2 ᠰᠠᠷ᠎ᠠ ᠶᠢᠨ 24 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ ᠳ᠋ᠢᠶᠣᠣ ᠢᠦᠢ ᠲᠠᠢ ᠳᠠᠬᠢ ᠲᠦᠷᠦ ᠶᠢᠨ | ᠵᠣᠴᠢᠳ ᠤᠨ ᠪᠠᠭᠤᠳᠠᠯ ᠤᠨ ᠶᠠᠩ ᠶᠤᠸᠠᠨ ᠵᠠᠢ ᠳᠤ ᠺᠠᠮᠪᠤᠵᠠ ᠶᠢᠨ ᠤᠯᠤᠰ ᠤᠨ ᠸᠠᠩ ᠰᠢᠬᠠᠮᠦᠨᠢ ᠪᠣᠯᠣᠨ ᠸᠠᠩ ᠤᠨ ᠡᠬᠡ ᠮᠤᠨᠢᠯᠢᠶᠧ ᠲᠠᠢ ᠳᠣᠲᠣᠨᠣ ᠪᠠᠷ | ᠠᠭᠤᠯᠵᠠᠪᠠ᠃ | | | | 2 ᠰᠠᠷ᠎ᠠ ᠶᠢᠨ 24 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ ᠪᠡᠭᠡᠵᠢᠩ ᠤᠨ ᠳ᠋ᠢᠶᠣᠣ ᠢᠦᠢ ᠲᠠᠢ ᠳᠠᠬᠢ | ᠲᠦᠷᠦ ᠶᠢᠨ ᠵᠣᠴᠢᠳ ᠤᠨ ᠪᠠᠭᠤᠳᠠᠯ ᠤᠨ ᠶᠠᠩ ᠶᠤᠸᠠᠨ ᠵᠠᠢ ᠳᠤ ᠺᠠᠮᠪᠤᠵᠠ ᠶᠢᠨ ᠤᠯᠤᠰ ᠤᠨ ᠸᠠᠩ ᠰᠢᠬᠠᠮᠦᠨᠢ ᠪᠣᠯᠣᠨ ᠸᠠᠩ ᠤᠨ ᠡᠬᠡ ᠮᠤᠨᠢᠯᠢᠶᠧ ᠲᠠᠢ | ᠳᠣᠲᠣᠨᠣ ᠪᠠᠷ ᠠᠭᠤᠯᠵᠠᠪᠠ᠃ | ᠰᠢᠨᠬᠤᠸᠠ ᠬᠤᠷᠢᠶᠠᠨ ᠤ ᠰᠤᠷᠪᠤᠯᠵᠢᠯᠠᠬᠴᠢ ᠬᠤᠸᠠᠩ ᠵᠢᠩ ᠸᠧᠨ ᠰᠡᠭᠦᠳᠡᠷᠯᠡᠪᠡ | | ᠰᠢ ᠶᠢᠨ ᠫᠢᠩ ᠤᠯᠤᠰ ᠤᠨ ᠸᠠᠩ ᠰᠢᠬᠠᠮᠦᠨᠢ ᠪᠣᠯᠣᠨ ᠸᠠᠩ ᠤᠨ ᠡᠬᠡ ᠮᠤᠨᠢᠯᠢᠶᠧ ᠶᠢᠨ ᠪᠡᠭᠡᠵᠢᠩ ᠳᠤ ᠪᠡᠶ᠎ᠡ ᠪᠠᠨ ᠪᠠᠶᠢᠴᠠᠭᠠᠯᠭᠠᠵᠤ ᠰᠤᠪᠢᠯᠠᠬᠤ ᠪᠠᠷ ᠢᠷᠡᠭᠰᠡᠨ ᠢ | ᠪᠠᠶᠠᠷᠯᠠᠨ ᠤᠭᠲᠤᠪᠠ᠃ ᠰᠢ ᠶᠢᠨ ᠫᠢᠩ᠂ ᠳᠤᠮᠳᠠᠳᠤ ᠺᠠᠮᠪᠤᠵᠠ ᠬᠠᠷᠢᠯᠴᠠᠭ᠎ᠠ ᠪᠠᠶᠢᠭᠤᠯᠤᠭᠰᠠᠨ 65 ᠵᠢᠯ ᠤᠨ ᠲᠤᠷᠰᠢ ᠳᠡᠯᠡᠬᠡᠢ ᠶᠢᠨ ᠪᠠᠶᠢᠳᠠᠯ ᠶᠠᠭᠠᠬᠢᠵᠤ | ᠬᠤᠪᠢᠷᠠᠭᠰᠠᠨ ᠴᠤ ᠳᠤᠮᠳᠠᠳᠤ ᠺᠠᠮᠪᠤᠵᠠ ᠶᠢᠨ ᠨᠥᠬᠦᠷᠯᠡᠯ ᠶᠠᠪᠤᠬᠤ ᠲᠤᠳᠤᠮ ᠪᠠᠬᠢᠵᠢᠵᠦ᠂ ᠳᠤᠮᠳᠠᠳᠤ ᠺᠠᠮᠪᠤᠵᠠ ᠶᠢᠨ ᠬᠠᠷᠢᠯᠴᠠᠭ᠎ᠠ ᠨᠢᠭᠡᠨᠲᠡ ᠤᠯᠠᠨ ᠤᠯᠤᠰ ᠤᠨ | ᠬᠠᠷᠢᠯᠴᠠᠭᠠᠨ ᠤ ᠬᠡᠪ ᠳᠠᠭᠤᠷᠢᠶᠠᠯ ᠪᠣᠯᠵᠠᠢ᠃ ᠤᠰᠤ ᠶᠢ ᠨᠢ ᠤᠤᠭᠤᠪᠠᠯ ᠡᠬᠢ ᠶᠢ ᠨᠢ ᠪᠤᠳᠤ ᠭᠡᠳᠡᠭ᠂ ᠡᠨᠡ ᠨᠢ ᠳᠤᠮᠳᠠᠳᠤ ᠤᠯᠤᠰ ᠤᠨ ᠠᠬᠠᠮᠠᠳ ᠨᠢᠭᠡ ᠦᠶ᠎ᠡ ᠶᠢᠨ | ᠤᠳᠤᠷᠢᠳᠬᠤ ᠬᠥᠮᠥᠰ ᠪᠣᠯᠣᠨ ᠡᠴᠢᠭᠡ ᠬᠠᠭᠠᠨ ᠤ ᠪᠠᠶᠢᠭᠤᠯᠤᠨ ᠪᠤᠶᠢᠵᠢᠭᠤᠯᠤᠭᠰᠠᠨ ᠭᠦᠨ ᠵᠤᠵᠠᠭᠠᠨ ᠨᠥᠬᠦᠷᠯᠡᠯ ᠤᠨ ᠠᠴᠢ ᠶᠤᠮ᠃ ᠤᠯᠤᠰ ᠤᠨ ᠸᠠᠩ ᠪᠣᠯᠣᠨ | ᠸᠠᠩ ᠤᠨ ᠡᠬᠡ ᠪᠣᠯ ᠳᠤᠮᠳᠠᠳᠤ ᠤᠯᠤᠰ ᠤᠨ ᠥᠭᠡᠷᠡᠴᠢᠯᠡᠯᠲᠡ ᠬᠥᠭᠵᠢᠯᠲᠡ ᠶᠢ ᠪᠡᠶ᠎ᠡ ᠪᠠᠷ ᠢᠶᠠᠨ ᠥᠩᠭᠡᠷᠡᠭᠦᠯᠦᠭᠴᠢ᠂ ᠭᠡᠷᠡᠴᠢᠯᠡᠭᠴᠢ ᠮᠥᠨ᠂ ᠢᠮᠠᠭᠲᠠ ᠳᠤᠮᠳᠠᠳᠤ | ᠤᠯᠤᠰ ᠤᠨ ᠬᠥᠭᠵᠢᠯᠲᠡ ᠶᠢ ᠬᠠᠯᠠᠮᠵᠢᠯᠠᠭᠰᠠᠭᠠᠷ ᠢᠷᠡᠪᠡ᠂ ᠲᠠᠨᠠᠷ ᠪᠣᠯ ᠳᠤᠮᠳᠠᠳᠤ ᠤᠯᠤᠰ ᠤᠨ ᠠᠷᠠᠳ ᠲᠦᠮᠡᠨ ᠤ ᠰᠠᠶᠢᠨ ᠨᠠᠶᠢᠵᠠ ᠮᠥᠨ᠃ 2020 ᠣᠨ ᠳᠤ | ᠪᠢ ᠸᠠᠩ ᠤᠨ ᠡᠬᠡ ᠳᠤ ︽ᠨᠥᠬᠦᠷᠯᠡᠯ ᠤᠨ ᠭᠠᠪᠢᠶᠠᠨ ᠲᠡᠮᠳᠡᠭ︾ ᠣᠯᠭᠤᠭᠰᠠᠨ ᠨᠢ ᠸᠠᠩ ᠤᠨ ᠡᠬᠡ ᠳᠤᠮᠳᠠᠳᠤ ᠺᠠᠮᠪᠤᠵᠠ ᠶᠢᠨ ᠨᠥᠬᠦᠷᠯᠡᠯ ᠤᠨ ᠦᠢᠯᠡᠰ ᠲᠤ | ᠦᠵᠡᠭᠦᠯᠦᠭᠰᠡᠨ ᠣᠨᠴᠠᠭᠠᠶ ᠬᠤᠪᠢ ᠨᠡᠮᠡᠷᠢ ᠳᠤ ᠲᠠᠯᠠᠷᠬᠠᠬᠤ ᠶᠢᠨ ᠲᠥᠯᠥᠭᠡ ᠶᠤᠮ᠃ ᠪᠢᠳᠡ ᠳᠤᠮᠳᠠᠳᠤ ᠺᠠᠮᠪᠤᠵᠠ ᠶᠢᠨ ᠨᠥᠬᠦᠷᠯᠡᠯ ᠤᠨ ᠪᠤᠤᠬᠢᠶ᠎ᠠ ᠶᠢ ᠲᠤᠰᠴᠤ᠂ | ᠳᠤᠮᠳᠠᠳᠤ ᠺᠠᠮᠪᠤᠵᠠ ᠬᠠᠳᠠᠨ ᠪᠠᠲᠤ ᠨᠥᠬᠦᠷᠯᠡᠯ ᠢ ᠦᠶ᠎ᠡ ᠶᠢᠨ ᠦᠶ᠎ᠡ ᠳᠤ ᠤᠯᠠᠮᠵᠢᠯᠠᠵᠤ᠂ ᠳᠤᠮᠳᠠᠳᠤ ᠺᠠᠮᠪᠤᠵᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ | ᠰᠢᠨ᠎ᠡ ᠬᠠᠭᠤᠳᠠᠰᠤ ᠶᠢ ᠪᠢᠴᠢᠭᠯᠡᠶ᠎ᠡ ᠭᠡᠵᠦ ᠵᠢᠭᠠᠵᠤ ᠭᠠᠷᠭᠠᠵᠠᠢ᠃ | ᠰᠢ ᠶᠢᠨ ᠫᠢᠩ᠂ ᠳᠤᠮᠳᠠᠳᠤ ᠤᠯᠤᠰ ᠤᠨ ᠡᠪ ᠬᠠᠮᠲᠤ ᠨᠠᠮ ᠶᠠᠭ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ | ᠳᠠᠭᠠᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ | ᠠᠬᠢᠭᠤᠯᠵᠤ ᠪᠠᠶᠢᠨ᠎ᠠ᠃ ᠰᠢᠨ᠎ᠡ ᠴᠠᠭ ᠦᠶ᠎ᠡ ᠰᠢᠨ᠎ᠡ ᠠᠶᠠᠨ ᠳᠤ᠂ ᠪᠢᠳᠡ ᠡᠩᠬᠡ ᠲᠠᠶᠢᠪᠤᠩ ᠬᠥᠭᠵᠢᠯᠲᠡ᠂ ᠬᠠᠮᠲᠤᠷᠠᠯᠴᠠᠭ᠎ᠠ ᠬᠢᠵᠦ ᠬᠠᠮᠲᠤ ᠪᠠᠷ ᠠᠰᠢᠭ | ᠭᠦᠷᠲᠡᠭᠦ ᠶᠢ ᠪᠠᠷᠢᠮᠲᠠᠯᠠᠨ᠎ᠠ᠃ ᠳᠤᠮᠳᠠᠳᠤ ᠤᠯᠤᠰ ᠳᠤᠷᠠᠲᠠᠶ᠎ᠠ ᠺᠠᠮᠪᠤᠵᠠ ᠶᠢᠨ ᠬᠢᠨ ᠲᠠᠢ ︽ᠠᠯᠮᠠᠰ ᠴᠢᠯᠠᠭᠤ ᠵᠢᠷᠭᠤᠭᠠᠨ ᠲᠠᠯ᠎ᠠ︾ ᠶᠢᠨ ᠬᠠᠮᠲᠤᠷᠠᠯᠴᠠᠭᠠᠨ ᠤ | ᠪᠦᠲᠦᠴᠡ ᠶᠢ ᠴᠢᠷᠮᠠᠶᠢᠨ ᠪᠠᠶᠢᠭᠤᠯᠵᠤ᠂ ᠺᠠᠮᠪᠤᠵᠠ ᠶᠢᠨ ︽ᠠᠵᠤ ᠦᠢᠯᠡᠳᠪᠦᠷᠢ ᠶᠢᠨ ᠬᠥᠭᠵᠢᠯᠲᠡ ᠶᠢᠨ ᠬᠤᠩᠭᠢᠯ︾ ᠪᠣᠯᠣᠨ ︽ᠵᠢᠭᠠᠰᠤ ᠠᠮᠤ ᠶᠢᠨ ᠬᠤᠩᠭᠢᠯ︾ ᠢ | ᠪᠦᠲᠦᠭᠡᠨ ᠪᠠᠶᠢᠭᠤᠯᠬᠤ ᠶᠢ ᠳᠡᠮᠵᠢᠵᠦ᠂ ᠳᠤᠮᠳᠠᠳᠤ ᠺᠠᠮᠪᠤᠵᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠲᠦᠷᠭᠡᠳᠬᠡᠨ ᠪᠠᠶᠢᠭᠤᠯᠤᠨ᠎ᠠ᠃ ᠺᠠᠮᠪᠤᠵᠠ ᠶᠢᠨ ︽ | ᠤᠯᠤᠰ ᠤᠨ ᠸᠠᠩ ᠤᠨ ᠠᠵᠢᠯᠯᠠᠬᠤ ᠠᠩᠭᠢ︾ ᠶᠢᠨ ᠠᠵᠢᠯ ᠢᠶᠠᠨ ᠥᠷᠨᠢᠭᠦᠯᠬᠦ ᠶᠢ ᠳᠤᠮᠳᠠᠳᠤ ᠤᠯᠤᠰ ᠦᠷᠭᠦᠯᠵᠢᠯᠡᠨ ᠳᠡᠮᠵᠢᠵᠦ᠂ ᠺᠠᠮᠪᠤᠵᠠ ᠶᠢᠨ ᠠᠷᠠᠳ ᠲᠦᠮᠡᠨ ᠳᠤ | ᠨᠡᠩ ᠤᠯᠠᠨ ᠪᠤᠶᠠᠨ ᠦᠢᠯᠡᠳᠦᠨ᠎ᠡ ᠭᠡᠵᠦ ᠴᠢᠬᠤᠯᠠᠴᠢᠯᠠᠪᠠ᠃ | ᠰᠢᠬᠠᠮᠦᠨᠢ ᠪᠣᠯᠣᠨ ᠮᠤᠨᠢᠯᠢᠶᠧ᠂ ᠲᠡᠷᠢᠭᠦᠯᠡᠭᠴᠢ ᠰᠢ ᠶᠢᠨ ᠫᠢᠩ ᠪᠣᠯᠣᠨ ᠫᠧᠩ ᠯᠢ ᠶᠤᠸᠠᠨ ᠫᠷᠤᠹᠧᠰᠰᠤᠷ ᠪᠢᠳᠡᠨ ᠤ ᠳᠤᠮᠳᠠᠳᠤ ᠤᠯᠤᠰ ᠲᠤ ᠪᠡᠶ᠎ᠡ ᠪᠠᠨ | ᠪᠠᠶᠢᠴᠠᠭᠠᠯᠭᠠᠵᠤ ᠰᠤᠪᠢᠯᠠᠬᠤ ᠳᠤ ᠨᠠᠷᠢᠨ ᠲᠣᠬᠢᠷᠠᠭᠤᠯᠤᠯᠲᠠ ᠬᠢᠵᠦ ᠨᠢᠮᠪᠠᠢ ᠬᠠᠷᠠᠭᠠᠯᠵᠠᠯ ᠦᠵᠡᠭᠦᠯᠵᠦ ᠪᠠᠶᠢᠭ᠎ᠠ ᠳᠤ ᠲᠠᠯᠠᠷᠬᠠᠵᠤ ᠪᠠᠶᠢᠨ᠎ᠠ᠃ ᠤᠷᠳᠤ ᠬᠤᠭᠤᠴᠠᠭᠠᠨ ᠤ | ᠲᠤᠷᠰᠢ᠂ ᠳᠤᠮᠳᠠᠳᠤ ᠤᠯᠤᠰ ᠠᠴᠠ ᠺᠠᠮᠪᠤᠵᠠ ᠳᠤ ᠬᠠᠷᠠᠮ ᠦᠭᠡᠢ ᠬᠠᠪᠰᠤᠷᠤᠯᠭ᠎ᠠ ᠪᠠ ᠳᠡᠮᠵᠢᠯᠭᠡ ᠦᠵᠡᠭᠦᠯᠦᠭᠰᠡᠭᠡᠷ ᠢᠷᠡᠵᠠᠢ᠂ ᠺᠠᠮᠪᠤᠵᠠ ᠶᠢᠨ ᠬᠢᠨ ᠭᠦᠨ | ᠲᠠᠯᠠᠷᠬᠠᠵᠤ ᠪᠠᠶᠢᠨ᠎ᠠ᠃ ᠪᠢᠳᠡ ᠳᠤᠮᠳᠠᠳᠤ ᠤᠯᠤᠰ ᠤᠨ ᠬᠥᠭᠵᠢᠯᠲᠡ ᠶᠢ ᠢᠮᠠᠭᠲᠠ ᠨᠢᠭᠲᠠ ᠠᠩᠬᠠᠷᠴᠤ᠂ ᠳᠤᠮᠳᠠᠳᠤ ᠤᠯᠤᠰ ᠤᠨ ᠣᠯᠣᠭᠰᠠᠨ ᠠᠮᠵᠢᠯᠲᠠ | ᠪᠦᠲᠦᠮᠵᠢ ᠳᠤ ᠴᠢᠩ ᠰᠡᠳᠬᠢᠯ ᠠᠴᠠ ᠪᠠᠨ ᠪᠠᠶᠠᠷᠯᠠᠵᠤ ᠪᠠᠶᠢᠨ᠎ᠠ᠃ ᠺᠠᠮᠪᠤᠵᠠ ᠶᠢᠨ ᠬᠢᠨ ᠲᠡᠷᠢᠭᠦᠯᠡᠭᠴᠢ ᠰᠢ ᠶᠢᠨ ᠫᠢᠩ ᠤᠨ ᠳᠤᠷᠠᠳᠤᠭᠰᠠᠨ ︽ᠨᠢᠭᠡ ᠪᠦᠰᠡ ᠨᠢᠭᠡ | ᠵᠠᠮ︾ ᠤᠨ ᠰᠠᠨᠠᠭᠠᠴᠢᠯᠠᠭ᠎ᠠ ᠪᠣᠯᠣᠨ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠣᠶᠢᠯᠠᠭᠠᠭᠳᠠᠬᠤᠨ ᠢ ᠮᠠᠭᠲᠠᠨ | ᠰᠠᠶᠢᠰᠢᠶᠠᠵᠤ᠂ ᠳᠤᠷᠠᠲᠠᠶ᠎ᠠ ᠳᠤᠮᠳᠠᠳᠤ ᠤᠯᠤᠰ ᠲᠠᠢ ᠬᠠᠮᠲᠤ ᠪᠠᠷ ᠺᠠᠮᠪᠤᠵᠠ ᠳᠤᠮᠳᠠᠳᠤ ᠶᠢᠨ ᠬᠠᠷᠢᠯᠴᠠᠭ᠎ᠠ ᠪᠠᠶᠢᠭᠤᠯᠤᠭᠰᠠᠨ 65 ᠵᠢᠯ ᠤᠨ ᠤᠢ ᠪᠠᠷ ᠠᠵᠠ ᠲᠣᠭᠢᠶᠠᠯ | ᠪᠤᠯᠭᠠᠵᠤ᠂ ᠡᠯ᠎ᠡ ᠬᠦᠷᠢᠶᠡᠨ ᠤ ᠨᠥᠭᠦᠷᠰᠡᠭ ᠰᠣᠯᠢᠯᠴᠠᠭ᠎ᠠ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠺᠠᠮᠪᠤᠵᠠ ᠳᠤᠮᠳᠠᠳᠤ ᠶᠢᠨ ᠤᠯᠠᠮᠵᠢᠯᠠᠯᠲᠤ ᠨᠥᠬᠦᠷᠯᠡᠯ ᠢ | ᠦᠶ᠎ᠡ ᠶᠢᠨ ᠦᠶ᠎ᠡ ᠳᠤ ᠤᠯᠠᠮᠵᠢᠯᠠᠨ᠎ᠠ ᠭᠡᠵᠦ ᠢᠯᠡᠳᠬᠡᠪᠡ᠃ | ᠸᠠᠩ ᠢ ᠨᠠᠷ ᠠᠭᠤᠯᠵᠠᠯᠲᠠ ᠳᠤ ᠣᠷᠣᠯᠴᠠᠵᠠᠢ᠃ | |