ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠪᠠᠶᠢᠴᠠᠭᠠᠬᠤ ᠳᠤᠭᠤᠶᠢᠯᠠᠩ ᠠᠶᠢᠮᠠᠭ ᠬᠤᠲᠠ ᠳᠤ ᠬᠦᠷᠴᠦ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠠᠶᠦᠯᠭᠦᠢ ᠦᠶᠯᠡᠳᠪᠦᠷᠢᠯᠡᠯ  ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠥᠷᠨᠢᠭᠦᠯᠵᠡᠢ
ᠨᠡᠶᠢᠲᠡᠯᠡᠭᠰᠡᠨ ᠴᠠᠭ᠄
2023/2/27
    2 ᠳ᠋ᠤᠭᠠᠷ ᠰᠠᠷ᠎ᠠ ᠶᠢᠨ 22 ᠤᠨ ᠡᠳᠦᠷ ᠠᠴᠠ 24 ᠤ ᠡᠳᠦᠷ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠶᠡᠷᠦᠩᠬᠡᠶ ᠢᠨᠵᠧᠨᠧᠷ ᠯᠢᠦ ᠸᠧᠨ ᠢᠤᠢ ᠳᠤᠭᠤᠶᠢᠯᠠᠩ ᠳᠠᠭᠠᠭᠤᠯᠤᠨ ᠬᠥᠬᠡᠬᠤᠲᠠ᠂ ᠪᠤᠭᠤᠲᠤ ᠬᠤᠲᠠ ᠳᠤ ᠪᠠᠷᠢᠯᠭ᠎ᠠ ᠶᠢᠨ ᠠᠵᠢᠯ ᠂ ᠬᠤᠲᠠ ᠪᠠᠯᠭᠠᠰᠤᠨ ᠤ ᠰᠢᠲᠠᠮᠠᠬᠠᠶ ᠬᠡᠶ ᠵᠡᠷᠭᠡ ᠬᠦᠷᠢᠶᠡᠨ ᠳᠠᠬᠢ ᠠᠶᠦᠯᠭᠦᠢ ᠦᠶᠯᠡᠳᠪᠦᠷᠢᠯᠡᠯ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠥᠷᠨᠢᠭᠦᠯᠪᠡ᠃ 
自治区住房和城乡建设厅检查组赴盟市开展住建领域安全生产执法检查1.jpg 
    ᠪᠠᠶᠢᠴᠠᠭᠠᠬᠤ ᠳᠤᠭᠤᠶᠢᠯᠠᠩ ᠤᠨ ᠬᠢᠨ ᠬᠡᠰᠡᠭ ᠪᠠᠷᠢᠯᠭ᠎ᠠ ᠶᠢᠨ ᠲᠥᠷᠥᠯ ᠵᠦᠶᠯ ᠪᠣᠯᠤᠨ ᠰᠢᠲᠠᠮᠠᠬᠠᠶ ᠬᠡᠶ ᠶᠢᠨ ᠠᠵᠤ ᠠᠬᠤᠶᠢᠯᠠᠯ ᠤᠨ ᠠᠶᠤᠯ ᠥᠬᠡᠶ ᠦᠶᠯᠡᠳᠪᠦᠷᠢᠯᠡᠯ ᠤᠨ ᠬᠠᠮᠢᠶᠠᠷᠤᠯᠲᠠ᠂ ᠠᠮᠤᠷ ᠲᠦᠪᠰᠢᠨ ᠤ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ᠂ ᠠᠶᠦᠯᠭᠦᠢ ᠦᠶᠯᠡᠳᠪᠦᠷᠢᠯᠡᠯ ᠤᠨ ᠬᠡᠷᠡᠭᠰᠡᠯ ᠤᠨ ᠪᠡᠯᠡᠳᠬᠡᠯ ᠵᠡᠷᠭᠡ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠭᠰᠠᠨ ᠪᠥᠭᠡᠳ ᠣᠯᠵᠤ ᠮᠡᠳᠡᠭᠰᠡᠨ ᠬᠡᠮ ᠰᠣᠭᠤᠭ ᠠᠰᠠᠭᠤᠳᠠᠯ ᠢ ᠲᠤᠬᠠᠶ ᠶᠢᠨ ᠲᠠᠯᠠᠪᠠᠶ ᠳᠤ ᠬᠠᠷᠢᠭᠤ ᠲᠤᠰᠬᠠᠵᠠᠶ᠃ ᠪᠠᠶᠢᠴᠠᠭᠠᠬᠤ ᠳᠤᠭᠤᠶᠢᠯᠠᠩ ᠤᠨ ᠬᠢᠨ᠂ ᠶᠡᠷᠦᠩᠬᠡᠢ ᠱᠦᠵᠢ ᠰᠢ ᠶᠢᠨ ᠫᠢᠩ ᠤᠨ ᠠᠯᠠᠱᠠ ᠵᠡᠭᠦᠨ ᠬᠤᠰᠢᠭᠤᠨ ᠤ ᠵᠠᠳᠠᠭᠠᠢ ᠨᠡᠭᠦᠷᠡᠰᠦᠨ ᠠᠭᠤᠷᠬᠠᠢ ᠨᠤᠷᠠᠭᠰᠠᠨ ᠠᠳᠡᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ  ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠠᠶᠤᠯᠭᠦᠢ ᠦᠢᠯᠡᠳᠪᠦᠷᠢᠯᠡᠯ ᠤᠨ ᠠᠷᠪᠠᠨ ᠲᠠᠪᠤᠨ ᠵᠤᠷᠪᠤᠰ ᠬᠠᠲᠠᠭᠤ ᠠᠷᠭ᠎ᠠ ᠬᠡᠮᠵᠢᠶ᠎ᠡ ᠪᠣᠯᠤᠨ ᠥᠪᠡᠷᠲᠡᠭᠡᠨ ᠵᠠᠰᠠᠬᠤ ᠣᠷᠣᠨ ᠤ 53 ᠵᠤᠷᠪᠤᠰ ᠪᠣᠳᠠᠲᠠᠢ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠠᠳᠡᠯ  ᠠᠴᠠ ᠭᠦᠨᠵᠡᠭᠡᠢ ᠰᠤᠷᠭᠠᠮᠵᠢ ᠠᠪᠴᠤ᠂ ᠡᠯ᠎ᠡ ᠵᠦᠢᠯ ᠤᠨ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠠ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠪᠦᠬᠦ ᠲᠠᠯ᠎ᠠ ᠪᠠᠷ ᠴᠢᠩᠭᠠᠳᠬᠠᠵᠤ᠂ ᠡᠷᠡᠰ ᠬᠦᠴᠦᠲᠡᠢ ᠠᠷᠭ᠎ᠠ ᠬᠡᠮᠵᠢᠶ᠎ᠡ ᠠᠪᠴᠤ᠂ ᠬᠦᠨᠳᠦ ᠣᠨᠴᠠ ᠶᠡᠭᠡ ᠠᠳᠡᠯ ᠡᠭᠦᠰᠬᠦ ᠶᠢ ᠡᠷᠡᠰ ᠬᠤᠷᠢᠭᠯᠠᠵᠤ᠂ ᠪᠦᠬᠦ ᠤᠯᠤᠰ ᠤᠨ ᠬᠤᠶᠠᠷ ᠬᠤᠷᠠᠯ ᠳᠤ ᠠᠮᠤᠷ ᠲᠦᠪᠰᠢᠨ ᠲᠣᠭᠲᠠᠭᠤᠨ ᠣᠷᠴᠢᠨ ᠲᠣᠭᠤᠷᠢᠨ ᠢ ᠴᠢᠷᠮᠠᠶᠢᠨ ᠪᠦᠷᠢᠯᠳᠦᠭᠦᠯᠵᠦ ᠥᠭᠬᠦ ᠬᠡᠷᠡᠭᠲᠡᠢ ᠭᠡᠵᠦ ᠴᠢᠬᠤᠯᠠᠴᠢᠯᠠᠪᠠ᠃ 
自治区住房和城乡建设厅检查组赴盟市开展住建领域安全生产执法检查2.jpg 
    ᠪᠠᠶᠢᠴᠠᠭᠠᠬᠤ ᠳᠤᠭᠤᠶᠢᠯᠠᠩ ᠤᠨ ᠬᠢᠨ ᠨᠢᠭᠡ ᠠᠴᠠ ᠨᠥᠭᠦᠭᠡ ᠶᠢ ᠵᠦᠶᠴᠢᠯᠡᠨ ᠮᠡᠳᠡᠵᠦ ᠪᠠᠷᠢᠯᠭ᠎ᠠ ᠶᠢᠨ ᠲᠤᠬᠠᠶ ᠶᠢᠨ ᠭᠠᠵᠠᠷ ᠤᠨ ᠠᠵᠢᠯ ᠢᠶᠠᠨ ᠡᠬᠢᠯᠡᠭᠦᠯᠵᠦ ᠰᠡᠷᠭᠦᠭᠡᠭᠰᠡᠨ ᠠᠶᠤᠯᠭᠦᠶ ᠦᠶᠯᠡᠳᠪᠦᠷᠢᠯᠡᠯ ᠤᠨ ᠨᠥᠬᠦᠴᠡᠯ ᠤᠨ ᠪᠠᠶᠢᠴᠠᠭᠠᠯᠲᠠ ᠪᠠ ᠠᠵᠤ ᠠᠬᠤᠶᠢᠯᠠᠯ ᠤᠨ ᠰᠢᠲᠠᠮᠠᠬᠠᠶ ᠬᠡᠶ ᠶᠢᠨ ᠠᠮᠤᠷ ᠲᠦᠪᠰᠢᠨ ᠤ ᠬᠠᠮᠢᠶᠠᠷᠤᠯᠲᠠ  ᠶᠢ ᠰᠠᠶᠢᠲᠤᠷ ᠠᠳᠬᠤᠵᠤ᠂ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠶᠡᠬᠡᠪᠡᠷ ᠵᠢᠭᠰᠠᠭᠠᠨ ᠪᠠᠶᠢᠴᠠᠭᠠᠬᠤ ᠴᠡᠭᠴᠡᠯᠡᠨ ᠵᠠᠰᠠᠬᠤ ᠠᠵᠢᠯ  ᠤᠨ ᠱᠠᠭᠠᠷᠳᠠᠯᠭ᠎ᠠ ᠶᠣᠰᠣᠭᠠᠷ᠂ ᠪᠦᠬᠦᠨ ᠢ ᠬᠠᠮᠤᠷᠴᠤ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠳᠠᠷᠤᠶᠢᠬᠠᠨ ᠥᠷᠨᠢᠭᠦᠯᠵᠦ᠂ ᠪᠦᠬᠦ ᠲᠠᠯ᠎ᠠ᠂ ᠦᠢᠯᠡᠳᠪᠦᠷᠢᠯᠡᠯ ᠤᠨ ᠪᠦᠬᠦ ᠶᠠᠪᠤᠴᠠ ᠶᠢ ᠢᠯᠭᠠᠨ ᠲᠠᠨᠢᠬᠤ ᠤᠷᠠᠨ ᠮᠡᠷᠭᠡᠰᠢᠯ᠂ ᠲᠣᠨᠤᠭ ᠲᠥᠬᠦᠭᠡᠷᠦᠮᠵᠢ᠂ ᠠᠵᠢᠯᠯᠠᠬᠤ ᠣᠷᠴᠢᠨ ᠲᠣᠭᠤᠷᠢᠨ᠂ ᠬᠠᠮᠢᠶᠠᠷᠤᠯᠲᠠ ᠶᠢᠨ ᠰᠢᠰᠲ᠋ᠧᠮ ᠵᠡᠷᠭᠡ ᠲᠠᠯ᠎ᠠ ᠶᠢᠨ ᠠᠰᠠᠭᠤᠳᠠᠯ ᠤᠨ ᠳᠠᠯᠳᠠ ᠭᠡᠮ᠂ ᠣᠯᠵᠤ ᠮᠡᠳᠡᠭᠰᠡᠨ ᠳᠠᠯᠳᠠ ᠭᠡᠮ ᠤᠨ ᠠᠰᠠᠭᠤᠳᠠᠯ ᠢ ᠪᠢᠲᠡᠭᠦᠦ  ᠪᠠᠷ ᠴᠡᠭᠴᠡᠯᠡᠨ ᠰᠠᠶᠢᠵᠢᠷᠠᠭᠤᠯᠤᠨ᠂ ᠬᠤᠭᠤᠴᠠᠭ᠎ᠠ ᠲᠣᠭᠲᠠᠭᠠᠨ ᠴᠡᠭᠴᠡᠯᠡᠨ ᠵᠠᠰᠠᠬᠤ᠂ ᠮᠥᠷᠳᠡᠨ ᠰᠢᠪᠠᠳᠠᠵᠤ᠂ ᠳᠠᠯᠳᠠ ᠭᠡᠮ ᠢ ᠦᠨᠡᠨᠬᠦ ᠴᠤᠬᠤᠶᠢᠵᠤ ᠪᠠᠶᠭ᠎ᠠ ᠪᠠᠢᠳᠠᠯ  ᠳᠤ ᠠᠷᠢᠯᠭᠠᠵᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠠᠶᠤᠯᠭᠦᠶ ᠦᠶᠯᠡᠳᠪᠦᠷᠢᠯᠡᠯ ᠤᠨ ᠪᠠᠶᠢᠳᠠᠯ ᠤᠨ ᠲᠣᠭᠲᠠᠭᠤᠨ ᠢᠶᠠᠷ ᠰᠠᠶᠢᠵᠢᠷᠠᠬᠤ ᠶᠢ ᠦᠨᠡᠨᠬᠦ ᠪᠠᠲᠤᠯᠠᠨ᠎ᠠ ᠭᠡᠵᠦ ᠱᠠᠭᠠᠷᠳᠠᠵᠠᠢ᠃ 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ