ᠭᠠᠵᠠᠷ ᠣᠷᠣᠨ ᠤ ᠤᠯᠤᠰ ᠤᠳ ᠤᠨ ᠶᠠᠷᠢᠯᠴᠠᠭ᠎ᠠ ᠵᠥᠪᠳᠡᠯᠴᠡᠭᠡ ᠪᠠᠷ ᠳᠠᠮᠵᠢᠨ ᠵᠥᠷᠢᠴᠡᠯ ᠢ ᠰᠢᠢᠳᠪᠦᠷᠢᠯᠡᠵᠦ᠂ | ᠡᠶᠡᠯᠳᠡᠭ ᠬᠥᠷᠰᠢ ᠶᠢᠨ ᠨᠥᠭᠦᠷᠰᠡᠭ ᠬᠠᠷᠢᠯᠴᠠᠭ᠎ᠠ ᠪᠠᠨ ᠪᠡᠶᠡᠯᠡᠭᠦᠯᠬᠦ ᠶᠢ ᠳᠡᠮᠵᠢᠵᠦ᠂ ᠳᠤᠷᠠᠲᠠᠶ᠎ᠠ ᠭᠠᠵᠠᠷ ᠣᠷᠣᠨ ᠤ ᠡᠩᠬᠡ ᠲᠠᠶᠢᠪᠤᠩ ᠲᠣᠭᠲᠠᠭᠤᠨ ᠢ | ᠠᠬᠢᠭᠤᠯᠬᠤ ᠳᠤ ᠦᠷᠭᠦᠯᠵᠢᠯᠡᠨ ᠪᠦᠲᠦᠭᠡᠯᠴᠢ ᠴᠢᠨᠠᠷᠲᠠᠢ ᠦᠢᠯᠡᠳᠦᠯ ᠦᠵᠡᠭᠦᠯᠭᠦ ᠶᠢ ᠲᠤᠮᠳᠠᠳᠤ ᠤᠯᠤᠰ ᠮᠠᠭᠲᠠᠨ ᠰᠠᠶᠢᠰᠢᠶᠠᠵᠤ ᠪᠠᠶᠢᠨ᠎ᠠ᠃ ᠳᠤᠮᠳᠠᠳᠤ ᠤᠯᠤᠰ | ᠳᠤᠷᠠᠲᠠᠶ᠎ᠠ ᠢᠷᠠᠨ ᠯᠤᠭ᠎ᠠ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠵᠡᠷᠭᠡ ᠤᠯᠠᠨ ᠲᠠᠯᠠᠲᠤ | ᠲᠠᠪᠴᠠᠩ ᠳᠠᠬᠢ ᠣᠯᠣᠯᠴᠠᠭ᠎ᠠ ᠪᠠ ᠬᠠᠮᠵᠢᠯᠴᠠᠭ᠎ᠠ ᠪᠠᠨ ᠴᠢᠩᠭᠠᠳᠬᠠᠵᠤ᠂ ᠵᠢᠩᠬᠢᠨᠢ ᠤᠯᠠᠨ ᠲᠠᠯᠠᠲᠤ ᠦᠵᠡᠯ ᠢ ᠦᠢᠯᠡᠳᠦᠯᠭᠡᠵᠢᠭᠦᠯᠵᠦ᠂ ᠬᠥᠭᠵᠢᠵᠦ ᠪᠠᠶᠢᠭ᠎ᠠ | ᠤᠯᠤᠰ ᠤᠳ ᠤᠨ ᠬᠠᠮᠲᠤ ᠶᠢᠨ ᠠᠰᠢᠭ ᠲᠤᠰᠠ ᠶᠢ ᠬᠠᠮᠠᠭᠠᠯᠠᠨ᠎ᠠ᠃ ᠳᠤᠮᠳᠠᠳᠤ ᠤᠯᠤᠰ ᠢᠷᠠᠨ ᠤ ᠴᠥᠮ᠎ᠡ ᠶᠢᠨ ᠠᠰᠠᠭᠤᠳᠠᠯ ᠤᠨ ᠪᠦᠭᠦ ᠲᠠᠯ᠎ᠠ ᠶᠢᠨ ᠵᠥᠪᠯᠡᠯᠴᠡᠭᠡᠷ ᠢ | ᠰᠡᠷᠭᠦᠭᠡᠨ ᠬᠡᠷᠡᠭᠵᠢᠭᠦᠯᠬᠦ ᠬᠡᠯᠡᠯᠴᠡᠭᠡ ᠳᠤ ᠦᠷᠭᠦᠯᠵᠢᠯᠡᠨ ᠪᠦᠲᠦᠭᠡᠯᠴᠢ ᠴᠢᠨᠠᠷᠲᠠᠢ ᠪᠠᠷ ᠣᠷᠣᠯᠴᠠᠵᠤ᠂ ᠢᠷᠠᠨ ᠤ ᠵᠦᠢ ᠶᠣᠰᠣᠨ ᠤ ᠬᠠᠤᠯᠢ ᠶᠣᠰᠣᠨ ᠤ ᠡᠷᠬᠡ | ᠠᠰᠢᠭ ᠢᠶᠠᠨ ᠬᠠᠮᠠᠭᠠᠯᠠᠬᠤ ᠶᠢ ᠳᠡᠮᠵᠢᠵᠦ᠂ ᠢᠷᠠᠨ ᠤ ᠴᠥᠮ᠎ᠡ ᠶᠢᠨ ᠠᠰᠠᠭᠤᠳᠠᠯ ᠢ ᠡᠷᠲᠡᠬᠡᠨ ᠵᠣᠬᠢᠰᠲᠠᠢ ᠰᠢᠢᠳᠪᠦᠷᠢᠯᠡᠬᠦ ᠶᠢ ᠠᠬᠢᠭᠤᠯᠤᠨ᠎ᠠ ᠭᠡᠵᠦ ᠵᠢᠭᠠᠵᠤ ᠭᠠᠷᠭᠠᠪᠠ᠃ | | ᠯᠠᠶᠢᠰᠢ᠂ ᠢᠷᠠᠨ ᠳᠤᠮᠳᠠᠳᠤ ᠶᠢᠨ ᠨᠥᠬᠦᠷᠯᠡᠯ ᠰᠢᠯᠭᠠᠯᠲᠠ ᠶᠢ ᠳᠠᠭᠠᠭᠠᠵᠤ᠂ ᠶᠠᠪᠤᠬᠤ ᠲᠤᠳᠤᠮ ᠪᠠᠬᠢᠵᠢᠪᠡ᠃ ᠪᠡᠶ᠎ᠡ ᠪᠠᠨ ᠳᠠᠭᠠᠭᠠᠵᠤ ᠡᠵᠡᠨ ᠮᠡᠳᠡᠭᠰᠡᠨ ᠬᠤᠶᠠᠷ | ᠲᠣᠮᠣ ᠤᠯᠤᠰ ᠪᠣᠯᠤᠭᠰᠠᠨ ᠤ ᠬᠤᠪᠢ ᠳᠤ᠂ ᠢᠷᠠᠨ ᠳᠤᠮᠳᠠᠳᠤ ᠶᠢᠨ ᠬᠠᠷᠢᠯᠴᠠᠭ᠎ᠠ ᠨᠢ ᠬᠠᠷᠢᠯᠴᠠᠨ ᠬᠦᠨᠳᠦᠳᠬᠡᠬᠦ ᠵᠣᠷᠢᠭ ᠰᠠᠨᠠᠭ᠎ᠠ ᠳᠤ ᠰᠠᠭᠤᠷᠢᠯᠠᠵᠤ᠂ ᠬᠠᠷᠢᠯᠴᠠᠨ | ᠢᠲᠡᠭᠡᠮᠵᠢᠲᠡᠢ ᠦᠨᠡᠨᠴᠢ ᠰᠢᠳᠤᠷᠭᠤ ᠪᠠᠶᠢᠯᠳᠤᠬᠤ ᠪᠣᠳᠣᠯᠭ᠎ᠠ ᠶᠢᠨ ᠬᠠᠨᠢᠲᠠᠨ ᠪᠣᠯᠣᠨ᠎ᠠ᠃ ᠢᠷᠠᠨ ᠤ ᠬᠢᠨ ᠤ ᠢᠷᠠᠨ ᠳᠤᠮᠳᠠᠳᠤ ᠶᠢᠨ ᠪᠦᠭᠦ ᠲᠠᠯ᠎ᠠ ᠶᠢᠨ ᠪᠠᠶᠢᠯᠳᠤᠬᠤ | ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢ ᠭᠦᠨᠵᠡᠭᠡᠶᠢᠷᠡᠭᠦᠯᠦᠨ ᠳᠡᠭᠡᠭᠰᠢᠯᠡᠭᠦᠯᠭᠦ ᠪᠠᠷ ᠬᠦᠴᠦᠯᠡᠨ ᠴᠢᠷᠮᠠᠶᠢᠬᠤ ᠵᠣᠷᠢᠭ ᠡᠷᠡᠰ ᠭᠤᠶᠢᠪᠢᠰᠢ ᠦᠭᠡᠢ᠂ ᠶᠠᠮᠠᠷᠪᠠ | ᠳᠡᠯᠡᠬᠡᠢ ᠶᠢᠨ ᠪᠠ ᠭᠠᠵᠠᠷ ᠣᠷᠣᠨ ᠤ ᠪᠠᠶᠢᠳᠠᠯ ᠤᠨ ᠬᠤᠪᠢᠷᠠᠯᠲᠠ ᠳᠤ ᠨᠥᠯᠥᠭᠡᠯᠡᠭᠳᠡᠬᠦ ᠦᠭᠡᠢ ᠶᠤᠮ᠃ ᠢᠷᠠᠨ ᠤ ᠬᠢᠨ ᠳᠤᠮᠳᠠᠳᠤ ᠤᠯᠤᠰ ᠯᠤᠭ᠎ᠠ ᠡᠯ᠎ᠡ ᠲᠡᠰ | ᠳᠠᠪᠬᠤᠷᠭ᠎ᠠ ᠶᠢᠨ ᠶᠠᠪᠤᠯᠴᠠᠭ᠎ᠠ ᠪᠠᠨ ᠴᠢᠩᠭᠠᠳᠬᠠᠵᠤ᠂ ᠢᠷᠠᠨ ᠳᠤᠮᠳᠠᠳᠤ ᠶᠢᠨ ᠪᠦᠭᠦ ᠲᠠᠯ᠎ᠠ ᠶᠢᠨ ᠬᠠᠮᠲᠤᠷᠠᠯᠴᠠᠭᠠᠨ ᠤ ᠲᠥᠯᠥᠪᠯᠡᠭᠡ ᠶᠢ ᠰᠠᠶᠢᠲᠤᠷ | ᠨᠠᠶᠢᠳᠠᠪᠤᠷᠢᠵᠢᠭᠤᠯᠵᠤ᠂ ᠠᠷᠠᠯᠵᠢᠶ᠎ᠠ᠂ ᠰᠠᠭᠤᠷᠢ ᠲᠥᠬᠦᠭᠡᠷᠦᠮᠵᠢ ᠵᠡᠷᠭᠡ ᠬᠦᠷᠢᠶᠡᠨ ᠳᠠᠬᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠶᠢ | ᠬᠦᠰᠡᠵᠦ ᠪᠠᠶᠢᠨ᠎ᠠ᠂ ᠳᠤᠮᠳᠠᠳᠤ ᠤᠯᠤᠰ ᠤᠨ ᠠᠵᠤ ᠠᠬᠤᠶᠢᠯᠠᠯ ᠤᠨ ᠢᠷᠠᠨ ᠳᠤ ᠬᠦᠷᠴᠦ ᠪᠡᠯᠡ ᠣᠷᠣᠭᠤᠯᠬᠤ ᠶᠢ ᠪᠠᠶᠠᠷᠯᠠᠨ ᠤᠭᠲᠤᠵᠤ ᠪᠠᠶᠢᠨ᠎ᠠ᠂ ᠳᠤᠮᠳᠠᠳᠤ | ᠤᠯᠤᠰ ᠤᠨ ᠨᠡᠩ ᠤᠯᠠᠨ ᠵᠢᠭᠤᠯᠴᠢᠯᠠᠬᠰᠡᠳ ᠤᠨ ᠢᠷᠠᠨ ᠳᠤ ᠬᠦᠷᠴᠦ ᠵᠢᠭᠤᠯᠴᠢᠯᠠᠬᠤ ᠶᠢ ᠬᠦᠰᠡᠵᠦ ᠪᠠᠶᠢᠨ᠎ᠠ᠃ ᠳᠤᠮᠳᠠᠳᠤ ᠤᠯᠤᠰ ᠤᠨ ᠢᠷᠡᠨ ᠤ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠲᠠᠢ ᠲᠡᠮᠡᠴᠡᠬᠦ ᠳᠤ ᠡᠷᠬᠢᠮ ᠨᠠᠨᠳᠢᠨ ᠬᠠᠪᠰᠤᠷᠤᠯᠭ᠎ᠠ ᠦᠵᠡᠭᠦᠯᠦᠭᠰᠡᠨ ᠳᠤ ᠲᠠᠯᠠᠷᠬᠠᠵᠤ ᠪᠠᠶᠢᠨ᠎ᠠ᠂ ᠳᠤᠮᠳᠠᠳᠤ | ᠤᠯᠤᠰ ᠤᠨ ᠢᠷᠡᠨ ᠤ ᠴᠥᠮ᠎ᠡ ᠶᠢᠨ ᠠᠰᠠᠭᠤᠳᠠᠯ ᠤᠨ ᠪᠦᠭᠦ ᠲᠠᠯ᠎ᠠ ᠶᠢᠨ ᠵᠥᠪᠯᠡᠯᠴᠡᠭᠡᠷ ᠬᠡᠯᠡᠯᠴᠡᠭᠡ ᠬᠢᠬᠦ ᠵᠡᠷᠭᠡ ᠠᠰᠠᠭᠤᠳᠠᠯ ᠤᠨ ᠲᠠᠯ᠎ᠠ ᠪᠠᠷ ᠭᠤᠣᠯᠴᠢ ᠶᠢ | ᠪᠠᠷᠢᠮᠲᠠᠯᠠᠭᠰᠠᠨ ᠳᠤ ᠲᠠᠯᠠᠷᠬᠠᠵᠤ ᠪᠠᠶᠢᠨ᠎ᠠ᠃ ᠢᠷᠠᠨ ᠤ ᠬᠢᠨ ᠳᠤᠮᠳᠠᠳᠤ ᠤᠯᠤᠰ ᠤᠨ ᠳᠤᠷᠠᠳᠤᠭᠰᠠᠨ ︽ᠨᠢᠭᠡ ᠪᠦᠰᠡ ᠨᠢᠭᠡ ᠵᠠᠮ︾ ᠤᠨ ᠰᠠᠨᠠᠭᠠᠴᠢᠯᠠᠭ᠎ᠠ᠂ ᠪᠦᠭᠦ | ᠪᠥᠮᠪᠥᠷᠴᠡᠭ ᠤᠨ ᠬᠥᠭᠵᠢᠭᠦᠯᠦᠯᠲᠡ ᠶᠢᠨ ᠰᠠᠨᠠᠭᠠᠴᠢᠯᠠᠭ᠎ᠠ ᠪᠣᠯᠣᠨ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ ᠶᠢ ᠡᠷᠡᠰ ᠳᠡᠮᠵᠢᠵᠦ᠂ ᠢᠳᠡᠪᠬᠢᠲᠡᠢ | ᠣᠷᠣᠯᠴᠠᠨ᠎ᠠ᠃ ᠢᠷᠠᠨ ᠳᠤᠮᠳᠠᠳᠤ ᠤᠯᠤᠰ ᠴᠥᠮ ᠭᠠᠭᠴᠠ ᠲᠠᠯᠠᠲᠤ ᠦᠵᠡᠯ ᠪᠣᠯᠣᠨ ᠡᠵᠡᠷᠬᠡᠬᠦ ᠦᠵᠡᠯ ᠡᠵᠡᠷᠬᠡᠭᠯᠡᠯ ᠳᠠᠷᠤᠯᠠᠯ ᠢ ᠡᠷᠡᠰ ᠡᠰᠡᠷᠭᠦᠴᠡᠵᠦ᠂ | ᠭᠠᠳᠠᠭᠠᠳᠤ ᠶᠢᠨ ᠬᠦᠴᠦᠨ ᠤ ᠳᠣᠲᠣᠭᠠᠳᠤ ᠵᠠᠰᠠᠭ ᠲᠤ ᠭᠠᠷ ᠲᠦᠷᠦᠭᠦ ᠶᠢ ᠡᠷᠡᠰ ᠡᠰᠡᠷᠭᠦᠴᠡᠳᠡᠭ᠃ ᠢᠷᠠᠨ ᠤ ᠬᠢᠨ ᠳᠤᠮᠳᠠᠳᠤ ᠤᠯᠤᠰ ᠤᠨ ᠤᠯᠤᠰ ᠤᠨ ᠡᠷᠬᠡ | ᠮᠡᠳᠡᠯ ᠪᠣᠯᠣᠨ ᠨᠤᠲᠤᠭ ᠳᠡᠪᠢᠰᠬᠡᠷ ᠤᠨ ᠪᠦᠷᠢᠨ ᠪᠦᠲᠦᠨ ᠢᠶᠠᠨ ᠬᠠᠮᠠᠭᠠᠯᠠᠬᠤ ᠶᠢ ᠡᠷᠡᠰ ᠳᠡᠮᠵᠢᠨ᠎ᠠ᠃ ᠢᠷᠠᠨ ᠤ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ | ᠳᠡᠯᠡᠬᠡᠢ ᠶᠢᠨ ᠪᠠ ᠭᠠᠵᠠᠷ ᠣᠷᠣᠨ ᠤ ᠬᠡᠷᠡᠭ ᠶᠠᠪᠤᠳᠠᠯ ᠤᠨ ᠲᠤᠬᠠᠢ ᠣᠯᠣᠯᠴᠠᠭ᠎ᠠ ᠪᠠᠨ ᠴᠢᠩᠭᠠᠳᠬᠠᠵᠤ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ | ᠵᠡᠷᠭᠡ ᠤᠯᠠᠨ ᠲᠠᠯᠠᠲᠤ ᠲᠠᠯᠠᠪᠤᠷ ᠲᠠᠬᠢ ᠰᠠᠶᠢᠨ ᠰᠠᠶᠢᠬᠠᠨ ᠬᠠᠮᠲᠤᠷᠠᠯᠴᠠᠭ᠎ᠠ ᠪᠠᠨ ᠪᠠᠲᠤᠯᠠᠵᠤ᠂ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠲᠤ ᠪᠠᠷ | ᠬᠠᠮᠠᠭᠠᠯᠠᠵᠤ᠂ ᠭᠠᠵᠠᠷ ᠣᠷᠣᠨ ᠪᠠ ᠳᠡᠯᠡᠬᠡᠢ ᠶᠢᠨ ᠡᠩᠬᠡ ᠲᠠᠶᠢᠪᠤᠩ ᠠᠮᠤᠷ ᠲᠦᠪᠰᠢᠨ ᠢ ᠬᠠᠮᠠᠭᠠᠯᠠᠨ᠎ᠠ ᠭᠡᠵᠦ ᠢᠯᠡᠳᠬᠡᠪᠡ᠃ | ᠬᠤᠶᠠᠷ ᠤᠯᠤᠰ ᠤᠨ ᠲᠡᠷᠢᠭᠦᠨ ᠪᠠᠰᠠ ᠬᠠᠮᠲᠤ ᠪᠠᠷ ᠠᠩᠬᠠᠷᠴᠤ ᠪᠠᠶᠢᠭ᠎ᠠ ᠳᠡᠯᠡᠬᠡᠢ ᠶᠢᠨ ᠪᠠ ᠭᠠᠵᠠᠷ ᠣᠷᠣᠨ ᠤ ᠠᠰᠠᠭᠤᠳᠠᠯ ᠤᠨ ᠲᠤᠬᠠᠢ ᠰᠠᠨᠠᠯ ᠢᠶᠠᠨ | ᠰᠣᠯᠢᠯᠴᠠᠪᠠ᠃ | ᠬᠡᠯᠡᠯᠴᠡᠭᠡ ᠲᠡᠭᠦᠰᠦᠭᠰᠡᠨ ᠤ ᠲᠠᠷᠠᠭ᠎ᠠ᠂ ᠬᠤᠶᠠᠷ ᠤᠯᠤᠰ ᠤᠨ ᠲᠡᠷᠢᠭᠦᠨ ᠬᠥᠳᠡᠭᠡ ᠠᠵᠤ ᠠᠬᠤᠢ᠂ ᠠᠷᠠᠯᠵᠢᠶ᠎ᠠ᠂ ᠵᠢᠭᠤᠯᠴᠢᠯᠠᠯ᠂ ᠣᠷᠴᠢᠨ ᠲᠣᠭᠤᠷᠢᠨ ᠤ | ᠬᠠᠮᠠᠭᠠᠯᠠᠯᠲᠠ᠂ ᠡᠷᠡᠭᠦᠯ ᠬᠠᠮᠠᠭᠠᠯᠠᠯ᠂ ᠭᠠᠮᠰᠢᠭ ᠠᠴᠠ ᠠᠪᠤᠷᠠᠬᠤ᠂ ᠰᠣᠶᠣᠯ᠂ ᠪᠡᠶ᠎ᠡ ᠶᠢᠨ ᠲᠠᠮᠢᠷ ᠵᠡᠷᠭᠡ ᠬᠦᠷᠢᠶᠡᠨ ᠳᠠᠬᠢ ᠤᠯᠠᠨ ᠵᠦᠢᠯ ᠤᠨ ᠬᠤᠶᠠᠷ ᠲᠠᠯ᠎ᠠ ᠶᠢᠨ | ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠭᠰᠠᠨ ᠢ ᠬᠠᠮᠲᠤ ᠪᠠᠷ ᠭᠡᠷᠡᠴᠢᠯᠡᠪᠡ᠃ | ᠬᠡᠯᠡᠯᠴᠡᠭᠡ ᠬᠢᠬᠦ ᠠᠴᠠ ᠡᠮᠦᠨ᠎ᠡ᠂ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠤᠨ ᠬᠤᠶᠢᠲᠤ ᠶᠡᠭᠡ ᠲᠢᠩᠬᠢᠮ ᠳᠤ ᠯᠠᠶᠢᠰᠢ ᠶᠢ ᠤᠭᠲᠤᠬᠤ ᠶᠣᠰᠣᠯᠠᠯ | ᠶᠠᠪᠤᠭᠳᠠᠭᠤᠯᠪᠠ᠃ | ᠲᠢᠶᠠᠨ ᠠᠨ ᠮᠧᠨ ᠠᠭᠤᠳᠠᠮ ᠲᠠᠯᠠᠪᠠᠢ ᠳᠤ ᠶᠣᠰᠣᠯᠠᠯ ᠤᠨ ᠫᠤᠤ ᠶᠢ 21 ᠳᠤᠤᠭᠠᠷᠭᠠᠵᠤ᠂ ᠶᠣᠰᠣᠯᠠᠯ ᠤᠨ ᠴᠡᠷᠢᠭ ᠮᠥᠷᠯᠡᠨ ᠵᠣᠭᠰᠣᠵᠤ ᠬᠦᠨᠳᠦᠳᠬᠡᠯ | ᠳᠡᠪᠰᠢᠭᠦᠯᠪᠡ᠃ ᠬᠤᠶᠠᠷ ᠤᠯᠤᠰ ᠤᠨ ᠲᠡᠷᠢᠭᠦᠨ ᠰᠢᠯᠭᠠᠨ ᠦᠵᠡᠬᠦ ᠲᠠᠶᠢᠰᠠᠨ ᠳᠤ ᠭᠠᠷᠴᠤ᠂ ᠴᠡᠷᠢᠭ ᠤᠨ ᠬᠥᠭᠵᠢᠮ ᠤᠨ ᠪᠦᠯᠭᠦᠮ ᠳᠤᠮᠳᠠᠳᠤ ᠢᠷᠠᠨ ᠬᠤᠶᠠᠷ | ᠤᠯᠤᠰ ᠤᠨ ᠰᠦᠯᠳᠡ ᠳᠠᠭᠤᠤ ᠶᠢ ᠬᠥᠭᠵᠢᠮᠳᠡᠪᠡ᠃ ᠯᠠᠶᠢᠰᠢ ᠰᠢ ᠶᠢᠨ ᠫᠢᠩ ᠤᠨ ᠪᠠᠷ᠎ᠠ ᠪᠤᠯᠤᠯᠭ᠎ᠠ ᠲᠠᠢ ᠪᠠᠷ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ | ᠴᠡᠷᠢᠭ ᠤᠨ ᠶᠣᠰᠣᠯᠠᠯ ᠤᠨ ᠠᠩᠭᠢ ᠶᠢ ᠰᠢᠯᠭᠠᠨ ᠦᠵᠡᠭᠰᠡᠨ ᠪᠥᠭᠡᠳ ᠵᠢᠭᠰᠠᠭᠠᠯ ᠢ ᠰᠣᠨᠢᠷᠬᠠᠪᠠ᠃ | ᠸᠠᠩ ᠢ᠂ ᠾᠧ ᠯᠢ ᠹᠧᠩ ᠨᠠᠷ ᠳᠡᠭᠡᠷᠡᠬᠢ ᠠᠵᠢᠯᠯᠠᠭ᠎ᠠ ᠳᠤ ᠣᠷᠣᠯᠴᠠᠵᠠᠢ᠃ | ᠯᠠᠶᠢᠰᠢ ᠳᠤᠮᠳᠠᠳᠤ ᠤᠯᠤᠰ ᠲᠤ ᠠᠶᠢᠯᠴᠢᠯᠠᠬᠤ ᠬᠤᠭᠤᠴᠠᠭᠠᠨ ᠳᠤ᠂ ᠬᠤᠶᠠᠷ ᠲᠠᠯ᠎ᠠ ᠪᠠᠷ ᠢᠶᠠᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ | ᠢᠰᠯᠠᠮ ᠤᠨ ᠪᠦᠭᠦᠳᠡ ᠨᠠᠶᠢᠷᠠᠮᠳᠠᠬᠤ ᠢᠷᠠᠨ ᠤᠯᠤᠰ ᠤᠨ ᠬᠠᠮᠲᠤᠷᠠᠭᠰᠠᠨ ᠢᠯᠡᠷᠬᠡᠶᠢᠯᠡᠯᠲᠡ︾ ᠶᠢ ᠨᠡᠶᠢᠲᠡᠯᠡᠬᠦ ᠪᠣᠯᠣᠨ᠎ᠠ᠃ | |