| | | ᠨᠠᠮ ᠤᠨ ᠲᠥᠪ ᠬᠤᠷᠢᠶ᠎ᠠ ᠳᠤ ᠰᠢᠨ᠎ᠡ ᠪᠠᠷ ᠣᠷᠣᠭᠰᠠᠨ ᠭᠡᠰᠢᠭᠦᠨ᠂ ᠣᠷᠣᠯᠠᠭᠴᠢ ᠭᠡᠰᠢᠭᠦᠨ ᠪᠣᠯᠣᠨ ᠮᠤᠵᠢ ᠶᠠᠮᠤᠨ ᠤ ᠲᠡᠰ ᠤᠨ ᠭᠤᠣᠯ ᠤᠳᠤᠷᠢᠳᠬᠤ | ᠺᠠᠳ᠋ᠷᠴᠤᠳ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠣᠨ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠰᠤᠳᠤᠯᠤᠨ ᠶᠠᠷᠢᠯᠴᠠᠬᠤ ᠠᠩᠭᠢ 7 ᠤ ᠦᠳᠡ ᠶᠢᠨ ᠡᠮᠦᠨ᠎ᠡ ᠲᠥᠪ ᠤᠨ | ᠨᠠᠮ ᠤᠨ ᠰᠤᠷᠭᠠᠭᠤᠯᠢ ︵ᠤᠯᠤᠰ ᠤᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠳᠤ ᠰᠤᠷᠤᠯᠭ᠎ᠠ ᠡᠬᠢᠯᠡᠪᠡ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ | ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠰᠤᠷᠤᠯᠭ᠎ᠠ ᠡᠭᠢᠯᠡᠭᠦ ᠶᠣᠰᠣᠯᠠᠯ ᠳᠡᠭᠡᠷ᠎ᠡ | ᠴᠢᠬᠤᠯᠠ ᠶᠠᠷᠢᠶ᠎ᠠ ᠲᠠᠯᠪᠢᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠤᠨᠤᠯ ᠢ ᠬᠤᠷᠢᠶᠠᠩᠭᠤᠶᠢᠯᠠᠨ ᠳᠤᠷᠠᠳᠬᠤ ᠶᠢᠨ ᠬᠠᠮᠲᠤ ᠭᠦᠨᠵᠡᠭᠡᠢ | ᠲᠣᠳᠣᠷᠬᠠᠶᠢᠯᠠᠨ ᠥᠭᠦᠯᠡᠭᠰᠡᠨ ᠶᠠᠪᠤᠳᠠᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠨᠢᠭᠡᠨ ᠴᠢᠬᠤᠯᠠ ᠶᠡᠭᠡ ᠤᠨᠤᠯ ᠤᠨ ᠰᠢᠨ᠎ᠡ ᠡᠭᠦᠳᠦᠯᠲᠡ ᠮᠥᠨ᠂ ᠰᠢᠨᠵᠢᠯᠡᠬᠦ | ᠤᠬᠠᠭᠠᠨ ᠤ ᠨᠡᠶᠢᠭᠡᠮ ᠵᠢᠷᠤᠮ ᠤᠨ ᠬᠠᠮᠤᠭ ᠤᠨ ᠰᠢᠨ᠎ᠡ ᠴᠢᠬᠤᠯᠠ ᠶᠡᠭᠡ ᠦᠷ᠎ᠡ ᠪᠦᠲᠦᠭᠡᠯ ᠮᠥᠨ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ | ᠮᠠᠨ ᠤ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠤᠳᠤᠷᠢᠳᠤᠨ ᠤᠷᠲᠤ ᠬᠤᠭᠤᠴᠠᠭᠠᠨ ᠤ ᠰᠦᠪᠡᠭᠴᠢᠯᠡᠯᠲᠡ ᠪᠠ ᠦᠢᠯᠡᠳᠦᠯᠭᠡ ᠶᠢᠨ | ᠳᠤᠮᠳᠠ ᠲᠦᠮᠡᠨ ᠪᠡᠷᠬᠡ ᠮᠢᠩᠭᠠᠨ ᠵᠣᠪᠠᠭᠤᠷᠢ ᠶᠢ ᠲᠤᠭᠤᠯᠵᠤ᠂ ᠯᠤᠲᠤ ᠶᠡᠭᠡ ᠦᠷᠡᠭᠳᠡᠯ ᠭᠠᠷᠭᠠᠵᠤ ᠪᠠᠶᠢᠭᠠᠳ ᠣᠯᠣᠭᠰᠠᠨ ᠴᠢᠬᠤᠯᠠ ᠶᠡᠭᠡ ᠦᠷ᠎ᠡ ᠪᠦᠲᠦᠭᠡᠯ ᠮᠥᠨ᠂ | ᠪᠢᠳᠡ ᠡᠷᠬᠡᠪᠰᠢ ᠬᠤᠪᠢ ᠳᠠᠭᠢᠨ ᠨᠠᠨᠳᠢᠩᠨᠠᠵᠤ᠂ ᠢᠮᠠᠭᠲᠠ ᠪᠠᠷᠢᠮᠲᠠᠯᠠᠵᠤ᠂ ᠲᠠᠰᠤᠷᠠᠯᠲᠠ ᠦᠭᠡᠢ ᠥᠷᠭᠡᠳᠬᠡᠨ ᠭᠦᠨᠵᠡᠭᠡᠶᠢᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠯᠢ ᠴᠢᠶᠠᠩ ᠰᠤᠷᠤᠯᠭ᠎ᠠ ᠡᠭᠢᠯᠡᠭᠦ ᠶᠣᠰᠣᠯᠠᠯ ᠢ ᠡᠷᠭᠢᠯᠡᠵᠦ᠂ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠵᠤᠤ ᠯᠧ ᠵᠢᠢ᠂ ᠸᠠᠩ ᠬᠤ᠋ ᠨᠢᠩ᠂ ᠼᠠᠢ ᠴᠢ᠂ ᠳ᠋ᠢᠩ ᠰᠢᠤᠸᠠᠢ | ᠰᠢᠶᠠᠩ᠂ ᠯᠢ ᠰᠢ ᠣᠷᠣᠯᠴᠠᠵᠠᠢ᠃ | ᠰᠢ ᠶᠢᠨ ᠫᠢᠩ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠪᠣᠯ ᠣᠶᠢᠷ᠎ᠠ ᠦᠶ᠎ᠡ ᠠᠴᠠ ᠨᠠᠭᠠᠰᠢᠬᠢ ᠳᠤᠮᠳᠠᠳᠤ | ᠤᠯᠤᠰ ᠤᠨ ᠠᠷᠠᠳ ᠲᠦᠮᠡᠨ ᠤ ᠬᠠᠮᠲᠤ ᠶᠢᠨ ᠬᠦᠰᠡᠯ ᠵᠡᠭᠦᠳᠦ ᠮᠥᠨ᠂ ᠲᠤᠭ᠎ᠠ ᠲᠣᠮᠰᠢ ᠦᠭᠡᠢ ᠴᠢᠬᠡᠴᠢ ᠵᠢᠷᠤᠮᠲᠠᠨ ᠡᠭᠦᠨ ᠤ ᠲᠥᠯᠥᠭᠡ ᠬᠠᠲᠠᠭᠤᠵᠢᠯᠲᠠᠢ | ᠰᠦᠪᠡᠭᠴᠢᠯᠡᠵᠦ᠂ ᠡᠯ᠎ᠡ ᠵᠦᠢᠯ ᠤᠨ ᠲᠤᠷᠰᠢᠴᠠ ᠶᠢ ᠬᠢᠭᠰᠡᠨ ᠪᠤᠯᠪᠠᠴᠤ ᠴᠥᠮ ᠢᠯᠠᠭᠳᠠᠯ ᠢᠶᠠᠷ ᠲᠡᠭᠦᠰᠪᠡ᠃ ᠳᠤᠮᠳᠠᠳᠤ ᠤᠯᠤᠰ ᠤᠨ ᠣᠳᠣᠬᠢᠴᠢᠯᠠᠯᠲᠠ ᠶᠢᠨ ᠵᠠᠮ ᠢ | ᠰᠦᠪᠡᠭᠴᠢᠯᠡᠬᠦ ᠬᠦᠨᠳᠦ ᠡᠭᠦᠷᠭᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠡᠶ᠎ᠡ ᠳᠡᠭᠡᠷ᠎ᠡ ᠲᠡᠦᠬᠡᠨ ᠶᠣᠰᠣᠭᠠᠷ ᠲᠠᠯᠪᠢᠭᠳᠠᠪᠠ᠃ ᠰᠢᠨ᠎ᠡ ᠠᠷᠠᠳᠴᠢᠯᠠᠭᠰᠠᠨ | ᠬᠤᠪᠢᠰᠬᠠᠯ ᠤᠨ ᠦᠶ᠎ᠡ ᠳᠤ᠂ ᠮᠠᠨ ᠤ ᠨᠠᠮ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠴᠢᠰᠤ ᠤᠷᠤᠰᠬᠠᠨ ᠡᠷᠡᠯᠬᠡᠭᠯᠡᠨ ᠪᠠᠶᠢᠯᠳᠤᠵᠤ᠂ ᠨᠤᠭᠤᠷᠠᠰᠢ ᠦᠭᠡᠢ | ᠲᠡᠮᠡᠴᠡᠵᠦ᠂ ᠤᠮᠠᠷᠠᠰᠢ ᠳᠠᠶᠢᠯᠠᠬᠤ ᠲᠠᠶᠢᠨ᠂ ᠭᠠᠵᠠᠷ ᠰᠢᠷᠣᠢ ᠶᠢᠨ ᠬᠤᠪᠢᠰᠬᠠᠯᠲᠤ ᠲᠠᠶᠢᠨ᠂ ᠶᠠᠫᠤᠨ ᠢ ᠡᠰᠡᠷᠭᠦᠴᠡᠬᠦ ᠲᠠᠶᠢᠨ᠂ ᠴᠢᠯᠦᠭᠡᠯᠡᠬᠦ ᠲᠠᠶᠢᠨ ᠢ ᠥᠩᠭᠡᠷᠡᠭᠡᠭᠡᠳ᠂ | ᠡᠵᠡᠷᠬᠡᠭ ᠲᠦᠷᠢᠮᠡᠬᠡᠢ ᠶᠣᠰᠣ᠂ ᠹᠧᠣᠳᠠᠯ ᠶᠣᠰᠣ᠂ ᠨᠣᠶᠠᠨᠴᠢ ᠬᠥᠷᠥᠩᠭᠡᠲᠦ ᠶᠣᠰᠣ ᠵᠡᠷᠭᠡ ᠭᠤᠷᠪᠠᠨ ᠶᠡᠭᠡ ᠠᠭᠤᠯᠠ ᠶᠢ ᠨᠤᠷᠠᠭᠠᠵᠤ᠂ ᠠᠷᠠᠳ ᠲᠦᠮᠡᠨ ᠡᠵᠡᠨ | ᠰᠠᠭᠤᠵᠤ ᠡᠷᠬᠡ ᠮᠡᠳᠡᠭᠰᠡᠨ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠢ ᠪᠠᠶᠢᠭᠤᠯᠵᠤ᠂ ᠦᠨᠳᠦᠰᠦᠲᠡᠨ ᠤ ᠲᠤᠰᠠᠭᠠᠷ ᠲᠣᠭᠲᠠᠨᠢᠯ᠂ ᠠᠷᠠᠳ ᠲᠦᠮᠡᠨ ᠤ | ᠴᠢᠯᠦᠭᠡᠯᠡᠯᠲᠡ ᠶᠢ ᠪᠡᠶᠡᠯᠡᠭᠦᠯᠵᠦ᠂ ᠣᠳᠣᠬᠢᠴᠢᠯᠠᠯᠲᠠ ᠶᠢ ᠪᠡᠶᠡᠯᠡᠭᠦᠯᠬᠦ ᠳᠤ ᠨᠡᠶᠢᠭᠡᠮ ᠤᠨ ᠦᠨᠳᠦᠰᠦᠨ ᠨᠥᠬᠦᠴᠡᠯ ᠢ ᠡᠭᠦᠳᠴᠦ ᠥᠭᠭᠦᠭᠰᠡᠨ ᠪᠠᠶᠢᠨ᠎ᠠ᠃ ᠰᠢᠨ᠎ᠡ | ᠳᠤᠮᠳᠠᠳᠤ ᠤᠯᠤᠰ ᠪᠠᠶᠢᠭᠤᠯᠤᠭᠳᠠᠭᠰᠠᠨ ᠤ ᠲᠠᠷᠠᠭ᠎ᠠ᠂ ᠮᠠᠨ ᠤ ᠨᠠᠮ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠨᠡᠶᠢᠭᠡᠮ ᠵᠢᠷᠤᠮᠲᠤ ᠬᠤᠪᠢᠰᠬᠠᠯ ᠬᠢᠵᠦ᠂ | ᠳᠤᠮᠳᠠᠳᠤ ᠤᠯᠤᠰ ᠲᠤ ᠬᠡᠳᠦᠨ ᠮᠢᠩᠭᠠᠨ ᠵᠢᠯ ᠦᠷᠭᠦᠯᠵᠢᠯᠡᠭᠰᠡᠨ ᠹᠧᠣᠳᠠᠯ ᠤᠨ ᠪᠠᠶᠢᠭᠤᠯᠤᠯ ᠢ ᠤᠰᠠᠳᠬᠠᠵᠤ᠂ ᠨᠡᠶᠢᠭᠡᠮ ᠵᠢᠷᠤᠮ ᠤᠨ ᠦᠨᠳᠦᠰᠦᠨ ᠪᠠᠶᠢᠭᠤᠯᠤᠯ ᠢ | ᠲᠣᠭᠲᠠᠭᠠᠵᠤ᠂ ᠳᠤᠮᠳᠠᠳᠤ ᠶᠢᠨ ᠦᠨᠳᠦᠰᠦᠲᠡᠨ ᠤ ᠲᠡᠦᠬᠡᠨ ᠳᠡᠭᠡᠷᠡᠬᠢ ᠬᠠᠮᠤᠭ ᠤᠨ ᠥᠷᠭᠡᠨ ᠳᠡᠯᠭᠡᠷ ᠪᠥᠭᠡᠳ ᠭᠦᠨ ᠭᠦᠨᠵᠡᠭᠡᠢ ᠨᠡᠶᠢᠭᠡᠮ ᠤᠨ ᠬᠤᠪᠢᠰᠤᠯᠲᠠ ᠶᠢ | ᠪᠡᠶᠡᠯᠡᠭᠦᠯᠵᠦ᠂ ᠪᠡᠶ᠎ᠡ ᠪᠠᠨ ᠳᠠᠭᠠᠭᠠᠭᠰᠠᠨ ᠨᠡᠯᠢᠶᠡᠳ ᠪᠦᠷᠢᠨ ᠪᠦᠲᠦᠨ ᠠᠵᠤ ᠦᠢᠯᠡᠳᠪᠦᠷᠢ ᠶᠢᠨ ᠰᠢᠰᠲ᠋ᠧᠮ ᠪᠠ ᠤᠯᠤᠰ ᠠᠷᠠᠳ ᠤᠨ ᠠᠵᠤ ᠠᠬᠤᠢ ᠶᠢᠨ | ᠰᠢᠰᠲ᠋ᠧᠮ ᠢ ᠪᠠᠶᠢᠭᠤᠯᠵᠤ᠂ ᠨᠡᠶᠢᠭᠡᠮ ᠵᠢᠷᠤᠮᠲᠤ ᠬᠤᠪᠢᠰᠬᠠᠯ ᠪᠠ ᠪᠦᠲᠦᠭᠡᠨ ᠪᠠᠶᠢᠭᠤᠯᠤᠯᠲᠠ ᠥᠪᠡᠷᠮᠢᠴᠡ ᠪᠦᠲᠦᠭᠡᠯᠴᠢ ᠴᠢᠨᠠᠷᠲᠠᠢ ᠤᠨᠤᠯ ᠤᠨ ᠦᠷ᠎ᠡ ᠪᠦᠲᠦᠭᠡᠯ ᠪᠠ | ᠯᠤᠲᠤ ᠶᠡᠭᠡ ᠠᠮᠵᠢᠯᠲᠠ ᠪᠦᠲᠦᠮᠵᠢ ᠣᠯᠵᠤ᠂ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠳᠤ ᠤᠯᠤᠰ ᠲᠦᠷᠦ ᠶᠢᠨ ᠦᠨᠳᠦᠰᠦᠨ ᠤᠷᠢᠲᠠᠯ ᠨᠥᠬᠦᠴᠡᠯ ᠪᠠ ᠡᠷᠬᠢᠮ | ᠨᠠᠨᠳᠢᠨ ᠲᠤᠷᠰᠢᠯᠭ᠎ᠠ᠂ ᠤᠨᠤᠯ ᠤᠨ ᠪᠡᠯᠡᠳᠬᠡᠯ᠂ ᠪᠣᠳᠠᠰ ᠤᠨ ᠰᠠᠭᠤᠷᠢ ᠶᠢ ᠲᠠᠯᠪᠢᠵᠤ ᠥᠭᠭᠦᠭᠰᠡᠨ ᠪᠠᠶᠢᠨ᠎ᠠ᠃ ᠥᠭᠡᠷᠡᠴᠢᠯᠡᠯᠲᠡ ᠨᠡᠭᠡᠭᠡᠯᠲᠡ ᠪᠠ ᠨᠡᠶᠢᠭᠡᠮ ᠵᠢᠷᠤᠮ ᠤᠨ | ᠪᠦᠲᠦᠭᠡᠨ ᠪᠠᠶᠢᠭᠤᠯᠤᠯᠲᠠ ᠶᠢᠨ ᠰᠢᠨ᠎ᠡ ᠴᠠᠭ ᠦᠶ᠎ᠡ ᠳᠤ ᠮᠠᠨ ᠤ ᠨᠠᠮ ᠨᠠᠮ ᠪᠣᠯᠣᠨ ᠤᠯᠤᠰ ᠤᠨ ᠠᠵᠢᠯ ᠤᠨ ᠭᠤᠣᠯᠳᠠᠯᠭ᠎ᠠ ᠶᠢ ᠠᠵᠤ ᠠᠬᠤᠢ ᠶᠢᠨ ᠪᠦᠲᠦᠭᠡᠨ | ᠪᠠᠶᠢᠭᠤᠯᠤᠯᠲᠠ ᠳᠡᠭᠡᠷ᠎ᠡ ᠰᠢᠯᠵᠢᠭᠦᠯᠵᠦ᠂ ᠥᠭᠡᠷᠡᠴᠢᠯᠡᠯᠲᠡ ᠨᠡᠭᠡᠭᠡᠯᠲᠡ ᠬᠢᠬᠦ ᠲᠡᠦᠬᠡᠲᠦ ᠴᠢᠨᠠᠷᠲᠠᠢ ᠰᠢᠢᠳᠪᠦᠷᠢᠲᠦ ᠪᠣᠳᠣᠯᠭ᠎ᠠ ᠶᠢ ᠲᠣᠭᠲᠠᠭᠠᠵᠤ᠂ ᠦᠢᠯᠡᠳᠦᠯᠭᠡ ᠶᠢᠨ | ᠰᠠᠭᠤᠷᠢᠨ ᠳᠡᠭᠡᠷᠡᠬᠢ ᠤᠨᠤᠯ ᠤᠨ ᠰᠢᠨ᠎ᠡ ᠡᠭᠦᠳᠦᠯᠲᠡ᠂ ᠪᠠᠶᠢᠭᠤᠯᠤᠯ ᠤᠨ ᠰᠢᠨ᠎ᠡ ᠡᠭᠦᠳᠦᠯᠲᠡ᠂ ᠰᠣᠶᠣᠯ ᠤᠨ ᠰᠢᠨ᠎ᠡ ᠡᠭᠦᠳᠦᠯᠲᠡ ᠵᠢᠴᠢ ᠪᠤᠰᠤᠳ ᠡᠯ᠎ᠡ ᠲᠠᠯ᠎ᠠ ᠶᠢᠨ | ᠰᠢᠨ᠎ᠡ ᠡᠭᠦᠳᠦᠯᠲᠡ ᠶᠢ ᠶᠡᠭᠡ ᠪᠠᠷ ᠠᠬᠢᠭᠤᠯᠵᠤ᠂ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠯ ᠢ ᠬᠡᠷᠡᠭᠵᠢᠭᠦᠯᠵᠦ᠂ | ᠦᠢᠯᠡᠳᠪᠦᠷᠢᠯᠡᠯ ᠤᠨ ᠬᠦᠴᠦᠨ ᠬᠠᠷᠢᠴᠠᠩᠭᠤᠢ ᠪᠠᠷ ᠬᠤᠴᠤᠷᠤᠩᠭᠤᠢ ᠪᠠᠶᠢᠭᠰᠠᠨ ᠪᠠᠶᠢᠳᠠᠯ ᠠᠴᠠ ᠪᠠᠨ ᠠᠵᠤ ᠠᠬᠤᠢ ᠶᠢᠨ ᠶᠡᠷᠦᠩᠬᠡᠢ ᠬᠡᠮᠵᠢᠶ᠎ᠡ ᠳᠡᠯᠡᠬᠡᠢ ᠶᠢᠨ | ᠬᠤᠶᠠᠳᠤᠭᠠᠷ ᠲᠤ ᠣᠷᠣᠭᠰᠠᠨ ᠲᠡᠦᠬᠡᠲᠦ ᠴᠢᠨᠠᠷᠲᠠᠢ ᠰᠢᠪᠲᠤᠯᠤᠯᠲᠠ ᠶᠢ ᠪᠡᠶᠡᠯᠡᠭᠦᠯᠵᠦ᠂ ᠠᠷᠠᠳ ᠤᠨ ᠠᠮᠢᠳᠤᠷᠠᠯ ᠢᠳᠡᠵᠦ ᠡᠮᠦᠰᠭᠦ ᠳᠡᠭᠡᠨ ᠵᠥᠪ ᠦᠭᠡᠢ | ᠪᠠᠶᠢᠭᠰᠠᠨ ᠠᠴᠠ ᠶᠡᠷᠦᠩᠬᠡᠢ ᠳᠡᠭᠡᠨ ᠴᠢᠨᠡᠭᠡᠯᠢᠭ ᠪᠣᠯᠵᠤ᠂ ᠪᠦᠭᠦ ᠲᠠᠯ᠎ᠠ ᠪᠠᠷ ᠴᠢᠨᠡᠭᠡᠯᠢᠭᠵᠢᠬᠦ ᠲᠡᠶᠢᠰᠢ ᠤᠷᠤᠭᠰᠢᠯᠠᠬᠤ ᠲᠡᠦᠬᠡᠲᠦ ᠴᠢᠨᠠᠷᠲᠠᠢ ᠳᠠᠪᠠᠯᠲᠠ ᠶᠢ ᠪᠡᠶᠡᠯᠡᠭᠦᠯᠵᠦ | ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠰᠢᠨ᠎ᠡ ᠠᠮᠢᠵᠢᠷᠠᠯ ᠤᠨ ᠬᠦᠴᠦᠨ ᠢᠶᠠᠷ ᠪᠢᠯᠬᠠᠭᠰᠠᠨ ᠪᠠᠶᠢᠭᠤᠯᠤᠯ ᠤᠨ ᠪᠠᠲᠤᠯᠠᠭ᠎ᠠ ᠪᠠ ᠲᠦᠷᠭᠡᠨ | ᠬᠥᠭᠵᠢᠯᠲᠡ ᠶᠢᠨ ᠪᠣᠳᠠᠰ ᠤᠨ ᠨᠥᠬᠦᠴᠡᠯ ᠢ ᠬᠠᠩᠭᠠᠪᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠮᠠᠨ ᠤ ᠨᠠᠮ ᠤᠤᠯ ᠤᠨ ᠰᠠᠭᠤᠷᠢᠨ ᠳᠡᠭᠡᠷ᠎ᠡ ᠪᠠᠨ ᠦᠷᠭᠦᠯᠵᠢᠯᠡᠨ | ᠤᠷᠤᠭᠰᠢᠯᠠᠵᠤ᠂ ᠤᠨᠤᠯ ᠪᠠ ᠦᠢᠯᠡᠳᠦᠯᠭᠡ ᠶᠢᠨ ᠲᠠᠯ᠎ᠠ ᠪᠠᠷ ᠰᠢᠨ᠎ᠡ ᠶᠢ ᠡᠭᠦᠳᠭᠦ ᠰᠢᠪᠲᠤᠯᠤᠯᠲᠠ ᠶᠢ ᠲᠠᠰᠤᠷᠠᠯᠳᠠ ᠦᠭᠡᠢ ᠪᠡᠶᠡᠯᠡᠭᠦᠯᠵᠦ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢ ᠠᠮᠵᠢᠯᠲᠠ ᠲᠠᠢ ᠠᠬᠢᠭᠤᠯᠵᠤ ᠥᠷᠭᠡᠳᠬᠡᠪᠡ᠃ ᠪᠢᠳᠡ ᠲᠠᠨᠢᠯᠲᠠ ᠶᠢᠨ ᠲᠠᠯ᠎ᠠ ᠪᠠᠷ ᠲᠠᠰᠤᠷᠠᠯᠲᠠ ᠦᠭᠡᠢ ᠭᠦᠨᠵᠡᠭᠡᠶᠢᠷᠡᠵᠦ᠂ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠡᠭᠦᠳᠴᠦ᠂ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ | ᠴᠠᠭ ᠦᠶᠡᠴᠢᠯᠡᠬᠦ ᠰᠢᠨ᠎ᠡ ᠦᠰᠦᠷᠦᠯᠲᠡ ᠶᠢ ᠪᠡᠶᠡᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠦᠨᠳᠦᠰᠦᠨ ᠵᠢᠷᠤᠮᠯᠠᠯ ᠬᠠᠩᠭᠠᠪᠠ᠃ ᠪᠢᠳᠡ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠠᠭᠤᠯᠬᠤᠨ ᠪᠠ ᠮᠥᠨ ᠴᠢᠨᠠᠷ ᠤᠨ ᠲᠤᠬᠠᠢ ᠲᠠᠨᠢᠯᠲᠠ ᠪᠠᠨ ᠤᠯᠠᠮ ᠴᠢᠨᠠᠭᠰᠢᠳᠠ ᠭᠦᠨᠵᠡᠭᠡᠶᠢᠷᠡᠭᠦᠯᠵᠦ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠳᠤᠮᠳᠠᠳᠤ ᠤᠯᠤᠰ ᠤᠨ ᠣᠨᠴᠠᠯᠢᠭ᠂ ᠮᠥᠨ ᠴᠢᠨᠠᠷ ᠤᠨ ᠱᠠᠭᠠᠷᠳᠠᠯᠭ᠎ᠠ ᠪᠠ ᠴᠢᠬᠤᠯᠠ ᠶᠡᠭᠡ ᠵᠠᠷᠴᠢᠮ ᠢ | ᠬᠤᠷᠢᠶᠠᠩᠭᠤᠶᠢᠯᠠᠨ ᠪᠦᠷᠢᠯᠳᠦᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠤᠨᠤᠯ ᠤᠨ ᠰᠢᠰᠲ᠋ᠧᠮ ᠢ ᠠᠩᠬ᠎ᠠ ᠠᠯᠬᠤᠮ ᠪᠠᠶᠢᠭᠤᠯᠵᠤ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠨᠡᠩ ᠲᠣᠳᠣᠷᠬᠠᠢ᠂ ᠨᠡᠩ ᠰᠢᠨᠵᠢᠯᠡᠬᠦ ᠤᠬᠠᠭᠠᠨᠴᠢ᠂ ᠨᠡᠩ ᠢᠯᠡᠭᠦᠦ ᠣᠶᠢᠯᠠᠭᠠᠮᠵᠢᠲᠠᠢ ᠪᠥᠭᠡᠳ | ᠪᠣᠯᠣᠮᠵᠢᠲᠠᠢ ᠪᠣᠯᠭᠠᠪᠠ᠃ ᠪᠢᠳᠡ ᠪᠠᠶᠢᠯᠳᠤᠬᠤ ᠪᠣᠳᠣᠯᠭ᠎ᠠ ᠶᠢᠨ ᠲᠠᠯ᠎ᠠ ᠪᠠᠷ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨ ᠰᠤᠷᠭᠠᠨ | ᠬᠥᠮᠦᠵᠢᠯ ᠢᠶᠠᠷ ᠤᠯᠤᠰ ᠢᠶᠠᠨ ᠮᠠᠨᠳᠤᠭᠤᠯᠬᠤ ᠪᠠᠶᠢᠯᠳᠤᠬᠤ ᠪᠣᠳᠣᠯᠭ᠎ᠠ᠂ ᠴᠢᠳᠠᠪᠤᠷᠢᠲᠠᠨ ᠢᠶᠠᠷ ᠤᠯᠤᠰ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠵᠡᠷᠭᠡ ᠠᠯᠢ ᠣᠯᠠᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠪᠠᠲᠤ ᠴᠢᠩᠭ᠎ᠠ ᠪᠠᠶᠢᠯᠳᠤᠬᠤ ᠪᠣᠳᠣᠯᠭ᠎ᠠ ᠶᠢᠨ ᠲᠤᠯᠭᠠᠭᠤᠷᠢᠯᠠᠯ ᠬᠠᠩᠭᠠᠪᠠ᠃ ᠪᠢᠳᠡ ᠦᠢᠯᠡᠳᠦᠯᠭᠡ ᠶᠢᠨ | ᠲᠠᠯ᠎ᠠ ᠪᠠᠷ ᠲᠠᠰᠤᠷᠠᠯᠳᠠ ᠦᠭᠡᠢ ᠪᠠᠶᠠᠯᠢᠭᠵᠢᠭᠤᠯᠵᠤ᠂ ᠠᠯᠢ ᠤᠯᠠᠨ ᠬᠤᠪᠢᠰᠤᠯᠲᠠ ᠶᠢᠨ ᠴᠢᠨᠠᠷᠲᠠᠢ ᠦᠢᠯᠡᠳᠦᠯᠭᠡ ᠶᠢ ᠠᠬᠢᠭᠤᠯᠵᠤ᠂ ᠠᠯᠢ ᠤᠯᠠᠨ ᠰᠢᠪᠲᠤᠯᠤᠯᠲᠠ ᠶᠢᠨ | ᠴᠢᠨᠠᠷᠲᠠᠢ ᠠᠬᠢᠴᠠ ᠶᠢ ᠪᠡᠶᠡᠯᠡᠭᠦᠯᠵᠦ᠂ ᠠᠯᠢ ᠤᠯᠠᠨ ᠪᠡᠯᠭᠡ ᠲᠡᠮᠳᠡᠭ ᠤᠨ ᠴᠢᠨᠠᠷᠲᠠᠢ ᠦᠷ᠎ᠡ ᠪᠦᠲᠦᠭᠡᠯ ᠣᠯᠵᠤ᠂ ᠨᠠᠮ ᠪᠣᠯᠣᠨ ᠤᠯᠤᠰ ᠤᠨ ᠠᠵᠢᠯ ᠦᠢᠯᠡᠰ ᠤᠨ | ᠲᠡᠦᠬᠡᠲᠦ ᠴᠢᠨᠠᠷᠲᠠᠢ ᠠᠮᠵᠢᠯᠲᠠ ᠣᠯᠬᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠬᠤ ᠶᠢ ᠠᠬᠢᠭᠤᠯᠵᠤ᠂ ᠢᠯᠠᠩᠭᠤᠶ᠎ᠠ ᠬᠠᠷᠢᠴᠠᠯᠠᠰᠢᠭᠦᠢ ᠶᠠᠳᠠᠭᠤ ᠬᠦᠴᠢᠷᠳᠡᠯᠲᠡᠢ | ᠠᠰᠠᠭᠤᠳᠠᠯ ᠢ ᠠᠷᠢᠯᠭᠠᠵᠤ᠂ ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ ᠪᠡᠶᠡᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠨᠡᠩ ᠪᠦᠷᠢᠨ | ᠲᠡᠭᠦᠯᠳᠡᠷ ᠪᠠᠶᠢᠭᠤᠯᠤᠯ ᠤᠨ ᠪᠠᠲᠤᠯᠠᠭ᠎ᠠ᠂ ᠨᠡᠩ ᠪᠠᠲᠤ ᠪᠠᠬᠢ ᠪᠣᠳᠠᠰ ᠤᠨ ᠰᠠᠭᠤᠷᠢ᠂ ᠨᠡᠩ ᠰᠠᠨᠠᠭᠠᠴᠢᠯᠠᠭ᠎ᠠ ᠲᠠᠢ ᠤᠶᠤᠨ ᠰᠠᠨᠠᠭᠠᠨ ᠤ ᠬᠦᠴᠦᠨ ᠴᠢᠳᠠᠯ ᠢ ᠬᠠᠩᠭᠠᠪᠠ | ᠭᠡᠵᠦ ᠴᠢᠬᠤᠯᠠᠴᠢᠯᠠᠪᠠ᠃ | ᠰᠢ ᠶᠢᠨ ᠫᠢᠩ᠂ ᠨᠠᠮ ᠤᠨ ᠤᠳᠤᠷᠢᠳᠤᠯᠭ᠎ᠠ ᠨᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠦᠨᠳᠦᠰᠦᠨ ᠴᠢᠭᠯᠡᠯ᠂ ᠢᠷᠡᠭᠡᠳᠦᠢ ᠶᠢᠨ ᠬᠤᠪᠢ | ᠵᠠᠶᠠᠭ᠎ᠠ᠂ ᠡᠴᠦᠰ ᠤᠨ ᠢᠯᠠᠵᠤ ᠢᠯᠠᠭᠳᠠᠬᠤ ᠲᠠᠢ ᠰᠢᠭᠤᠳ ᠬᠤᠯᠪᠣᠭᠳᠠᠨ᠎ᠠ᠃ ᠨᠠᠮ ᠤᠨ ᠤᠳᠤᠷᠢᠳᠤᠯᠭ᠎ᠠ ᠨᠢ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠦᠨᠳᠦᠰᠦᠨ ᠰᠢᠨᠵᠢ ᠴᠢᠨᠠᠷ ᠢ ᠲᠣᠭᠲᠠᠭᠠᠨ᠎ᠠ᠂ ᠭᠠᠭᠴᠠ ᠬᠦ ᠨᠠᠮ ᠤᠨ ᠤᠳᠤᠷᠢᠳᠤᠯᠭ᠎ᠠ ᠶᠢ ᠡᠷᠡᠰ ᠭᠤᠶᠢᠪᠢᠰᠢ ᠦᠭᠡᠢ ᠪᠠᠷᠢᠮᠲᠠᠯᠠᠪᠠᠯ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠰᠠᠶ᠋ᠢ ᠭᠡᠭᠡᠨ ᠰᠠᠷᠠᠭᠤᠯ ᠢᠷᠡᠭᠡᠳᠦᠢ ᠲᠠᠢ᠂ ᠴᠡᠴᠡᠭᠯᠡᠨ ᠬᠥᠭᠵᠢᠵᠦ ᠴᠢᠳᠠᠨ᠎ᠠ︔ ᠡᠰᠡ ᠲᠡᠭᠡᠪᠡᠯ ᠠᠶᠠᠯᠠᠯ ᠤᠨ | ᠴᠢᠭᠯᠡᠯ ᠠᠴᠠ ᠰᠠᠯᠵᠤ᠂ ᠰᠦᠭ ᠰᠦᠨᠡᠰᠦ ᠪᠠᠨ ᠠᠯᠳᠠᠵᠤ᠂ ᠴᠢᠨᠠᠭᠰᠢᠯᠠᠪᠠᠯ ᠨᠤᠷᠠᠭᠠᠬᠤ ᠴᠢᠨᠠᠷᠲᠠᠢ ᠠᠯᠳᠠᠭ᠎ᠠ ᠭᠠᠷᠭᠠᠬᠤ ᠪᠣᠯᠣᠨ᠎ᠠ᠃ ᠨᠠᠮ ᠤᠨ ᠤᠳᠤᠷᠢᠳᠤᠯᠭ᠎ᠠ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠲᠡᠮᠡᠴᠡᠬᠦ ᠬᠠᠷᠠᠯᠲᠠ ᠪᠠᠨ ᠴᠢᠭᠯᠡᠨ ᠯᠠᠪᠳᠠᠭᠤᠨ ᠢᠶᠠᠷ ᠬᠤᠯᠠ ᠠᠶᠠᠯᠠᠬᠤ ᠶᠢ ᠪᠠᠲᠤᠯᠠᠵᠤ᠂ ᠮᠠᠨ ᠤ ᠨᠠᠮ ᠤᠨ | ᠲᠡᠮᠡᠴᠡᠬᠦ ᠬᠠᠷᠠᠯᠲᠠ ᠪᠠᠨ ᠢᠮᠠᠭᠲᠠ ᠬᠤᠪᠢᠷᠠᠰᠢ ᠦᠭᠡᠢ ᠪᠠᠷᠢᠮᠲᠠᠯᠠᠵᠤ᠂ ᠦᠶ᠎ᠡ ᠦᠶ᠎ᠡ ᠪᠠᠷ ᠪᠤᠤᠬᠢᠶ᠎ᠠ ᠳᠠᠮᠵᠢᠭᠤᠯᠤᠨ ᠠᠬᠢᠭᠤᠯᠵᠤ᠂ ᠳᠡᠯᠡᠬᠡᠢ ᠳ᠋ᠠᠬᠢᠨ ᠤ ᠠᠩᠬᠠᠷᠤᠯ ᠢ | ᠲᠠᠲᠠᠭᠰᠠᠨ᠂ ᠲᠡᠦᠬᠡ ᠶᠢᠨ ᠬᠠᠭᠤᠳᠠᠰᠤ ᠶᠢ ᠭᠡᠶᠢᠭᠦᠯᠦᠭᠰᠡᠨ ᠭᠡᠷᠡᠯ ᠰᠠᠴᠤᠷᠠᠩᠭᠤᠢ ᠠᠮᠵᠢᠯᠲᠠ ᠣᠯᠵᠠᠢ᠃ ᠨᠠᠮ ᠤᠨ ᠤᠳᠤᠷᠢᠳᠤᠯᠭ᠎ᠠ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢ ᠪᠦᠲᠦᠭᠡᠨ ᠪᠠᠶᠢᠭᠤᠯᠬᠤ ᠬᠦᠴᠦᠷᠬᠡᠭ ᠶᠡᠭᠡ ᠬᠥᠳᠡᠯᠭᠡᠭᠦ ᠬᠦᠴᠦᠨ ᠢ ᠬᠥᠭᠵᠢᠭᠡᠵᠦ᠂ ᠮᠠᠨ ᠤ ᠨᠠᠮ ᠵᠣᠷᠢᠭᠲᠠᠢ ᠪᠠᠷ ᠥᠭᠡᠷᠡᠴᠢᠯᠡᠯᠲᠡ | ᠬᠢᠵᠦ ᠰᠢᠨ᠎ᠡ ᠶᠢ ᠡᠭᠦᠳᠴᠦ᠂ ᠡᠯ᠎ᠡ ᠲᠠᠯ᠎ᠠ ᠶᠢᠨ ᠪᠠᠶᠢᠭᠤᠯᠤᠮᠵᠢ ᠲᠣᠭᠲᠠᠴᠠ ᠶᠢᠨ ᠭᠡᠮ ᠰᠣᠭᠤᠭ ᠢ ᠲᠠᠰᠤᠷᠠᠯᠲᠠ ᠦᠭᠡᠢ ᠠᠷᠢᠯᠭᠠᠵᠤ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠳᠤ ᠰᠢᠷᠭᠢᠰᠢ ᠦᠭᠡᠢ ᠬᠥᠳᠡᠯᠭᠡᠭᠦ ᠬᠦᠴᠦᠨ ᠨᠡᠮᠡᠷᠢᠯᠡᠪᠡ᠃ ᠨᠠᠮ ᠤᠨ ᠤᠳᠤᠷᠢᠳᠤᠯᠭ᠎ᠠ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠪᠦᠲᠦᠭᠡᠨ ᠪᠠᠶᠢᠭᠤᠯᠬᠤ ᠰᠦᠷ ᠳᠠᠯᠠᠶᠢᠴᠠᠲᠠᠢ ᠬᠦᠴᠦᠨ ᠢ ᠨᠢᠭᠲᠠᠷᠠᠭᠤᠯᠵᠤ᠂ ᠮᠠᠨ ᠤ ᠨᠠᠮ ᠨᠠᠮ ᠤᠨ ᠤᠯᠠᠨ ᠲᠦᠮᠡᠨᠴᠢ ᠱᠤᠭᠤᠮ ᠢ ᠪᠠᠷᠢᠮᠲᠠᠯᠠᠨ | ᠂ ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠢ ᠬᠥᠭᠵᠢᠭᠦᠯᠦᠨ᠂ | ᠪᠦᠭᠦ ᠠᠷᠠᠳ ᠲᠦᠮᠡᠨ ᠤ ᠡᠵᠡᠨ ᠬᠥᠮᠥᠨ ᠤ ᠵᠣᠷᠢᠭ ᠰᠠᠨᠠᠭ᠎ᠠ ᠶᠢ ᠭᠦᠢᠴᠡᠳ ᠬᠥᠭᠵᠢᠭᠡᠪᠡ ᠭᠡᠵᠦ ᠵᠢᠭᠠᠵᠤ ᠭᠠᠷᠭᠠᠵᠠᠢ᠃ | ᠰᠢ ᠶᠢᠨ ᠫᠢᠩ᠂ ᠨᠢᠭᠡ ᠤᠯᠤᠰ ᠣᠳᠣᠬᠢᠴᠢᠯᠠᠯᠲᠠ ᠲᠡᠶᠢᠰᠢ ᠤᠷᠤᠭᠰᠢᠯᠠᠬᠤ ᠳᠤ᠂ ᠣᠳᠣᠬᠢᠴᠢᠯᠠᠯᠲᠠ ᠶᠢᠨ ᠡᠩ ᠤᠨ ᠵᠢᠮ᠎ᠡ ᠶᠣᠰᠣ ᠶᠢ ᠵᠢᠷᠤᠮᠯᠠᠬᠤ ᠪᠠᠷ ᠪᠠᠷᠠᠬᠤ | ᠦᠭᠡᠢ᠂ ᠨᠡᠩ ᠴᠤ ᠲᠤᠰ ᠤᠯᠤᠰ ᠤᠨ ᠢᠶᠠᠨ ᠪᠣᠳᠠᠲᠤ ᠪᠠᠶᠢᠳᠠᠯ ᠲᠠᠢ ᠨᠡᠶᠢᠴᠡᠵᠦ᠂ ᠲᠤᠰ ᠤᠯᠤᠰ ᠤᠨ ᠢᠶᠠᠨ ᠣᠨᠴᠠᠯᠢᠭ ᠲᠠᠢ ᠪᠠᠶᠢᠬᠤ ᠬᠡᠷᠡᠭᠲᠡᠢ᠃ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠨᠢ ᠡᠯ᠎ᠡ ᠤᠯᠤᠰ ᠤᠨ ᠣᠳᠣᠬᠢᠴᠢᠯᠠᠯᠲᠠ ᠶᠢᠨ ᠬᠠᠮᠲᠤ ᠶᠢᠨ ᠣᠨᠴᠠᠯᠢᠭ ᠲᠠᠢ ᠮᠥᠷᠲᠡᠭᠡᠨ ᠨᠡᠩ ᠴᠤ ᠥᠪᠡᠷ ᠤᠨ | ᠤᠯᠤᠰ ᠤᠨ ᠪᠠᠶᠢᠳᠠᠯ ᠳᠠᠭᠠᠨ ᠰᠠᠭᠤᠷᠢᠯᠠᠭᠰᠠᠨ ᠢᠯᠡ ᠲᠣᠳᠣ ᠣᠨᠴᠠᠯᠢᠭ ᠲᠠᠢ ᠶᠤᠮ᠃ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠬᠥᠮᠥᠨ ᠠᠮᠠ ᠶᠢᠨ ᠬᠡᠪᠴᠢᠶ᠎ᠡ ᠪᠠᠷ ᠯᠤᠲᠤ ᠶᠡᠭᠡ ᠣᠳᠣᠬᠢᠴᠢᠯᠠᠯᠲᠠ᠂ ᠪᠦᠭᠦ ᠠᠷᠠᠳ ᠲᠦᠮᠡᠨ ᠤ ᠬᠠᠮᠲᠤ ᠪᠠᠷ | ᠪᠠᠶᠠᠵᠢᠬᠤ ᠣᠳᠣᠬᠢᠴᠢᠯᠠᠯᠲᠠ᠂ ᠪᠣᠳᠠᠰ ᠤᠨ ᠪᠣᠯᠪᠠᠰᠤᠨ ᠪᠠ ᠤᠶᠤᠨ ᠤ ᠪᠣᠯᠪᠠᠰᠤᠨ ᠬᠠᠷᠢᠯᠴᠠᠨ ᠵᠣᠬᠢᠴᠠᠯᠳᠤᠭᠰᠠᠨ ᠣᠳᠣᠬᠢᠴᠢᠯᠠᠯᠲᠠ᠂ ᠬᠥᠮᠥᠨ ᠬᠢᠭᠡᠳ | ᠪᠠᠶᠢᠭᠠᠯᠢ ᠶᠢᠨ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠣᠳᠣᠬᠢᠴᠢᠯᠠᠯᠲᠠ᠂ ᠡᠩᠬᠡ ᠲᠠᠶᠢᠪᠤᠩ ᠬᠥᠭᠵᠢᠯᠲᠡ ᠶᠢᠨ ᠵᠠᠮ ᠢᠶᠠᠷ ᠵᠠᠮᠨᠠᠬᠤ ᠣᠳᠣᠬᠢᠴᠢᠯᠠᠯᠲᠠ ᠪᠤᠯᠬᠤ | ᠲᠠᠪᠤᠨ ᠲᠠᠯ᠎ᠠ ᠶᠢᠨ ᠳᠤᠮᠳᠠᠳᠤ ᠤᠯᠤᠰ ᠤᠨ ᠣᠨᠴᠠᠯᠢᠭ ᠲᠠᠢ ᠭᠡᠳᠡᠭ ᠢ ᠲᠣᠳᠣᠷᠬᠠᠢ ᠬᠤᠷᠢᠶᠠᠩᠭᠤᠶᠢᠯᠠᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠰᠢᠨᠵᠢᠯᠡᠬᠦ ᠤᠬᠠᠭᠠᠨᠴᠢ ᠠᠭᠤᠯᠬᠤᠨ ᠢ ᠭᠦᠨᠵᠡᠭᠡᠢ ᠢᠯᠡᠷᠡᠭᠦᠯᠪᠡ᠃ ᠡᠨᠡ ᠨᠢ ᠤᠨᠤᠯ ᠤᠨ ᠬᠤᠷᠢᠶᠠᠩᠭᠤᠶᠢᠯᠠᠯ ᠪᠤᠯᠬᠤ ᠪᠥᠭᠡᠳ ᠪᠠᠰᠠ | ᠦᠢᠯᠡᠳᠦᠯᠭᠡ ᠶᠢᠨ ᠱᠠᠭᠠᠷᠳᠠᠯᠭ᠎ᠠ ᠪᠠᠶᠢᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ᠂ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠰᠠᠷᠠᠭᠤᠯ ᠳᠠᠷᠳᠠᠩ ᠵᠠᠮ ᠢ ᠵᠢᠭᠠᠵᠤ ᠥᠭᠴᠡᠢ᠃ ᠰᠢᠨ᠎ᠡ ᠳᠤᠮᠳᠠᠳᠤ | ᠤᠯᠤᠰ ᠪᠠᠶᠢᠭᠤᠯᠤᠭᠳᠠᠭᠰᠠᠨ ᠠᠴᠠ ᠨᠠᠭᠠᠰᠢ ᠢᠯᠠᠩᠭᠤᠶ᠎ᠠ ᠥᠭᠡᠷᠡᠴᠢᠯᠡᠯᠲᠡ ᠨᠡᠭᠡᠭᠡᠯᠲᠡ ᠬᠢᠭᠰᠡᠨ ᠠᠴᠠ ᠨᠠᠭᠠᠰᠢ᠂ ᠪᠢᠳᠡ ᠬᠡᠳᠦᠨ ᠠᠷᠪᠠᠨ ᠵᠢᠯ ᠤᠨ ᠴᠠᠭ ᠢ ᠬᠡᠷᠡᠭᠰᠡᠨ | ᠥᠷᠥᠨᠡᠳᠠᠬᠢᠨ ᠤ ᠬᠥᠭᠵᠢᠭᠰᠡᠨ ᠤᠯᠤᠰ ᠤᠨ ᠬᠡᠳᠦᠨ ᠵᠠᠭᠤᠨ ᠵᠢᠯ ᠤᠨ ᠶᠠᠪᠤᠵᠤ ᠢᠷᠡᠭᠰᠡᠨ ᠠᠵᠤ ᠦᠢᠯᠡᠳᠪᠦᠷᠢᠵᠢᠯᠲᠡ ᠶᠢᠨ ᠲᠡᠦᠬᠡᠨ ᠶᠠᠪᠤᠴᠠ ᠶᠢ ᠥᠩᠭᠡᠷᠡᠭᠦᠯᠵᠦ᠂ | ᠠᠵᠤ ᠠᠬᠤᠢ ᠶᠢᠨ ᠲᠦᠷᠭᠡᠨ ᠬᠥᠭᠵᠢᠯᠲᠡ ᠪᠠ ᠨᠡᠶᠢᠭᠡᠮ ᠤᠨ ᠤᠷᠳᠤ ᠬᠤᠭᠤᠴᠠᠭᠠᠨ ᠤ ᠲᠣᠭᠲᠠᠭᠤᠨ ᠪᠠᠶᠢᠬᠤ ᠭᠠᠶᠢᠬᠠᠮᠰᠢᠭ ᠢ ᠡᠭᠦᠳᠴᠦ᠂ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠳᠤ ᠥᠷᠭᠡᠨ ᠠᠭᠤᠳᠠᠮ ᠠᠯᠤᠰ ᠢᠷᠡᠭᠡᠳᠦᠢ ᠶᠢ ᠨᠡᠭᠡᠭᠡᠵᠦ ᠥᠭᠭᠦᠭᠰᠡᠨ ᠪᠠᠶᠢᠨ᠎ᠠ᠃ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠠᠪᠤᠭᠳᠠᠵᠤ ᠳᠡᠶᠢᠯᠦᠨ᠎ᠠ᠂ ᠯᠠᠪᠳᠠᠭᠤᠨ ᠥᠷᠨᠢᠵᠦ ᠳᠡᠶᠢᠯᠦᠨ᠎ᠠ᠂ ᠤᠯᠤᠰ ᠢᠶᠠᠨ ᠬᠦᠴᠦᠷᠬᠡᠭᠵᠢᠭᠦᠯᠬᠦ ᠪᠠᠶᠢᠭᠤᠯᠤᠯᠲᠠ᠂ | ᠦᠨᠳᠦᠰᠦᠲᠡᠨ ᠤ ᠰᠡᠷᠭᠦᠨ ᠮᠠᠨᠳᠤᠯᠲᠠ ᠶᠢᠨ ᠴᠤᠷ ᠤᠨ ᠭᠠᠭᠴᠠ ᠵᠥᠪ ᠵᠠᠮ ᠮᠥᠨ ᠭᠡᠳᠡᠭ ᠢ ᠦᠢᠯᠡᠳᠦᠯᠭᠡ ᠭᠡᠷᠡᠴᠢᠯᠡᠭᠰᠡᠨ ᠪᠠᠶᠢᠨ᠎ᠠ ᠭᠡᠵᠦ ᠴᠢᠬᠤᠯᠠᠴᠢᠯᠠᠪᠠ᠃ | | | | ᠰᠢ ᠶᠢᠨ ᠫᠢᠩ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠨᠢ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠳᠤ ᠭᠦᠨ ᠦᠨᠳᠦᠰᠦᠯᠡᠵᠦ᠂ | ᠰᠢᠨᠵᠢᠯᠡᠬᠦ ᠤᠬᠠᠭᠠᠨ ᠤ ᠨᠡᠶᠢᠭᠡᠮ ᠵᠢᠷᠤᠮ ᠤᠨ ᠲᠡᠷᠢᠭᠦᠨ ᠤ ᠮᠥᠨ ᠴᠢᠨᠠᠷ ᠢ ᠢᠯᠡᠷᠡᠭᠦᠯᠵᠦ᠂ ᠬᠥᠮᠥᠨ ᠲᠥᠷᠥᠯᠬᠢᠲᠡᠨ ᠤ ᠠᠯᠢᠪᠠ ᠰᠢᠯᠢᠳᠡᠭ ᠪᠣᠯᠪᠠᠰᠤᠨ ᠤ ᠦᠷ᠎ᠡ | ᠪᠦᠲᠦᠭᠡᠯ ᠢᠶᠠᠷ ᠲᠣᠯᠢ ᠪᠤᠯᠭᠠᠵᠤ ᠰᠢᠩᠭᠡᠬᠡᠨ ᠠᠪᠴᠤ᠂ ᠬᠥᠮᠥᠨ ᠲᠥᠷᠥᠯᠬᠢᠲᠡᠨ ᠤ ᠪᠣᠯᠪᠠᠰᠤᠨ ᠤ ᠲᠠᠪᠰᠢᠯᠳᠠ ᠶᠢᠨ ᠬᠥᠭᠵᠢᠯᠲᠡ ᠶᠢᠨ ᠴᠢᠭᠯᠡᠯ ᠢ ᠲᠥᠯᠥᠭᠡᠯᠡᠵᠦ᠂ | ᠥᠷᠥᠨᠡᠳᠠᠬᠢᠨ ᠤ ᠣᠳᠣᠬᠢᠴᠢᠯᠠᠯᠲᠠ ᠶᠢᠨ ᠵᠠᠭᠪᠤᠷ ᠲᠠᠢ ᠠᠳᠠᠯᠢ ᠪᠤᠰᠤ ᠰᠢᠨ᠎ᠡ ᠵᠢᠷᠤᠭ ᠲᠥᠰᠥᠪ ᠢ ᠢᠯᠡᠷᠡᠭᠦᠯᠵᠦ᠂ ᠬᠥᠮᠥᠨ ᠲᠥᠷᠥᠯᠬᠢᠲᠡᠨ ᠤ ᠴᠣ ᠰᠢᠨ᠎ᠡ | ᠪᠣᠯᠪᠠᠰᠤᠨ ᠤ ᠭᠡᠯᠪᠡᠷᠢ ᠪᠣᠯᠣᠨ᠎ᠠ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠨᠢ ︽ᠣᠳᠣᠬᠢᠴᠢᠯᠠᠬᠤ = ᠥᠷᠥᠨᠡᠳᠠᠬᠢᠨᠴᠢᠯᠠᠬᠤ︾ ᠭᠡᠰᠡᠨ | ᠲᠥᠭᠡᠷᠢᠭᠳᠡᠯ ᠢ ᠡᠪᠳᠡᠵᠦ᠂ ᠣᠳᠣᠬᠢᠴᠢᠯᠠᠯᠲᠠ ᠶᠢᠨ ᠥᠭᠡᠷ᠎ᠡ ᠨᠢᠭᠡᠨ ᠵᠢᠷᠤᠭ ᠦᠵᠡᠮᠵᠢ ᠶᠢ ᠦᠵᠡᠭᠦᠯᠵᠦ᠂ ᠬᠥᠭᠵᠢᠵᠦ ᠪᠠᠶᠢᠭ᠎ᠠ ᠤᠯᠤᠰ ᠤᠨ ᠣᠳᠣᠬᠢᠴᠢᠯᠠᠯᠲᠠ ᠵᠦᠭ | ᠤᠷᠤᠭᠰᠢᠯᠠᠬᠤ ᠵᠠᠮ ᠤᠨ ᠰᠣᠩᠭᠤᠯᠲᠠ ᠶᠢ ᠥᠷᠭᠡᠳᠬᠡᠵᠦ᠂ ᠬᠥᠮᠥᠨ ᠲᠥᠷᠥᠯᠬᠢᠲᠡᠨ ᠤ ᠨᠡᠩ ᠰᠠᠶᠢᠨ ᠨᠡᠶᠢᠭᠡᠮ ᠤᠨ ᠪᠠᠶᠢᠭᠤᠯᠤᠯ ᠤᠨ ᠲᠤᠬᠠᠢ ᠰᠦᠪᠡᠭᠴᠢᠯᠡᠯᠲᠡ ᠳᠤ | ᠳᠤᠮᠳᠠᠳᠤ ᠤᠯᠤᠰ ᠤᠨ ᠲᠥᠰᠥᠯ ᠢ ᠬᠠᠩᠭᠠᠭᠰᠠᠨ ᠪᠠᠶᠢᠨ᠎ᠠ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠠᠭᠤᠯᠤᠭᠳᠠᠵᠤ ᠪᠠᠶᠢᠭ᠎ᠠ ᠥᠪᠡᠷᠮᠢᠴᠡ | ᠶᠢᠷᠲᠢᠨᠴᠦ ᠶᠢᠨ ᠦᠵᠡᠯᠲᠡ᠂ ᠦᠷᠲᠡᠭ ᠤᠨ ᠦᠵᠡᠯᠲᠡ᠂ ᠲᠡᠦᠬᠡ ᠶᠢᠨ ᠦᠵᠡᠯᠲᠡ᠂ ᠪᠣᠯᠪᠠᠰᠤᠨ ᠤ ᠦᠵᠡᠯᠲᠡ᠂ ᠠᠷᠠᠳᠴᠢᠯᠠᠯ ᠤᠨ ᠦᠵᠡᠯᠲᠡ᠂ ᠠᠮᠢ ᠠᠬᠤᠢ ᠶᠢᠨ | ᠦᠵᠡᠯᠲᠡ ᠵᠡᠷᠭᠡ ᠵᠢᠴᠢ ᠲᠡᠭᠦᠨ ᠤ ᠠᠭᠤᠤ ᠶᠡᠭᠡ ᠦᠢᠯᠡᠳᠦᠯᠭᠡ ᠪᠣᠯ ᠳᠡᠯᠡᠬᠡᠢ ᠶᠢᠨ ᠣᠳᠣᠬᠢᠴᠢᠯᠠᠯᠲᠠ ᠶᠢᠨ ᠤᠨᠤᠯ ᠪᠠ ᠦᠢᠯᠡᠳᠦᠯᠭᠡ ᠶᠢᠨ ᠴᠢᠬᠤᠯᠠ ᠶᠡᠭᠡ ᠰᠢᠨ᠎ᠡ | ᠡᠭᠦᠳᠦᠯᠲᠡ ᠮᠥᠨ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠨᠢ ᠥᠷᠭᠡᠨ ᠣᠯᠠᠨ ᠬᠥᠭᠵᠢᠵᠦ ᠪᠠᠶᠢᠭ᠎ᠠ ᠤᠯᠤᠰ ᠤᠨ ᠪᠡᠶ᠎ᠡ ᠪᠠᠨ ᠳᠠᠭᠠᠭᠠᠵᠤ ᠡᠵᠡᠨ | ᠮᠡᠳᠡᠨ ᠣᠳᠣᠬᠢᠴᠢᠯᠠᠯᠲᠠ ᠲᠡᠶᠢᠰᠢ ᠤᠷᠤᠭᠰᠢᠯᠠᠬᠤ ᠳᠤ ᠦᠯᠢᠭᠡᠷ ᠳᠠᠭᠤᠷᠢᠶᠠᠯ ᠪᠣᠯᠵᠤ᠂ ᠲᠡᠭᠦᠨ ᠳᠤ ᠴᠣ᠋ ᠰᠢᠨ᠎ᠡ ᠰᠣᠩᠭᠤᠯᠲᠠ ᠬᠠᠩᠭᠠᠵᠠᠢ ᠭᠡᠵᠦ ᠵᠢᠭᠠᠵᠤ | ᠭᠠᠷᠭᠠᠵᠠᠢ᠃ | ᠰᠢ ᠶᠢᠨ ᠫᠢᠩ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠪᠣᠯ ᠰᠢᠰᠲ᠋ᠧᠮᠲᠦ ᠢᠨᠵᠧᠨᠧᠷᠢᠩ ᠮᠥᠨ᠂ ᠨᠢᠭᠡᠳᠦᠯᠲᠡᠢ ᠲᠥᠯᠥᠪᠵᠢᠭᠦᠯᠦᠨ | ᠨᠡᠶᠢᠲᠡ ᠳᠤᠨᠢ ᠬᠠᠷᠠᠭᠠᠯᠵᠠᠵᠤ᠂ ᠰᠢᠰᠲ᠋ᠧᠮ ᠲᠠᠢ ᠲᠥᠯᠥᠪᠵᠢᠭᠦᠯᠦᠨ᠂ ᠪᠦᠬᠦᠯᠢ ᠴᠣᠭᠴᠠ ᠪᠠᠷ ᠠᠬᠢᠭᠤᠯᠵᠤ᠂ ᠦᠵᠦ ᠲᠥᠯᠥᠪᠯᠡᠭᠡ ᠪᠣᠯᠣᠨ ᠦᠢᠯᠡᠳᠦᠯᠭᠡ ᠶᠢᠨ | ᠰᠦᠪᠡᠭᠴᠢᠯᠡᠯ᠂ ᠪᠠᠶᠢᠯᠳᠤᠬᠤ ᠪᠣᠳᠣᠯᠭ᠎ᠠ ᠪᠣᠯᠣᠨ ᠠᠷᠭ᠎ᠠ ᠪᠣᠳᠣᠯᠭ᠎ᠠ᠂ ᠲᠥᠪ ᠶᠣᠰᠣ ᠶᠢ ᠪᠠᠷᠢᠮᠲᠠᠯᠠᠬᠤ ᠪᠣᠯᠣᠨ ᠰᠢᠨ᠎ᠡ ᠶᠢ ᠡᠭᠦᠳᠭᠦ᠂ ᠦᠷ᠎ᠡ ᠠᠰᠢᠭ ᠪᠣᠯᠣᠨ ᠲᠥᠪ | ᠭᠤᠣᠯᠴᠢ᠂ ᠠᠮᠢᠵᠢᠷᠠᠯ ᠤᠨ ᠬᠦᠴᠦᠨ ᠪᠣᠯᠣᠨ ᠡᠮᠬᠢ ᠳᠢᠭᠯᠢᠮ᠂ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠪᠣᠯᠣᠨ ᠭᠠᠳᠠᠭᠠᠳᠤ ᠨᠡᠭᠡᠭᠡᠯᠲᠡ ᠵᠡᠷᠭᠡ ᠠᠯᠢ ᠤᠯᠠᠨ | ᠴᠢᠬᠤᠯᠠ ᠶᠡᠭᠡ ᠬᠠᠷᠢᠴᠠᠭ᠎ᠠ ᠶᠢ ᠵᠥᠪ ᠰᠢᠢᠳᠪᠦᠷᠢᠯᠡᠬᠦ ᠬᠡᠷᠡᠭᠲᠡᠢ᠃ ᠦᠵᠦ ᠲᠥᠯᠥᠪᠯᠡᠭᠡ ᠬᠢᠬᠦ ᠳᠤ᠂ ᠳᠡᠯᠡᠬᠡᠢ ᠶᠢᠨ ᠬᠥᠭᠵᠢᠯᠲᠡ ᠶᠢᠨ ᠶᠡᠭᠡ ᠬᠠᠨᠳᠤᠰᠢ ᠶᠢ ᠭᠦᠨᠵᠡᠭᠡᠢ | ᠠᠵᠢᠭᠯᠠᠵᠤ᠂ ᠠᠷᠠᠳ ᠤᠯᠠᠨ ᠤ ᠬᠠᠮᠲᠤ ᠶᠢᠨ ᠬᠦᠰᠡᠯ ᠡᠷᠡᠮᠡᠯᠵᠡᠯ ᠢ ᠣᠨᠣᠪᠴᠢᠲᠠᠢ ᠡᠵᠡᠮᠳᠡᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠵᠢᠮ᠎ᠡ ᠶᠣᠰᠣ ᠶᠢ | ᠭᠦᠨᠵᠡᠭᠡᠢ ᠰᠦᠪᠡᠭᠴᠢᠯᠡᠵᠦ᠂ ᠲᠣᠭᠲᠠᠭᠠᠭᠰᠠᠨ ᠲᠥᠯᠦᠪᠵᠢᠭᠦᠯᠭᠡ ᠪᠠ ᠲᠦᠷᠦ ᠶᠢᠨ ᠪᠣᠳᠣᠯᠭ᠎ᠠ ᠶᠢᠨ ᠰᠢᠰᠲ᠋ᠧᠮ ᠨᠢ ᠴᠠᠭ ᠦᠶᠡᠴᠢ ᠴᠢᠨᠠᠷ ᠢ ᠢᠯᠡᠷᠡᠭᠦᠯᠵᠦ᠂ ᠵᠢᠮ᠎ᠡ | ᠶᠣᠰᠣᠴᠢ ᠴᠢᠨᠠᠷ ᠢ ᠡᠵᠡᠮᠳᠡᠵᠦ᠂ ᠪᠦᠲᠦᠭᠡᠯᠴᠢ ᠴᠢᠨᠠᠷ ᠢᠶᠠᠷ ᠪᠠᠶᠠᠯᠢᠭ ᠪᠠᠶᠢᠵᠤ᠂ ᠬᠤᠯᠠ ᠣᠶᠢᠷ᠎ᠠ ᠶᠢ ᠤᠶᠠᠯᠳᠤᠭᠤᠯᠤᠨ᠂ ᠳᠡᠭᠡᠳᠦ ᠳᠣᠣᠷᠠᠳᠤ ᠱᠠᠲᠤ ᠶᠢ | ᠨᠡᠪᠲᠡᠷᠡᠯᠴᠡᠭᠦᠯᠵᠦ᠂ ᠠᠭᠤᠯᠭ᠎ᠠ ᠶᠢ ᠵᠣᠬᠢᠴᠠᠭᠤᠯᠬᠤ ᠬᠡᠷᠡᠭᠲᠡᠢ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠪᠣᠯ ᠨᠢᠭᠡᠨ | ᠰᠦᠪᠡᠭᠴᠢᠯᠡᠯᠲᠡ ᠶᠢᠨ ᠴᠢᠨᠠᠷᠲᠠᠢ ᠦᠢᠯᠡᠰ ᠮᠥᠨ᠂ ᠪᠠᠰᠠ ᠮᠠᠰᠢ ᠤᠯᠠᠨ ᠦᠯᠦ ᠮᠡᠳᠡᠭᠦ ᠬᠦᠷᠢᠶ᠎ᠡ ᠴᠠᠷᠠᠭ᠎ᠠ ᠪᠤᠢ᠂ ᠡᠭᠦᠨ ᠢ ᠪᠢᠳᠡ ᠦᠢᠯᠡᠳᠦᠯᠭᠡ ᠶᠢᠨ ᠳᠤᠮᠳᠠ | ᠵᠣᠷᠢᠭᠲᠠᠢ ᠪᠠᠷ ᠰᠦᠪᠡᠭᠴᠢᠯᠡᠵᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠭᠦ ᠪᠠᠷ ᠳᠠᠮᠵᠢᠭᠤᠯᠤᠨ ᠠᠵᠢᠯ ᠦᠢᠯᠡᠰ ᠤᠨ ᠬᠥᠭᠵᠢᠯᠲᠡ ᠶᠢ ᠠᠬᠢᠭᠤᠯᠬᠤ ᠬᠡᠷᠡᠭᠲᠡᠢ᠂ | ᠶᠠᠭᠠᠬᠢᠭᠰᠠᠨ ᠴᠤ ᠵᠠᠪᠢ ᠳᠡᠭᠡᠷ᠎ᠡ ᠲᠡᠮᠳᠡᠭ ᠭᠠᠷᠭᠠᠵᠤ ᠵᠢᠪᠦᠭᠰᠡᠨ ᠰᠡᠯᠡᠮ᠎ᠡ ᠪᠠᠨ ᠡᠷᠢᠵᠦ᠂ ᠥᠨᠳᠥᠷ ᠮᠣᠳᠣᠨ ᠤ ᠳᠣᠣᠷ᠎ᠠ ᠦᠬᠦᠬᠦ ᠲᠠᠤᠯᠠᠢ ᠶᠢ ᠬᠦᠯᠢᠶᠡᠵᠦ ᠪᠤᠯᠬᠤ | ᠦᠭᠡᠢ᠃ ᠪᠠᠶᠢᠯᠳᠤᠬᠤ ᠪᠣᠳᠣᠯᠭ᠎ᠠ ᠶᠢᠨ ᠪᠠᠷᠠᠯᠠᠯᠳᠤ ᠴᠢᠨᠠᠷ ᠢ ᠴᠢᠩᠭᠠᠳᠬᠠᠵᠤ᠂ ᠬᠡᠷᠡᠭ ᠪᠣᠳᠠᠰ ᠤᠨ ᠬᠥᠭᠵᠢᠯᠲᠡ ᠶᠢᠨ ᠵᠠᠶᠢᠯᠠᠰᠢ ᠦᠭᠡᠢ ᠬᠠᠨᠳᠤᠰᠢ ᠶᠢ ᠣᠨᠣᠪᠴᠢᠲᠠᠢ | ᠡᠵᠡᠮᠳᠡᠵᠦ᠂ ᠤᠷᠤᠭᠰᠢᠯᠠᠯᠲᠠ ᠶᠢᠨ ᠵᠠᠮ ᠳᠡᠭᠡᠷ᠎ᠡ ᠭᠠᠷᠴᠤ ᠮᠡᠳᠡᠭᠦ ᠠᠵᠠ ᠲᠣᠭᠢᠶᠠᠯ ᠪᠠ ᠥᠷᠢᠰᠦᠯᠳᠦᠭᠡᠨ ᠢ ᠬᠤᠷᠴᠠ ᠰᠡᠷᠭᠡᠭ ᠢᠶᠠᠷ ᠠᠵᠢᠵᠤ᠂ ᠰᠢᠨᠵᠢᠯᠡᠬᠦ | ᠤᠬᠠᠭᠠᠨᠴᠢ ᠪᠠᠶᠢᠯᠳᠤᠬᠤ ᠪᠣᠳᠣᠯᠭ᠎ᠠ ᠪᠠᠷ ᠢᠷᠡᠭᠡᠳᠦᠢ ᠶᠢ ᠬᠠᠷᠠᠵᠤ᠂ ᠢᠷᠡᠭᠡᠳᠦᠢ ᠶᠢ ᠬᠥᠲᠥᠯᠥᠨ ᠳᠠᠭᠠᠭᠤᠯᠬᠤ ᠬᠡᠷᠡᠭᠲᠡᠢ᠃ ᠪᠠᠶᠢᠯᠳᠤᠬᠤ ᠪᠣᠳᠣᠯᠭ᠎ᠠ ᠶᠢᠨ ᠪᠦᠭᠦ | ᠲᠠᠯ᠎ᠠ ᠶᠢᠨ ᠴᠢᠨᠠᠷ ᠢ ᠴᠢᠩᠭᠠᠳᠬᠠᠵᠤ᠂ ᠪᠠᠶᠢᠯᠳᠤᠬᠤ ᠪᠣᠳᠣᠯᠭ᠎ᠠ ᠶᠢᠨ ᠬᠠᠷᠠᠯᠲᠠ ᠶᠢ ᠲᠥᠯᠥᠪᠵᠢᠭᠦᠯᠬᠦ᠂ ᠪᠠᠶᠢᠯᠳᠤᠬᠤ ᠪᠣᠳᠣᠯᠭ᠎ᠠ ᠶᠢᠨ ᠠᠷᠭ᠎ᠠ ᠬᠡᠮᠵᠢᠶ᠎ᠡ ᠶᠢ | ᠲᠣᠭᠲᠠᠭᠠᠬᠤ᠂ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠬᠢᠬᠦ ᠳᠡᠭᠡᠨ ᠴᠥᠮ ᠨᠠᠮ ᠪᠠ ᠤᠯᠤᠰ ᠤᠨ ᠠᠵᠢᠯ ᠦᠢᠯᠡᠰ ᠤᠨ ᠮᠠᠨᠳᠤᠵᠤ ᠪᠠᠭᠤᠷᠠᠬᠤ ᠢᠯᠠᠵᠤ | ᠢᠯᠠᠭᠳᠠᠬᠤ ᠳᠤ ᠬᠤᠯᠪᠣᠭᠳᠠᠬᠤ᠂ ᠪᠦᠭᠦ ᠲᠠᠯ᠎ᠠ ᠶᠢ ᠨᠥᠯᠥᠭᠡᠯᠡᠬᠦ ᠴᠢᠬᠤᠯᠠ ᠶᠡᠭᠡ ᠠᠰᠠᠭᠤᠳᠠᠯ ᠢ ᠰᠢᠢᠳᠪᠦᠷᠢᠯᠡᠬᠦ ᠶᠢ ᠪᠣᠳᠣᠯᠬᠢᠯᠠᠬᠤ ᠬᠡᠷᠡᠭᠲᠡᠢ᠃ ᠪᠠᠶᠢᠯᠳᠤᠬᠤ | ᠪᠣᠳᠣᠯᠭ᠎ᠠ ᠶᠢᠨ ᠲᠣᠭᠲᠠᠪᠤᠷᠢᠲᠤ ᠴᠢᠨᠠᠷ ᠢ ᠴᠢᠩᠭᠠᠳᠬᠠᠵᠤ᠂ ᠪᠠᠶᠢᠯᠳᠤᠬᠤ ᠪᠣᠳᠣᠯᠭ᠎ᠠ ᠪᠦᠷᠢᠯᠳᠦᠮᠡᠭᠴᠡ ᠳᠠᠷᠤᠢ ᠤᠷᠳᠤ ᠬᠤᠭᠤᠴᠠᠭ᠎ᠠ ᠪᠠᠷ ᠪᠠᠷᠢᠮᠲᠠᠯᠠᠵᠤ᠂ | ᠡᠴᠦᠰ ᠲᠤᠨᠢ ᠲᠤᠯᠲᠠᠯ᠎ᠠ ᠠᠳᠬᠤᠵᠤ᠂ ᠴᠢᠳᠠᠮᠠᠭᠠᠢ ᠪᠠᠷ ᠬᠢᠵᠦ ᠴᠢᠳᠠᠮᠠᠭᠠᠢ ᠪᠠᠷ ᠦᠷ᠎ᠡ ᠪᠦᠳᠦᠮᠵᠢ ᠭᠠᠷᠭᠠᠵᠤ᠂ ᠳᠤᠷ᠎ᠠ ᠪᠠᠷ ᠢᠶᠠᠨ ᠬᠤᠪᠢᠷᠠᠭᠤᠯᠵᠤ ᠪᠤᠯᠬᠤ ᠦᠭᠡᠢ᠃ | ᠪᠠᠶᠢᠯᠳᠤᠬᠤ ᠪᠣᠳᠣᠯᠭ᠎ᠠ ᠶᠢᠨ ᠵᠠᠷᠴᠢᠮᠲᠤ ᠴᠢᠨᠠᠷ ᠪᠠ ᠠᠷᠭ᠎ᠠ ᠪᠣᠳᠣᠯᠭ᠎ᠠ ᠶᠢᠨ ᠠᠮᠢᠳᠤᠯᠢᠭ ᠴᠢᠨᠠᠷ ᠢ ᠣᠷᠭᠠᠨᠢᠭ ᠢᠶᠠᠷ ᠤᠶᠠᠯᠳᠤᠭᠤᠯᠵᠤ᠂ ᠠᠮᠢᠳᠤᠯᠢᠭ ᠪᠥᠭᠡᠳ | ᠬᠥᠳᠡᠯᠦᠩᠭᠦᠢ ᠪᠠᠷ᠂ ᠲᠣᠭᠢᠶᠠᠯ ᠢ ᠦᠵᠡᠨ ᠬᠤᠪᠢᠷᠠᠭᠤᠯᠵᠤ᠂ ᠴᠠᠭ ᠲᠤᠬᠠᠢ ᠳᠤᠨᠢ ᠡᠷᠡᠰ ᠰᠢᠭᠤᠷᠬᠠᠢ ᠪᠠᠷ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ᠂ | ᠪᠠᠶᠢᠳᠠᠯ ᠢ ᠨᠢ ᠦᠵᠡᠨ ᠬᠢᠵᠦ᠂ ᠪᠠᠶᠢᠳᠠᠯ ᠳᠤᠨᠢ ᠲᠣᠬᠢᠷᠠᠭᠤᠯᠤᠨ ᠠᠵᠢᠯᠯᠠᠬᠤ ᠳᠤᠮᠳᠠ ᠪᠠᠶᠢᠯᠳᠤᠬᠤ ᠪᠣᠳᠣᠯᠭ᠎ᠠ ᠶᠢᠨ ᠰᠠᠨᠠᠭᠠᠴᠢᠯᠠᠭᠠᠲᠤ ᠡᠷᠬᠡ ᠶᠢ ᠡᠵᠡᠮᠳᠡᠬᠦ ᠬᠡᠷᠡᠭᠲᠡᠢ᠃ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠮᠥᠨ ᠴᠢᠨᠠᠷ ᠪᠠ ᠢᠷᠡᠯᠲᠡ᠂ ᠦᠨᠳᠦᠰᠦ ᠪᠠ ᠰᠦᠭ ᠰᠦᠨᠡᠰᠦ ᠶᠢ ᠰᠠᠶᠢᠲᠤᠷ ᠰᠠᠬᠢᠵᠤ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠳᠤᠮᠳᠠᠳᠤ ᠤᠯᠤᠰ ᠤᠨ ᠣᠨᠴᠠᠯᠢᠭ᠂ ᠮᠥᠨ ᠴᠢᠨᠠᠷ ᠤᠨ ᠱᠠᠭᠠᠷᠳᠠᠯᠭ᠎ᠠ᠂ ᠴᠢᠬᠤᠯᠠ ᠶᠡᠭᠡ ᠵᠠᠷᠴᠢᠮ ᠢ ᠡᠷᠡᠰ | ᠭᠤᠶᠢᠪᠢᠰᠢ ᠦᠭᠡᠢ ᠪᠠᠷᠢᠮᠲᠠᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠵᠥᠪ ᠴᠢᠭᠯᠡᠯ ᠢ ᠦᠨᠡᠨ ᠬᠦ ᠪᠠᠲᠤᠯᠠᠬᠤ ᠬᠡᠷᠡᠭᠲᠡᠢ᠃ ᠰᠢᠨ᠎ᠡ ᠶᠢ | ᠡᠭᠦᠳᠭᠦ ᠶᠢ ᠤᠯᠤᠰ ᠤᠨ ᠬᠥᠭᠵᠢᠯᠲᠡ ᠶᠢᠨ ᠪᠦᠭᠦ ᠲᠠᠯ᠎ᠠ ᠶᠢᠨ ᠲᠣᠪᠤᠶᠢᠮ᠎ᠠ ᠪᠠᠶᠢᠷᠢᠨ ᠳᠤ ᠲᠠᠯᠪᠢᠵᠤ᠂ ᠴᠠᠭ ᠦᠶ᠎ᠡ ᠶᠢᠨ ᠬᠥᠭᠵᠢᠯᠲᠡ ᠶᠢᠨ ᠱᠠᠭᠠᠷᠳᠠᠯᠭ᠎ᠠ ᠳᠤ | ᠵᠣᠬᠢᠴᠠᠭᠤᠯᠤᠨ᠂ ᠴᠢᠬᠤᠯᠠ ᠶᠡᠭᠡ ᠤᠨᠤᠯ ᠤᠨ ᠪᠠ ᠦᠢᠯᠡᠳᠦᠯᠭᠡ ᠶᠢᠨ ᠠᠰᠠᠭᠤᠳᠠᠯ ᠢ ᠰᠢᠢᠳᠪᠦᠷᠢᠯᠡᠬᠦ ᠶᠢ ᠪᠣᠳᠣᠯᠬᠢᠯᠠᠵᠤ᠂ ᠢᠳᠡᠪᠬᠢᠲᠡᠢ ᠪᠠᠷ ᠬᠤᠪᠢᠷᠠᠯᠲᠠ ᠶᠢ ᠲᠠᠨᠢᠨ | ᠬᠤᠪᠢᠷᠠᠯᠲᠠ ᠶᠢ ᠠᠷᠭᠠᠴᠠᠭᠠᠵᠤ ᠬᠤᠪᠢᠷᠠᠯᠲᠠ ᠶᠢ ᠡᠷᠢᠯᠬᠢᠯᠡᠵᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠭᠦ ᠶᠢ ᠶᠡᠭᠡ ᠪᠠᠷ ᠠᠬᠢᠭᠤᠯᠤᠨ᠂ ᠬᠥᠭᠵᠢᠯᠲᠡ ᠶᠢᠨ ᠰᠢᠨ᠎ᠡ | ᠬᠥᠳᠡᠯᠭᠡᠭᠦ ᠡᠨᠧᠷᠭᠢ ᠰᠢᠨ᠎ᠡ ᠳᠠᠪᠠᠭᠤᠯᠢᠭ ᠢ ᠲᠠᠰᠤᠷᠠᠯᠳᠠ ᠦᠭᠡᠢ ᠪᠤᠢ ᠪᠤᠯᠭᠠᠵᠤ᠂ ᠪᠦᠭᠦ ᠨᠡᠶᠢᠭᠡᠮ ᠤᠨ ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠢ ᠭᠦᠢᠴᠡᠳ | ᠬᠥᠭᠵᠢᠭᠡᠬᠦ ᠬᠡᠷᠡᠭᠲᠡᠢ᠃ ᠬᠥᠷᠥᠩᠭᠡᠲᠦ ᠶᠣᠰᠣᠨ ᠠᠴᠠ ᠨᠡᠩ ᠥᠨᠳᠥᠷ ᠦᠷ᠎ᠡ ᠪᠦᠲᠦᠮᠵᠢ ᠶᠢ ᠡᠭᠦᠳᠭᠦ ᠮᠥᠷᠲᠡᠭᠡᠨ ᠪᠠᠰᠠ ᠨᠡᠶᠢᠭᠡᠮ ᠤᠨ ᠲᠥᠪ ᠭᠤᠣᠯᠴᠢ ᠶᠢ ᠨᠡᠩ | ᠪᠦᠲᠦᠮᠵᠢᠲᠡᠢ ᠬᠠᠮᠠᠭᠠᠯᠠᠵᠤ᠂ ᠦᠷ᠎ᠡ ᠪᠦᠲᠦᠮᠵᠢ ᠪᠣᠯᠣᠨ ᠲᠥᠪ ᠭᠤᠣᠯᠴᠢ ᠶᠢᠨ ᠬᠠᠷᠢᠯᠴᠠᠨ ᠬᠠᠷᠠᠭᠠᠯᠵᠠᠬᠤ᠂ ᠬᠠᠷᠢᠯᠴᠠᠨ ᠠᠬᠢᠭᠤᠯᠬᠤ᠂ ᠬᠠᠷᠢᠯᠴᠠᠨ ᠨᠢᠭᠡᠳᠭᠦ ᠶᠢ | ᠨᠡᠩ ᠰᠠᠶᠢᠲᠤᠷ ᠪᠡᠶᠡᠯᠡᠭᠦᠯᠬᠦ ᠬᠡᠷᠡᠭᠲᠡᠢ᠃ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠦᠨ᠂ ᠤᠯᠤᠰ ᠤᠨ ᠶᠡᠷᠦᠩᠬᠡᠢ ᠠᠮᠤᠷ ᠲᠦᠪᠰᠢᠨ ᠤ | ᠦᠵᠡᠯᠲᠡ ᠶᠢ ᠲᠤᠭᠤᠰᠢᠯᠠᠭᠤᠯᠵᠤ᠂ ᠤᠯᠤᠰ ᠤᠨ ᠠᠮᠤᠷ ᠲᠦᠪᠰᠢᠨ ᠤ ᠰᠢᠰᠲ᠋ᠧᠮ ᠢ ᠪᠦᠷᠢᠨᠰᠢᠭᠦᠯᠦᠨ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ | ᠴᠢᠳᠠᠪᠤᠷᠢ ᠪᠠᠨ ᠴᠢᠩᠭᠠᠳᠬᠠᠵᠤ᠂ ᠤᠯᠤᠰ ᠤᠨ ᠵᠠᠰᠠᠭ ᠤᠨ ᠡᠷᠬᠡ ᠶᠢᠨ ᠠᠮᠤᠷ ᠲᠦᠪᠰᠢᠨ᠂ ᠪᠠᠶᠢᠭᠤᠯᠤᠯ ᠤᠨ ᠠᠮᠤᠷ ᠲᠦᠪᠰᠢᠨ᠂ ᠦᠵᠡᠯ ᠤᠬᠠᠮᠰᠠᠷ ᠤᠨ | ᠭᠡᠯᠪᠡᠷᠢ ᠶᠢᠨ ᠠᠮᠤᠷ ᠲᠦᠪᠰᠢᠨ ᠪᠠ ᠭᠤᠣᠯᠳᠠᠯᠭ᠎ᠠ ᠲᠠᠢ ᠬᠦᠷᠢᠶᠡᠨ ᠤ ᠠᠮᠤᠷ ᠲᠦᠪᠰᠢᠨ ᠢ ᠡᠷᠡᠰ ᠬᠠᠮᠠᠭᠠᠯᠠᠬᠤ ᠬᠡᠷᠡᠭᠲᠡᠢ᠃ ᠪᠡᠶ᠎ᠡ ᠪᠠᠨ ᠳᠠᠭᠠᠭᠠᠵᠤ ᠡᠵᠡᠨ ᠮᠡᠳᠡᠭᠦ᠂ | ᠪᠡᠶ᠎ᠡ ᠪᠠᠨ ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ ᠶᠢ ᠪᠠᠷᠢᠮᠲᠠᠯᠠᠵᠤ᠂ ᠤᠯᠤᠰ ᠭᠡᠷ ᠪᠠ ᠦᠨᠳᠦᠰᠦᠲᠡᠨ ᠤ ᠬᠥᠭᠵᠢᠯᠲᠡ ᠶᠢ ᠥᠪᠡᠷ ᠤᠨ ᠬᠦᠴᠦᠨ ᠤ ᠪᠠᠨ | ᠦᠨᠳᠦᠰᠦᠨ ᠴᠡᠭ ᠳᠡᠭᠡᠷ᠎ᠡ ᠲᠠᠯᠪᠢᠬᠤ ᠶᠢ ᠪᠠᠷᠢᠮᠲᠠᠯᠠᠵᠤ᠂ ᠮᠠᠨ ᠤ ᠤᠯᠤᠰ ᠤᠨ ᠬᠥᠭᠵᠢᠯᠲᠡ ᠲᠠᠪᠰᠢᠯᠳᠠ ᠶᠢᠨ ᠬᠤᠪᠢ ᠵᠠᠶᠠᠭ᠎ᠠ ᠶᠢ ᠥᠪᠡᠷ ᠤᠨ ᠭᠠᠷ ᠲᠠᠭᠠᠨ ᠪᠠᠲᠤ | ᠡᠵᠡᠮᠳᠡᠬᠦ ᠶᠢ ᠪᠠᠷᠢᠮᠲᠠᠯᠠᠬᠤ ᠬᠡᠷᠡᠭᠲᠡᠢ᠃ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠲᠠᠰᠤᠷᠠᠯᠳᠠ ᠦᠭᠡᠢ ᠥᠷᠭᠡᠳᠬᠡᠵᠦ᠂ ᠪᠦᠭᠦ ᠪᠥᠮᠪᠥᠷᠴᠡᠭ ᠤᠨ | ᠠᠵᠤ ᠦᠢᠯᠡᠰ ᠤᠨ ᠠᠵᠢᠯ ᠤᠨ ᠬᠤᠪᠢᠶᠠᠷᠢᠯᠠᠯ ᠪᠣᠯᠣᠨ ᠬᠠᠮᠲᠤᠷᠠᠯᠴᠠᠭ᠎ᠠ ᠳᠤ ᠭᠦᠨᠵᠡᠭᠡᠢ ᠣᠷᠣᠯᠴᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠶᠠᠷ | ᠵᠦᠢᠯ ᠤᠨ ᠡᠬᠢ ᠪᠠᠶᠠᠯᠢᠭ ᠢ ᠰᠠᠶᠢᠲᠤᠷ ᠠᠰᠢᠭᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠬᠥᠭᠵᠢᠯᠲᠡ ᠶᠢᠨ ᠣᠷᠣᠨ ᠵᠠᠢ ᠶᠢ ᠥᠷᠭᠡᠳᠬᠡᠬᠦ | ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠪᠣᠯ ᠤᠷᠢᠳ ᠡᠮᠦᠨ᠎ᠡ ᠪᠠᠶᠢᠭ᠎ᠠ ᠦᠭᠡᠢ ᠡᠭᠦᠳᠦᠯᠲᠡ ᠶᠢᠨ ᠴᠢᠨᠠᠷᠲᠠᠢ | ᠦᠢᠯᠡᠰ ᠮᠥᠨ᠂ ᠡᠯ᠎ᠡ ᠵᠦᠢᠯ ᠤᠨ ᠲᠥᠰᠥᠭᠡᠯᠡᠵᠦ ᠪᠤᠯᠬᠤ ᠪᠠ ᠲᠥᠰᠥᠭᠡᠯᠡᠬᠦᠶ᠎ᠡ ᠪᠡᠷᠬᠡ ᠠᠶᠤᠯ ᠲᠦᠭᠰᠢᠭᠦᠷᠢ ᠥᠷᠢᠰᠦᠯᠳᠦᠭᠡᠨ᠂ ᠬᠦᠴᠢᠷ ᠪᠡᠷᠬᠡᠰᠢᠶᠡᠯ ᠬᠠᠷᠰᠢ | ᠰᠠᠭᠠᠳ ᠴᠢᠨᠠᠭᠰᠢᠯᠠᠪᠠᠯ ᠲᠤᠬᠰᠢᠨ ᠳᠠᠪᠠᠯᠭᠠᠨ ᠰᠢᠷᠦᠭᠦᠨ ᠰᠠᠯᠬᠢᠨ ᠳᠤ ᠤᠴᠠᠷᠠᠬᠤ ᠨᠢ ᠵᠠᠶᠢᠯᠠᠰᠢ ᠦᠭᠡᠢ ᠶᠤᠮ᠂ ᠡᠷᠬᠡᠪᠰᠢ ᠰᠠᠨᠠᠭᠠᠰᠢᠷᠠᠬᠤ ᠤᠬᠠᠮᠰᠠᠷ ᠢᠶᠠᠨ | ᠴᠢᠩᠭᠠᠳᠬᠠᠵᠤ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠷᠢᠮᠲᠠᠯᠠᠵᠤ᠂ ᠠᠮᠤᠷ ᠲᠦᠪᠰᠢᠨ ᠪᠠᠶᠢᠬᠤ ᠦᠶ᠎ᠡ ᠳᠡᠭᠡᠨ ᠠᠶᠤᠯ ᠲᠦᠭᠰᠢᠭᠦᠷᠢ ᠶᠢ ᠪᠣᠳᠣᠯᠬᠢᠯᠠᠵᠤ᠂ | ᠤᠷᠢᠳᠴᠢᠯᠠᠨ ᠪᠡᠯᠡᠳᠬᠡᠯ ᠬᠢᠵᠦ᠂ ᠵᠣᠷᠢᠭᠲᠠᠢ ᠲᠡᠮᠡᠴᠡᠵᠦ᠂ ᠴᠢᠳᠠᠮᠠᠭᠠᠢ ᠲᠡᠮᠡᠴᠡᠵᠦ᠂ ᠰᠢᠷᠭᠠᠭᠤ ᠲᠡᠮᠡᠴᠡᠯ ᠢᠶᠠᠷ ᠳᠠᠮᠵᠢᠨ ᠠᠵᠢᠯ ᠦᠢᠯᠡᠰ ᠤᠨ ᠬᠥᠭᠵᠢᠯᠲᠡ ᠶᠢᠨ | ᠰᠢᠨ᠎ᠡ ᠣᠷᠣᠨ ᠵᠠᠢ ᠶᠢ ᠨᠡᠭᠡᠭᠡᠬᠦ ᠬᠡᠷᠡᠭᠲᠡᠢ᠃ ᠪᠠᠶᠢᠯᠳᠤᠬᠤ ᠪᠣᠳᠣᠯᠭ᠎ᠠ ᠶᠢᠨ ᠰᠣᠨᠣᠷ ᠰᠡᠷᠡᠮᠵᠢ ᠶᠢ ᠪᠠᠲᠤᠯᠠᠵᠤ᠂ ᠡᠯ᠎ᠡ ᠵᠦᠢᠯ ᠤᠨ ᠠᠶᠤᠯ ᠲᠦᠭᠰᠢᠭᠦᠷᠢ | ᠥᠷᠢᠰᠦᠯᠳᠦᠭᠡᠨ ᠤ ᠲᠤᠬᠠᠢ ᠳᠣᠲᠣᠷ᠎ᠠ ᠪᠠᠨ ᠲᠤᠭ᠎ᠠ ᠲᠠᠢ ᠪᠠᠶᠢᠬᠤ ᠭᠡᠷᠡᠭᠲᠡᠢ︔ ᠪᠠᠶᠢᠯᠳᠤᠬᠤ ᠪᠣᠳᠣᠯᠭ᠎ᠠ ᠶᠢᠨ ᠢᠲᠡᠭᠡᠯ ᠢᠶᠠᠨ ᠪᠠᠲᠤᠯᠠᠵᠤ᠂ ᠲᠡᠮᠡᠴᠡᠯ ᠤᠨ ᠢᠳᠡ | ᠬᠦᠴᠦᠨ ᠢᠶᠠᠨ ᠨᠡᠮᠡᠭᠳᠡᠭᠦᠯᠬᠦ ᠭᠡᠷᠡᠭᠲᠡᠶ︔ ᠪᠠᠶᠢᠯᠳᠤᠬᠤ ᠪᠣᠳᠣᠯᠭ᠎ᠠ ᠶᠢᠨ ᠰᠠᠨᠠᠭᠠᠴᠢᠯᠠᠭᠠᠲᠤ ᠴᠢᠨᠠᠷ ᠢᠶᠠᠨ ᠪᠠᠲᠤᠯᠠᠵᠤ᠂ ᠲᠡᠮᠡᠴᠡᠯ ᠤᠨ ᠴᠢᠳᠠᠪᠤᠷᠢ ᠪᠠᠨ ᠨᠡᠮᠡᠭᠳᠡᠭᠦᠯᠬᠦ | ᠬᠡᠷᠡᠭᠲᠡᠢ᠃ ᠴᠢᠳᠠᠪᠤᠷᠢ ᠪᠠᠨ ᠳᠡᠭᠡᠭᠰᠢᠯᠡᠭᠦᠯᠭᠦ ᠶᠢ ᠴᠢᠩᠭᠠᠳᠬᠠᠵᠤ᠂ ᠤᠳᠤᠷᠢᠳᠬᠤ ᠺᠠᠳ᠋ᠷᠴᠤᠳ ᠢᠯᠠᠩᠭᠤᠶ᠎ᠠ ᠵᠠᠯᠠᠭᠤ ᠺᠠᠳ᠋ᠷᠴᠤᠳ ᠲᠤ ᠲᠥᠪ ᠴᠢᠩᠭ᠎ᠠ ᠦᠵᠡᠯ | ᠰᠠᠨᠠᠭᠠᠨ ᠤ ᠪᠣᠯᠪᠠᠰᠤᠷᠠᠯ᠂ ᠤᠯᠤᠰ ᠲᠦᠷᠦ ᠶᠢᠨ ᠪᠣᠯᠪᠠᠰᠤᠷᠠᠯ᠂ ᠦᠢᠯᠡᠳᠦᠯᠭᠡ ᠶᠢᠨ ᠪᠣᠯᠪᠠᠰᠤᠷᠠᠯ᠂ ᠲᠤᠰᠬᠠᠢ ᠮᠡᠷᠭᠡᠵᠢᠯ ᠤᠨ ᠪᠣᠯᠪᠠᠰᠤᠷᠠᠯ ᠢ ᠬᠦᠷᠲᠡᠭᠡᠵᠦ᠂ ᠨᠠᠷᠢᠨ | ᠪᠤᠳᠤᠯᠢᠶᠠᠨᠲᠠᠢ ᠬᠦᠨᠳᠦ ᠬᠡᠴᠡᠭᠦᠦ ᠲᠡᠮᠡᠴᠡᠯ ᠤᠨ ᠳᠤᠮᠳᠠ ᠰᠠᠯᠬᠢ ᠪᠣᠷᠣᠭᠠᠨ ᠢ ᠥᠩᠭᠡᠷᠡᠭᠦᠯᠵᠦ᠂ ᠶᠠᠭᠤᠮ᠎ᠠ ᠦᠵᠡᠵᠦ ᠨᠢᠳᠦ ᠨᠡᠭᠡᠭᠡᠵᠦ᠂ ᠰᠢᠨᠳᠠᠰᠤ ᠰᠢᠷᠪᠦᠰᠦ ᠪᠠᠨ | ᠴᠢᠩᠭᠠᠯᠠᠵᠤ᠂ ᠡᠷᠳᠡᠮ ᠴᠢᠳᠠᠪᠤᠷᠢ ᠪᠠᠨ ᠳᠡᠭᠡᠭᠰᠢᠯᠡᠭᠦᠯᠭᠦ ᠬᠡᠷᠡᠭᠲᠡᠢ᠃ ᠬᠦᠨᠳᠦ ᠬᠡᠴᠡᠭᠦᠦ ᠲᠦᠪᠡᠭ ᠪᠤᠳᠤᠯᠢᠶᠠᠨᠲᠠᠢ ᠲᠡᠮᠡᠴᠡᠯ ᠤᠨ ᠳᠤᠮᠳᠠ ᠺᠠᠳ᠋ᠷ ᠢ ᠰᠢᠯᠭᠠᠨ | ᠪᠠᠶᠢᠴᠠᠭᠠᠵᠤ ᠢᠯᠭᠠᠨ ᠲᠠᠨᠢᠬᠤ ᠶᠢ ᠴᠢᠬᠤᠯᠠᠴᠢᠯᠠᠵᠤ᠂ ᠵᠣᠷᠢᠭᠲᠠᠢ ᠪᠥᠭᠡᠳ ᠴᠢᠳᠠᠮᠠᠭᠠᠢ ᠪᠠᠷ ᠲᠡᠮᠡᠴᠡᠳᠡᠭ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ | ᠴᠢᠷᠮᠠᠶᠢᠯᠭ᠎ᠠ ᠭᠠᠷᠭᠠᠳᠠᠭ᠂ ᠵᠣᠷᠢᠭᠲᠠᠢ ᠠᠳᠬᠤᠨ ᠴᠢᠳᠠᠮᠠᠭᠠᠢ ᠬᠠᠮᠢᠶᠠᠷᠴᠤ ᠬᠥᠮᠥᠨ ᠲᠠᠢ ᠮᠠᠭᠤᠳᠠᠯᠴᠠᠬᠤ ᠠᠴᠠ ᠠᠶᠤᠬᠤ ᠦᠭᠡᠢ ᠪᠠᠶᠢᠳᠠᠭ ᠺᠠᠳ᠋ᠷ ᠲᠤ ᠥᠮᠥᠭ | ᠲᠦᠰᠢᠭ ᠪᠣᠯᠵᠤ ᠵᠣᠷᠢᠭᠵᠢᠭᠤᠯᠤᠨ᠂ ᠪᠣᠯᠣᠨ᠎ᠠ ᠭᠡᠵᠦ ᠪᠤᠳᠤᠬᠰᠠᠨ ᠬᠥᠮᠥᠨ ᠢᠶᠠᠨ ᠵᠣᠷᠢᠭᠲᠠᠢ ᠪᠠᠷ ᠬᠡᠷᠡᠭᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠰᠢ ᠶᠢᠨ ᠫᠢᠩ | ᠬᠠᠮᠤᠭ ᠤᠨ ᠡᠴᠦᠰ ᠲᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠡᠷᠬᠡᠪᠰᠢ ᠡᠭᠢᠯᠡᠯᠲᠡ ᠶᠢᠨ ᠵᠢᠯ ᠤᠨ ᠠᠵᠢᠯ ᠢ ᠰᠠᠶᠢᠲᠤᠷ | ᠠᠳᠬᠤᠬᠤ ᠬᠡᠷᠡᠭᠲᠡᠢ᠃ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠲᠣᠭᠲᠠᠭᠤᠨ ᠢ ᠲᠡᠷᠢᠭᠦᠨ ᠳᠤ ᠲᠠᠯᠪᠢᠬᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠶᠢ ᠪᠠᠷᠢᠮᠲᠠᠯᠠᠵᠤ᠂ ᠤᠯᠤᠰ ᠤᠨ ᠳᠣᠲᠣᠭᠠᠳᠤ | ᠭᠠᠳᠠᠭᠠᠳᠤ ᠶᠢᠨ ᠬᠤᠶᠠᠷ ᠶᠡᠭᠡ ᠲᠠᠯ᠎ᠠ ᠶᠢ ᠨᠠᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ | ᠨᠡᠶᠢᠭᠡᠮ ᠤᠨ ᠬᠥᠭᠵᠢᠯᠲᠡ ᠶᠢ ᠨᠠᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠬᠥᠭᠵᠢᠯᠲᠡ ᠪᠠ ᠠᠮᠤᠷ ᠲᠦᠪᠰᠢᠨ ᠢ ᠨᠠᠩ ᠰᠠᠶᠢᠲᠤᠷ ᠨᠢᠭᠡᠳᠦᠯᠲᠡᠢ | ᠲᠥᠯᠥᠪᠵᠢᠭᠦᠯᠵᠦ᠂ ᠥᠭᠡᠷᠡᠴᠢᠯᠡᠯᠲᠡ ᠨᠡᠭᠡᠭᠡᠯᠲᠡ ᠶᠢ ᠨᠠᠩ ᠰᠠᠶᠢᠲᠤᠷ ᠭᠦᠨᠵᠡᠭᠡᠶᠢᠷᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠡᠵᠡᠩᠨᠡᠯᠲᠡ ᠶᠢᠨ | ᠭᠤᠣᠯ ᠴᠣᠭᠴᠠ ᠶᠢ ᠴᠢᠨᠠᠭᠰᠢᠳᠠ ᠬᠥᠲᠥᠯᠥᠨ ᠵᠢᠯᠤᠭᠤᠳᠴᠤ ᠢᠲᠡᠭᠡᠯ ᠵᠣᠷᠢᠭ ᠢ ᠨᠢ ᠬᠥᠪᠴᠢᠯᠡᠵᠦ᠂ ᠨᠡᠶᠢᠭᠡᠮ ᠤᠨ ᠵᠢᠱᠢᠯᠲᠡ ᠶᠢ ᠲᠣᠭᠲᠠᠪᠤᠷᠢᠵᠢᠭᠤᠯᠵᠤ᠂ ᠠᠵᠤ | ᠠᠬᠤᠢ ᠶᠢᠨ ᠡᠷᠭᠢᠯᠲᠡ ᠶᠢᠨ ᠪᠦᠬᠦᠯᠢ ᠴᠣᠭᠴᠠ ᠶᠢᠨ ᠰᠠᠶᠢᠵᠢᠷᠠᠯᠲᠠ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | | | | ᠯᠢ ᠴᠢᠶᠠᠩ ᠰᠤᠷᠤᠯᠭ᠎ᠠ ᠡᠭᠢᠯᠡᠭᠦ ᠶᠣᠰᠣᠯᠠᠯ ᠢ ᠡᠷᠭᠢᠯᠡᠭᠦ ᠳᠡᠭᠡᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢᠨ ᠠᠯᠢ ᠣᠯᠠᠨ ᠴᠢᠬᠤᠯᠠ ᠶᠡᠭᠡ ᠣᠨᠣᠯ ᠤᠨ ᠪᠠ ᠦᠢᠯᠡᠳᠦᠯᠭᠡ ᠶᠢᠨ ᠠᠰᠠᠭᠤᠳᠠᠯ ᠢ ᠭᠦᠨᠵᠡᠭᠡᠢ ᠲᠣᠳᠣᠷᠬᠠᠶᠢᠯᠠᠨ ᠥᠭᠦᠯᠡᠵᠦ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠣᠨᠣᠯ ᠢ ᠶᠡᠭᠡ ᠪᠠᠷ ᠪᠠᠶᠠᠯᠢᠭᠵᠢᠭᠤᠯᠤᠨ ᠬᠥᠭᠵᠢᠭᠦᠯᠵᠦ᠂ ᠮᠠᠰᠢ ᠴᠢᠩᠭ᠎ᠠ ᠤᠯᠤᠰ ᠲᠥᠷᠥᠴᠢ ᠴᠢᠨᠠᠷ᠂ | ᠤᠨᠤᠯ ᠤᠨ ᠴᠢᠨᠠᠷ᠂ ᠬᠠᠨᠳᠤᠯᠭᠠᠲᠤ ᠴᠢᠨᠠᠷ᠂ ᠵᠢᠯᠤᠭᠤᠳᠬᠤ ᠴᠢᠨᠠᠷ ᠲᠠᠢ᠂ ᠪᠦᠭᠦ ᠨᠠᠮ ᠢᠶᠠᠷ ᠢᠶᠠᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ | ᠵᠥᠪ ᠢᠶᠠᠷ ᠣᠶᠢᠯᠠᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠰᠤᠷᠤᠯᠴᠠᠬᠤ᠂ ᠪᠦᠭᠦ ᠲᠠᠯ᠎ᠠ ᠪᠠᠷ ᠡᠵᠡᠮᠰᠢᠬᠦ᠂ ᠪᠦᠭᠦ | ᠲᠠᠯ᠎ᠠ ᠪᠠᠷ ᠨᠠᠶᠢᠳᠠᠪᠤᠷᠢᠵᠢᠭᠤᠯᠬᠤ᠂ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠬᠦ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠬᠤ᠂ ︽ᠤᠯᠤᠰ ᠤᠨ | ᠶᠡᠭᠡ ᠶᠠᠪᠤᠳᠠᠯ︾ ᠢ ᠪᠠᠲᠤ ᠴᠡᠭᠡᠵᠢᠯᠡᠬᠦ᠂ ︽ᠳᠥᠷᠪᠡᠨ ᠤᠬᠠᠮᠰᠠᠷ︾ ᠢᠶᠠᠨ ᠴᠢᠩᠭᠠᠳᠬᠠᠬᠤ᠂ ︽ᠳᠥᠷᠪᠡᠨ ᠢᠲᠡᠭᠡᠯ︾ ᠢᠶᠠᠨ ᠪᠠᠲᠤᠳᠬᠠᠬᠤ᠂ ︽ᠬᠤᠶᠠᠷ ᠢ | ᠬᠠᠮᠠᠭᠠᠯᠠᠬᠤ︾ ᠶᠢ ᠪᠡᠶᠡᠯᠡᠭᠦᠯᠬᠦ᠂ ᠰᠢᠨ᠎ᠡ ᠠᠶᠠᠨ ᠳᠤ ᠨᠠᠮ ᠪᠣᠯᠣᠨ ᠤᠯᠤᠰ ᠤᠨ ᠠᠵᠢᠯ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠭᠦ ᠳᠤ | ᠴᠥᠮ ᠮᠠᠰᠢ ᠴᠢᠬᠤᠯᠠ ᠠᠴᠢ ᠬᠤᠯᠪᠣᠭᠳᠠᠯ ᠲᠠᠢ ᠶᠤᠮ᠃ ᠪᠢᠳᠡ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ | ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠲᠠᠢ ᠨᠢᠭᠡᠳᠬᠡᠵᠦ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠲᠠᠢ ᠨᠢᠭᠡᠳᠬᠡᠵᠦ᠂ ᠲᠤᠰ ᠭᠠᠵᠠᠷ ᠣᠷᠣᠨ ᠲᠤᠰ ᠰᠠᠯᠠᠭ᠎ᠠ ᠮᠥᠴᠢᠷ ᠲᠤᠰ ᠨᠢᠭᠡᠴᠢ ᠶᠢᠨ ᠡᠯ᠎ᠡ ᠵᠦᠢᠯ ᠤᠨ ᠠᠵᠢᠯ ᠢᠶᠠᠨ ᠯᠠᠪᠳᠠᠭᠤᠨ ᠪᠠᠲᠤᠲᠠᠢ | ᠰᠠᠶᠢᠲᠤᠷ ᠠᠳᠬᠤᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ | ᠭᠡᠵᠦ ᠵᠢᠭᠠᠵᠤ ᠭᠠᠷᠭᠠᠪᠠ᠃ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ ᠲᠥᠪ ᠤᠨ ᠱᠦᠵᠢ ᠨᠠᠷ ᠤᠨ ᠭᠠᠵᠠᠷ ᠤᠨ ᠱᠦᠵᠢ᠂ ᠬᠤᠷᠢᠳᠤᠭᠠᠷ | ᠬᠤᠭᠤᠴᠠᠭᠠᠨ ᠤ ᠲᠥᠪ ᠬᠤᠷᠢᠶᠠᠨ ᠤ ᠭᠡᠰᠢᠭᠦᠨ ᠪᠤᠯᠬᠤ ᠨᠠᠮ ᠪᠣᠯᠣᠨ ᠲᠦᠷᠦ ᠶᠢᠨ ᠪᠤᠰᠤᠳ ᠤᠳᠤᠷᠢᠳᠬᠤ ᠨᠥᠬᠦᠳ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠭᠡᠰᠢᠭᠦᠨ ᠰᠤᠷᠤᠯᠭ᠎ᠠ ᠡᠭᠢᠯᠡᠭᠦ ᠶᠣᠰᠣᠯᠠᠯ ᠳᠤ ᠣᠷᠣᠯᠴᠠᠵᠠᠢ᠃ | ᠨᠠᠮ ᠤᠨ ᠲᠥᠪ ᠬᠤᠷᠢᠶ᠎ᠠ ᠳᠤ ᠰᠢᠨ᠎ᠡ ᠪᠠᠷ ᠣᠷᠣᠭᠰᠠᠨ ᠭᠡᠰᠢᠭᠦᠨ᠂ ᠣᠷᠣᠯᠠᠭᠴᠢ ᠭᠡᠰᠢᠭᠦᠨ᠂ ᠡᠯ᠎ᠡ ᠮᠤᠵᠢ ᠣᠷᠣᠨ ᠬᠤᠳᠠ ᠪᠣᠯᠣᠨ ᠰᠢᠨᠵᠢᠶᠠᠩ ᠤᠨ | ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ | ᠬᠤᠯᠪᠣᠭᠳᠠᠯ ᠪᠦᠬᠦᠢ ᠠᠷᠠᠳ ᠤᠨ ᠪᠦᠯᠭᠦᠮ ᠤᠨ ᠭᠤᠣᠯ ᠬᠠᠷᠢᠭᠤᠴᠠᠯᠭᠠᠲᠠᠨ ᠨᠥᠬᠦᠳ᠂ ᠴᠢᠯᠦᠭᠡᠯᠡᠬᠦ ᠴᠡᠷᠢᠭ ᠤᠨ ᠡᠯ᠎ᠡ ᠨᠢᠭᠡᠴᠢ ᠪᠣᠯᠣᠨ ᠵᠡᠪᠰᠡᠭᠲᠦ ᠴᠠᠭᠳᠠᠭ᠎ᠠ ᠶᠢᠨ | ᠴᠡᠷᠢᠭ ᠠᠩᠭᠢ ᠶᠢᠨ ᠭᠤᠣᠯ ᠬᠠᠷᠢᠭᠤᠴᠠᠯᠭᠠᠲᠠᠨ ᠨᠥᠬᠦᠳ ᠰᠤᠳᠤᠯᠤᠨ ᠶᠠᠷᠢᠯᠴᠠᠬᠤ ᠠᠩᠭᠢ ᠳᠤ ᠣᠷᠣᠯᠴᠠᠪᠠ᠃ ᠡᠯ᠎ᠡ ᠠᠷᠠᠳᠴᠢᠯᠠᠭᠰᠠᠨ ᠨᠠᠮ ᠪᠦᠯᠦᠭ ᠤᠨ ᠲᠥᠪ | ᠬᠤᠷᠢᠶ᠎ᠠ᠂ ᠪᠦᠭᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠵᠢᠴᠢ ᠬᠤᠯᠪᠣᠭᠳᠠᠯ ᠪᠦᠬᠦᠢ ᠲᠠᠯ᠎ᠠ ᠶᠢᠨ ᠬᠠᠷᠢᠭᠤᠴᠠᠯᠭᠠᠲᠠᠨ ᠨᠥᠬᠦᠳ ᠰᠤᠷᠤᠯᠭ᠎ᠠ | ᠡᠭᠢᠯᠡᠭᠦ ᠶᠣᠰᠣᠯᠠᠯ ᠳᠤ ᠰᠤᠯᠠ ᠣᠷᠣᠯᠴᠠᠵᠠᠢ᠃ | |