ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ | ᠫᠢᠩ ᠣᠶᠢᠷ᠎ᠠ ᠳᠤ ᠴᠢᠬᠤᠯᠠ ᠵᠢᠭᠠᠪᠤᠷᠢ ᠥᠭᠴᠦ᠂ ᠡᠨᠡ ᠵᠢᠯ ᠪᠣᠯ ᠮᠠᠤ ᠽᠧ ᠳ᠋ᠦᠩ ᠵᠡᠷᠭᠡ ᠠᠬᠠᠮᠠᠳ ᠨᠢᠭᠡ ᠦᠶ᠎ᠡ ᠶᠢᠨ ᠬᠤᠪᠢᠰᠬᠠᠯᠴᠢᠳ ᠤᠨ ᠯᠧᠢ ᠹᠧᠩ | ᠨᠥᠬᠦᠷ ᠲᠤ ᠪᠢᠴᠢᠭᠡᠰᠦ ᠪᠢᠴᠢᠵᠦ ᠥᠭᠭᠦᠭᠰᠡᠨ 60 ᠵᠢᠯ ᠤᠨ ᠤᠢ ᠪᠣᠯᠣᠨ᠎ᠠ᠃ 60 ᠵᠢᠯ ᠤᠨ ᠲᠤᠷᠰᠢ᠂ ᠯᠧᠢ ᠹᠧᠩ ᠠᠴᠠ ᠰᠤᠷᠤᠯᠴᠠᠬᠤ ᠠᠵᠢᠯᠯᠠᠭ᠎ᠠ ᠶᠢ ᠪᠦᠭᠦ | ᠤᠯᠤᠰ ᠲᠤ ᠵᠠᠯᠭᠠᠭ᠎ᠠ ᠪᠠᠷ ᠭᠦᠨᠵᠡᠭᠡᠢ ᠥᠷᠨᠢᠭᠦᠯᠵᠦ᠂ ᠯᠧᠢ ᠹᠧᠩ ᠢ ᠬᠥᠮᠥᠨ ᠪᠣᠯᠭᠠᠨ ᠮᠡᠳᠡᠵᠦ᠂ ᠯᠧᠢ ᠹᠧᠩ ᠤᠨ ᠦᠢᠯᠡ ᠠᠵᠢᠯᠯᠠᠭ᠎ᠠ ᠬᠥᠮᠥᠰ ᠤᠨ ᠰᠡᠳᠬᠢᠯ ᠳᠤ | ᠭᠦᠨ ᠬᠠᠳᠠᠩᠰᠢᠵᠤ᠂ ᠯᠧᠢ ᠹᠧᠩ ᠤᠨ ᠵᠣᠷᠢᠭ ᠰᠠᠨᠠᠭ᠎ᠠ ᠦᠶ᠎ᠡ ᠦᠶ᠎ᠡ ᠶᠢᠨ ᠳᠤᠮᠳᠠᠳᠤ ᠶᠢᠨ ᠬᠥᠪᠡᠭᠦᠳ ᠥᠬᠢᠳ ᠤᠨ ᠰᠡᠳᠬᠢᠯ ᠢ ᠤᠮᠳᠠᠯᠠᠵᠠᠢ᠃ ᠴᠠᠭ ᠦᠶ᠎ᠡ | ᠶᠠᠭᠠᠬᠢᠵᠤ ᠬᠤᠪᠢᠷᠠᠭᠰᠠᠨ ᠴᠤ ᠯᠧᠢ ᠹᠧᠩ ᠤᠨ ᠵᠣᠷᠢᠭ ᠰᠠᠨᠠᠭ᠎ᠠ ᠬᠡᠵᠢᠶᠡᠳᠡ ᠴᠠᠭ ᠠᠴᠠ ᠬᠤᠴᠣᠷᠬᠤ ᠦᠭᠡᠢ ᠭᠡᠳᠡᠭ ᠢ ᠦᠢᠯᠡᠳᠦᠯᠭᠡ ᠭᠡᠷᠡᠴᠢᠯᠡᠭᠰᠡᠨ ᠪᠠᠶᠢᠨ᠎ᠠ ᠭᠡᠵᠦ | ᠵᠢᠭᠠᠵᠤ ᠭᠠᠷᠭᠠᠪᠠ᠃ | ᠰᠢ ᠶᠢᠨ ᠫᠢᠩ᠂ ᠰᠢᠨ᠎ᠡ ᠠᠶᠠᠨ ᠳᠤ᠂ ᠯᠧᠢ ᠹᠧᠩ ᠤᠨ ᠵᠣᠷᠢᠭ ᠰᠠᠨᠠᠭ᠎ᠠ ᠶᠢᠨ ᠴᠠᠭ ᠦᠶ᠎ᠡ ᠶᠢᠨ ᠠᠭᠤᠯᠤᠭᠳᠠᠬᠤᠨ ᠢ ᠭᠦᠨᠵᠡᠭᠡᠢ ᠡᠵᠡᠮᠰᠢᠵᠦ᠂ ᠨᠠᠮ ᠤᠨ | ᠭᠡᠰᠢᠭᠦᠨ᠂ ᠺᠠᠳ᠋ᠷᠴᠤᠳ ᠤᠨ ᠵᠢᠱᠢᠶᠡᠴᠢ ᠳᠠᠭᠠᠭᠤᠯᠬᠤ ᠦᠢᠯᠡᠳᠦᠯ ᠢ ᠨᠠᠩ ᠰᠠᠶᠢᠲᠤᠷ ᠪᠠᠳᠠᠷᠠᠭᠤᠯᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠪᠠᠲᠤᠯᠠᠭ᠎ᠠ ᠪᠠ | ᠳᠡᠮᠵᠢᠯᠭᠡ ᠶᠢ ᠴᠢᠩᠭᠠᠳᠬᠠᠵᠤ᠂ ᠯᠧᠢ ᠹᠧᠩ ᠠᠴᠠ ᠰᠤᠷᠤᠯᠴᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠡᠩᠨᠡᠭᠡ ᠶᠢ ᠲᠠᠰᠤᠷᠠᠯᠲᠠ ᠦᠭᠡᠢ ᠬᠥᠭᠵᠢᠭᠦᠯᠦᠨ | ᠪᠤᠵᠠᠭᠠᠶᠢᠷᠠᠭᠤᠯᠵᠤ᠂ ᠯᠧᠢ ᠹᠧᠩ ᠠᠴᠠ ᠰᠤᠷᠤᠯᠴᠠᠬᠤ ᠶᠢ ᠠᠷᠠᠳ ᠣᠯᠠᠨ ᠢᠯᠠᠩᠭᠤᠶ᠎ᠠ ᠵᠠᠯᠠᠭᠤᠴᠤᠳ ᠪᠠᠭᠠᠴᠤᠳ ᠤᠨ ᠳᠤᠮᠳᠠ ᠬᠡᠪ ᠵᠠᠩᠰᠢᠯ ᠪᠤᠯᠭᠠᠵᠤ᠂ ᠯᠧᠢ | ᠹᠧᠩ ᠠᠴᠠ ᠰᠤᠷᠤᠯᠴᠠᠬᠤ ᠠᠵᠢᠯᠯᠠᠭ᠎ᠠ ᠶᠢ ᠡᠳᠦᠷ ᠲᠤᠲᠤᠮ ᠤᠨ ᠠᠵᠢᠯᠯᠠᠭ᠎ᠠ ᠳᠤ ᠠᠭᠤᠰᠤᠯᠴᠠᠭᠤᠯᠵᠤ᠂ ᠪᠠᠶᠢᠩᠭᠤᠵᠢᠭᠤᠯᠵᠤ᠂ ᠯᠧᠢ ᠹᠧᠩ ᠤᠨ ᠵᠣᠷᠢᠭ ᠰᠠᠨᠠᠭ᠎ᠠ ᠶᠢ | ᠰᠢᠨ᠎ᠡ ᠴᠠᠭ ᠦᠶ᠎ᠡ ᠳᠤ ᠨᠠᠩ ᠭᠡᠷᠡᠯ ᠭᠢᠯᠪᠠᠭ᠎ᠠ ᠰᠠᠴᠤᠷᠠᠭᠤᠯᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ᠂ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠳᠤ ᠬᠦᠴᠦᠷᠬᠡᠭ ᠶᠡᠭᠡ ᠬᠦᠴᠦᠨ ᠴᠢᠳᠠᠯ ᠢ ᠨᠢᠭᠲᠠᠷᠠᠭᠤᠯᠬᠤ | ᠬᠡᠷᠡᠭᠲᠡᠢ ᠭᠡᠵᠦ ᠴᠢᠬᠤᠯᠠᠴᠢᠯᠠᠪᠠ᠃ | ︽ᠯᠧᠢ ᠹᠧᠩ ᠤᠨ ᠵᠣᠷᠢᠭ ᠰᠠᠨᠠᠭ᠎ᠠ ᠶᠢ ᠦᠶ᠎ᠡ ᠶᠢᠨ ᠦᠶ᠎ᠡ ᠤᠯᠠᠮᠵᠢᠯᠠᠶ᠎ᠠ — ᠮᠠᠤ ᠽᠧ ᠳ᠋ᠦᠩ ᠵᠡᠷᠭᠡ ᠠᠬᠠᠮᠠᠳ ᠨᠢᠭᠡ ᠦᠶ᠎ᠡ ᠶᠢᠨ ᠬᠤᠪᠢᠰᠬᠠᠯᠴᠢᠳ ᠤᠨ | ᠯᠧᠢ ᠹᠧᠩ ᠨᠥᠬᠦᠷ ᠲᠤ ᠪᠢᠴᠢᠭᠡᠰᠦ ᠪᠢᠴᠢᠵᠦ ᠥᠭᠭᠦᠭᠰᠡᠨ 60 ᠵᠢᠯ ᠤᠨ ᠣᠶ ᠶᠢ ᠳᠤᠷᠠᠰᠬᠠᠶ᠎ᠠ︾ ᠭᠡᠬᠦ ᠶᠠᠷᠢᠯᠴᠠᠬᠤ ᠬᠤᠷᠠᠯ 2 ᠰᠠᠷ᠎ᠠ ᠶᠢᠨ 23 ᠤ ᠡᠳᠦᠷ | ᠪᠡᠭᠡᠵᠢᠩ ᠳᠤ ᠬᠤᠷᠠᠯᠳᠤᠪᠠ᠃ ᠬᠤᠷᠠᠯ ᠳᠡᠭᠡᠷ᠎ᠡ ᠰᠢ ᠶᠢᠨ ᠫᠢᠩ ᠤᠨ ᠴᠢᠬᠤᠯᠠ ᠵᠢᠭᠠᠪᠤᠷᠢ ᠶᠢ ᠤᠯᠠᠮᠵᠢᠯᠠᠪᠠ᠃ | ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠪ ᠤᠨ ᠱᠦᠵᠢ ᠨᠠᠷ ᠤᠨ ᠭᠠᠵᠠᠷ ᠤᠨ ᠱᠦᠵᠢ ᠼᠠᠢ ᠴᠢ | ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠲᠡᠷᠡ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠨᠢ 60 ᠵᠢᠯ ᠤᠨ ᠲᠤᠷᠰᠢᠬᠢ ᠯᠧᠢ ᠹᠧᠩ ᠠᠴᠠ | ᠰᠤᠷᠤᠯᠴᠠᠬᠤ ᠠᠵᠢᠯᠯᠠᠭ᠎ᠠ ᠶᠢᠨ ᠢᠯᠡᠳᠲᠡ ᠦᠷ᠎ᠡ ᠪᠦᠲᠦᠮᠵᠢ ᠶᠢ ᠭᠦᠢᠴᠡᠳ ᠨᠤᠲᠠᠯᠠᠵᠤ᠂ ᠯᠧᠢ ᠹᠧᠩ ᠤᠨ ᠵᠣᠷᠢᠭ ᠰᠠᠨᠠᠭᠠᠨ ᠤ ᠮᠥᠩᠬᠡ ᠶᠢᠨ ᠦᠨ᠎ᠡ ᠥᠷᠲᠡᠭ ᠢ | ᠭᠦᠨᠵᠡᠭᠡᠢ ᠲᠣᠳᠣᠷᠬᠠᠶᠢᠯᠠᠨ ᠥᠭᠦᠯᠡᠵᠦ᠂ ᠰᠢᠨ᠎ᠡ ᠠᠶᠠᠨ ᠳᠤ ᠯᠧᠢ ᠹᠧᠩ ᠤᠨ ᠵᠣᠷᠢᠭ ᠰᠠᠨᠠᠭ᠎ᠠ ᠶᠢ ᠨᠡᠩ ᠰᠠᠶᠢᠨ ᠪᠠᠳᠠᠷᠠᠭᠤᠯᠬᠤ ᠲᠤᠬᠠᠢ ᠲᠣᠳᠣᠷᠬᠠᠢ ᠱᠠᠭᠠᠷᠳᠠᠯᠭ᠎ᠠ | ᠳᠤᠷᠠᠳᠴᠠᠢ᠃ ᠪᠢᠳᠡ ᠭᠦᠨᠵᠡᠭᠡᠢ ᠰᠤᠷᠤᠯᠴᠠᠨ ᠣᠶᠢᠯᠠᠭᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠯᠧᠢ ᠹᠧᠩ ᠠᠴᠠ | ᠰᠤᠷᠤᠯᠴᠠᠬᠤ ᠠᠵᠢᠯᠯᠠᠭ᠎ᠠ ᠶᠢ ᠤᠯᠠᠮ ᠴᠢᠨᠠᠭᠰᠢᠳᠠ ᠰᠠᠶᠢᠲᠤᠷ ᠥᠷᠨᠢᠭᠦᠯᠵᠦ᠂ ᠯᠧᠢ ᠹᠧᠩ ᠤᠨ ᠵᠣᠷᠢᠭ ᠰᠠᠨᠠᠭ᠎ᠠ ᠶᠢ ᠦᠶ᠎ᠡ ᠶᠢᠨ ᠦᠶ᠎ᠡ ᠤᠯᠠᠮᠵᠢᠯᠠᠵᠤ᠂ ᠨᠠᠮ ᠤᠨ | ᠭᠡᠰᠢᠭᠦᠨ᠂ ᠺᠠᠳ᠋ᠷ᠂ ᠤᠯᠠᠨ ᠲᠦᠮᠡᠨ ᠤ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠳᠤ ᠨᠡᠩ ᠤᠯᠠᠨ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠭᠦ ᠶᠢ | ᠬᠥᠲᠥᠯᠥᠨ ᠵᠢᠯᠤᠭᠤᠳᠴᠤ ᠤᠷᠮᠠᠰᠢᠭᠤᠯᠤᠨ ᠵᠣᠷᠢᠭᠵᠢᠭᠤᠯᠬᠤ ᠬᠡᠷᠡᠭᠲᠡᠢ ᠭᠡᠵᠦ ᠢᠯᠡᠳᠬᠡᠪᠡ᠃ | ᠼᠠᠢ ᠴᠢ᠂ ᠮᠠᠤ ᠽᠧ ᠳ᠋ᠦᠩ ᠨᠥᠬᠦᠷ ︽ᠯᠧᠢ ᠹᠧᠩ ᠨᠥᠬᠦᠷ ᠠᠴᠠ ᠰᠤᠷᠤᠯᠴᠠᠶ᠎ᠠ︾ ᠭᠡᠵᠦ ᠤᠷᠢᠶᠠᠯᠠᠭᠰᠠᠨ 60 ᠵᠢᠯ ᠤᠨ ᠲᠤᠷᠰᠢ᠂ ᠯᠧᠢ ᠹᠧᠩ ᠠᠴᠠ | ᠰᠤᠷᠤᠯᠴᠠᠬᠤ ᠠᠵᠢᠯᠯᠠᠭ᠎ᠠ ᠥᠷᠨᠢᠭᠦᠨ ᠬᠥᠭᠵᠢᠵᠦ᠂ ᠦᠷᠭᠦᠯᠵᠢᠯᠡᠨ ᠭᠦᠨᠵᠡᠭᠡᠶᠢᠷᠡᠵᠦ᠂ ᠯᠧᠢ ᠹᠧᠩ ᠤᠨ ᠵᠣᠷᠢᠭ ᠰᠠᠨᠠᠭ᠎ᠠ ᠶᠢ ᠥᠷᠭᠡᠨ ᠢᠶᠠᠷ ᠪᠠᠳᠠᠷᠠᠭᠤᠯᠵᠤ᠂ ᠦᠶ᠎ᠡ | ᠳᠠᠮᠵᠢᠨ ᠤᠯᠠᠮᠵᠢᠯᠠᠵᠤ᠂ ᠦᠶ᠎ᠡ ᠦᠶ᠎ᠡ ᠶᠢᠨ ᠬᠥᠮᠥᠰ ᠤᠨ ᠨᠠᠮ ᠳᠠᠭᠠᠨ ᠦᠨᠡᠨᠴᠢ ᠰᠢᠳᠤᠷᠭᠤ᠂ ᠡᠬᠡ ᠤᠯᠤᠰ ᠲᠠᠭᠠᠨ ᠬᠤᠪᠢ ᠨᠡᠮᠡᠷᠢ ᠦᠵᠡᠭᠦᠯᠵᠦ᠂ ᠠᠷᠠᠳ | ᠲᠦᠮᠡᠨ ᠳᠤ ᠦᠢᠯᠡᠴᠢᠯᠡᠬᠦ ᠶᠢ ᠵᠣᠷᠢᠭᠵᠢᠭᠤᠯᠪᠠ᠃ ᠢᠯᠠᠩᠭᠤᠶ᠎ᠠ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠶᠡᠷᠦᠩᠬᠡᠢ ᠱᠦᠵᠢ ᠰᠢ ᠶᠢᠨ ᠫᠢᠩ | ᠯᠧᠢ ᠹᠧᠩ ᠤᠨ ᠵᠣᠷᠢᠭ ᠰᠠᠨᠠᠭ᠎ᠠ ᠶᠢ ᠪᠠᠳᠠᠷᠠᠭᠤᠯᠬᠤ ᠲᠤᠬᠠᠢ ᠠᠯᠢ ᠣᠯᠠᠨ ᠴᠢᠬᠤᠯᠠ ᠥᠭᠦᠯᠡᠯᠲᠡ ᠨᠡᠶᠢᠲᠡᠯᠡᠵᠦ᠂ ᠰᠢᠨ᠎ᠡ ᠴᠠᠭ ᠦᠶ᠎ᠡ ᠶᠢᠨ ᠯᠧᠢ ᠹᠧᠩ ᠠᠴᠠ | ᠰᠤᠷᠤᠯᠴᠠᠬᠤ ᠠᠵᠢᠯᠯᠠᠭ᠎ᠠ ᠶᠢᠨ ᠠᠭᠤᠯᠭ᠎ᠠ ᠶᠢ ᠲᠠᠰᠤᠷᠠᠯᠲᠠ ᠦᠭᠡᠢ ᠥᠷᠭᠡᠳᠬᠡᠬᠦ᠂ ᠭᠡᠯᠪᠡᠷᠢ ᠶᠢᠨ ᠰᠢᠨ᠎ᠡ ᠶᠢ ᠡᠭᠦᠳᠭᠦ᠂ ᠠᠴᠢᠶᠠᠯᠠᠭᠴᠢ ᠶᠢ ᠪᠠᠶᠠᠯᠢᠭᠵᠢᠭᠤᠯᠬᠤ ᠶᠢ | ᠵᠢᠯᠣᠭᠤᠳᠤᠨ ᠠᠬᠢᠭᠤᠯᠵᠤ᠂ ᠯᠧᠢ ᠹᠧᠩ ᠮᠠᠶ᠋ᠢᠭ ᠤᠨ ᠲᠡᠷᠢᠭᠦᠨ ᠤ ᠬᠠᠮᠲᠤ ᠪᠠ ᠵᠢᠱᠢᠶᠡᠴᠢ ᠬᠥᠮᠥᠰ ᠪᠦᠯᠦᠭ ᠪᠦᠯᠦᠭ ᠢᠶᠠᠷ ᠴᠣᠯᠭᠤᠷᠠᠨ ᠭᠠᠷᠴᠤ᠂ ᠰᠢᠨ᠎ᠡ ᠴᠠᠭ | ᠦᠶ᠎ᠡ ᠶᠢᠨ ᠠᠭᠤᠤ ᠶᠡᠭᠡ ᠬᠤᠪᠢᠰᠤᠯᠲᠠ ᠳᠤ ᠤᠨᠲᠠᠷᠠᠰᠢ ᠦᠭᠡᠢ ᠣᠶᠤᠨ ᠰᠠᠨᠠᠭᠠᠨ ᠤ ᠬᠥᠳᠡᠯᠭᠡᠬᠦ ᠬᠦᠴᠦᠨ ᠨᠡᠮᠡᠷᠢᠯᠡᠪᠡ᠃ ᠰᠢᠨ᠎ᠡ ᠠᠶᠠᠨ ᠳᠤ ᠯᠧᠢ ᠹᠧᠩ ᠠᠴᠠ | ᠰᠤᠷᠤᠯᠴᠠᠬᠤ ᠠᠵᠢᠯᠯᠠᠭ᠎ᠠ ᠶᠢ ᠭᠦᠨᠵᠡᠭᠡᠶᠢᠷᠡᠭᠦᠯᠦᠨ ᠥᠷᠭᠡᠳᠬᠡᠬᠦ ᠳᠤ᠂ ᠶᠡᠷᠦᠩᠬᠡᠢ ᠱᠦᠵᠢ ᠰᠢ ᠶᠢᠨ ᠫᠢᠩ ᠤᠨ ᠯᠧᠢ ᠹᠧᠩ ᠤᠨ ᠵᠣᠷᠢᠭ ᠰᠠᠨᠠᠭ᠎ᠠ ᠶᠢ ᠪᠠᠳᠠᠷᠠᠭᠤᠯᠬᠤ | ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠵᠤ᠂ ᠯᠧᠢ ᠹᠧᠩ ᠤᠨ ᠵᠣᠷᠢᠭ ᠰᠠᠨᠠᠭᠠᠨ ᠤ ᠴᠠᠭ ᠦᠶ᠎ᠡ ᠶᠢᠨ ᠠᠭᠤᠯᠤᠭᠳᠠᠬᠤᠨ ᠪᠠ ᠦᠢᠯᠡᠳᠦᠯᠭᠡ ᠶᠢᠨ | ᠱᠠᠭᠠᠷᠳᠠᠯᠭ᠎ᠠ ᠶᠢ ᠭᠦᠨᠵᠡᠭᠡᠢ ᠡᠵᠡᠮᠳᠡᠵᠦ᠂ ᠨᠠᠮ ᠤᠨ ᠭᠡᠰᠢᠭᠦᠨ᠂ ᠺᠠᠳ᠋ᠷ᠂ ᠤᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠡᠷᠬᠢᠮ ᠳᠡᠭᠡᠳᠦ ᠬᠦᠰᠡᠯᠡᠩ | ᠬᠥᠭᠡᠭᠡᠴᠡᠯᠳᠦᠯ ᠢ ᠪᠤᠢ ᠪᠤᠯᠭᠠᠵᠤ᠂ ᠨᠡᠶᠢᠭᠡᠮ ᠵᠢᠷᠤᠮ ᠤᠨ ᠭᠤᠣᠯᠯᠠᠭᠴᠢ ᠦᠷᠲᠡᠭ ᠤᠨ ᠦᠵᠡᠯᠲᠡ ᠶᠢ ᠦᠢᠯᠡᠳᠦᠯᠭᠡᠵᠢᠭᠦᠯᠵᠦ᠂ ᠨᠠᠮ ᠢᠶᠠᠨ ᠬᠠᠶᠢᠷᠠᠯᠠᠬᠤ ᠤᠯᠤᠰ ᠢᠶᠠᠨ | ᠬᠠᠶᠢᠷᠠᠯᠠᠬᠤ ᠨᠡᠶᠢᠭᠡᠮ ᠵᠢᠷᠤᠮ ᠢ ᠬᠠᠶᠢᠷᠠᠯᠠᠬᠤ ᠯᠤᠲᠤ ᠶᠡᠭᠡ ᠬᠠᠯᠠᠭᠤᠨ ᠰᠡᠳᠬᠢᠯᠭᠡ ᠶᠢ ᠬᠥᠭᠵᠢᠭᠡᠵᠦ᠂ ︽ᠬᠤᠶᠠᠷ ᠢ ᠲᠣᠭᠲᠠᠭᠠᠭᠰᠠᠨ︾ ᠢ ᠨᠡᠩ ᠡᠷᠡᠰ ᠬᠦᠷᠢᠶᠡᠯᠡᠵᠦ | ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠬᠤᠪᠢ ᠬᠥᠮᠥᠨ ᠤ ᠬᠥᠭᠡᠭᠡᠴᠡᠯᠳᠦᠯ ᠢᠶᠠᠨ ᠤᠬᠠᠮᠰᠠᠷ ᠠᠴᠠ ᠪᠠᠨ ᠨᠠᠮ ᠪᠠ ᠠᠷᠠᠳ ᠲᠦᠮᠡᠨ ᠤ | ᠦᠢᠯᠡᠰ ᠤᠨ ᠳᠥᠯᠥᠭᠡᠨ ᠤ ᠲᠡᠮᠡᠴᠡᠯ ᠳᠤ ᠠᠭᠤᠰᠬᠠᠨ ᠣᠷᠣᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ | ᠬᠦᠴᠦᠨ ᠴᠢᠳᠠᠯ ᠢᠶᠠᠨ ᠨᠡᠮᠡᠷᠢᠯᠡᠬᠦ ᠬᠡᠷᠡᠭᠲᠡᠢ᠃ ᠯᠧᠢ ᠹᠧᠩ ᠤᠨ ᠵᠣᠷᠢᠭ ᠰᠠᠨᠠᠭ᠎ᠠ ᠶᠢ ᠰᠤᠳᠤᠯᠤᠨ ᠲᠠᠶᠢᠯᠪᠤᠷᠢᠯᠠᠬᠤ᠂ ᠦᠵᠡᠯ ᠰᠠᠨᠠᠭ᠎ᠠ ᠤᠯᠤᠰ ᠲᠦᠷᠦ ᠶᠢᠨ | ᠬᠥᠲᠥᠯᠥᠨ ᠳᠠᠭᠠᠭᠤᠯᠬᠤ ᠶᠢ ᠴᠢᠩᠭᠠᠳᠬᠠᠬᠤ ᠳᠡᠭᠡᠷ᠎ᠡ ᠬᠦᠴᠦ ᠲᠠᠯᠪᠢᠵᠤ᠂ ᠨᠠᠮ ᠤᠨ ᠭᠡᠰᠢᠭᠦᠨ᠂ ᠺᠠᠳ᠋ᠷ ᠪᠠ ᠲᠡᠷᠢᠭᠦᠨ ᠤ ᠨᠡᠶᠢᠲᠡᠯᠢᠭ ᠵᠢᠱᠢᠶ᠎ᠡ ᠶᠢᠨ ᠵᠢᠱᠢᠶ᠎ᠡ | ᠦᠵᠡᠭᠦᠯᠦᠨ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ ᠯᠧᠢ ᠹᠧᠩ ᠠᠴᠠ ᠰᠤᠷᠤᠯᠴᠠᠬᠤ ᠠᠵᠢᠯᠯᠠᠭ᠎ᠠ ᠶᠢᠨ ᠲᠠᠪᠴᠠᠩ ᠤᠨ ᠠᠴᠢᠶᠠᠯᠠᠭᠴᠢ ᠶᠢ ᠪᠠᠶᠠᠯᠢᠭᠵᠢᠭᠤᠯᠤᠨ | ᠥᠷᠭᠡᠳᠬᠡᠵᠦ᠂ ᠵᠡᠷᠭᠡ ᠪᠠᠷ ᠠᠳᠬᠤᠵᠤ ᠬᠠᠮᠲᠤ ᠪᠠᠷ ᠬᠠᠮᠢᠶᠠᠷᠬᠤ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠤᠢ ᠪᠤᠯᠭᠠᠬᠤ ᠶᠢ ᠠᠬᠢᠭᠤᠯᠵᠤ᠂ ᠯᠧᠢ | ᠹᠧᠩ ᠠᠴᠠ ᠰᠤᠷᠤᠯᠴᠠᠬᠤ ᠠᠵᠢᠯᠯᠠᠭ᠎ᠠ ᠶᠢ ᠨᠡᠩ ᠢᠯᠡᠭᠦᠦ ᠴᠠᠭ ᠦᠶ᠎ᠡ ᠶᠢᠨ ᠲᠠᠲᠠᠬᠤ ᠬᠦᠴᠦᠨ ᠲᠠᠢ ᠪᠤᠯᠭᠠᠵᠤ᠂ ᠪᠠᠶᠢᠩᠭᠤᠵᠢᠭᠤᠯᠤᠨ ᠤᠷᠲᠤ ᠬᠤᠭᠤᠴᠠᠭ᠎ᠠ ᠪᠠᠷ | ᠪᠦᠲᠦᠮᠵᠢᠲᠡᠢ ᠪᠤᠯᠭᠠᠬᠤ ᠬᠡᠷᠡᠭᠲᠡᠢ ᠭᠡᠵᠦ ᠢᠯᠡᠳᠬᠡᠪᠡ᠃ | ᠯᠢ ᠱᠤ᠋ ᠯᠧᠢ ᠶᠠᠷᠢᠯᠴᠠᠬᠤ ᠬᠤᠷᠠᠯ ᠢ ᠡᠷᠭᠢᠯᠡᠵᠦ᠂ ᠰᠦᠨ ᠴᠦᠨ ᠯᠠᠨ ᠪᠣᠯᠣᠨ ᠮᠢᠶᠣᠣ ᠬᠤᠸᠠ ᠬᠤᠷᠠᠯ ᠳᠤ ᠣᠷᠣᠯᠴᠠᠪᠠ᠃ | ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠠᠵᠢᠯᠯᠠᠬᠤ ᠬᠤᠷᠢᠶ᠎ᠠ᠂ ᠰᠤᠷᠭᠠᠨ ᠬᠥᠮᠦᠵᠢᠯ ᠤᠨ ᠶᠠᠮᠤᠨ᠂ ᠡᠪ ᠬᠠᠮᠲᠤ ᠵᠠᠯᠠᠭᠤᠴᠤᠳ ᠤᠨ ᠡᠪᠯᠡᠯ ᠤᠨ ᠲᠥᠪ | ᠬᠤᠷᠢᠶ᠎ᠠ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠤᠯᠤᠰ ᠲᠦᠷᠦ ᠶᠢᠨ ᠠᠵᠢᠯ ᠤᠨ ᠬᠡᠯᠲᠡᠰ᠂ ᠬᠤᠨᠠᠨ ᠮᠤᠵᠢ ᠶᠢᠨ ᠴᠠᠩᠱᠠ ᠬᠤᠲᠠ᠂ ᠯᠢᠶᠣᠤᠨᠢᠩ | ᠮᠤᠵᠢ ᠶᠢᠨ ᠹᠦᠱᠦ᠋ᠨ ᠬᠤᠲᠠ ᠪᠣᠯᠣᠨ ᠯᠧᠢ ᠹᠧᠩ ᠤᠨ ᠠᠮᠢᠳᠤ ᠰᠡᠷᠡᠭᠦᠨ ᠪᠠᠶᠢᠬᠤ ᠦᠶ᠎ᠡ ᠶᠢᠨ ᠴᠡᠷᠢᠭ ᠠᠩᠭᠢ ᠶᠢᠨ ᠬᠠᠷᠢᠭᠤᠴᠠᠯᠭᠠᠲᠠᠨ ᠨᠥᠬᠦᠳ᠂ ᠲᠤᠰᠬᠠᠢ | ᠮᠡᠷᠭᠡᠵᠢᠯᠲᠡᠨ ᠡᠷᠳᠡᠮᠲᠡᠨ ᠤ ᠲᠥᠯᠥᠭᠡᠯᠡᠭᠴᠢ ᠶᠠᠷᠢᠯᠴᠠᠬᠤ ᠬᠤᠷᠠᠯ ᠳᠡᠭᠡᠷ᠎ᠡ ᠦᠭᠡ ᠬᠡᠯᠡᠵᠡᠢ᠃ ᠶᠠᠷᠢᠯᠴᠠᠬᠤ ᠬᠤᠷᠠᠯ ᠢ ᠲᠥᠪ ᠤᠨ ᠤᠬᠠᠭᠤᠯᠬᠤ ᠬᠡᠯᠲᠡᠰ᠂ ᠲᠥᠪ ᠤᠨ | ᠪᠠ ᠲᠦᠷᠦ ᠶᠢᠨ ᠪᠠᠶᠢᠭᠤᠯᠭ᠎ᠠ ᠶᠢᠨ ᠠᠵᠢᠯᠯᠠᠬᠤ ᠬᠤᠷᠢᠶ᠎ᠠ᠂ ᠲᠥᠪ ᠤᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠵᠢᠯᠤᠭᠤᠳᠬᠤ ᠵᠥᠪᠯᠡᠯ ᠤᠨ ᠠᠯᠪᠠᠨ ᠭᠡᠷ᠂ | ᠰᠤᠷᠭᠠᠨ ᠬᠥᠮᠦᠵᠢᠯ ᠤᠨ ᠶᠠᠮᠤᠨ᠂ ᠡᠪ ᠬᠠᠮᠲᠤ ᠵᠠᠯᠠᠭᠤᠴᠤᠳ ᠤᠨ ᠡᠪᠯᠡᠯ ᠤᠨ ᠲᠥᠪ ᠬᠤᠷᠢᠶ᠎ᠠ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠤᠯᠤᠰ | ᠲᠦᠷᠦ ᠶᠢᠨ ᠠᠵᠢᠯ ᠤᠨ ᠬᠡᠯᠲᠡᠰ ᠬᠠᠮᠲᠤᠷᠠᠨ ᠡᠷᠭᠢᠯᠡᠪᠡ᠃ | |