ᠭᠢᠷᠢᠨ ᠮᠤᠵᠢ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠳᠡᠳ᠋ ᠳᠠᠷᠤᠭ᠎ᠠ ᠶᠠᠨ ᠵᠥᠩ ᠾᠧ ᠨᠡᠷ ᠮᠠᠨ ᠤ ᠲᠢᠩᠬᠢᠮ ᠳᠤ ᠢᠷᠡᠵᠦ ᠶᠠᠷᠢᠯᠴᠠᠵᠤ ᠰᠠᠨᠠᠯ ᠢᠶᠠᠨ ᠰᠣᠯᠢᠯᠴᠠᠵᠠ᠊
ᠨᠡᠶᠢᠲᠡᠯᠡᠭᠰᠡᠨ ᠴᠠᠭ᠄
2023/2/3
    2 ᠳ᠋ᠤᠭᠠᠷ ᠰᠠᠷ᠎ᠠ ᠶᠢᠨ 2 ᠤᠨ ᠡᠳᠦᠷ᠂ ᠭᠢᠷᠢᠨ ᠮᠤᠵᠢ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠳᠡᠳ᠋ ᠳᠠᠷᠤᠭ᠎ᠠ ᠶᠠᠨ ᠵᠥᠩ ᠾᠧ ᠨᠡᠷ ᠮᠠᠨ ᠤ ᠲᠢᠩᠬᠢᠮ ᠳᠤ ᠠᠶᠢᠯᠴᠢᠯᠠᠵᠤ᠂ ᠢᠯᠴᠢ ᠬᠠᠩᠭᠠᠬᠤ ᠪᠠᠲᠤᠯᠠᠭ᠎ᠠ ᠶᠢᠨ ᠪᠠᠶᠢᠳᠠᠯ᠂ ᠨᠡᠭᠦᠷᠡᠰᠦ ᠬᠠᠩᠭᠠᠬᠤ ᠶᠢ ᠪᠠᠲᠤᠯᠠᠬᠤ ᠭᠡᠷ᠎ᠡ ᠲᠣᠭᠲᠠᠭᠰᠠᠨ ᠠᠵᠢᠯ ᠤᠨ ᠪᠠᠶᠢᠳᠠᠯ ᠤᠨ ᠲᠤᠬᠠᠶ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠢᠩᠬᠢᠮ ᠤᠨ ᠳᠡᠳ᠋ ᠳᠠᠷᠤᠭ᠎ᠠ ᠢᠦᠶ ᠰᠢᠨ ᠹᠠᠩ ᠶᠠᠷᠢᠯᠴᠠᠬᠤ ᠬᠤᠷᠠᠯ ᠳᠤ ᠣᠷᠣᠯᠴᠠᠵᠤ ᠰᠠᠨᠠᠯ ᠢᠶᠠᠨ ᠰᠣᠯᠢᠯᠴᠠᠪᠠ᠃ 
吉林省住房和城乡建设厅副厅长闫忠和一行来我厅座谈交流.jpg 
    ᠶᠠᠷᠢᠯᠴᠠᠬᠤ ᠬᠤᠷᠠᠯ ᠳᠡᠭᠡᠷ᠎ᠡ᠂ ᠶᠠᠨ ᠵᠥᠩ ᠾᠧ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ  ᠶᠢᠨ ᠲᠢᠩᠬᠢᠮ ᠠᠴᠠ ᠭᠢᠷᠢᠨ ᠮᠤᠵᠢ ᠶᠢᠨ ᠢᠯᠴᠢ ᠬᠠᠩᠭᠠᠬᠤ ᠪᠠᠲᠤᠯᠠᠭ᠎ᠠ ᠶᠢᠨ ᠠᠵᠢᠯ ᠢ ᠬᠠᠯᠠᠮᠵᠢᠯᠠᠨ ᠳᠡᠮᠵᠢᠭᠰᠡᠨ ᠳᠤ ᠲᠠᠯᠠᠷᠬᠠᠬᠤ ᠶᠢᠨ ᠬᠠᠮᠲᠤ ᠭᠢᠷᠢᠨ ᠮᠤᠵᠢ ᠶᠢᠨ ᠢᠯᠴᠢ ᠬᠠᠩᠭᠠᠬᠤ ᠪᠠᠲᠤᠯᠠᠭ᠎ᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠵᠢᠴᠢ ᠢᠯᠴᠢ ᠬᠠᠩᠭᠠᠬᠤ ᠪᠠᠲᠤᠯᠠᠭ᠎ᠠ ᠶᠢᠨ ᠨᠡᠭᠦᠷᠡᠰᠦ ᠬᠠᠩᠭᠠᠬᠤ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠢ ᠲᠠᠨᠢᠯᠴᠠᠭᠤᠯᠤᠭᠰᠠᠨ ᠤ ᠬᠠᠮᠲᠤ᠂ ᠥᠪᠥᠷ ᠮᠣᠩᠭᠤᠯ ᠤᠨ ᠢᠯᠴᠢ ᠬᠠᠩᠭᠠᠬᠤ ᠪᠠᠲᠤᠯᠠᠭ᠎ᠠ ᠶᠢᠨ ᠠᠵᠢᠯ ᠤᠨ ᠠᠷᠭ᠎ᠠ ᠬᠡᠮᠵᠢᠶ᠎ᠡ ᠬᠦᠴᠦᠲᠡᠶ᠂ ᠦᠷ᠎ᠡ ᠪᠦᠲᠦᠮᠵᠢ ᠢᠯᠡᠷᠬᠡᠶ ᠪᠠᠶᠢᠵᠤ᠂ ᠮᠠᠰᠢ ᠣᠯᠠᠨ ᠠᠷᠭ᠎ᠠ ᠬᠢᠳᠡᠯ ᠢᠶᠠᠷ ᠯᠠᠪᠯᠠᠯᠲᠠ ᠪᠣᠯᠭᠠᠵᠤ ᠪᠣᠯᠤᠨ᠎ᠠ ᠭᠡᠵᠦ ᠢᠯᠡᠳᠬᠡᠪᠡ᠃   ᠢᠦᠶ ᠰᠢᠨ ᠹᠠᠩ ᠂ ᠶᠠᠨ ᠵᠦᠩ ᠾᠧ ᠨᠡᠷ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠭᠰᠡᠨ ᠪᠥᠭᠡᠳ ᠮᠠᠨ ᠤ ᠣᠷᠣᠨ ᠤ ᠢᠯᠴᠢ ᠬᠠᠩᠭᠠᠬᠤ ᠲᠦᠷᠢᠮ  ᠳᠤ ᠵᠠᠰᠠᠪᠤᠷᠢ ᠣᠷᠣᠭᠤᠯᠬᠤ᠂ ᠢᠯᠴᠢ ᠶᠢᠨ ᠰᠠᠭᠤᠷᠢ ᠦᠨ᠎ᠡ᠂ ᠬᠠᠩᠭᠠᠯᠭ᠎ᠠ ᠶᠢ ᠪᠠᠲᠤᠯᠠᠬᠤ ᠨᠡᠭᠦᠷᠡᠰᠦ ᠬᠡᠷᠡᠭᠯᠡᠬᠦ ᠵᠡᠷᠭᠡ ᠲᠠᠯ᠎ᠠ ᠶᠢᠨ ᠠᠵᠢᠯ ᠤᠨ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠪᠠ ᠃ ᠬᠤᠶᠢᠰᠢᠳᠠ ᠬᠤᠶᠠᠷ ᠮᠤᠵᠢ ᠶᠢᠨ ᠬᠢᠨ ᠨᠡᠪᠲᠡᠷᠡᠯᠴᠡᠭᠡ ᠰᠣᠯᠢᠯᠴᠠᠭ᠎ᠠ ᠪᠠᠨ ᠤᠯᠠᠮ ᠴᠢᠨᠠᠭᠰᠢᠳᠠ ᠴᠢᠩᠭᠠᠳᠬᠠᠵᠤ᠂ ᠬᠠᠷᠢᠯᠴᠠᠨ ᠰᠤᠷᠤᠯᠴᠠᠵᠤ ᠬᠠᠷᠢᠯᠴᠠᠨ ᠠᠬᠢᠭᠤᠯᠵᠤ᠂ ᠢᠯᠴᠢ ᠬᠠᠩᠭᠠᠬᠤ ᠪᠠᠲᠤᠯᠠᠭ᠎ᠠ ᠶᠢᠨ ᠠᠵᠢᠯ ᠢ ᠬᠠᠮᠲᠤ ᠪᠠᠷ ᠰᠠᠶᠢᠲᠤᠷ ᠬᠢᠬᠦ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃   ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠬᠤᠲᠠ ᠶᠢᠨ ᠬᠠᠮᠢᠶᠠᠷᠤᠯᠲᠠ  ᠶᠢᠨ ᠭᠠᠵᠠᠷ  ᠤᠨ ᠭᠤᠣᠯ ᠬᠠᠷᠢᠭᠤᠴᠠᠯᠭᠠᠲᠠᠨ᠂ ᠬᠥᠬᠡᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶᠠᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠵᠢᠴᠢ ᠬᠤᠯᠪᠣᠭᠳᠠᠯ ᠪᠦᠬᠦᠢ ᠨᠢᠭᠡᠴᠡ ᠶᠢᠨ ᠬᠠᠷᠢᠭᠤᠴᠠᠯᠭᠠᠲᠠᠨ ᠶᠠᠷᠢᠯᠴᠠᠬᠤ ᠬᠤᠷᠠᠯ ᠳᠤ ᠣᠷᠣᠯᠴᠠᠵᠠᠢ᠃ 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ