ᠪᠦᠬᠦ ᠤᠯᠤᠰ ᠤᠨ ᠬᠤᠶᠠᠷ ᠬᠤᠷᠠᠯ ᠤᠨ ᠰᠠᠨᠠᠭᠤᠯᠭ᠎ᠠ ᠰᠠᠨᠠᠯ ᠳᠤᠷᠠᠳᠤᠯᠭ᠎ᠠ ᠶᠢ ᠭᠦᠢᠴᠡᠳᠬᠡᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ | ᠡᠨᠡ ᠵᠢᠯ ᠤᠨ ᠪᠦᠬᠦ ᠤᠯᠤᠰ ᠤᠨ ᠬᠤᠶᠠᠷ ᠬᠤᠷᠠᠯ ᠤᠨ ᠲᠥᠯᠥᠭᠡᠯᠡᠭᠴᠢᠳ ᠪᠣᠯᠣᠨ ᠭᠡᠰᠢᠭᠦᠳ ᠤᠨ ᠰᠠᠨᠠᠯ ᠰᠠᠨᠠᠭᠤᠯᠭ᠎ᠠ ᠶᠢ ᠰᠣᠨᠣᠰᠬᠤ ᠠᠵᠢᠯ ᠢ ᠰᠠᠶᠢᠲᠤᠷ ᠬᠢᠬᠦ | ᠲᠤᠬᠠᠢ ᠪᠠᠶᠢᠷᠢᠯᠠᠭᠤᠯᠪᠠ | ᠠᠵᠤ ᠠᠬᠤᠶᠢᠯᠠᠯ ᠳᠤ ᠬᠤᠯᠪᠣᠭᠳᠠᠭᠰᠠᠨ ᠰᠦᠢᠳᠬᠡᠯ ᠬᠤᠷᠢᠶᠠᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠ | ᠲᠣᠭᠲᠠᠭᠠᠯ ᠠᠴᠠ ᠵᠥᠷᠢᠴᠡᠨ ᠰᠦᠢᠳᠬᠡᠯ ᠬᠤᠷᠢᠶᠠᠭᠰᠠᠨ ᠢ ᠴᠡᠭᠴᠡᠯᠡᠨ ᠵᠠᠰᠠᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ ᠳᠤᠷ᠎ᠠ ᠪᠠᠷ ᠢᠶᠠᠨ | ᠰᠦᠢᠳᠬᠡᠯ ᠬᠤᠷᠢᠶᠠᠭᠰᠠᠨ ᠢ ᠴᠡᠭᠴᠡᠯᠡᠨ ᠵᠠᠰᠠᠭᠰᠠᠨ ᠦᠷ᠎ᠡ ᠳ᠋ᠦᠩ ᠢ ᠤᠯᠠᠮ ᠨᠢᠭᠡ ᠠᠯᠬᠤᠮ ᠪᠠᠲᠤᠳᠬᠠᠬᠤ ᠬᠡᠷᠡᠭᠲᠡᠢ ᠭᠡᠵᠦ ᠱᠠᠭᠠᠷᠳᠠᠪᠠ | ᠰᠢᠨᠬᠤᠸᠠ ᠬᠤᠷᠢᠶᠠᠨ ᠤ ᠪᠡᠭᠡᠵᠢᠩ ᠤᠨ 2 ᠳ᠋ᠤᠭᠠᠷ ᠰᠠᠷ᠎ᠠ ᠶᠢᠨ 22 ᠤᠨ ᠡᠳᠦᠷ ᠤᠨ ᠴᠠᠬᠢᠯᠭᠠᠨ ᠮᠡᠳᠡᠭᠡ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ | ᠰᠠᠶᠢᠳ ᠯᠢ ᠺᠧ ᠴᠢᠶᠠᠩ 2 ᠳ᠋ᠤᠭᠠᠷ ᠰᠠᠷ᠎ᠠ ᠶᠢᠨ 22 ᠤᠨ ᠡᠳᠦᠷ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ | ᠪᠦᠬᠦ ᠤᠯᠤᠰ ᠤᠨ ᠬᠤᠶᠠᠷ ᠬᠤᠷᠠᠯ ᠤᠨ ᠰᠠᠨᠠᠭᠤᠯᠭ᠎ᠠ ᠰᠠᠨᠠᠯ ᠳᠤᠷᠠᠳᠤᠯᠭ᠎ᠠ ᠶᠢ ᠭᠦᠢᠴᠡᠳᠬᠡᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ | ᠡᠨᠡ ᠵᠢᠯ ᠤᠨ ᠪᠦᠬᠦ ᠤᠯᠤᠰ ᠤᠨ ᠬᠤᠶᠠᠷ ᠬᠤᠷᠠᠯ ᠤᠨ ᠲᠥᠯᠥᠭᠡᠯᠡᠭᠴᠢᠳ ᠪᠣᠯᠣᠨ ᠭᠡᠰᠢᠭᠦᠳ ᠤᠨ ᠰᠠᠨᠠᠯ ᠰᠠᠨᠠᠭᠤᠯᠭ᠎ᠠ ᠶᠢ ᠰᠣᠨᠣᠰᠬᠤ ᠠᠵᠢᠯ ᠢ ᠰᠠᠶᠢᠲᠤᠷ ᠬᠢᠬᠦ | ᠲᠤᠬᠠᠢ ᠪᠠᠶᠢᠷᠢᠯᠠᠭᠤᠯᠪᠠ︔ ᠠᠵᠤ ᠠᠬᠤᠶᠢᠯᠠᠯ ᠳᠤ ᠬᠤᠯᠪᠣᠭᠳᠠᠭᠰᠠᠨ ᠰᠦᠢᠳᠬᠡᠯ ᠬᠤᠷᠢᠶᠠᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠤᠭᠰᠠᠨ ᠪᠠ ᠲᠣᠭᠲᠠᠭᠠᠯ ᠠᠴᠠ ᠵᠥᠷᠢᠴᠡᠨ ᠰᠦᠢᠳᠬᠡᠯ ᠬᠤᠷᠢᠶᠠᠭᠰᠠᠨ ᠢ ᠴᠡᠭᠴᠡᠯᠡᠨ ᠵᠠᠰᠠᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ | ᠰᠣᠨᠣᠰᠴᠤ᠂ ᠳᠤᠷ᠎ᠠ ᠪᠠᠷ ᠢᠶᠠᠨ ᠰᠦᠢᠳᠬᠡᠯ ᠬᠤᠷᠢᠶᠠᠭᠰᠠᠨ ᠢ ᠴᠡᠭᠴᠡᠯᠡᠨ ᠵᠠᠰᠠᠭᠰᠠᠨ ᠦᠷ᠎ᠡ ᠳ᠋ᠦᠩ ᠢ ᠤᠯᠠᠮ ᠨᠢᠭᠡ ᠠᠯᠬᠤᠮ ᠪᠠᠲᠤᠳᠬᠠᠬᠤ ᠬᠡᠷᠡᠭᠲᠡᠢ ᠭᠡᠵᠦ | ᠱᠠᠭᠠᠷᠳᠠᠪᠠ᠃ | ᠬᠤᠷᠠᠯ ᠠᠴᠠ᠂ ᠵᠠᠰᠠᠭ ᠤᠨ ᠣᠷᠳᠣᠨ ᠤ ᠡᠷᠬᠡ ᠠᠷᠠᠳ ᠲᠦᠮᠡᠨ ᠠᠴᠠ ᠢᠷᠡᠯᠲᠡ ᠲᠠᠢ᠂ ᠵᠠᠰᠠᠭ ᠶᠠᠪᠤᠭᠤᠯᠬᠤ ᠳᠤ ᠪᠠᠨ ᠡᠷᠬᠡᠪᠰᠢ ᠠᠷᠠᠳ ᠲᠦᠮᠡᠨ ᠤ ᠬᠦᠰᠡᠯ | ᠨᠠᠶᠢᠳᠠᠯᠭ᠎ᠠ ᠳᠤ ᠨᠡᠶᠢᠴᠡᠭᠦᠯᠬᠦ ᠬᠡᠷᠡᠭᠲᠡᠢ᠃ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ | ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠪᠣᠯ ᠵᠠᠰᠠᠭ ᠤᠨ ᠣᠷᠳᠣᠨ ᠤ ᠠᠷᠠᠳ ᠤᠨ ᠰᠠᠨᠠᠭ᠎ᠠ ᠶᠢ ᠰᠣᠨᠣᠰᠬᠤ᠂ | ᠠᠷᠠᠳ ᠲᠦᠮᠡᠨ ᠤ ᠬᠢᠨᠠᠯᠲᠠ ᠶᠢ ᠬᠦᠯᠢᠶᠡᠬᠦ ᠶᠢᠨ ᠳᠣᠲᠣᠭᠠᠳᠤ ᠱᠠᠭᠠᠷᠳᠠᠯᠭ᠎ᠠ ᠮᠥᠨ᠂ ᠰᠢᠨᠵᠢᠯᠡᠬᠦ ᠤᠬᠠᠭᠠᠨᠴᠢ ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ | ᠲᠣᠭᠲᠠᠭᠠᠬᠤ᠂ ᠠᠵᠢᠯ ᠢᠶᠠᠨ ᠬᠠᠯᠠᠨ ᠰᠠᠶᠢᠵᠢᠷᠠᠭᠤᠯᠬᠤ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠃ ᠲᠦᠷᠦ ᠶᠢᠨ | ᠶᠠᠪᠤᠳᠠᠯ ᠤᠨ ᠬᠤᠷᠢᠶ᠎ᠠ ᠠᠴᠠ ᠡᠨᠡ ᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠵᠢᠯ ᠪᠦᠷᠢ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ | ᠬᠤᠷᠠᠯ ᠢ ᠬᠤᠷᠠᠯᠳᠤᠭᠤᠯᠵᠤ ᠰᠢᠢᠳᠪᠦᠷᠢᠯᠡᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠳᠠᠭ᠃ ᠨᠢᠳᠤᠨᠤᠨ ᠲᠦᠷᠦ ᠶᠢᠨ ᠶᠠᠪᠤᠳᠠᠯ ᠤᠨ | ᠬᠤᠷᠢᠶᠠᠨ ᠤ ᠡᠯ᠎ᠡ ᠰᠠᠯᠠᠭ᠎ᠠ ᠮᠥᠴᠢᠷ ᠤᠨ ᠬᠢᠨ ᠲᠥᠯᠥᠭᠡᠯᠡᠭᠴᠢᠳ ᠤᠨ ᠰᠠᠨᠠᠭᠤᠯᠭ᠎ᠠ ᠶᠢ ᠨᠡᠶᠢᠳᠡ 8721 ᠬᠤᠪᠢ᠂ ᠭᠡᠰᠢᠭᠦᠳ ᠤᠨ ᠰᠠᠨᠠᠯ ᠳᠤᠷᠠᠳᠤᠯᠭ᠎ᠠ ᠶᠢ | ᠨᠡᠶᠢᠳᠡ 5865 ᠬᠤᠪᠢ ᠰᠢᠢᠳᠪᠦᠷᠢᠯᠡᠪᠡ᠃ ᠡᠨᠡ ᠨᠢ ᠲᠤᠰ ᠲᠤᠰ ᠰᠠᠨᠠᠭᠤᠯᠭ᠎ᠠ᠂ ᠰᠠᠨᠠᠯ ᠳᠤᠷᠠᠳᠤᠯᠭ᠎ᠠ ᠶᠢᠨ ᠪᠦᠬᠦ ᠲᠣᠭᠠᠨ ᠤ 94.8%᠂ 95% ᠶᠢ | ᠡᠵᠡᠯᠡᠪᠡ᠃ ᠥᠩᠭᠡᠷᠡᠭᠰᠡᠨ 5 ᠵᠢᠯ ᠳᠤ᠂ ᠲᠥᠯᠥᠭᠡᠯᠡᠭᠴᠢᠳ ᠪᠠ ᠭᠡᠰᠢᠭᠦᠳ ᠤᠨ ᠰᠠᠨᠠᠯ ᠰᠠᠨᠠᠭᠤᠯᠭ᠎ᠠ ᠶᠢ ᠨᠡᠶᠢᠳᠡ 1.8 ᠲᠦᠮᠡ ᠭᠠᠷᠤᠢ ᠵᠤᠷᠪᠤᠰ ᠭᠥᠯᠢᠶᠡᠨ | ᠠᠪᠴᠤ᠂ ᠬᠤᠯᠪᠣᠭᠳᠠᠯ ᠪᠦᠬᠦᠢ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ 7800 ᠭᠠᠷᠤᠢ ᠵᠤᠷᠪᠤᠰ ᠨᠡᠶᠢᠲᠡᠯᠡᠨ ᠬᠡᠷᠡᠭᠵᠢᠭᠦᠯᠵᠦ᠂ ᠥᠭᠡᠷᠡᠴᠢᠯᠡᠯᠲᠡ | ᠬᠥᠭᠵᠢᠯᠲᠡ ᠪᠠ ᠠᠷᠠᠳ ᠤᠯᠠᠨ ᠤ ᠪᠠᠴᠢᠮᠳᠠᠵᠤ᠂ ᠲᠦᠪᠡᠭᠳᠡᠵᠦ᠂ ᠵᠣᠪᠠᠨᠢᠵᠤ᠂ ᠬᠦᠰᠡᠵᠦ ᠪᠠᠶᠢᠭ᠎ᠠ ᠳᠤ ᠬᠤᠯᠪᠣᠭᠳᠠᠭᠰᠠᠨ ᠮᠠᠰᠢ ᠤᠯᠠᠨ ᠠᠰᠠᠭᠤᠳᠠᠯ ᠢ | ᠰᠢᠢᠳᠪᠦᠷᠢᠯᠡᠬᠦ ᠶᠢ ᠠᠬᠢᠭᠤᠯᠪᠠ᠃ ᠡᠯ᠎ᠡ ᠰᠠᠯᠠᠭ᠎ᠠ ᠮᠥᠴᠢᠷ ᠤᠨ ᠬᠢᠨ ᠰᠠᠨᠠᠭᠤᠯᠭ᠎ᠠ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠶᠢ ᠣᠨ ᠤ ᠭᠤᠣᠯᠳᠠᠯᠭ᠎ᠠ ᠲᠠᠢ | ᠡᠭᠦᠷᠭᠡ ᠪᠠᠨ ᠪᠣᠯᠭᠠᠵᠤ᠂ ᠢᠳᠡᠪᠬᠢᠲᠡᠢ ᠪᠠᠷ ᠬᠠᠶᠢᠨ ᠰᠦᠪᠡᠭᠴᠢᠯᠡᠬᠦ ᠪᠠ ᠰᠢᠨᠡᠴᠢᠯᠡᠵᠦ᠂ ᠱᠠᠲᠤ ᠬᠤᠪᠢᠶᠠᠨ ᠬᠠᠷᠢᠭᠤᠴᠠᠬᠤ᠂ ᠡᠬᠡ ᠲᠠᠩᠰᠠ ᠶᠢ ᠬᠠᠮᠢᠶᠠᠷᠬᠤ᠂ | ᠮᠥᠷᠳᠡᠨ ᠰᠢᠮᠳᠠᠭᠤᠯᠵᠤ ᠰᠢᠢᠳᠪᠦᠷᠢᠯᠡᠬᠦ᠂ ᠨᠢᠭᠡᠳ ᠨᠢᠭᠡ ᠪᠠᠷ ᠬᠠᠷᠢᠭᠤᠯᠲᠠ ᠥᠭᠬᠦ ᠵᠡᠷᠭᠡ ᠲᠣᠭᠲᠠᠴᠠ ᠶᠢ ᠨᠡᠶᠢᠳᠡᠮ ᠪᠠᠶᠢᠭᠤᠯᠵᠤ᠂ ᠨᠡᠯᠢᠶᠡᠳ ᠲᠡᠭᠦᠯᠳᠡᠷᠵᠢᠭᠰᠡᠨ | ᠵᠢᠷᠤᠮᠵᠢᠭᠰᠠᠨ ᠳᠦᠷᠢᠮ ᠢ ᠪᠦᠷᠢᠯᠳᠦᠭᠦᠯᠪᠡ︔ ᠲᠥᠯᠥᠭᠡᠯᠡᠭᠴᠢᠳ ᠪᠠ ᠭᠡᠰᠢᠭᠦᠳ ᠯᠦᠭᠡ ᠶᠢᠨ ᠣᠶᠢᠯᠠᠭᠠᠯᠴᠠᠭ᠎ᠠ ᠪᠠᠨ ᠨᠢᠭᠲᠠᠷᠠᠭᠤᠯᠵᠤ᠂ ᠰᠢᠢᠳᠪᠦᠷᠢᠯᠡᠬᠦ ᠠᠴᠠ | ᠡᠮᠦᠨ᠎ᠡ᠂ ᠰᠢᠢᠳᠪᠦᠷᠢᠯᠡᠬᠦ ᠶᠠᠪᠤᠴᠠ ᠳᠤ᠂ ᠰᠢᠢᠳᠪᠦᠷᠢᠯᠡᠵᠦ ᠳᠠᠭᠤᠰᠤᠭᠰᠠᠨ ᠤ ᠳᠠᠷᠠᠭᠠᠬᠢ ᠵᠣᠯᠭᠠᠭᠤᠯᠵᠤ ᠬᠠᠷᠢᠯᠴᠠᠬᠤ ᠪᠠᠨ ᠴᠢᠩᠭᠠᠳᠬᠠᠵᠤ᠂ ︽ᠪᠢᠴᠢᠭ ᠬᠠᠷ᠎ᠠ ᠪᠠᠷ | ᠶᠠᠪᠤᠯᠴᠠᠬᠤ︾ ᠠᠴᠠ ︽ᠬᠥᠮᠥᠰ ᠬᠤᠭᠤᠷᠣᠨᠳᠤ ᠪᠠᠨ ᠶᠠᠪᠤᠯᠴᠠᠬᠤ︾ ᠲᠡᠶᠢᠰᠢ ᠬᠤᠪᠢᠷᠠᠭᠤᠯᠬᠤ ᠶᠢ ᠴᠢᠬᠤᠯᠠᠴᠢᠯᠠᠵᠤ᠂ ᠰᠢᠢᠳᠪᠦᠷᠢᠯᠡᠬᠦ ᠪᠣᠳᠠᠲᠤ ᠦᠷ᠎ᠡ | ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠭᠦᠨ ᠲᠠᠰ ᠳᠠᠪᠬᠤᠷᠭ᠎ᠠ ᠶᠢᠨ ᠬᠡᠮ ᠰᠣᠭᠤᠭ ᠢ ᠰᠤᠳᠤᠯᠤᠨ ᠰᠢᠢᠳᠪᠦᠷᠢᠯᠡᠵᠦ᠂ ᠦᠷ᠎ᠡ ᠪᠦᠲᠦᠭᠡᠯ ᠢ ᠦᠨᠡᠨ | ᠪᠣᠳᠠᠲᠠᠢ ᠠᠷᠭ᠎ᠠ ᠬᠡᠮᠵᠢᠶ᠎ᠡ ᠪᠣᠯᠭᠠᠨ ᠤᠯᠠᠷᠢᠭᠤᠯᠬᠤ ᠶᠢ ᠠᠬᠢᠭᠤᠯᠵᠤ᠂ ᠨᠢᠭᠡ ᠪᠠᠷ ᠣᠯᠠᠨ ᠢ ᠳᠠᠶᠢᠴᠢᠯᠠᠨ ᠠᠵᠢᠯ ᠢᠶᠠᠨ ᠪᠣᠳᠠᠲᠠᠢ ᠪᠠᠷ ᠠᠬᠢᠭᠤᠯᠬᠤ ᠬᠡᠷᠡᠭᠲᠡᠢ᠃ ᠡᠨᠡ | ᠵᠢᠯ ᠤᠨ ᠪᠦᠬᠦ ᠤᠯᠤᠰ ᠤᠨ ᠬᠤᠶᠠᠷ ᠬᠤᠷᠠᠯ ᠤᠳᠠᠯ ᠦᠭᠡᠢ ᠬᠤᠷᠠᠯᠳᠤᠬᠤ ᠭᠡᠵᠦ ᠪᠠᠶᠢᠨ᠎ᠠ᠂ ᠥᠩᠭᠡᠷᠡᠭᠰᠡᠨ ᠤ ᠪᠣᠳᠠᠲᠠᠢ ᠠᠷᠭ᠎ᠠ ᠬᠢᠳᠡᠯ ᠢᠶᠠᠨ ᠳ᠋ᠦᠩᠨᠡᠵᠦ᠂ | ᠲᠥᠯᠥᠭᠡᠯᠡᠭᠴᠢᠳ ᠪᠣᠯᠣᠨ ᠭᠡᠰᠢᠭᠦᠳ ᠤᠨ ᠰᠠᠨᠠᠯ ᠰᠠᠨᠠᠭᠤᠯᠭ᠎ᠠ ᠶᠢ ᠬᠢᠨᠠᠮᠠᠭᠠᠢ ᠰᠣᠨᠣᠰᠬᠤ ᠬᠡᠷᠡᠭᠲᠡᠢ᠃ ᠲᠦᠷᠦ ᠶᠢᠨ ᠶᠠᠪᠤᠳᠠᠯ ᠤᠨ ᠬᠤᠷᠢᠶᠠᠨ ᠤ ᠰᠠᠯᠠᠭ᠎ᠠ | ᠮᠥᠴᠢᠷ ᠤᠨ ᠬᠠᠷᠢᠭᠤᠴᠠᠯᠭᠠᠲᠠᠳ ᠬᠤᠷᠠᠯ ᠳᠤ ᠰᠤᠯᠠ ᠣᠷᠤᠯᠴᠠᠬᠤ ᠪᠤᠶᠤ ᠬᠤᠷᠠᠯ ᠢ ᠰᠤᠯᠠ ᠰᠣᠨᠣᠰᠴᠤ᠂ ᠡᠯ᠎ᠡ ᠰᠠᠯᠠᠭ᠎ᠠ ᠮᠥᠴᠢᠷ ᠤᠨ ᠬᠢᠨ ᠤᠯᠠᠨ ᠠᠷᠭ᠎ᠠ | ᠵᠠᠮ ᠢᠶᠠᠷ ᠰᠠᠨᠠᠭᠠᠴᠢᠯᠠᠭ᠎ᠠ ᠠᠴᠠ ᠪᠠᠨ ᠲᠥᠯᠥᠭᠡᠯᠡᠭᠴᠢᠳ ᠪᠣᠯᠣᠨ ᠭᠡᠰᠢᠭᠦᠳ ᠲᠠᠢ ᠨᠡᠪᠲᠡᠷᠡᠯᠴᠡᠬᠦ ᠬᠡᠷᠡᠭᠲᠡᠢ᠃ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ | ᠲᠢᠩᠬᠢᠮ ᠠᠴᠠ ᠠᠵᠢᠯᠲᠠᠨ ᠲᠣᠬᠢᠷᠠᠭᠤᠯᠵᠤ ᠦᠷᠭᠦᠯᠵᠢᠯᠡᠨ ᠲᠤᠬᠠᠢ ᠶᠢᠨ ᠲᠠᠯᠠᠪᠤᠷ ᠲᠤ ᠰᠠᠨᠠᠯ ᠰᠠᠨᠠᠭᠤᠯᠭ᠎ᠠ ᠶᠢ ᠰᠤᠯᠠ ᠰᠣᠨᠣᠰᠤᠭᠤᠯᠵᠤ᠂ ᠰᠢᠢᠳᠪᠦᠷᠢᠯᠡᠬᠦ | ᠴᠢᠬᠤᠯᠠᠲᠠᠢ ᠪᠠᠶᠢᠪᠠᠯ ᠴᠠᠭ ᠲᠤᠬᠠᠢ ᠳᠤ ᠨᠢ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠰᠢᠯᠵᠢᠭᠦᠯᠦᠨ ᠲᠤᠰᠢᠶᠠᠬᠤ ᠬᠡᠷᠡᠭᠲᠡᠢ᠃ ᠵᠠᠰᠠᠭ ᠤᠨ ᠣᠷᠳᠣᠨ ᠤ ᠠᠵᠢᠯ ᠤᠨ | ᠢᠯᠡᠳᠬᠡᠯ ᠤᠨ ᠲᠤᠬᠠᠢ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠣᠪᠣᠷ ᠢᠶᠠᠷ ᠲᠥᠯᠥᠭᠡᠯᠡᠭᠴᠢᠳ ᠪᠠ ᠭᠡᠰᠢᠭᠦᠳ ᠤᠨ ᠰᠠᠨᠠᠯ ᠰᠠᠨᠠᠭᠤᠯᠭ᠎ᠠ ᠶᠢ ᠰᠤᠳᠤᠯᠵᠤ᠂ ᠦᠨᠡᠨ | ᠮᠡᠳᠡᠯᠭᠡ ᠨᠡᠪᠲᠡᠷᠬᠡᠢ ᠦᠵᠡᠯᠲᠡ ᠶᠢ ᠢᠯᠡᠳᠬᠡᠯ ᠪᠠ ᠪᠣᠳᠠᠲᠠᠢ ᠠᠵᠢᠯ ᠤᠨ ᠳᠤᠮᠳᠠ ᠪᠠᠨ ᠢᠯᠡᠷᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ ᠵᠢᠭᠠᠵᠤ ᠭᠠᠷᠭᠠᠬᠤ ᠳᠤ ᠪᠠᠨ᠂ ᠨᠢᠳᠤᠨᠤᠨ ᠵᠠᠬ᠎ᠠ ᠳᠡᠯᠭᠡᠭᠦᠷ ᠤᠨ ᠪᠠᠶᠢᠳᠠᠯ ᠤᠨ ᠬᠤᠪᠢᠷᠠᠯᠲᠠ ᠪᠣᠯᠣᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ | ᠬᠡᠷᠡᠭᠴᠡᠭᠡ ᠳᠤ ᠰᠢᠭᠤᠳ ᠬᠠᠨᠳᠤᠭᠤᠯᠵᠤ᠂ ᠶᠡᠭᠡ ᠬᠡᠪᠴᠢᠶᠡᠨ ᠤ ᠭᠠᠶᠢᠯᠢ ᠶᠢ ᠪᠤᠴᠠᠭᠠᠬᠤ ᠭᠠᠶᠢᠯᠢ ᠶᠢ ᠬᠥᠩᠭᠡᠯᠡᠬᠦ ᠰᠦᠢᠳᠬᠡᠯ ᠢ ᠪᠠᠭᠤᠷᠠᠭᠤᠯᠬᠤ ᠪᠠ ᠭᠠᠶᠢᠯᠢ | ᠰᠦᠢᠳᠬᠡᠯ ᠢ ᠬᠤᠶᠢᠰᠢᠯᠠᠭᠤᠯᠬᠤ ᠵᠡᠷᠭᠡ ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ᠂ ᠡᠷᠬᠡ ᠲᠡᠭᠰᠢ ᠲᠦᠭᠡᠮᠡᠯ ᠬᠠᠷᠠᠭᠠᠯᠵᠠᠯ ᠲᠠᠢ ᠪᠠᠷ ᠵᠠᠬ᠎ᠠ ᠳᠡᠯᠭᠡᠭᠦᠷ ᠤᠨ ᠭᠤᠣᠯ | ᠴᠣᠭᠴᠠ ᠢᠯᠠᠩᠭᠤᠶ᠎ᠠ ᠳᠤᠮᠳᠠ ᠵᠢᠵᠢᠭ ᠪᠢᠴᠢᠯ ᠠᠵᠤ ᠠᠬᠤᠶᠢᠯᠠᠯ ᠪᠣᠯᠣᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢ ᠬᠠᠪᠰᠤᠷᠤᠨ ᠲᠡᠳᠬᠦᠵᠦ᠂ | ᠠᠵᠢᠯ ᠣᠯᠭᠤᠯᠲᠠ ᠶᠢ ᠲᠣᠭᠲᠠᠪᠤᠷᠢᠵᠢᠭᠤᠯᠵᠤ ᠠᠷᠠᠳ ᠤᠨ ᠠᠮᠢᠳᠤᠷᠠᠯ ᠢ ᠪᠠᠲᠤᠯᠠᠬᠤ᠂ ᠬᠤᠷᠸ᠎ᠠ ᠠᠵᠤ ᠠᠬᠤᠢ ᠶᠢᠨ ᠶᠡᠭᠡ ᠲᠠᠯ᠎ᠠ ᠶᠢ ᠲᠣᠭᠲᠠᠪᠤᠷᠢᠵᠢᠭᠤᠯᠬᠤ ᠳᠤ | ᠵᠠᠩᠭᠢᠯᠠᠭ᠎ᠠ ᠶᠢᠨ ᠲᠤᠯᠭᠠᠭᠤᠷᠢᠯᠠᠬᠤ ᠦᠢᠯᠡᠳᠦᠯ ᠦᠵᠡᠭᠦᠯᠪᠡ᠃ ᠡᠯ᠎ᠡ ᠭᠠᠵᠠᠷ ᠣᠷᠣᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠶᠡᠭᠡ ᠲᠠᠯ᠎ᠠ ᠶᠢ | ᠪᠣᠳᠣᠯᠬᠢᠯᠠᠵᠤ᠂ ᠦᠷ᠎ᠡ ᠪᠦᠲᠦᠮᠵᠢ ᠰᠠᠶᠢᠲᠠᠢ ᠠᠵᠢᠯ ᠪᠠ ᠲᠤᠰᠬᠠᠢ ᠵᠦᠢᠯ ᠤᠨ ᠴᠡᠭᠴᠡᠯᠡᠯᠲᠡ ᠪᠠᠷ ᠠᠵᠤ ᠠᠬᠤᠶᠢᠯᠠᠯ ᠳᠤ ᠬᠤᠯᠪᠣᠭᠳᠠᠭᠰᠠᠨ ᠰᠦᠢᠳᠬᠡᠯ ᠬᠤᠷᠢᠶᠠᠬᠤ | ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠠᠬᠢᠭᠤᠯᠵᠤ᠂ ᠡᠭᠦᠨ ᠳᠤ 14 ᠵᠦᠢᠯ ᠤᠨ ᠵᠠᠰᠠᠭ ᠵᠠᠬᠢᠷᠭᠠᠨ ᠤ | ᠠᠵᠢᠯ ᠦᠢᠯᠡᠰ ᠤᠨ ᠴᠢᠨᠠᠷᠲᠠᠢ ᠰᠦᠢᠳᠬᠡᠯ ᠬᠤᠷᠢᠶᠠᠯᠲᠠ ᠪᠠ ᠬᠡᠰᠡᠭ ᠪᠠᠲᠤᠯᠠᠭ᠎ᠠ ᠶᠢᠨ ᠮᠥᠩᠭᠦ ᠶᠢ ᠱᠠᠲᠤᠴᠢ ᠴᠢᠨᠠᠷᠲᠠᠢ ᠪᠠᠷ ᠬᠤᠶᠢᠰᠢᠯᠠᠭᠤᠯᠤᠨ ᠲᠤᠰᠢᠶᠠᠬᠤ᠂ | ᠰᠦᠢᠳᠬᠡᠯ ᠬᠤᠷᠢᠶᠠᠬᠤ ᠵᠠᠰᠠᠮᠠᠯ ᠵᠠᠮ ᠤᠨ ᠪᠠᠷᠠᠭᠠᠨ ᠤ ᠲᠡᠷᠭᠡ ᠠᠴᠠ ᠬᠤᠷᠢᠶᠠᠬᠤ ᠰᠦᠢᠳᠬᠡᠯ ᠢ ᠬᠠᠰᠤᠵᠤ ᠬᠡᠯᠲᠦᠷᠢᠭᠦᠯᠬᠦ᠂ ᠭᠠᠷᠠᠮ ᠤᠨ ᠬᠤᠷᠢᠶᠠᠬᠤ ᠰᠦᠢᠳᠬᠡᠯ ᠢ | ᠬᠠᠰᠤᠵᠤ ᠨᠡᠶᠢᠯᠡᠭᠦᠯᠬᠦ᠂ ᠤᠰᠤ ᠴᠠᠬᠢᠯᠭᠠᠨ ᠬᠡᠢ ᠬᠡᠷᠡᠭᠯᠡᠬᠦ ᠰᠦᠢᠳᠬᠡᠯ ᠤᠨ ᠨᠥᠬᠦᠪᠦᠷᠢ ᠣᠯᠭᠤᠬᠤ ᠵᠡᠷᠭᠡ ᠶᠢ ᠪᠠᠭᠲᠠᠭᠠᠵᠤ᠂ ᠮᠥᠩᠭᠦᠨ ᠭᠦᠢᠯᠭᠡᠭᠡᠨ ᠤ | ᠪᠠᠶᠢᠭᠤᠯᠤᠮᠵᠢ ᠶᠢᠨ ᠰᠦᠢᠳᠬᠡᠯ ᠪᠤᠳᠤᠬᠤ ᠦᠢᠯᠡᠴᠢᠯᠡᠭᠡᠨ ᠤ ᠦᠨ᠎ᠡ ᠶᠢ ᠪᠠᠭᠤᠷᠠᠭᠤᠯᠬᠤ ᠶᠢ ᠰᠢᠮᠳᠠᠭᠤᠯᠤᠨ ᠵᠢᠯᠤᠭᠤᠳᠴᠤ᠂ ᠠᠵᠢᠯ ᠲᠥᠷᠥᠯ ᠤᠨ ᠨᠡᠶᠢᠭᠡᠮᠯᠢᠭ ᠪᠠ | ᠬᠤᠳᠠᠯᠳᠤᠭᠠᠨ ᠤ ᠡᠪᠯᠡᠯ ᠤᠨ ᠰᠦᠢᠳᠬᠡᠯ ᠬᠤᠷᠢᠶᠠᠯᠲᠠ ᠶᠢ ᠬᠠᠰᠤᠨ ᠬᠡᠯᠲᠦᠷᠢᠭᠦᠯᠵᠦ᠂ ᠲᠤᠰᠬᠠᠢ ᠴᠡᠭᠴᠡᠯᠡᠨ ᠵᠠᠰᠠᠯᠲᠠ ᠳᠤ ᠬᠤᠯᠪᠣᠭᠳᠠᠭᠰᠠᠨ ᠵᠣᠭᠤᠰ ᠤᠨ ᠲᠤᠭ᠎ᠠ | 2100 ᠳ᠋ᠦᠩᠰᠢᠭᠤᠷ ᠲᠥᠭᠦᠷᠢᠭ ᠢ ᠳᠠᠪᠠᠪᠠ︔ ᠡᠭᠦᠨ ᠤ ᠵᠡᠷᠭᠡ ᠳᠤ ᠠᠵᠤ ᠠᠬᠤᠶᠢᠯᠠᠯ ᠳᠤ ᠬᠤᠯᠪᠣᠭᠳᠠᠭᠰᠠᠨ ᠲᠣᠭᠲᠠᠭᠠᠯ ᠠᠴᠠ ᠵᠥᠷᠢᠴᠡᠵᠦ ᠰᠦᠢᠳᠬᠡᠯ | ᠬᠤᠷᠢᠶᠠᠭᠰᠠᠨ ᠢ ᠴᠢᠩᠭ᠎ᠠ ᠴᠡᠭᠴᠡᠯᠡᠨ ᠵᠠᠰᠠᠵᠤ᠂ ᠪᠦᠬᠦ ᠤᠯᠤᠰ ᠲᠤ ᠬᠤᠯᠪᠣᠭᠳᠠᠯ ᠪᠦᠬᠦᠢ ᠠᠰᠠᠭᠤᠳᠠᠯ ᠢ ᠨᠡᠶᠢᠲᠡ 7700 ᠭᠠᠷᠤᠢ ᠪᠠᠶᠢᠴᠠᠭᠠᠨ ᠰᠢᠢᠳᠪᠦᠷᠢᠯᠡᠵᠦ᠂ | ᠬᠤᠯᠪᠣᠭᠳᠠᠭᠰᠠᠨ ᠵᠣᠭᠤᠰ ᠤᠨ ᠲᠤᠭ᠎ᠠ 50 ᠭᠠᠷᠤᠢ ᠳ᠋ᠦᠩᠰᠢᠭᠤᠷ ᠲᠥᠭᠦᠷᠢᠭ ᠲᠤ ᠬᠦᠷᠴᠦ᠂ ᠪᠦᠬᠦᠨ ᠢ ᠴᠡᠭᠴᠡᠯᠡᠨ ᠵᠠᠰᠠᠬᠤ ᠪᠠᠷ ᠱᠠᠭᠠᠷᠳᠠᠪᠠ ᠭᠡᠵᠡᠢ᠃ | ᠬᠤᠷᠠᠯ ᠠᠴᠠ᠂ ᠣᠳᠣᠬᠠᠨ ᠳᠤ ᠠᠵᠤ ᠠᠬᠤᠢ ᠶᠢᠨ ᠨᠡᠮᠡᠭᠳᠡᠯ ᠶᠠᠭ ᠲᠣᠭᠲᠠᠭᠤᠨ ᠢᠶᠠᠷ ᠳᠡᠭᠡᠭᠰᠢᠯᠡᠵᠦ ᠪᠠᠶᠢᠭ᠎ᠠ ᠪᠣᠯᠪᠠᠴᠤ ᠮᠥᠨ ᠬᠦ ᠮᠠᠰᠢ ᠤᠯᠠᠨ ᠥᠷᠢᠰᠦᠯᠳᠦᠭᠡᠨ ᠳᠤ | ᠲᠤᠯᠭᠠᠷᠠᠵᠤ᠂ ᠳᠤᠮᠳᠠ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠡᠵᠡᠩᠨᠡᠯᠲᠡ ᠮᠥᠨ ᠬᠦ ᠨᠡᠯᠢᠶᠡᠳ | ᠬᠦᠴᠢᠷᠳᠡᠯᠲᠡᠢ ᠪᠠᠶᠢᠨ᠎ᠠ᠂ ᠠᠵᠤ ᠠᠬᠤᠶᠢᠯᠠᠯ ᠳᠤ ᠬᠤᠯᠪᠣᠭᠳᠠᠭᠰᠠᠨ ᠲᠣᠭᠲᠠᠭᠠᠯ ᠠᠴᠠ ᠵᠥᠷᠢᠴᠡᠭᠰᠡᠨ ᠰᠦᠢᠳᠬᠡᠯ ᠬᠤᠷᠢᠶᠠᠯᠲᠠ ᠶᠢ ᠴᠡᠭᠴᠡᠯᠡᠨ ᠵᠠᠰᠠᠬᠤ ᠶᠢ ᠠᠵᠤ | ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠡᠵᠡᠩᠨᠡᠨ ᠬᠤᠳᠠᠯᠳᠤᠭᠠᠯᠠᠬᠤ ᠣᠷᠴᠢᠨ | ᠨᠥᠬᠦᠴᠡᠯ ᠢ ᠰᠢᠯᠢᠳᠡᠭᠵᠢᠭᠦᠯᠬᠦ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠬᠦ ᠲᠠᠢ ᠨᠢᠭᠲᠠ ᠤᠶᠠᠯᠳᠤᠭᠤᠯᠬᠤ ᠬᠡᠷᠡᠭᠲᠡᠢ᠃ ᠨᠢᠭᠡᠨᠲᠡ ᠨᠡᠶᠢᠲᠡᠯᠡᠭᠰᠡᠨ | ᠠᠵᠤ ᠠᠬᠤᠢ ᠶᠢ ᠲᠣᠭᠲᠠᠪᠤᠷᠢᠵᠢᠭᠤᠯᠬᠤ ᠬᠠᠮ ᠲᠦᠷᠤ ᠶᠢᠨ ᠪᠣᠳᠣᠯᠭ᠎ᠠ ᠪᠠ ᠵᠠᠯᠭᠠᠮᠵᠢ ᠠᠷᠭ᠎ᠠ ᠬᠡᠮᠵᠢᠶ᠎ᠡ ᠶᠢᠨ ᠳᠣᠲᠣᠷᠠᠬᠢ ᠵᠠᠷᠢᠮ ᠭᠠᠶᠢᠯᠢ ᠶᠢ ᠬᠥᠩᠭᠡᠯᠡᠵᠦ | ᠰᠦᠢᠳᠬᠡᠯ ᠢ ᠪᠠᠭᠤᠷᠠᠭᠤᠯᠬᠤ ᠲᠦᠷᠤ ᠶᠢᠨ ᠪᠣᠳᠣᠯᠭ᠎ᠠ ᠨᠢ ᠮᠥᠨ ᠬᠦ ᠦᠢᠯᠡᠳᠦᠯ ᠢᠶᠠᠨ ᠪᠠᠳᠠᠷᠠᠭᠤᠯᠬᠤ ᠣᠷᠣᠨ ᠵᠠᠢ ᠲᠠᠢ ᠪᠣᠯᠬᠤᠷ ᠨᠠᠶᠢᠳᠠᠪᠤᠷᠢᠵᠢᠭᠤᠯᠤᠯᠲᠠ ᠶᠢ | ᠭᠦᠨᠵᠡᠭᠡᠢ ᠰᠠᠶᠢᠲᠤᠷ ᠠᠳᠬᠤᠬᠤ ᠬᠡᠷᠡᠭᠲᠡᠢ᠃ ᠳᠤᠷ᠎ᠠ ᠪᠠᠷ ᠢᠶᠠᠨ ᠰᠦᠢᠳᠬᠡᠯ ᠬᠤᠷᠢᠶᠠᠬᠤ᠂ ᠳᠤᠷ᠎ᠠ ᠪᠠᠷ ᠢᠶᠠᠨ ᠵᠣᠭᠤᠰ ᠢᠶᠠᠷ ᠲᠣᠷᠭᠠᠬᠤ᠂ ᠳᠤᠷ᠎ᠠ ᠪᠠᠷ ᠢᠶᠠᠨ ᠲᠡᠰᠬᠡᠨ | ᠲᠠᠲᠠᠪᠤᠷᠢᠯᠠᠬᠤ ᠶᠠᠪᠤᠳᠠᠯ ᠢ ᠡᠷᠡᠰ ᠬᠤᠷᠢᠭᠯᠠᠨ ᠵᠣᠭᠰᠣᠭᠠᠵᠤ᠂ ᠤᠷᠳᠤ ᠬᠤᠭᠤᠴᠠᠭᠠᠨ ᠤ ᠪᠦᠲᠦᠮᠵᠢᠲᠡᠶ ᠬᠢᠨᠠᠨ ᠬᠠᠮᠢᠶᠠᠷᠬᠤ ᠲᠣᠭᠲᠠᠴᠠ ᠶᠢ ᠪᠦᠷᠢᠨᠰᠢᠭᠦᠯᠬᠦ ᠬᠡᠷᠡᠭᠲᠡᠢ᠃ | ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠵᠠᠬ᠎ᠠ ᠳᠡᠯᠭᠡᠭᠦᠷ ᠤᠨ ᠵᠢᠱᠢᠯᠲᠡ ᠶᠢ ᠬᠥᠭᠵᠢᠭᠡᠵᠦ᠂ ᠠᠵᠤ ᠠᠬᠤᠢ ᠶᠢᠨ ᠨᠡᠮᠡᠭᠳᠡᠯ ᠤᠨ | ᠲᠣᠭᠲᠠᠭᠤᠨ ᠢᠶᠠᠷ ᠳᠡᠭᠡᠭᠰᠢᠯᠡᠬᠦ ᠬᠠᠨᠳᠤᠰᠢ ᠶᠢ ᠪᠠᠬᠢᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠤᠰᠤᠳ ᠵᠦᠢᠯ ᠢ ᠰᠤᠳᠤᠯᠪᠠ᠃ | |