ᠸᠠᠩ ᠭᠧᠨ ᠰᠢᠶᠤᠤ ᠨᠠᠷ ᠱᠠᠨᠳᠦ᠋ᠩ ᠵᠡᠷᠭᠡ ᠮᠤᠵᠢ ᠬᠤᠳᠠ ᠳᠤ ᠬᠦᠷᠴᠦ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠡᠷᠭᠡ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/3/1
    2 ᠳ᠋ᠤᠭᠠᠷ ᠰᠠᠷ᠎ᠠ ᠶᠢᠨ 21  ᠠᠴᠠ 27 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠸᠠᠩ ᠭᠧᠨ ᠰᠢᠶᠤᠤ ᠨᠠᠷ ᠱᠠᠨᠳᠦ᠋ᠩ᠂ ᠵᠧᠵᠢᠶᠠᠩ᠂ ᠱᠠᠩᠬᠠᠢ ᠵᠡᠷᠭᠡ ᠭᠠᠵᠠᠷ ᠲᠤ ᠬᠦᠷᠴᠦ᠂ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠡᠷᠭᠡ ᠠᠵᠢᠯ ᠤᠨ ᠰᠢᠯᠢᠳᠡᠭ ᠲᠤᠷᠰᠢᠯᠭ᠎ᠠ ᠪᠠ ᠨᠡᠶᠢᠲᠡᠯᠢᠭ ᠵᠢᠱᠢᠶ᠎ᠡ ᠪᠦᠬᠦᠢ ᠠᠷᠭ᠎ᠠ ᠪᠠᠷᠢᠯ ᠢ ᠰᠢᠨᠵᠢᠯᠡᠨ ᠪᠠᠶᠢᠴᠠᠭᠠᠵᠤ ᠰᠤᠷᠤᠯᠴᠠᠪᠠ᠃ 
王根小一行赴山东等省市考察调研工程建设项目审批制度改革、行政审批等工作1.jpg 
    ᠪᠠᠶᠢᠴᠠᠭᠠᠯᠲᠠ ᠶᠢᠨ ᠳᠤᠭᠤᠶᠢᠯᠠᠩ ᠤᠷᠢᠳ ᠬᠤᠵᠢᠳ ᠱᠠᠨᠳᠦ᠋ᠩ ᠮᠤᠵᠢ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠵᠧᠵᠢᠶᠠᠩ ᠮᠤᠵᠢ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠱᠠᠩᠬᠠᠢ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠵᠥᠪᠯᠡᠯ ᠵᠢᠴᠢ ᠵᠢᠨᠠᠨ᠂ ᠴᠢᠩᠳᠣᠣ᠂ ᠬᠠᠩᠵᠧᠦ ᠵᠡᠷᠭᠡ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠲᠣᠪᠴᠢᠶ᠎ᠠ ᠳᠤ ᠬᠦᠷᠴᠦ ᠲᠤᠰᠬᠠᠢ ᠭᠠᠵᠠᠷ ᠤᠨ ᠪᠠᠶᠢᠴᠠᠭᠠᠨ ᠰᠣᠳᠣᠯᠠᠨ ᠲᠤᠷᠰᠢᠯᠭ᠎ᠠ ᠰᠣᠷᠣᠯᠴᠠᠵᠤ᠂ ᠳᠡᠭᠡᠷᠡᠬᠢ ᠳᠤᠷᠠᠳᠤᠭᠰᠠᠨ ᠮᠤᠵᠢ ᠬᠤᠲᠠ ᠶᠢᠨ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠬᠢᠨᠠᠨ ᠵᠥᠪᠰᠢᠶᠡᠷᠡᠬᠦ ᠵᠦᠢᠯᠡᠰ ᠤᠨ ᠨᠡᠶᠢᠯᠡᠭᠦᠯᠦᠨ ᠭᠦᠢᠴᠡᠳᠬᠡᠬᠦ᠂ ᠬᠤᠯᠪᠣᠭᠠᠯᠠᠨ ᠰᠢᠯᠭᠠᠨ ᠠᠪᠬᠤ᠂ ᠤᠰᠤ ᠴᠠᠬᠢᠯᠭᠠᠨ ᠬᠡᠢ ᠨᠡᠪᠲᠡᠷᠡᠬᠦ  ᠶᠢ ᠬᠠᠮᠲᠤᠷᠠᠨ ᠮᠡᠳᠡᠭᠦᠯᠦᠨ ᠤᠭᠰᠠᠷᠠᠭᠤᠯᠬᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠶᠢ ᠤᠶᠤᠨᠴᠢᠯᠠᠨ ᠪᠠᠷᠢᠮᠵᠢᠶᠠᠵᠢᠭᠤᠯᠬᠤ ᠵᠡᠷᠭᠡ ᠪᠠᠶᠢᠳᠠᠯ ᠢ ᠨᠠᠷᠢᠨ ᠣᠶᠢᠯᠭᠠᠭᠰᠠᠨ ᠤ ᠬᠠᠮᠲᠤ ᠭᠤᠣᠯᠳᠠᠭᠤ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠳᠤ ᠲᠦᠬᠦᠮ ᠦᠵᠡᠭᠦᠯᠬᠦ ᠬᠡᠮᠵᠢᠶ᠎ᠡ ᠶᠢ ᠳᠡᠭᠡᠭᠰᠢᠯᠡᠭᠦᠯᠵᠦ᠂ ᠲᠦᠷᠦᠯ ᠵᠦᠢᠯ ᠢ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠬᠦ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃ 
 王根小一行赴山东等省市考察调研工程建设项目审批制度改革、行政审批等工作2.png
  
王根小一行赴山东等省市考察调研工程建设项目审批制度改革、行政审批等工作3.png 
    ᠪᠠᠶᠢᠴᠠᠭᠠᠨ ᠰᠣᠳᠣᠯᠠᠬᠤ ᠶᠠᠪᠤᠴᠠ ᠳᠤ᠂ ᠱᠠᠨᠳᠦ᠋ᠩ᠂ ᠵᠧᠵᠢᠶᠠᠩ᠂ ᠱᠠᠩᠬᠠᠶ ᠵᠡᠷᠭᠡ ᠮᠤᠵᠢ ᠬᠤᠲᠠ ᠶᠢᠨ ᠬᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠡᠷᠭᠡ ᠲᠠᠯ᠎ᠠ ᠪᠠᠷ ᠮᠠᠰᠢ ᠣᠯᠠᠨ ᠲᠤᠷᠰᠢᠯᠭ᠎ᠠ ᠶᠢ ᠰᠤᠷᠤᠯᠴᠠᠭᠤᠰᠢᠲᠠᠶ ᠪᠥᠭᠡᠳ ᠲᠣᠯᠢ ᠪᠣᠯᠭᠠᠵᠤ᠂ ᠲᠤᠷᠰᠢᠯᠭ᠎ᠠ ᠰᠤᠷᠤᠯᠴᠠᠵᠤ ᠪᠠᠶᠢᠴᠠᠭᠠᠨ ᠰᠤᠳᠤᠯᠬᠤ ᠪᠠᠷ ᠳᠡᠮᠵᠢᠨ᠂ ᠬᠠᠷᠠᠭ᠎ᠠ ᠪᠠᠨ ᠥᠷᠭᠡᠳᠬᠡᠵᠦ᠂ ᠮᠡᠳᠡᠯᠭᠡ ᠪᠠᠨ ᠨᠡᠮᠡᠭᠳᠡᠭᠦᠯᠦᠨ᠂ ᠰᠡᠳᠬᠢᠴᠡ ᠪᠠᠨ ᠥᠷᠭᠡᠳᠬᠡᠵᠦ᠂ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠶᠢ ᠤᠯᠠᠮ ᠴᠢᠨᠠᠭᠰᠢᠳᠠ ᠳᠥᠯᠭᠢᠨ ᠠᠬᠢᠭᠤᠯᠬᠤ᠂ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠪᠠᠷᠢᠮᠵᠢᠶᠠᠵᠢᠯ ᠢ ᠳᠥᠯᠭᠢᠨ ᠠᠬᠢᠭᠤᠯᠬᠤ᠂ ᠪᠥᠬᠦ ᠣᠷᠣᠨ ᠤ ᠬᠤᠳᠠᠯᠳᠤᠭ᠎ᠠ ᠡᠷᠭᠢᠯᠡᠬᠦ ᠲᠡᠷᠢᠭᠦᠨ ᠤ ᠣᠷᠴᠢᠨ ᠨᠥᠬᠦᠴᠡᠯ ᠢ ᠪᠣᠶ ᠪᠣᠯᠭᠠᠬᠤ ᠳᠤ ᠬᠦᠴᠦᠨ ᠨᠡᠮᠡᠷᠢᠯᠡᠬᠦ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠨ ᠨᠡᠮᠡᠭᠳᠡᠭᠦᠯᠦᠨ᠎ᠡ᠃ ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠠᠴᠠ ᠱᠠᠨᠳᠦ᠋ᠩ᠂ ᠵᠧᠵᠢᠶᠠᠩ᠂ ᠱᠠᠩᠬᠠᠶ ᠵᠡᠷᠭᠡ ᠲᠡᠷᠢᠭᠦᠨ ᠤ ᠮᠤᠵᠢ ᠬᠤᠲᠠ ᠲᠠᠢ ᠬᠠᠷᠢᠴᠠᠭᠤᠯᠵᠤ᠂ ᠰᠢᠯᠢᠳᠡᠭ ᠲᠤᠷᠰᠢᠯᠭ᠎ᠠ ᠪᠠᠷ ᠭᠦᠢᠴᠡᠳ ᠲᠣᠯᠢ ᠪᠣᠯᠭᠠᠨ᠂ ᠥᠪᠡᠷᠲᠡᠭᠡᠨ ᠵᠠᠰᠠᠬᠤ ᠣᠷᠣᠨ ᠤ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠭᠤᠷᠪᠠᠨ ᠵᠢᠯ ᠤᠨ ᠠᠵᠢᠯᠯᠠᠭᠠᠨ ᠤ ᠲᠥᠰᠦᠯ ᠤᠨ ᠭᠤᠤᠯᠳᠠᠯᠭ᠎ᠠ ᠲᠠᠢ ᠡᠭᠦᠷᠭᠡ ᠲᠠᠢ ᠨᠢᠭᠲᠠ ᠤᠶᠠᠯᠳᠤᠭᠤᠯᠤᠨ᠂ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠬᠠᠷᠠᠯᠲᠠ ᠶᠢᠨ ᠪᠠᠶᠢᠷᠢ ᠲᠣᠭᠲᠠᠭᠠᠯᠲᠠ ᠶᠢ ᠨᠢᠭᠲᠠᠷᠠᠭᠤᠯᠵᠤ᠂ ᠤᠷᠢᠳᠴᠢᠯᠠᠨ ᠦᠢᠯᠡᠴᠢᠯᠡᠬᠦ ᠦᠵᠡᠯ ᠤᠬᠠᠮᠰᠠᠷ ᠢ ᠴᠢᠩᠭᠠᠷᠠᠭᠤᠯᠤᠨ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ᠂ ᠲᠥᠷᠥᠯ ᠵᠦᠢᠯ ᠢ ᠰᠢᠯᠭᠠᠨ ᠠᠪᠬᠤ᠂ ᠬᠤᠲᠠ ᠶᠢᠨ ᠶᠠᠪᠤᠳᠠᠯ ᠢ ᠮᠡᠳᠡᠭᠦᠯᠦᠨ ᠤᠭᠰᠠᠷᠠᠬᠤ ᠵᠡᠷᠭᠡ ᠦᠢᠯᠡᠴᠢᠯᠡᠭᠡᠨ ᠤ ᠴᠤᠪᠤᠷᠠᠯ ᠢ ᠲᠠᠰᠤᠷᠠᠯᠲᠠ ᠥᠬᠡᠶ ᠰᠢᠯᠢᠳᠡᠭᠵᠢᠭᠦᠯᠵᠦ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠳᠠᠷᠤᠭᠠᠰᠤ ᠶᠢ ᠬᠥᠩᠭᠡᠷᠡᠭᠦᠯᠬᠦ᠂ ᠲᠦᠭᠵᠢᠷᠡᠯ ᠢ ᠠᠷᠢᠯᠭᠠᠬᠤ᠂ ᠬᠦᠴᠢᠷ ᠠᠰᠠᠭᠤᠳᠠᠯ ᠢ ᠰᠢᠢᠳᠪᠦᠷᠢᠯᠡᠬᠦ ᠪᠠᠷ ᠬᠦᠴᠦᠯᠡᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠠᠵᠢᠯ ᠡᠬᠢᠯᠡᠭᠦᠯᠬᠦ ᠨᠥᠬᠦᠴᠡᠯ ᠪᠥᠷᠢᠳᠦᠭᠰᠡᠨ ᠲᠥᠷᠥᠯ ᠵᠦᠢᠯ ᠢ ᠡᠷᠲᠡ ᠠᠵᠢᠯ ᠡᠬᠢᠯᠡᠭᠦᠯᠬᠦ ᠶᠢ ᠳᠥᠯᠭᠢᠨ ᠠᠬᠢᠭᠤᠯᠵᠤ᠂ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠦᠢᠯᠡᠴᠢᠯᠡᠭᠡ ᠶᠢ ᠳᠠᠬᠢᠨ ᠰᠢᠨ᠎ᠡ ᠳᠡᠭᠲᠡᠷ ᠲᠤ ᠭᠠᠷᠭᠠᠬᠤ ᠶᠢ ᠳᠥᠯᠭᠢᠨ ᠠᠬᠢᠭᠤᠯᠤᠨ᠎ᠠ ᠃ 
王根小一行赴山东等省市考察调研工程建设项目审批制度改革、行政审批等工作4.jpg 
    ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠬᠠᠮᠢᠶ᠎ᠠ ᠪᠥᠬᠦᠶ ᠭᠠᠵᠠᠷ ᠬᠡᠷ ᠤᠨ ᠬᠠᠷᠢᠭᠤᠴᠠᠯᠭᠠᠲᠠᠨ᠂ ᠬᠡᠰᠡᠭ ᠠᠶᠢᠮᠠᠭ ᠬᠤᠲᠠ ᠶᠢᠨ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ