2 ᠳ᠋ᠤᠭᠠᠷ ᠰᠠᠷ᠎ᠠ ᠶᠢᠨ 1 ᠤ ᠡᠳᠦᠷ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠲᠢᠩᠬᠢᠮ ᠨᠠᠮ ᠤᠨ ᠤᠳᠤᠷᠢᠳᠬᠤ ᠳᠤᠭᠤᠶᠢᠯᠠᠩ ︵ᠥᠷᠭᠡᠳᠬᠡᠭᠰᠡᠨ︶ ᠤᠨ ᠬᠤᠷᠠᠯ ᠵᠢᠴᠢ ︽ᠲᠠᠪᠤ ᠶᠢ ᠲᠤᠶᠢᠯᠪᠤᠷᠢᠲᠠᠢ ᠵᠠᠰᠠᠬᠤ︾ ᠠᠵᠢᠯᠯᠠᠭ᠎ᠠ ᠶᠢᠨ ᠲᠤᠰᠬᠠᠶ | ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ | ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠣᠶᠢᠷ᠎ᠠ ᠶᠢᠨ ᠬᠤᠭᠤᠴᠠᠭᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠪᠠ᠃ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠭᠦᠸᠧ | ᠢᠦᠶ ᠹᠧᠩ ᠬᠤᠷᠠᠯ ᠢ ᠡᠷᠭᠢᠯᠡᠪᠡ᠃ | | | | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠠᠭᠠᠨ ᠰᠠᠷ᠎ᠠ ᠶᠢᠨ ᠬᠠᠮᠲᠤ ᠶᠢᠨ ᠵᠣᠯᠭᠠᠯᠲᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ | ᠭᠦᠨᠵᠡᠭᠡᠢ ᠰᠤᠷᠤᠯᠴᠠᠨ ᠣᠶᠢᠯᠠᠭᠠᠵᠤ᠂ ᠠᠶᠠᠨ ᠳᠠᠭᠠᠨ ᠲᠠᠬᠢᠨ ᠮᠣᠷᠳᠠᠬᠤ ᠤᠷᠤᠭᠰᠢᠯᠠᠯᠲᠠ ᠶᠢᠨ ᠬᠦᠴᠦᠨ ᠢ ᠨᠢᠭᠲᠠᠷᠠᠭᠤᠯᠵᠤ᠂ ᠦᠷᠭᠦᠯᠵᠢᠯᠡᠨ ᠲᠡᠮᠡᠴᠡᠬᠦ ᠵᠣᠷᠢᠭ | ᠰᠠᠨᠠᠭ᠎ᠠ ᠶᠢ ᠬᠥᠭᠵᠢᠭᠡᠵᠦ᠂ ᠳᠠᠷᠤᠢ ᠲᠦᠷᠭᠡᠨ ᠱᠠᠯᠠᠮᠠᠭᠠᠶᠢᠯᠠᠨ ᠬᠥᠳᠡᠯᠦᠯᠴᠡᠵᠦ᠂ ᠲᠦᠷᠭᠡᠨ ᠬᠥᠳᠡᠯᠦᠯᠴᠡᠵᠦ᠂ ᠨᠡᠩ ᠣᠷᠭᠢᠯᠤᠮ᠎ᠠ ᠬᠠᠯᠠᠭᠤᠨ ᠠᠵᠢᠯ ᠤᠨ ᠰᠡᠳᠬᠢᠯᠭᠡ | ᠂ ᠨᠡᠩ ᠴᠤᠭ ᠪᠠᠳᠠᠷᠠᠩᠭᠤᠢ ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ ᠡᠯ᠎ᠡ ᠵᠦᠢᠯ ᠤᠨ ᠠᠵᠢᠯ ᠳᠤ ᠣᠷᠣᠯᠴᠠᠵᠤ᠂ ᠲᠦᠷᠦᠭᠦᠦ ᠤᠯᠠᠷᠢᠯ ᠤᠨ ᠥᠨᠳᠥᠷ | ᠡᠬᠢᠯᠡᠯᠲᠡ᠂ ᠰᠠᠶᠢᠨ ᠡᠬᠢᠯᠡᠯᠲᠡ ᠲᠠᠢ ᠪᠣᠯᠬᠤ ᠶᠢ ᠪᠠᠲᠤᠯᠠᠬᠤ ᠬᠡᠷᠡᠭᠲᠡᠢ᠃ ᠲᠣᠭᠲᠠᠭᠤᠨ ᠤ ᠳᠤᠮᠳᠠ ᠰᠢᠯᠢᠳᠡᠭ ᠤᠷᠤᠭᠰᠢᠯᠠᠬᠤ᠂ ᠲᠣᠭᠲᠠᠭᠤᠨ ᠤ ᠳᠤᠮᠳᠠ ᠲᠦᠷᠭᠡᠨ | ᠤᠷᠤᠭᠰᠢᠯᠠᠬᠤ ᠠᠵᠢᠯ ᠤᠨ ᠶᠡᠷᠦᠩᠬᠡᠶ ᠭᠦᠭ ᠠᠶᠠᠰ ᠢ ᠪᠠᠲᠤ ᠡᠵᠡᠮᠳᠡᠵᠦ᠂ ᠲᠥᠪ ᠪᠠ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ | ᠶᠢᠨ ᠶᠠᠮᠤᠨ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠢᠨ ᠭᠤᠤᠯᠳᠠᠯᠭ᠎ᠠ ᠲᠠᠢ ᠡᠭᠦᠷᠭᠡ ᠶᠢ | ᠨᠠᠶᠢᠳᠠᠪᠤᠷᠢᠵᠢᠭᠤᠯᠬᠤ ᠳᠤ ᠪᠠᠶᠢᠳᠠᠯ ᠲᠣᠳᠣᠷᠬᠠᠶ᠂ ᠬᠠᠷᠠᠯᠲᠠ ᠣᠨᠣᠪᠴᠢᠲᠠᠢ᠂ ᠲᠦᠯᠬᠢᠯᠲᠡ ᠲᠦᠷᠭᠡᠨ᠂ ᠠᠵᠢᠯ ᠪᠣᠳᠠᠲᠠᠶ ᠂ ᠡᠯ᠎ᠡ ᠵᠦᠶᠯ ᠤᠨ ᠠᠵᠢᠯ ᠤᠨ ᠳᠠᠬᠢᠨ | ᠰᠢᠨ᠎ᠡ ᠳᠠᠪᠬᠤᠷᠭ᠎ᠠ ᠳᠤ ᠭᠠᠷᠬᠤ ᠶᠢ ᠠᠬᠢᠭᠤᠯᠬᠤ ᠬᠡᠷᠡᠭᠲᠡᠶ᠃ ᠲᠠᠩᠰᠠ ᠲᠠᠶᠢᠯᠠᠬᠤ ᠤᠬᠠᠮᠰᠠᠷ᠂ ᠠᠵᠢᠯ ᠪᠡᠶᠡᠯᠡᠭᠦᠯᠬᠦ ᠤᠬᠠᠮᠰᠠᠷ᠂ ᠦᠷ᠎ᠡ ᠪᠦᠲᠦᠭᠡᠯ ᠤᠨ ᠤᠬᠠᠮᠰᠠᠷ | ᠢᠶᠠᠨ ᠴᠢᠩᠭᠠᠳᠬᠠᠵᠤ᠂ ︽ ᠬᠡᠯᠡᠪᠡᠯ ᠬᠢᠵᠦ᠂ ᠳᠠᠷᠤᠶᠢᠬᠠᠨ ᠬᠢᠬᠦ᠂ ᠰᠠᠶᠢᠲᠤᠷ ᠬᠢᠬᠦ︾ ᠵᠣᠷᠢᠭ ᠰᠠᠨᠠᠭ᠎ᠠ ᠶᠢ ᠢᠮᠠᠭᠲᠠ ᠪᠠᠷᠢᠮᠲᠠᠯᠠᠵᠤ᠂ ᠠᠵᠢᠯ ᠤᠨ ᠦᠷ᠎ᠡ ᠪᠦᠲᠦᠮᠵᠢ | ᠪᠠᠨ ᠤᠯᠠᠮ ᠴᠢᠨᠠᠭᠰᠢᠳᠠ ᠳᠡᠭᠡᠭᠰᠢᠯᠡᠭᠦᠯᠵᠦ᠂ ᠪᠤᠰᠢᠭᠤ ᠱᠠᠯᠠᠮᠠᠭᠠᠢ᠂ ᠬᠤᠷᠳᠤᠯᠠᠭᠰᠠᠨ ᠳᠡᠭᠡᠷ᠎ᠡ ᠬᠤᠷᠳᠤᠯᠠᠬᠤ ᠰᠠᠶᠢᠨ ᠰᠤᠷᠲᠠᠯ ᠢᠶᠠᠷ ᠠᠵᠢᠯ ᠬᠢᠵᠦ ᠦᠢᠯᠡᠰ | ᠪᠤᠰᠬᠠᠬᠤ ᠬᠤᠷᠳᠤᠴᠠ ᠶᠢ ᠲᠦᠷᠭᠡᠳᠬᠡᠬᠦ ᠬᠡᠷᠡᠭᠲᠡᠢ ᠭᠡᠵᠦ ᠴᠢᠬᠤᠯᠠᠴᠢᠯᠠᠵᠠᠢ ᠃ | ᠬᠤᠷᠠᠯ ᠠᠴᠠ᠂ ᠪᠥᠬᠦ ᠣᠷᠣᠨ ᠤ ᠠᠷᠠᠯᠵᠢᠶᠠᠴᠢᠨ ᠤᠷᠢᠵᠤ ᠪᠡᠯᠡ ᠤᠷᠤᠭᠤᠯᠤᠯᠳᠠ ᠵᠢᠴᠢ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠡᠭᠡ | ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠣᠶᠢᠯᠠᠭᠠᠵᠤ᠂ ᠨᠠᠩ ᠬᠦᠴᠦᠲᠡᠶ ᠠᠷᠭ᠎ᠠ ᠬᠡᠮᠵᠢᠶ᠎ᠡ᠂ ᠨᠠᠩ ᠥᠨᠳᠥᠷ ᠪᠦᠲᠦᠮᠵᠢᠲᠡᠶ ᠦᠶᠯᠡᠴᠢᠯᠡᠭᠡ᠂ ᠨᠠᠩ ᠰᠢᠯᠢᠳᠡᠭ | ᠣᠷᠴᠢᠨ ᠨᠥᠬᠦᠴᠡᠯ ᠢᠶᠠᠷ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠵᠦ᠂ ᠠᠵᠤ ᠠᠬᠤᠶᠢᠯᠠᠯ ᠤᠨ | ᠦᠷᠭᠦᠯᠵᠢᠯᠡᠨ ᠡᠷᠡᠭᠦᠯ ᠢᠶᠠᠷ ᠬᠥᠭᠵᠢᠬᠦ ᠳᠤ ᠬᠦᠯᠢᠶᠡᠰᠦ ᠶᠢ ᠠᠯᠳᠠᠷᠠᠭᠠᠨ ᠵᠣᠷᠢᠭ ᠢ ᠨᠢ ᠬᠥᠪᠴᠢᠯᠡᠵᠦ᠂ ᠵᠠᠮ ᠳᠡᠪᠢᠰᠴᠦ ᠠᠶᠠᠨ ᠢ ᠬᠠᠮᠠᠭᠠᠯᠠᠬᠤ ᠬᠡᠷᠡᠭᠲᠡᠶ᠃ ᠲᠥᠷᠥᠯ | ᠵᠦᠶᠯ ᠢ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠳᠡᠭᠡᠷ᠎ᠡ ᠬᠦᠴᠦ ᠲᠠᠯᠪᠢᠵᠤ᠂ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ | ᠢ ᠬᠢᠨᠠᠨ ᠵᠥᠪᠰᠢᠶᠡᠷᠡᠬᠦ ᠶᠠᠪᠤᠴᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠡᠯ᠎ᠡ ᠬᠢᠨᠠᠨ ᠵᠥᠪᠰᠢᠶᠡᠷᠡᠬᠦ ᠭᠤᠭᠴᠤᠭ᠎ᠠ ᠶᠢᠨ ᠬᠠᠮᠵᠢᠯᠴᠠᠨ ᠬᠤᠯᠪᠣᠭᠠᠯᠠᠨ | ᠬᠥᠳᠡᠯᠦᠯᠴᠡᠬᠦ ᠶᠢ ᠠᠬᠢᠭᠤᠯᠵᠤ᠂ ᠬᠠᠮᠲᠤᠷᠠᠨ ᠰᠢᠯᠭᠠᠨ ᠠᠪᠬᠤ᠂ ᠬᠠᠮᠲᠤᠷᠠᠨ ᠵᠢᠷᠤᠭ ᠬᠢᠨᠠᠬᠤ᠂ ᠨᠡᠶᠢᠯᠡᠭᠦᠯᠦᠨ ᠬᠢᠨᠠᠨ ᠵᠥᠪᠰᠢᠶᠡᠷᠡᠬᠦ᠂ ᠠᠮᠠᠯᠠᠯᠲᠠ ᠶᠢ ᠮᠡᠳᠡᠭᠳᠡᠬᠦ | ᠵᠡᠷᠭᠡ ᠬᠠᠮᠢᠶ᠎ᠠ ᠪᠥᠬᠦᠶ ᠬᠢᠨᠠᠨ ᠵᠥᠪᠰᠢᠶᠡᠷᠡᠬᠦ ᠦᠶᠯᠡᠴᠢᠯᠡᠭᠡᠨ ᠤ ᠵᠦᠶᠯᠡᠰ ᠢ ᠭᠦᠨᠵᠡᠭᠡᠶ ᠠᠬᠢᠭᠤᠯᠤᠨ᠎ᠠ᠃ ᠠᠵᠤ ᠠᠬᠤᠶᠢᠯᠠᠯ ᠪᠣᠯᠤᠨ ᠤᠯᠠᠨ ᠲᠦᠮᠡᠨ ᠤ ᠬᠠᠨᠤᠮᠵᠢᠲᠠᠢ | ᠪᠠᠶᠢᠬᠤ ᠪᠠᠷ ᠤᠳᠤᠷᠢᠳᠤᠮᠵᠢ ᠪᠣᠯᠭᠠᠵᠤ᠂ ᠠᠵᠤ ᠠᠬᠤᠶᠢᠯᠠᠯ ᠳᠤ ᠠᠰᠢᠭᠲᠠᠢ ᠠᠷᠠᠳ ᠲᠤ ᠲᠦᠬᠦᠮ ᠦᠵᠡᠭᠦᠯᠬᠦ ᠠᠷᠭ᠎ᠠ ᠬᠡᠮᠵᠢᠶ᠎ᠡ ᠶᠢᠨ ᠰᠢᠨ᠎ᠡ ᠶᠢ ᠡᠭᠦᠳᠴᠦ᠂ | ᠨᠠᠷᠢᠯᠢᠭ ᠣᠨᠣᠪᠴᠢᠲᠠᠢ ᠪᠦᠷᠢᠨ ᠭᠦᠢᠴᠡᠳ ᠦᠢᠯᠡᠴᠢᠯᠡᠭᠡ ᠶᠢ ᠬᠠᠩᠭᠠᠵᠤ᠂ ᠰᠠᠶᠢᠨ ᠰᠠᠶᠢᠬᠠᠨ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠪᠤᠢ ᠪᠣᠯᠭᠠᠵᠤ᠂ ᠵᠠᠬ᠎ᠠ | ᠳᠡᠯᠭᠡᠭᠦᠷ ᠤᠨ ᠭᠤᠣᠯ ᠴᠣᠭᠴᠠ ᠶᠢᠨ ᠬᠦᠷᠲᠡᠮᠵᠢ ᠶᠢᠨ ᠲᠦᠷᠦᠭᠳᠡᠯ ᠪᠣᠯᠤᠨ ᠬᠠᠨᠤᠮᠵᠢ ᠶᠢᠨ ᠬᠡᠮᠵᠢᠶ᠎ᠡ ᠶᠢ ᠲᠠᠰᠤᠷᠠᠯᠳᠠ ᠦᠭᠡᠢ ᠨᠡᠮᠡᠭᠳᠡᠭᠦᠯᠬᠦ ᠬᠡᠷᠡᠭᠲᠡᠢ ᠭᠡᠵᠦ | ᠱᠠᠭᠠᠷᠳᠠᠵᠠᠢ᠃ | | | | ᠬᠤᠷᠠᠯ ᠠᠴᠠ᠂ ᠲᠦᠷᠦ ᠶᠢᠨ ᠪᠤᠳᠤᠯᠭ᠎ᠠ ᠶᠢᠨ ᠠᠰᠢᠭ ᠢ ᠰᠠᠶᠢᠲᠤᠷ ᠡᠵᠡᠮᠳᠡᠵᠦ᠂ ᠬᠥᠭᠵᠢᠯᠲᠡ ᠶᠢᠨ ᠠᠵᠠ ᠲᠣᠬᠢᠶᠠᠯ ᠢ ᠠᠮᠵᠢᠵᠤ᠂ ᠦᠢᠯᠡᠴᠢᠯᠡᠭᠡᠨ ᠤ | ᠲᠦᠪᠰᠢᠨ ᠢᠶᠠᠨ ᠳᠡᠭᠡᠭᠰᠢᠯᠡᠭᠦᠯᠵᠦ᠂ ᠠᠷᠠᠯᠵᠢᠶᠠᠴᠢᠨ ᠤᠷᠢᠵᠤ ᠪᠡᠯᠡ ᠤᠷᠤᠭᠤᠯᠤᠯᠳᠠ ᠶᠢᠨ ᠭᠤᠷᠪᠠᠨ ᠵᠢᠯ ᠤᠨ ᠠᠵᠢᠯᠯᠠᠭᠠᠨ ᠤ ᠲᠥᠰᠦᠯ ᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠵᠤ᠂ ᠳᠡᠭᠡᠭᠰᠢ ᠠᠴᠠ ᠪᠡᠯᠡ ᠮᠥᠩᠭᠦ ᠲᠡᠮᠡᠴᠡᠨ ᠲᠦᠷᠦᠯ ᠵᠦᠢᠯ ᠲᠣᠭᠲᠠᠭᠠᠬᠤ ᠪᠠᠷ ᠪᠠᠷᠠᠬᠤ ᠦᠭᠡᠢ ᠪᠠᠰᠠ ᠳᠣᠷᠣᠭᠰᠢ ᠪᠠᠨ ᠰᠠᠶᠢᠲᠤᠷ | ᠦᠢᠯᠡᠴᠢᠯᠡᠵᠦ᠂ ᠬᠥᠭᠦᠷᠭᠡ ᠬᠤᠯᠪᠣᠭᠠᠰᠤ ᠪᠤᠯᠵᠤ᠂ ᠳᠣᠲᠣᠭᠠᠳᠤ ᠳᠠᠭᠠᠨ ᠬᠤᠯᠪᠣᠭᠠᠯᠠᠵᠤ ᠭᠠᠳᠠᠭᠰᠢ ᠠᠴᠠ ᠣᠷᠣᠭᠤᠯᠤᠨ ᠠᠪᠴᠢᠷᠠᠵᠤ᠂ ︽ ᠪᠡᠯᠡ ᠮᠥᠩᠭᠦ ᠶᠢ | ᠥᠪᠥᠷ ᠮᠣᠩᠭᠤᠯ ᠳᠤ ᠣᠷᠣᠭᠤᠯᠤᠨ ᠠᠪᠴᠢᠷᠠᠬᠤ︾ ᠶᠢ ᠠᠬᠢᠭᠤᠯᠬᠤ ᠳᠤ ᠬᠦᠴᠦᠨ ᠨᠡᠮᠡᠷᠢᠯᠡᠬᠦ ᠮᠦᠷᠳᠡᠭᠡᠨ ︽ᠤᠴᠢᠷ ᠢ ᠲᠠᠯᠢᠮᠳᠠᠭᠤᠯᠤᠨ ᠤᠷᠠᠯᠠᠨ ᠲᠡᠯᠭᠡᠷᠡᠭᠦᠯᠬᠦ︾ | ᠬᠡᠷᠡᠭᠲᠡᠢ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠵᠡᠷᠭᠡ ᠤᠯᠤᠰ ᠤᠨ ᠶᠠᠮᠤᠨ ᠵᠥᠪᠯᠡᠯ ᠤᠨ ᠲᠥᠷᠥ ᠶᠢᠨ | ᠪᠣᠳᠣᠯᠭ᠎ᠠ ᠪᠠᠯᠠ ᠮᠥᠩᠭᠦ ᠵᠡᠷᠭᠡ ᠲᠠᠯ᠎ᠠ ᠪᠠᠷ ᠬᠢ ᠳᠡᠮᠵᠢᠯᠭᠡ ᠶᠢ ᠢᠳᠡᠪᠬᠢᠯᠡᠨ ᠬᠦᠷᠲᠡᠵᠦ᠂ ᠠᠶᠢᠮᠠᠭ ᠬᠤᠲᠠ ᠶᠢ ᠵᠢᠯᠣᠭᠤᠳᠴᠤ ᠪᠠᠶᠢᠭᠠᠳ ᠲᠥᠷᠥᠯ ᠵᠦᠶᠯ | ᠨᠥᠭᠡᠴᠡᠯᠡᠬᠦ᠂ ᠡᠮᠦᠨᠡᠬᠢ ᠬᠤᠭᠤᠴᠠᠭᠠᠨ ᠤ ᠠᠵᠢᠯ ᠵᠡᠷᠭᠡ ᠲᠠᠯ᠎ᠠ ᠪᠠᠷ ᠬᠢ ᠲᠥᠯᠥᠪᠵᠢᠭᠦᠯᠭᠡ ᠪᠠᠨ ᠴᠢᠩᠭᠠᠳᠬᠠᠨ᠂ ᠠᠵᠢᠯ ᠤᠨ ᠬᠠᠮᠲᠤᠷᠠᠭᠰᠠᠨ ᠬᠦᠴᠦᠨ ᠢ | ᠪᠦᠷᠢᠯᠳᠦᠭᠦᠯᠵᠦ᠂ ᠮᠠᠨ ᠤ ᠣᠷᠣᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠵᠠᠢ᠃ | ᠬᠤᠷᠠᠯ ᠠᠴᠠ᠂ ᠰᠤᠷᠲᠠᠯ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠲᠤᠰᠢᠶᠠᠯ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠬᠦ ᠬᠡᠷᠡᠭᠲᠡᠢ᠃ ︽ᠭᠤᠷᠪᠠᠨ | ᠠᠷᠪᠢᠨ᠂ ᠭᠤᠷᠪᠠᠨ ᠳᠤᠲᠠᠭᠤ᠂ ᠭᠤᠷᠪᠠᠨ ᠤᠳᠠᠭᠠᠨ︾ ᠤ ᠠᠰᠠᠭᠤᠳᠠᠯ ᠢ ᠦᠷᠭᠦᠯᠵᠢᠯᠡᠨ ᠬᠦᠴᠦ ᠪᠠᠨ ᠲᠥᠪᠯᠡᠷᠡᠭᠦᠯᠦᠨ ᠰᠢᠢᠳᠪᠦᠷᠢᠯᠡᠵᠦ᠂ ᠪᠠᠶᠢᠩᠭᠤ ᠪᠠ ᠤᠷᠳᠤ | ᠬᠤᠭᠤᠴᠠᠭ᠎ᠠ᠂ ᠴᠢᠩᠭ᠎ᠠ ᠪᠠ ᠪᠣᠳᠠᠲᠠᠢ᠂ ᠭᠦᠨᠵᠡᠭᠡᠢ ᠪᠠ ᠨᠠᠷᠢᠯᠢᠭ ᠪᠠᠶᠢᠬᠤ ᠳᠡᠭᠡᠷ᠎ᠡ ᠦᠷᠭᠦᠯᠵᠢᠯᠡᠨ ᠬᠦᠴᠦ ᠣᠷᠣᠭᠤᠯᠵᠤ᠂ ᠰᠤᠷᠲᠠᠯ ᠤᠨ ᠪᠠᠶᠢᠭᠤᠯᠤᠯᠲᠠ ᠶᠢ | ᠪᠠᠶᠢᠩᠭᠤᠵᠢᠭᠤᠯᠤᠨ ᠤᠷᠳᠤ ᠬᠤᠭᠤᠴᠠᠭ᠎ᠠ ᠪᠦᠲᠦᠮᠵᠢᠲᠡᠢ ᠪᠣᠯᠭᠠᠬᠤ ᠶᠢ ᠠᠬᠢᠭᠤᠯᠬᠤ ᠬᠡᠷᠡᠭᠲᠡᠢ᠃ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠡᠷᠡᠰ ᠵᠠᠯᠠᠷᠠᠭᠤᠯᠤᠨ | ᠵᠠᠰᠠᠵᠤ᠂ ᠬᠤᠷᠠᠯ ᠤᠨ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠤᠨ ᠴᠣᠮᠬᠠᠳᠬᠠᠵᠤ᠂ ᠬᠤᠷᠠᠯ ᠤᠨ ᠶᠠᠰᠤ ᠴᠢᠨᠠᠷ ᠢ ᠳᠡᠭᠡᠭᠰᠢᠯᠡᠭᠦᠯᠦᠨ᠂ ᠪᠢᠴᠢᠭ | ᠮᠠᠲ᠋ᠧᠷᠢᠶᠠᠯ ᠠᠵᠢᠯ ᠶᠠᠪᠤᠳᠠᠯ ᠤᠨ ᠰᠢᠶᠳᠪᠦᠷᠢᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ ᠃ ᠴᠠᠭ ᠪᠣᠯᠤᠨ ᠤᠶᠤᠨ ᠴᠢᠳᠠᠯ ᠢᠶᠠᠨ ᠭᠤᠣᠯᠳᠠᠭᠤ ᠠᠰᠠᠭᠤᠳᠠᠯ ᠢ | ᠰᠤᠳᠤᠯᠤᠨ ᠰᠢᠢᠳᠪᠦᠷᠢᠯᠡᠬᠦ ᠪᠠ ᠨᠠᠶᠢᠳᠠᠪᠤᠷᠢᠵᠢᠭᠤᠯᠤᠯᠲᠠ ᠶᠢ ᠪᠡᠶᠡᠯᠡᠭᠦᠯᠬᠦ ᠲᠠᠯ᠎ᠠ ᠪᠠᠷ ᠲᠠᠯᠪᠢᠵᠤ᠂ ᠨᠠᠷᠢᠨ ᠬᠢᠨᠠᠮᠠᠭᠠᠢ ᠠᠵᠢᠯᠯᠠᠵᠤ᠂ ᠵᠣᠷᠢᠭᠲᠠᠢ ᠪᠠᠷ ᠤᠴᠢᠷ ᠶᠠᠪᠤᠳᠠᠯ | ᠢ ᠲᠣᠭᠲᠠᠭᠠᠵᠤ᠂ ᠪᠦᠬᠦ ᠬᠦᠴᠦᠨ ᠢᠶᠠᠷ ᠢᠶᠠᠨ ᠤᠴᠢᠷ ᠶᠠᠪᠤᠳᠠᠯ ᠢ ᠪᠦᠲᠦᠭᠡᠵᠦ᠂ ᠡᠯ᠎ᠡ ᠵᠦᠢᠯ ᠤᠨ ᠬᠠᠷᠠᠯᠲᠠ ᠡᠭᠦᠷᠭᠡ ᠪᠣᠳᠠᠲᠠᠢ ᠦᠷ᠎ᠡ ᠪᠦᠲᠦᠮᠵᠢ ᠤᠯᠬᠤ ᠶᠢ | ᠪᠠᠲᠤᠯᠠᠨ᠎ᠠ᠃ ᠪᠣᠳᠠᠲᠠᠢ ᠠᠵᠢᠯᠯᠠᠬᠤ ᠪᠠᠷ ᠭᠤᠣᠯᠳᠠᠯᠭ᠎ᠠ ᠪᠣᠯᠭᠠᠬᠤ ᠶᠢ ᠪᠠᠷᠢᠮᠲᠠᠯᠠᠵᠤ᠂ ᠦᠷᠭᠦᠯᠵᠢᠯᠡᠨ ᠬᠠᠳᠠᠭᠤᠵᠢᠯᠳᠠᠢ ᠠᠵᠢᠯᠯᠠᠨ᠂ ᠪᠦᠬᠦ ᠬᠦᠴᠦᠨ ᠢᠶᠠᠷ ᠢᠶᠠᠨ | ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠨᠢᠭᠡ ᠶᠢ ᠬᠡᠯᠡᠪᠡᠯ ᠨᠢᠭᠡ ᠶᠢ ᠬᠢᠵᠦ ᠨᠢᠭᠡ ᠶᠢ ᠪᠦᠲᠦᠭᠡᠬᠦ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠵᠠᠢ ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | |