ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠤᠨ ᠣᠷᠳᠣᠨ ᠤ ᠪᠠᠯᠠ ᠤᠷᠤᠭᠤᠯᠤᠯᠳᠠ ᠶᠢᠨ ᠡᠵᠡᠩᠨᠡᠯᠲᠡ ᠶᠢᠨ ᠪᠤᠰᠤ ᠴᠢᠨᠠᠷᠲᠠᠶ ᠲᠥᠷᠥᠯ ᠵᠦᠶᠯ ᠤᠨ ᠣᠷᠣᠯᠠᠨ ᠪᠠᠶᠢᠭᠤᠯᠬᠤ ᠲᠥᠪ ᠲᠣᠭᠤᠷᠢᠨ ᠪᠠᠶᠢᠴᠠᠭᠠᠵᠤ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠬᠤ ᠲᠤᠰᠬᠠᠶ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/2/2
    1 ᠳ᠋ᠦ᠋ᠭᠡᠷ ᠰᠠᠷ᠎ᠠ ᠶᠢᠨ 31 ᠤ ᠡᠳᠦᠷ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠤᠨ ᠣᠷᠳᠣᠨ ᠤ ᠪᠠᠯᠠ ᠤᠷᠤᠭᠤᠯᠤᠯᠳᠠ ᠶᠢᠨ ᠡᠵᠡᠩᠨᠡᠯᠲᠡ  ᠶᠢᠨ ᠪᠤᠰᠤ ᠴᠢᠨᠠᠷᠲᠠᠶ ᠲᠥᠷᠥᠯ ᠵᠦᠶᠯ ᠤᠨ ᠣᠷᠣᠯᠠᠨ ᠪᠠᠶᠢᠭᠤᠯᠬᠤ ᠲᠥᠪ ᠲᠣᠭᠤᠷᠢᠨ ᠪᠠᠶᠢᠴᠠᠭᠠᠵᠤ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠬᠤ ᠲᠤᠰᠬᠠᠶ ᠠᠵᠢᠯ  ᠢ ᠠᠬᠢᠭᠤᠯᠬᠤ ᠬᠤᠷᠠᠯ ᠢ ᠵᠤᠬᠢᠶᠠᠨ ᠪᠠᠶᠢᠭᠤᠯᠤᠨ ᠬᠤᠷᠠᠯᠳᠤᠭᠤᠯᠵᠤ᠂ ᠲᠣᠭᠤᠷᠢᠨ ᠪᠠᠶᠢᠴᠠᠭᠠᠵᠤ ᠬᠢᠨᠠᠨ ᠪᠣᠳᠣᠭᠠᠳ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠠᠬᠢᠴᠠ ᠶᠢᠨ ᠲᠤᠬᠠᠶ ᠬᠠᠮᠢᠶ᠎ᠠ ᠪᠥᠬᠦᠶ ᠲᠤᠬᠠᠶᠢᠯᠠᠭᠰᠠᠨ ᠠᠵᠢᠯ ᠤᠨ ᠭᠠᠵᠠᠷ ᠲᠠᠰᠤᠭ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠴᠡᠭᠴᠡᠯᠡᠨ ᠰᠠᠶᠢᠵᠢᠷᠠᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠣᠷᠣᠯᠠᠨ ᠪᠠᠶᠢᠭᠤᠯᠬᠤ ᠲᠥᠪ ᠤᠨ ᠨᠠᠮ ᠤᠨ ᠶᠡᠷᠦᠩᠬᠡᠢ ᠡᠭᠦᠷ ᠤᠨ ᠱᠦᠵᠢ᠂ ᠡᠷᠬᠢᠯᠡᠭᠴᠢ ᠸᠠᠩ ᠸᠧᠨ ᡁᠢ ᠬᠤᠷᠠᠯ ᠢ ᠡᠷᠬᠢᠯᠡᠪᠡ᠃ 
自治区本级政府投资非经营性项目代建中心召开巡视审计整改专项推进会1.png 
    ᠬᠤᠷᠠᠯ ᠠᠴᠠ᠂ ᠤᠯᠤᠰ ᠲᠦᠷᠦ ᠶᠢᠨ ᠲᠠᠨᠢᠯᠲᠠ ᠪᠠᠨ ᠤᠯᠠᠮ ᠴᠢᠨᠠᠭᠰᠢᠳᠠ ᠳᠡᠭᠡᠭᠰᠢᠯᠡᠭᠦᠯᠵᠦ᠂ ᠲᠣᠭᠤᠷᠢᠨ ᠪᠠᠶᠢᠴᠠᠭᠠᠵᠤ ᠬᠢᠨᠠᠨ ᠪᠤᠳᠤᠬᠤ ᠳᠤ ᠬᠠᠷᠢᠭᠤ ᠲᠤᠰᠬᠠᠭᠰᠠᠠ ᠴᠡᠭᠴᠡᠯᠡᠨ ᠰᠠᠶᠢᠵᠢᠷᠠᠭᠤᠯᠬᠤ ᠠᠵᠢᠯ ᠤᠨ ᠤᠯᠤᠰ ᠲᠦᠷᠦ ᠶᠢᠨ ᠤᠬᠠᠮᠰᠠᠷ ᠪᠣᠯᠤᠨ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠦᠨᠡᠨᠬᠦ ᠴᠢᠩᠭᠠᠳᠬᠠᠵᠤ ᠂ ᠳᠡᠭᠡᠳᠦ ᠬᠡᠮᠵᠢᠶ᠎ᠡ ᠪᠠᠷ ᠬᠠᠷᠢᠭᠤᠴᠠᠬᠤ ᠣᠪᠣᠷ᠂ ᠪᠣᠳᠠᠲᠠᠢ ᠶᠢ ᠡᠷᠬᠢᠮᠯᠡᠭᠰᠡᠨ ᠴᠢᠩᠭ᠎ᠠ ᠠᠷᠭ᠎ᠠ ᠬᠡᠮᠵᠢᠶ᠎ᠡ ᠪᠠᠷ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠪᠡᠶᠡᠯᠡᠭᠦᠯᠵᠦ᠂ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠢ᠃ ᠠᠵᠢᠯ ᠤᠨ ᠦᠷ᠎ᠡ ᠪᠦᠲᠦᠮᠵᠢ ᠪᠣᠯᠤᠨ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠵᠣᠬᠢᠴᠠᠭᠤᠯᠤᠨ ᠬᠤᠯᠪᠣᠭᠠᠯᠠᠨ ᠬᠥᠳᠡᠯᠦᠯᠴᠡᠬᠦ ᠶᠢ ᠪᠠᠷᠢᠮᠲᠠᠯᠠᠵᠤ᠂ ᠬᠠᠷᠢᠭᠤᠴᠠᠯᠭ᠎ᠠ ᠲᠣᠳᠣᠷᠬᠠᠢ᠂ ᠠᠷᠭ᠎ᠠ ᠬᠡᠮᠵᠢᠶ᠎ᠡ ᠬᠦᠴᠦᠲᠡᠢ᠂ ᠴᠠᠭ ᠲᠤᠬᠠᠢ ᠳᠤᠨᠢ ᠬᠠᠷᠢᠭᠤ ᠲᠤᠰᠬᠠᠬᠤ ᠶᠢ ᠪᠡᠶᠡᠯᠡᠭᠦᠯᠵᠦ᠂ ᠲᠣᠭᠤᠷᠢᠨ ᠪᠠᠶᠢᠴᠠᠭᠠᠵᠤ ᠬᠢᠨᠠᠨ ᠪᠣᠳᠣᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠪᠣᠳᠠᠲᠠᠢ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃   ᠬᠤᠷᠠᠯ ᠠᠴᠠ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠵᠢᠯ ᠤᠨ ᠡᠷᠴᠢᠮ ᠢᠶᠠᠨ ᠴᠢᠨᠠᠭᠰᠢᠳᠠ ᠴᠢᠩᠭᠠᠷᠠᠭᠤᠯᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠪᠦᠬᠦ ᠬᠦᠴᠦ ᠪᠠᠷ ᠢᠶᠠᠨ ᠰᠠᠶᠢᠲᠤᠷ ᠪᠡᠶᠡᠯᠡᠭᠦᠯᠵᠦ ᠂ ᠪᠠᠶᠢᠭᠤᠯᠵᠤ ᠪᠠᠶᠢᠭ᠎ᠠ ᠣᠷᠣᠯᠠᠨ ᠪᠠᠶᠢᠭᠤᠯᠬᠤ ᠲᠦᠷᠦᠯ ᠵᠦᠢᠯ ᠤᠨ ᠤᠷᠤᠭᠰᠢᠲᠠᠢ ᠪᠡᠶᠡᠯᠡᠭᠳᠡᠬᠦ ᠶᠢ ᠪᠠᠲᠤᠯᠠᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠲᠥᠷᠥᠯ ᠵᠦᠶᠯ ᠢ ᠠᠬᠢᠭᠤᠯᠬᠤ ᠳᠤᠮᠳᠠ ᠣᠷᠣᠰᠢᠵᠤ ᠪᠠᠶᠢᠭ᠎ᠠ ᠲᠦᠭᠵᠢᠷᠡᠯ ᠪᠣᠯᠤᠨ ᠬᠦᠴᠢᠷᠳᠡᠯ ᠢ ᠭᠦᠨᠵᠡᠭᠡᠶ ᠪᠠᠶᠢᠴᠠᠭᠠᠨ ᠡᠷᠢᠵᠦ᠂ ᠰᠢᠯᠲᠠᠭᠠᠨ ᠢ ᠨᠢ ᠵᠠᠳᠠᠯᠤᠨ᠂ ᠠᠷᠭᠠᠴᠠᠬᠤ ᠪᠣᠳᠣᠯᠭ᠎ᠠ ᠶᠢ ᠰᠤᠳᠤᠯᠵᠤ᠂ ᠣᠨᠣᠪᠴᠢᠲᠠᠶ  ᠪᠠᠷ ᠠᠷᠭ᠎ᠠ ᠪᠣᠳᠣᠯᠭ᠎ᠠ ᠬᠡᠷᠡᠭᠵᠢᠭᠦᠯᠦᠨ᠂ ᠡᠯ᠎ᠡ ᠵᠦᠶᠯ ᠤᠨ ᠠᠵᠢᠯ ᠢ ᠦᠨᠡᠨᠬᠦ ᠪᠣᠳᠠᠲᠠᠶ ᠳᠤ ᠨᠠᠶᠢᠳᠠᠪᠤᠷᠢᠵᠢᠭᠤᠯᠵᠤ᠂ ᠣᠷᠣᠯᠠᠨ ᠪᠠᠶᠢᠭᠤᠯᠬᠤ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ ᠭᠡᠵᠦ ᠱᠠᠭᠠᠷᠳᠠᠪᠠ ᠃ 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ