2 ᠰᠠᠷ᠎ᠠ ᠶᠢᠨ 16 ᠤ ᠡᠳᠦᠷ ᠬᠡᠪᠯᠡᠭᠳᠡᠭᠰᠡᠨ 4 ᠳ᠋ᠦ᠋ᠭᠡᠷ ᠬᠤᠭᠤᠴᠠᠭᠠᠨ ᠤ ︽ᠦᠨᠡᠨ︾ ᠰᠡᠳᠬᠦᠯ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ | ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠤᠨ 2022 ᠣᠨ ᠤ 12 ᠰᠠᠷ᠎ᠠ ᠶᠢᠨ 15 ᠤ | ᠡᠳᠦᠷ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠨᠢᠭᠡ ᠬᠡᠰᠡᠭ ᠪᠤᠯᠬᠤ ︽ᠣᠳᠣᠬᠠᠨ ᠤ ᠠᠵᠤ ᠠᠬᠤᠢ ᠶᠢᠨ ᠠᠵᠢᠯ ᠤᠨ | ᠬᠡᠳᠦᠨ ᠴᠢᠬᠤᠯᠠ ᠶᠡᠭᠡ ᠠᠰᠠᠭᠤᠳᠠᠯ︾ ᠢ ᠨᠡᠶᠢᠲᠡᠯᠡᠪᠡ᠃ | ᠵᠣᠬᠢᠶᠠᠯ ᠳᠤ᠂ 2023 ᠣᠨ ᠤ ᠠᠵᠤ ᠠᠬᠤᠢ ᠶᠢᠨ ᠠᠵᠢᠯ ᠮᠢᠩᠭ᠎ᠠ ᠲᠦᠮᠡᠨ ᠵᠦᠢᠯ ᠪᠠᠶᠢᠵᠤ᠂ ᠪᠠᠶᠢᠯᠳᠤᠬᠤ ᠪᠣᠳᠣᠯᠭ᠎ᠠ ᠶᠢᠨ ᠪᠦᠭᠦ ᠲᠠᠯ᠎ᠠ ᠠᠴᠠ ᠡᠭᠦᠰᠴᠦ᠂ | ᠭᠤᠣᠯ ᠵᠥᠷᠢᠴᠡᠯ ᠢ ᠠᠳᠬᠤᠵᠤ᠂ ᠨᠡᠶᠢᠭᠡᠮ ᠤᠨ ᠰᠡᠳᠬᠢᠴᠡ ᠶᠢᠨ ᠵᠢᠱᠢᠯᠲᠡ ᠶᠢ ᠰᠠᠶᠢᠵᠢᠷᠠᠭᠤᠯᠬᠤ᠂ ᠬᠥᠭᠵᠢᠯᠲᠡ ᠶᠢᠨ ᠢᠲᠡᠭᠡᠯ ᠢ ᠬᠥᠭᠵᠢᠭᠡᠬᠦ ᠠᠴᠠ ᠭᠠᠷᠳᠠᠵᠤ᠂ | ᠴᠢᠬᠤᠯᠠ ᠶᠡᠭᠡ ᠵᠠᠩᠭᠢᠯᠠᠭ᠎ᠠ ᠶᠢᠨ ᠭᠤᠭᠴᠤᠭ᠎ᠠ ᠶᠢ ᠠᠳᠬᠤᠵᠤ᠂ ᠬᠥᠲᠥᠯᠪᠦᠷᠢ ᠶᠢ ᠠᠳᠬᠤᠪᠠᠯ ᠠᠯᠢᠪᠠ ᠪᠦᠭᠦᠨ ᠨᠢ ᠳᠠᠭᠠᠯᠳᠤᠨ ᠰᠢᠢᠳᠪᠦᠷᠢᠯᠡᠭᠳᠡᠬᠦ ᠪᠣᠯᠣᠨ᠎ᠠ ᠭᠡᠵᠦ | ᠴᠢᠬᠤᠯᠠᠴᠢᠯᠠᠪᠠ᠃ | ᠵᠣᠬᠢᠶᠠᠯ ᠳᠤ᠂ ᠤᠯᠤᠰ ᠤᠨ ᠳᠣᠲᠣᠭᠠᠳᠤ ᠶᠢᠨ ᠬᠡᠷᠡᠭᠴᠡᠭᠡ ᠶᠢ ᠬᠦᠴᠦᠯᠡᠨ ᠥᠷᠭᠡᠳᠬᠡᠬᠦ ᠬᠡᠷᠡᠭᠲᠡᠢ᠃ ᠶᠡᠷᠦᠩᠬᠡᠢ ᠬᠡᠷᠡᠭᠴᠡᠭᠡ ᠬᠦᠷᠦᠯᠴᠡᠬᠦ ᠦᠭᠡᠢ ᠪᠠᠶᠢᠬᠤ ᠪᠣᠯ | ᠣᠳᠣᠬᠠᠨ ᠤ ᠠᠵᠤ ᠠᠬᠤᠢ ᠶᠢᠨ ᠠᠵᠢᠯᠯᠠᠭᠠᠨ ᠳᠤ ᠲᠤᠯᠭᠠᠷᠠᠵᠤ ᠪᠠᠶᠢᠭ᠎ᠠ ᠲᠣᠪᠤᠶᠢᠮ᠎ᠠ ᠵᠥᠷᠢᠴᠡᠯ ᠮᠥᠨ᠃ ᠡᠷᠬᠡᠪᠰᠢ ᠳᠣᠲᠣᠭᠠᠳᠤ ᠬᠡᠷᠡᠭᠴᠡᠭᠡ ᠶᠢ ᠥᠷᠭᠡᠳᠬᠡᠬᠦ | ᠪᠠᠶᠢᠯᠳᠤᠬᠤ ᠪᠣᠳᠣᠯᠭ᠎ᠠ ᠶᠢ ᠶᠡᠭᠡ ᠪᠠᠷ ᠬᠡᠷᠡᠭᠵᠢᠭᠦᠯᠵᠦ᠂ ᠨᠡᠩ ᠬᠦᠴᠦᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠨᠡᠶᠢᠭᠡᠮ ᠤᠨ ᠲᠠᠭᠢᠨ ᠦᠢᠯᠡᠳᠪᠦᠷᠢᠯᠡᠯ ᠤᠨ ᠰᠠᠶᠢᠨ | ᠣᠷᠴᠢᠯ ᠢ ᠪᠡᠶᠡᠯᠡᠭᠦᠯᠬᠦ ᠬᠡᠷᠡᠭᠲᠡᠢ᠃ ᠲᠦᠷᠤ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠰᠢᠯᠢᠳᠡᠭᠵᠢᠭᠦᠯᠵᠦ᠂ ᠬᠡᠷᠡᠭᠯᠡᠭᠡ ᠶᠢᠨ ᠰᠠᠭᠤᠷᠢ ᠦᠢᠯᠡᠳᠦᠯ ᠪᠣᠯᠣᠨ ᠪᠡᠯᠡ | ᠣᠷᠣᠭᠤᠯᠤᠯᠲᠠ ᠶᠢᠨ ᠵᠠᠩᠭᠢᠯᠠᠭ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ᠃ ᠨᠢᠭᠡ ᠳᠤ᠂ ᠬᠡᠷᠡᠭᠯᠡᠭᠡ ᠶᠢ ᠰᠡᠷᠭᠦᠭᠡᠬᠦ ᠪᠠ ᠥᠷᠭᠡᠳᠬᠡᠬᠦ ᠶᠢ ᠲᠡᠷᠢᠭᠦᠨ | ᠪᠠᠶᠢᠷᠢᠨ ᠳᠤ ᠲᠠᠯᠪᠢᠬᠤ ᠬᠡᠷᠡᠭᠲᠡᠢ᠃ ᠬᠤᠶᠠᠷ ᠲᠤ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠪᠠ ᠲᠥᠷᠥ ᠶᠢᠨ ᠪᠣᠳᠣᠯᠭ᠎ᠠ ᠶᠢᠨ ᠳᠡᠮᠵᠢᠯᠭᠡ ᠪᠠᠷ ᠳᠠᠮᠵᠢᠭᠤᠯᠤᠨ | ᠪᠦᠭᠦ ᠨᠡᠶᠢᠭᠡᠮ ᠤᠨ ᠪᠡᠯᠡ ᠣᠷᠣᠭᠤᠯᠤᠯᠲᠠ ᠶᠢ ᠪᠦᠲᠦᠮᠵᠢᠲᠡᠶ ᠳᠠᠶᠢᠴᠢᠯᠠᠬᠤ ᠬᠡᠷᠡᠭᠲᠡᠢ᠃ ᠭᠠᠳᠠᠭᠠᠳᠤ ᠭᠠᠷᠭᠠᠯᠲᠠ ᠶᠢᠨ ᠠᠵᠤ ᠠᠬᠤᠢ ᠳᠤ ᠦᠵᠡᠭᠦᠯᠭᠦ | ᠲᠤᠯᠭᠠᠭᠤᠷᠢᠯᠠᠬᠤ ᠦᠢᠯᠡᠳᠦᠯ ᠢ ᠦᠷᠭᠦᠯᠵᠢᠯᠡᠨ ᠪᠠᠳᠠᠷᠠᠭᠤᠯᠵᠤ᠂ ᠠᠷᠠᠯᠵᠢᠶᠠᠨ ᠤ ᠬᠦᠴᠦᠷᠬᠡᠭ ᠤᠯᠤᠰ ᠢ ᠲᠦᠷᠭᠡᠳᠬᠡᠨ ᠪᠦᠲᠦᠭᠡᠨ ᠪᠠᠶᠢᠭᠤᠯᠬᠤ ᠬᠡᠷᠡᠭᠲᠡᠢ ᠭᠡᠵᠦ | ᠵᠢᠭᠠᠵᠤ ᠭᠠᠷᠭᠠᠪᠠ᠃ | ᠵᠣᠬᠢᠶᠠᠯ ᠳᠤ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠳᠬᠡᠨ ᠪᠠᠶᠢᠭᠤᠯᠬᠤ ᠬᠡᠷᠡᠭᠲᠡᠢ᠃ ᠪᠢᠳᠡ ᠳᠣᠲᠣᠷ ᠲᠠᠮᠢᠷ ᠢᠶᠠᠨ ᠰᠠᠶᠢᠲᠤᠷ | ᠪᠣᠯᠪᠠᠰᠤᠷᠠᠵᠤ᠂ ᠯᠠᠪᠳᠠᠭᠤᠨ ᠪᠠᠲᠤᠲᠠᠢ ᠵᠣᠬᠰᠣᠬᠤ ᠬᠡᠷᠡᠭᠲᠡᠢ᠃ ᠮᠠᠨ ᠤ ᠤᠯᠤᠰ ᠲᠤ ᠳᠡᠯᠡᠬᠡᠢ ᠳᠡᠭᠡᠷᠡᠬᠢ ᠬᠠᠮᠤᠭ ᠤᠨ ᠪᠦᠷᠢᠨ ᠪᠦᠲᠦᠨ ᠠᠵᠤ ᠦᠢᠯᠡᠰ ᠤᠨ | ᠰᠢᠰᠲ᠋ᠧᠮ ᠪᠠ ᠲᠠᠯᠳᠠ ᠬᠦᠴᠦᠨ ᠢᠶᠠᠷ ᠬᠠᠮᠤᠭ ᠤᠨ ᠶᠡᠭᠡ ᠳᠣᠲᠣᠭᠠᠳᠤ ᠬᠡᠷᠡᠭᠴᠡᠭᠡ ᠶᠢᠨ ᠵᠠᠬ᠎ᠠ ᠳᠡᠯᠭᠡᠭᠦᠷ ᠪᠠᠶᠢᠨ᠎ᠠ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ | ᠬᠡᠯᠬᠢᠶ᠎ᠡ ᠶᠢᠨ ᠤᠶᠠᠨ ᠬᠠᠳᠠᠨ ᠴᠢᠨᠠᠷ ᠪᠠ ᠠᠮᠤᠷ ᠲᠦᠪᠰᠢᠨ ᠤ ᠲᠦᠪᠰᠢᠨ ᠢ ᠦᠨᠡᠨ ᠬᠦ ᠳᠡᠭᠡᠭᠰᠢᠯᠡᠭᠦᠯᠵᠦ᠂ ᠳᠤᠲᠠᠭᠤᠳᠠᠯ ᠢᠶᠠᠨ ᠱᠠᠯᠠᠪᠳᠠᠨ ᠨᠥᠬᠦᠪᠦᠷᠢᠯᠡᠵᠦ᠂ | ᠳᠠᠪᠠᠭᠤᠯᠢᠭ ᠲᠠᠯ᠎ᠠ ᠪᠠᠨ ᠪᠤᠯᠪᠠᠰᠤᠷᠠᠭᠤᠯᠬᠤ ᠬᠡᠷᠡᠭᠲᠡᠢ᠃ ᠨᠢᠭᠡ ᠳᠤ᠂ ᠤᠯᠤᠰ ᠠᠷᠠᠳ ᠤᠨ ᠠᠵᠤ ᠠᠬᠤᠢ ᠶᠢᠨ ᠣᠷᠴᠢᠯ ᠤᠨ ᠰᠠᠭᠠᠳ ᠦᠭᠡᠢ ᠨᠡᠪᠲᠡᠷᠡᠬᠦ ᠶᠢ ᠦᠨᠡᠨ | ᠬᠦ ᠪᠠᠲᠤᠯᠠᠬᠤ ᠬᠡᠷᠡᠭᠲᠡᠢ᠃ ᠮᠠᠨ ᠤ ᠤᠯᠤᠰ ᠤᠨ ᠠᠵᠤ ᠠᠬᠤᠢ ᠡᠷᠬᠡᠪᠰᠢ ᠤᠯᠤᠰ ᠤᠨ ᠠᠮᠤᠷ ᠲᠦᠪᠰᠢᠨ ᠢ ᠦᠨᠡᠨ ᠬᠦ ᠪᠠᠲᠤᠯᠠᠵᠤ᠂ ᠠᠷᠠᠳ ᠤᠨ ᠦᠨᠳᠦᠰᠦᠨ | ᠠᠮᠢᠳᠤᠷᠠᠯ ᠢ ᠦᠨᠡᠨ ᠬᠦ ᠪᠠᠲᠤᠯᠠᠵᠤ᠂ ᠰᠠᠭᠤᠷᠢ ᠲᠥᠬᠦᠭᠡᠷᠦᠮᠵᠢ᠂ ᠰᠠᠭᠤᠷᠢ ᠠᠵᠤ ᠦᠢᠯᠡᠰ ᠤᠨ ᠶᠡᠷᠦᠩᠬᠡᠢ ᠴᠣᠭᠴᠠ ᠶᠢᠨ ᠬᠡᠪ ᠤᠨ ᠡᠷᠭᠢᠯᠲᠡ ᠶᠢ ᠦᠨᠡᠨ ᠬᠦ | ᠪᠠᠲᠤᠯᠠᠬᠤ ᠬᠡᠷᠡᠭᠲᠡᠢ᠃ ᠬᠤᠶᠠᠷ ᠲᠤ᠂ ᠠᠵᠤ ᠦᠢᠯᠡᠰ ᠤᠨ ᠰᠢᠰᠲ᠋ᠧᠮ ᠤᠨ ᠲᠡᠰ ᠲᠡᠪᠰᠢᠨ ᠭᠦᠭᠵᠢᠭᠦ ᠶᠢ ᠲᠦᠷᠭᠡᠳᠬᠡᠨ ᠪᠡᠶᠡᠯᠡᠭᠦᠯᠬᠦ ᠬᠡᠷᠡᠭᠲᠡᠢ᠃ ᠭᠤᠣᠯᠳᠠᠯᠭ᠎ᠠ ᠲᠠᠢ | ᠬᠦᠷᠢᠶᠡᠨ ᠳᠤ ᠤᠷᠢᠳᠴᠢᠯᠠᠨ ᠪᠠᠶᠢᠷᠢᠯᠠᠭᠤᠯᠵᠤ᠂ ᠠᠵᠤ ᠦᠢᠯᠡᠰ ᠤᠨ ᠰᠢᠰᠲ᠋ᠧᠮ ᠤᠨ ᠣᠳᠣᠬᠢᠴᠢᠯᠠᠯᠲᠠ ᠶᠢᠨ ᠲᠦᠪᠰᠢᠨ ᠢ ᠪᠦᠭᠦ ᠲᠠᠯ᠎ᠠ ᠪᠠᠷ ᠳᠡᠭᠡᠭᠰᠢᠯᠡᠭᠦᠯᠵᠦ᠂ | ᠤᠯᠠᠮᠵᠢᠯᠠᠯᠲᠤ ᠳᠠᠪᠠᠭᠤᠯᠢᠭ ᠠᠵᠤ ᠦᠢᠯᠡᠰ ᠤᠨ ᠲᠡᠷᠢᠭᠦᠨ ᠤ ᠪᠠᠶᠢᠷᠢ ᠰᠠᠭᠤᠷᠢ ᠶᠢ ᠪᠠᠬᠢᠵᠢᠭᠦᠯᠬᠦ ᠪᠠᠷ ᠪᠠᠷᠠᠬᠤ ᠦᠭᠡᠢ ᠪᠠᠰᠠ ᠰᠢᠨ᠎ᠡ ᠥᠷᠢᠰᠦᠯᠳᠦᠭᠡᠨ ᠤ | ᠳᠠᠪᠠᠭᠤᠯᠢᠭ ᠢ ᠡᠭᠦᠳᠭᠦ ᠬᠡᠷᠡᠭᠲᠡᠢ ᠭᠡᠵᠦ ᠵᠢᠭᠠᠵᠤ ᠭᠠᠷᠭᠠᠪᠠ᠃ | ᠵᠣᠬᠢᠶᠠᠯ ᠳᠤ᠂ ︽ᠬᠤᠶᠠᠷ ᠡᠷᠡᠰ ᠭᠤᠶᠢᠪᠢᠰᠢ ᠦᠭᠡᠢ︾ ᠪᠠᠶᠢᠬᠤ ᠶᠢ ᠦᠨᠡᠨ ᠬᠦ ᠨᠠᠶᠢᠳᠠᠪᠤᠷᠢᠵᠢᠭᠤᠯᠬᠤ ᠬᠡᠷᠡᠭᠲᠡᠢ᠃ ᠪᠢᠳᠡ ᠡᠷᠬᠡᠪᠰᠢ ᠣᠪᠣᠷ ᠢᠶᠠᠨ ᠲᠣᠳᠣᠷᠬᠠᠢ | ᠢᠯᠡᠳᠬᠡᠵᠦ᠂ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠥᠭᠡᠷᠡᠴᠢᠯᠡᠯᠲᠡ ᠶᠢᠨ ᠴᠢᠭᠯᠡᠯ ᠢ ᠢᠮᠠᠭᠲᠠ ᠪᠠᠷᠢᠮᠲᠠᠯᠠᠵᠤ᠂ ︽ᠬᠤᠶᠠᠷ ᠡᠷᠡᠰ | ᠭᠤᠶᠢᠪᠢᠰᠢ ᠦᠭᠡᠢ︾ ᠪᠠᠶᠢᠬᠤ ᠶᠢ ᠪᠠᠷᠢᠮᠲᠠᠯᠠᠬᠤ ᠬᠡᠷᠡᠭᠲᠡᠢ᠃ ᠨᠢᠭᠡ ᠳᠤ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠤᠯᠤᠰ ᠤᠨ ᠥᠮᠴᠢᠯᠡᠯ ᠤᠨ ᠠᠵᠤ | ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠭᠤᠣᠯᠯᠠᠬᠤ ᠥᠷᠢᠰᠦᠯᠳᠦᠬᠦ ᠬᠦᠴᠦᠨ ᠢ | ᠳᠡᠭᠡᠭᠰᠢᠯᠡᠭᠦᠯᠭᠦ ᠬᠡᠷᠡᠭᠲᠡᠢ᠃ ᠬᠤᠶᠠᠷ ᠲᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠯᠲᠡ ᠶᠢᠨ ᠣᠷᠴᠢᠨ ᠢ ᠰᠢᠯᠢᠳᠡᠭᠵᠢᠭᠦᠯᠵᠦ᠂ ᠠᠷᠠᠳ ᠤᠨ | ᠡᠵᠡᠩᠨᠡᠯᠲᠡ ᠶᠢᠨ ᠠᠵᠤ ᠠᠬᠤᠢ ᠶᠢᠨ ᠬᠥᠭᠵᠢᠨ ᠪᠤᠵᠠᠭᠠᠶᠢᠷᠠᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠵᠣᠬᠢᠶᠠᠯ ᠳᠤ᠂ ᠨᠡᠩ ᠶᠡᠭᠡ ᠡᠷᠴᠢᠮ ᠢᠶᠠᠷ ᠭᠠᠳᠠᠭᠠᠳᠤ ᠪᠡᠯᠡ ᠶᠢ ᠲᠠᠲᠠᠨ ᠠᠪᠴᠢᠷᠠᠬᠤ ᠪᠠ ᠠᠰᠢᠭᠯᠠᠬᠤ ᠬᠡᠷᠡᠭᠲᠡᠢ᠃ ᠪᠦᠭᠦ ᠪᠥᠮᠪᠥᠷᠴᠡᠭ ᠢ ᠠᠵᠢᠭᠯᠠᠪᠠᠯ᠂ | ᠬᠥᠭᠵᠢᠭᠰᠡᠨ ᠤᠯᠤᠰ ᠪᠠ ᠰᠢᠨ᠎ᠡ ᠪᠠᠷ ᠮᠠᠨᠳᠤᠭᠰᠠᠨ ᠠᠵᠤ ᠠᠬᠤᠢ ᠶᠢᠨ ᠴᠣᠭᠴᠠ ᠴᠥᠮ ᠭᠠᠳᠠᠭᠠᠳᠤ ᠪᠡᠯᠡ ᠶᠢ ᠲᠠᠳᠠᠨ ᠠᠪᠴᠢᠷᠠᠬᠤ ᠪᠠ ᠠᠰᠢᠭᠯᠠᠬᠤ ᠶᠢ | ᠤᠯᠤᠰ ᠤᠨ ᠴᠢᠬᠤᠯᠠ ᠶᠡᠭᠡ ᠪᠣᠳᠣᠯᠭ᠎ᠠ ᠪᠤᠯᠭᠠᠵᠤ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠤᠯᠠᠨ ᠤᠯᠤᠰ ᠤᠨ ᠥᠷᠢᠰᠦᠯᠳᠦᠭᠡᠨ ᠨᠡᠩ | ᠰᠢᠷᠦᠭᠦᠰᠴᠦ ᠪᠠᠶᠢᠨ᠎ᠠ᠃ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠠᠬᠢᠭᠤᠯᠵᠤ᠂ ᠮᠠᠨ ᠤ ᠤᠯᠤᠰ ᠤᠨ ᠭᠡᠳᠦ ᠶᠡᠭᠡ ᠬᠡᠪᠴᠢᠶᠡᠨ ᠤ ᠵᠠᠬ᠎ᠠ | ᠳᠡᠯᠭᠡᠭᠦᠷ ᠤᠨ ᠳᠠᠪᠠᠭᠤᠯᠢᠭ ᠲᠤ ᠲᠦᠰᠢᠭᠯᠡᠨ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠢᠶᠠᠷ ᠪᠦᠭᠦ ᠪᠥᠮᠪᠥᠷᠴᠡᠭ ᠤᠨ ᠡᠬᠢ ᠪᠠᠶᠠᠯᠢᠭ ᠤᠨ ᠡᠯᠧᠮᠧᠨ᠋ᠲ ᠢ | ᠲᠠᠲᠠᠵᠤ᠂ ᠴᠢᠨᠠᠷ ᠰᠠᠶᠢᠲᠠᠢ ᠨᠥᠭᠡᠴᠡ ᠭᠠᠳᠠᠭᠠᠳᠤ ᠪᠡᠯᠡ ᠶᠢ ᠦᠯᠡᠳᠡᠭᠡᠬᠦ ᠪᠥᠭᠡᠳ ᠪᠠᠰᠠ ᠨᠡᠩ ᠤᠯᠠᠨ ᠴᠢᠨᠠᠷ ᠰᠠᠶᠢᠲᠠᠢ ᠭᠠᠳᠠᠭᠠᠳᠤ ᠪᠡᠯᠡ ᠶᠢ ᠲᠠᠲᠠᠨ ᠠᠪᠴᠢᠷᠠᠵᠤ᠂ | ᠠᠷᠠᠯᠵᠢᠶᠠᠨ ᠤ ᠪᠡᠯᠡ ᠣᠷᠣᠭᠤᠯᠤᠯᠲᠠ ᠶᠢᠨ ᠬᠠᠮᠲᠤᠷᠠᠯᠴᠠᠭᠠᠨ ᠤ ᠶᠠᠰᠤ ᠴᠢᠨᠠᠷ ᠪᠠ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ᠃ ᠨᠢᠭᠡ ᠳᠤ᠂ ᠵᠠᠬ᠎ᠠ ᠳᠡᠯᠭᠡᠭᠦᠷ ᠲᠤ | ᠣᠷᠣᠭᠤᠯᠬᠤ ᠵᠥᠪᠰᠢᠶᠡᠷᠡᠯ ᠤᠨ ᠬᠡᠪᠴᠢᠶ᠎ᠡ ᠶᠢ ᠥᠷᠭᠡᠳᠬᠡᠬᠦ ᠬᠡᠷᠡᠭᠲᠡᠢ᠃ ᠬᠤᠶᠠᠷ ᠲᠤ᠂ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠪᠦᠭᠦ ᠲᠠᠯ᠎ᠠ ᠪᠠᠷ | ᠰᠢᠯᠢᠳᠡᠭᠵᠢᠭᠦᠯᠬᠦ ᠬᠡᠷᠡᠭᠲᠡᠢ᠃ ᠭᠤᠷᠪᠠ ᠳᠤ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠳᠤ ᠦᠢᠯᠡᠴᠢᠯᠡᠬᠦ ᠠᠵᠢᠯ ᠢ ᠬᠠᠨᠳᠤᠯᠭᠠᠲᠤ ᠴᠢᠨᠠᠷᠲᠠᠢ ᠪᠠᠷ ᠰᠠᠶᠢᠲᠤᠷ ᠬᠢᠬᠦ | ᠬᠡᠷᠡᠭᠲᠡᠢ ᠭᠡᠵᠦ ᠵᠢᠭᠠᠵᠤ ᠭᠠᠷᠭᠠᠪᠠ᠃ | ᠵᠣᠬᠢᠶᠠᠯ ᠳᠤ᠂ ᠠᠵᠤ ᠠᠬᠤᠢ ᠮᠥᠩᠭᠦᠨ ᠭᠦᠢᠯᠭᠡᠭᠡᠨ ᠤ ᠬᠦᠨᠳᠦ ᠶᠡᠭᠡ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠠᠷᠢᠯᠭᠠᠬᠤ ᠬᠡᠷᠡᠭᠲᠡᠢ᠃ ᠡᠷᠬᠡᠪᠰᠢ | ᠦᠡᠭᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ᠂ ᠬᠤᠯᠠ ᠣᠶᠢᠷ᠎ᠠ ᠶᠢ ᠤᠶᠠᠯᠳᠤᠭᠤᠯᠬᠤ ᠶᠢ ᠪᠠᠷᠢᠮᠲᠠᠯᠠᠵᠤ᠂ ᠰᠢᠰᠲ᠋ᠧᠮ ᠤᠨ ᠴᠢᠨᠠᠷᠲᠠᠢ ᠠᠶᠤᠯ | ᠲᠦᠭᠰᠢᠭᠦᠷᠢ ᠡᠭᠦᠰᠭᠦ ᠦᠭᠡᠢ ᠪᠠᠶᠢᠬᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠨᠢᠭᠡ ᠳᠤ᠂ ᠭᠡᠷ ᠭᠠᠵᠠᠷ ᠤᠨ ᠬᠥᠷᠥᠩᠭᠡ ᠶᠢᠨ ᠦᠢᠯᠡᠰ ᠠᠴᠠ | ᠰᠢᠰᠲ᠋ᠧᠮ ᠤᠨ ᠴᠢᠨᠠᠷᠲᠠᠢ ᠠᠶᠤᠯ ᠲᠦᠭᠰᠢᠭᠦᠷᠢ ᠡᠭᠦᠰᠭᠦ ᠶᠢ ᠰᠡᠷᠭᠡᠶᠢᠯᠡᠬᠦ ᠬᠡᠷᠡᠭᠲᠡᠢ᠃ ᠬᠤᠶᠠᠷ ᠲᠤ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ | ᠠᠷᠢᠯᠭᠠᠬᠤ ᠬᠡᠷᠡᠭᠲᠡᠢ᠃ ᠭᠤᠷᠪᠠ ᠳᠤ᠂ ᠣᠷᠣᠨ ᠨᠤᠲᠤᠭ ᠤᠨ ᠵᠠᠰᠠᠭ ᠤᠨ ᠣᠷᠳᠣᠨ ᠤ ᠥᠷᠢ ᠥᠭᠴᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ | ᠬᠡᠷᠡᠭᠲᠡᠢ ᠭᠡᠵᠦ ᠵᠢᠭᠠᠵᠤ ᠭᠠᠷᠭᠠᠪᠠ᠃ | ᠵᠣᠬᠢᠶᠠᠯ ᠳᠤ᠂ 2023 ᠣᠨ ᠳᠤ ᠪᠠᠰᠠ ᠮᠠᠰᠢ ᠤᠯᠠᠨ ᠴᠢᠬᠤᠯᠠ ᠠᠵᠢᠯ ᠢ ᠬᠢᠬᠦ ᠬᠡᠷᠡᠭᠲᠡᠢ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠭᠦ | ᠲᠠᠯ᠎ᠠ ᠪᠠᠷ ᠠᠬᠢᠭᠤᠯᠵᠤ᠂ ᠬᠡᠪᠴᠢᠶᠡᠵᠢᠯ ᠤᠨ ᠴᠢᠨᠠᠷᠲᠠᠢ ᠲᠠᠭᠢᠨ ᠶᠠᠳᠠᠭᠤᠷᠠᠬᠤ ᠪᠠᠶᠢᠳᠠᠯ ᠢᠯᠡᠷᠡᠭᠦ ᠶᠢ ᠡᠷᠡᠰ ᠰᠡᠷᠭᠡᠶᠢᠯᠡᠬᠦ ᠬᠡᠷᠡᠭᠲᠡᠢ᠃ ᠰᠢᠨ᠎ᠡ ᠨᠢᠭᠡ ᠡᠭᠡᠯᠵᠢ ᠶᠢᠨ | ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠢ ᠲᠥᠯᠥᠪᠵᠢᠭᠦᠯᠬᠦ ᠬᠡᠷᠡᠭᠲᠡᠢ᠃ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ | ᠪᠠᠶᠢᠭᠤᠯᠬᠤ ᠶᠢ ᠠᠬᠢᠭᠤᠯᠬᠤ ᠬᠡᠷᠡᠭᠲᠡᠢ᠃ ᠣᠷᠣᠨ ᠪᠦᠰᠡ ᠶᠢᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠪᠠ ᠣᠷᠣᠨ ᠪᠦᠰᠡ ᠶᠢ ᠵᠣᠬᠢᠴᠠᠩᠭᠤᠢ ᠬᠥᠭᠵᠢᠭᠦᠯᠬᠦ | ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠬᠦ ᠬᠡᠷᠡᠭᠲᠡᠢ᠃ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠣᠬᠢᠷᠳᠤᠯ ᠦᠭᠡᠢ ᠲᠡᠶᠢᠰᠢ ᠭᠡᠯᠪᠡᠷᠢ ᠪᠠᠨ | ᠬᠤᠪᠢᠷᠠᠭᠤᠯᠬᠤ ᠶᠢ ᠠᠬᠢᠭᠤᠯᠵᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠦᠲᠦᠭᠡᠨ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | |