| | | ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠭᠦᠳᠡ ᠬᠤᠷᠠᠯ 2023 ᠣᠨ ᠤ 2 | ᠰᠠᠷ᠎ᠠ ᠶᠢᠨ 26 ᠠᠴᠠ 28 ᠤ ᠡᠳᠦᠷ ᠪᠤᠯᠲᠠᠯ᠎ᠠ ᠪᠡᠭᠡᠵᠢᠩ ᠳᠤ ᠬᠤᠷᠠᠯᠳᠤᠪᠠ᠃ ᠲᠥᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠴᠢᠬᠤᠯᠠ ᠶᠠᠷᠢᠶ᠎ᠠ | ᠲᠠᠯᠪᠢᠪᠠ᠃ | ᠰᠢᠨᠬᠤᠸᠠ ᠬᠤᠷᠢᠶᠠᠨ ᠤ ᠰᠤᠷᠪᠤᠯᠵᠢᠯᠠᠬᠴᠢ ᠵᠢᠦᠢ ᠫᠧᠩ ᠰᠡᠭᠦᠳᠡᠷᠯᠡᠪᠡ | ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠭᠦᠳᠡ ᠬᠤᠷᠠᠯ ᠤᠨ ᠠᠯᠪᠠᠨ ᠮᠡᠳᠡᠭᠡ ︵ | 2023 ᠣᠨ ᠤ 2 ᠰᠠᠷ᠎ᠠ ᠶᠢᠨ 28 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ | ᠪᠦᠭᠦᠳᠡ ᠬᠤᠷᠠᠯ ᠠᠴᠠ ᠪᠠᠲᠤᠯᠠᠪᠠ︶ | | | ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠭᠦᠳᠡ ᠬᠤᠷᠠᠯ 2023 ᠣᠨ ᠤ 2 | ᠰᠠᠷ᠎ᠠ ᠶᠢᠨ 26 ᠠᠴᠠ 28 ᠤ ᠡᠳᠦᠷ ᠪᠤᠯᠲᠠᠯ᠎ᠠ ᠪᠡᠭᠡᠵᠢᠩ ᠳᠤ ᠬᠤᠷᠠᠯᠳᠤᠪᠠ᠃ | ᠡᠨᠡ ᠤᠳᠠᠭ᠎ᠠ ᠶᠢᠨ ᠪᠦᠭᠦᠳᠡ ᠬᠤᠷᠠᠯ ᠳᠤ ᠲᠥᠪ ᠬᠤᠷᠢᠶᠠᠨ ᠤ ᠭᠡᠰᠢᠭᠦᠨ 203 ᠬᠥᠮᠥᠨ᠂ ᠲᠥᠪ ᠬᠤᠷᠢᠶᠠᠨ ᠤ ᠣᠷᠣᠯᠠᠭᠴᠢ ᠭᠡᠰᠢᠭᠦᠨ 170 ᠬᠥᠮᠥᠨ | ᠣᠷᠣᠯᠴᠠᠪᠠ᠃ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠡᠳ᠋ ᠱᠦᠵᠢ ᠪᠣᠯᠣᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ | ᠨᠥᠬᠦᠳ ᠬᠤᠷᠠᠯ ᠳᠤ ᠰᠤᠯᠠ ᠣᠷᠣᠯᠴᠠᠪᠠ᠃ | ᠪᠦᠭᠦᠳᠡ ᠬᠤᠷᠠᠯ ᠢ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶ᠎ᠠ ᠡᠷᠭᠢᠯᠡᠪᠡ᠃ ᠲᠥᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠴᠢᠬᠤᠯᠠ | ᠶᠠᠷᠢᠶ᠎ᠠ ᠲᠠᠯᠪᠢᠵᠠᠢ᠃ | | | | ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠭᠦᠳᠡ ᠬᠤᠷᠠᠯ 2023 ᠣᠨ ᠤ 2 | ᠰᠠᠷ᠎ᠠ ᠶᠢᠨ 26 ᠠᠴᠠ 28 ᠤ ᠡᠳᠦᠷ ᠪᠤᠯᠲᠠᠯ᠎ᠠ ᠪᠡᠭᠡᠵᠢᠩ ᠳᠤ ᠬᠤᠷᠠᠯᠳᠤᠪᠠ᠃ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶ᠎ᠠ ᠬᠤᠷᠠᠯ ᠢ ᠡᠷᠭᠢᠯᠡᠪᠠ᠃ | ᠰᠢᠨᠬᠤᠸᠠ ᠬᠤᠷᠢᠶᠠᠨ ᠤ ᠰᠤᠷᠪᠤᠯᠵᠢᠯᠠᠬᠴᠢ ᠶᠠᠨ ᠶᠠᠨ ᠰᠡᠭᠦᠳᠡᠷᠯᠡᠪᠡ | ᠪᠦᠭᠦᠳᠡ ᠬᠤᠷᠠᠯ ᠠᠴᠠ ᠰᠢ ᠶᠢᠨ ᠫᠢᠩ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶ᠎ᠠ ᠶᠢᠨ ᠨᠠᠶᠢᠳᠠᠯᠭ᠎ᠠ ᠪᠠᠷ ᠬᠢᠭᠰᠡᠨ ᠠᠵᠢᠯ ᠤᠨ ᠢᠯᠡᠳᠬᠡᠯ ᠢ | ᠰᠣᠨᠣᠰᠤᠨ ᠶᠠᠷᠢᠯᠴᠠᠵᠤ᠂ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠨᠠᠮ ᠤᠨ ᠳᠣᠲᠣᠭᠠᠳᠤ ᠭᠠᠳᠠᠭᠠᠳᠤ ᠶᠢᠨ ᠰᠠᠨᠠᠯ ᠢ ᠥᠷᠭᠡᠨ ᠢᠶᠠᠷ ᠬᠤᠷᠢᠶᠠᠵᠤ᠂ | ᠲᠠᠭᠢᠨ ᠳᠠᠪᠲᠠᠨ ᠶᠠᠷᠢᠯᠴᠠᠨ ᠵᠥᠪᠳᠡᠯᠴᠡᠭᠰᠡᠨ ᠰᠠᠭᠤᠷᠢᠨ ᠳᠡᠭᠡᠷ᠎ᠡ ᠳᠤᠷᠠᠳᠤᠭᠰᠠᠨ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠳᠤ ᠲᠡᠪᠰᠢᠭᠦᠯᠭᠦ ᠪᠠᠷ ᠪᠠᠶᠢᠭ᠎ᠠ ᠲᠦᠷᠦ ᠶᠢᠨ ᠪᠠᠶᠢᠭᠤᠯᠤᠮᠵᠢ ᠶᠢᠨ ᠤᠳᠤᠷᠢᠳᠬᠤ ᠬᠥᠮᠥᠰ ᠤᠨ | ᠵᠢᠱᠢᠭᠳᠡᠭᠴᠢ ᠶᠢᠨ ᠰᠠᠨᠠᠭᠤᠯᠭ᠎ᠠ ᠶᠢᠨ ᠨᠡᠷᠡᠰ ᠪᠣᠯᠣᠨ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠩᠬᠠᠳᠤᠭᠠᠷ | ᠬᠤᠷᠠᠯ ᠳᠤ ᠲᠡᠪᠰᠢᠭᠦᠯᠭᠦ ᠪᠠᠷ ᠪᠠᠶᠢᠭ᠎ᠠ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠤᠳᠤᠷᠢᠳᠬᠤ ᠬᠥᠮᠥᠰ ᠤᠨ ᠵᠢᠱᠢᠭᠳᠡᠭᠴᠢ ᠶᠢᠨ ᠰᠠᠨᠠᠭᠤᠯᠭ᠎ᠠ ᠶᠢᠨ | ᠨᠡᠷᠡᠰ ᠢ ᠬᠢᠨᠠᠨ ᠵᠥᠪᠯᠡᠵᠦ ᠪᠠᠲᠤᠯᠠᠭᠠᠳ᠂ ᠡᠨᠡ ᠬᠤᠶᠠᠷ ᠰᠠᠨᠠᠭᠤᠯᠭ᠎ᠠ ᠶᠢᠨ ᠨᠡᠷᠡᠰ ᠢ ᠲᠤᠰ ᠲᠤᠰ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠲᠡᠷᠢᠭᠦᠯᠡᠭᠴᠢᠳ ᠤᠨ ᠪᠦᠯᠭᠦᠮ ᠪᠣᠯᠣᠨ ᠪᠦᠭᠦ ᠤᠯᠤᠰ ᠤᠨ ᠤᠯᠤᠰ ᠲᠦᠷᠦ ᠶᠢᠨ | ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠩᠬᠠᠳᠤᠭᠠᠷ ᠬᠤᠷᠠᠯ ᠤᠨ ᠲᠡᠷᠢᠭᠦᠯᠡᠭᠴᠢᠳ ᠤᠨ ᠪᠦᠯᠭᠦᠮ ᠳᠤ ᠲᠡᠪᠰᠢᠭᠦᠯᠭᠦ ᠪᠠᠷ ᠲᠣᠭᠲᠠᠪᠠ᠃ | ᠥᠷᠭᠡᠨ ᠢᠶᠠᠷ ᠰᠠᠨᠠᠯ ᠬᠤᠷᠢᠶᠠᠭᠰᠠᠨ ᠰᠠᠭᠤᠷᠢᠨ ᠳᠡᠭᠡᠷ᠎ᠡ ᠳᠤᠷᠠᠳᠤᠭᠰᠠᠨ ︽ᠨᠠᠮ ᠪᠣᠯᠣᠨ ᠲᠦᠷᠦ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ︾ ᠢ | ᠬᠢᠨᠠᠨ ᠵᠥᠪᠯᠡᠵᠦ ᠪᠠᠲᠤᠯᠠᠪᠠ᠃ ᠰᠢ ᠶᠢᠨ ᠫᠢᠩ ︽ᠨᠠᠮ ᠪᠣᠯᠣᠨ ᠲᠦᠷᠦ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ ︵ᠡᠬᠡ ᠨᠣᠣᠷᠠᠭ︶︾ ᠤᠨ | ᠲᠤᠬᠠᠢ ᠪᠦᠭᠦᠳᠡ ᠬᠤᠷᠠᠯ ᠳᠤ ᠲᠣᠳᠣᠷᠬᠠᠶᠢᠯᠠᠯᠲᠠ ᠬᠢᠪᠡ᠃ ᠪᠦᠭᠦᠳᠡ ᠬᠤᠷᠠᠯ ᠠᠴᠠ ︽ᠨᠠᠮ ᠪᠣᠯᠣᠨ ᠲᠦᠷᠦ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ | ᠲᠥᠰᠥᠯ︾ ᠤᠨ ᠬᠡᠰᠡᠭ ᠠᠭᠤᠯᠭ᠎ᠠ ᠶᠢ ᠬᠠᠤᠯᠢ ᠳᠤ ᠲᠣᠭᠲᠠᠭᠠᠭᠰᠠᠨ ᠲᠡᠰ ᠳᠠᠷᠠᠭᠠᠯᠠᠯ ᠶᠣᠰᠣᠭᠠᠷ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠳᠤ ᠳᠡᠪᠰᠢᠭᠦᠯᠵᠦ ᠬᠢᠨᠠᠨ ᠵᠥᠪᠯᠡᠭᠦᠯᠭᠦ ᠪᠠᠷ ᠵᠥᠪᠰᠢᠶᠡᠷᠡᠪᠡ᠃ | ᠪᠦᠭᠦᠳᠡ ᠬᠤᠷᠠᠯ ᠠᠴᠠ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠠᠩᠬᠠᠳᠤᠭᠠᠷ ᠪᠦᠭᠦᠳᠡ ᠬᠤᠷᠠᠯ ᠠᠴᠠ ᠨᠠᠭᠠᠰᠢᠬᠢ ᠲᠥᠪ ᠬᠤᠷᠢᠶᠠᠨ ᠤ | ᠤᠯᠤᠰ ᠲᠦᠷᠦ ᠶᠢᠨ ᠲᠣᠪᠴᠢᠶᠠᠨ ᠤ ᠠᠵᠢᠯ ᠢ ᠭᠦᠢᠴᠡᠳ ᠨᠤᠲᠠᠯᠠᠪᠠ᠃ ᠬᠦᠨᠳᠦ ᠨᠣᠴᠢᠲᠠᠢ ᠲᠦᠪᠡᠭ ᠪᠤᠳᠤᠯᠢᠶᠠᠨᠲᠠᠢ ᠳᠡᠯᠡᠬᠡᠢ ᠶᠢᠨ ᠣᠷᠴᠢᠨ ᠨᠥᠬᠦᠴᠡᠯ ᠪᠠ | ᠤᠯᠤᠰ ᠤᠨ ᠳᠣᠲᠣᠭᠠᠳᠤ ᠶᠢᠨ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠬᠠᠲᠠᠭᠤ ᠪᠡᠷᠬᠡ ᠨᠦᠰᠡᠷ ᠬᠦᠨᠳᠦ ᠡᠭᠦᠷᠭᠡ ᠶᠢᠨ ᠡᠮᠦᠨ᠎ᠡ᠂ ᠤᠯᠤᠰ ᠲᠦᠷᠦ ᠶᠢᠨ | ᠲᠣᠪᠴᠢᠶ᠎ᠠ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠠᠩᠬᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ | ᠪᠦᠭᠦ ᠲᠠᠯ᠎ᠠ ᠪᠠᠷ ᠲᠤᠭᠤᠰᠢᠯᠠᠭᠤᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ | ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠶᠠᠷ ᠶᠡᠭᠡ | ᠲᠠᠯ᠎ᠠ ᠶᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠡᠩ | ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠬᠥᠭᠵᠢᠯᠲᠡ ᠪᠠ ᠠᠮᠤᠷ ᠲᠦᠪᠰᠢᠨ ᠢ ᠨᠠᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠬᠠᠯᠠᠭᠤᠨ ᠥᠷᠨᠢᠯᠲᠡ ᠭᠠᠷᠭᠠᠵᠤ᠂ ᠵᠢᠶᠠᠩ ᠽᠧ ᠮᠢᠨ ᠨᠥᠬᠦᠷ ᠢ ᠶᠡᠭᠡ ᠪᠠᠷ ᠡᠮᠭᠡᠨᠢᠨ | ᠭᠠᠰᠢᠭᠤᠳᠠᠵᠤ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠬᠤᠭᠤᠴᠠᠭ᠎ᠠ | ᠰᠣᠯᠢᠬᠤ ᠪᠡᠯᠡᠳᠬᠡᠯ ᠠᠵᠢᠯ ᠢ ᠰᠠᠶᠢᠲᠤᠷ ᠬᠢᠵᠦ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ | ᠬᠡᠮᠵᠢᠶ᠎ᠡ ᠶᠢ ᠬᠥᠳᠡᠯᠦᠩᠭᠦᠢ ᠪᠠᠷ ᠰᠢᠯᠢᠳᠡᠭᠵᠢᠭᠦᠯᠦᠨ ᠲᠣᠬᠢᠷᠠᠭᠤᠯᠵᠤ᠂ ᠠᠵᠤ ᠠᠬᠤᠢ ᠶᠢᠨ ᠲᠣᠭᠲᠠᠭᠤᠨ ᠢᠶᠠᠷ ᠳᠡᠭᠡᠭᠰᠢᠯᠡᠬᠦ ᠶᠢ ᠬᠦᠴᠦᠯᠡᠨ ᠠᠬᠢᠭᠤᠯᠵᠤ᠂ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠵᠤ᠂ ᠨᠡᠶᠢᠭᠡᠮ ᠵᠢᠷᠤᠮ ᠤᠨ ᠠᠷᠠᠳᠴᠢᠯᠠᠯ ᠬᠠᠤᠯᠢᠵᠢᠯ ᠤᠨ ᠪᠠᠶᠢᠭᠤᠯᠤᠯᠲᠠ ᠪᠠ ᠰᠤᠷᠲᠠᠯ ᠤᠬᠠᠭᠤᠯᠭ᠎ᠠ ᠦᠵᠡᠯ ᠰᠠᠨᠠᠭ᠎ᠠ | ᠰᠣᠶᠣᠯ ᠤᠨ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠠᠷᠠᠳ ᠤᠨ ᠠᠮᠢᠳᠤᠷᠠᠯ ᠢ ᠦᠨᠡᠨ ᠬᠦ ᠪᠠᠲᠤᠯᠠᠨ ᠰᠠᠶᠢᠵᠢᠷᠠᠭᠤᠯᠵᠤ᠂ ᠤᠯᠤᠰ ᠤᠨ ᠠᠮᠤᠷ ᠲᠦᠪᠰᠢᠨ ᠪᠠ | ᠨᠡᠶᠢᠭᠡᠮ ᠤᠨ ᠲᠣᠭᠲᠠᠭᠤᠨ ᠪᠠᠶᠢᠳᠠᠯ ᠢ ᠡᠷᠡᠰ ᠬᠠᠮᠠᠭᠠᠯᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠲᠣᠮᠣ ᠤᠯᠤᠰ ᠤᠨ ᠭᠠᠳᠠᠭᠠᠳᠤ ᠬᠠᠷᠢᠯᠴᠠᠭᠠᠨ ᠤ ᠰᠢᠨ᠎ᠡ | ᠠᠶᠠᠨ ᠢ ᠡᠬᠢᠯᠡᠭᠦᠯᠵᠦ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠤᠯᠠᠮ ᠭᠦᠨᠵᠡᠭᠡᠶᠢᠷᠡᠭᠦᠯᠵᠦ᠂ ᠡᠯ᠎ᠡ ᠵᠦᠢᠯ ᠤᠨ ᠠᠵᠢᠯ ᠰᠢᠨ᠎ᠡ ᠠᠯᠬᠤᠮ ᠢ ᠠᠯᠬᠤᠵᠠᠢ ᠭᠡᠵᠦ | ᠰᠠᠨᠠᠯ ᠨᠢᠭᠡᠲᠡᠢ ᠦᠵᠡᠪᠡ᠃ | ᠪᠦᠭᠦᠳᠡ ᠬᠤᠷᠠᠯ ᠠᠴᠠ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ | ᠬᠤᠷᠠᠯ ᠪᠣᠯᠣᠨ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠩᠬᠠᠳᠤᠭᠠᠷ ᠬᠤᠷᠠᠯ ᠢ ᠰᠠᠶᠢᠲᠤᠷ | ᠬᠤᠷᠠᠯᠳᠤᠭᠤᠯᠬᠤ ᠨᠢ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠤᠯᠠᠮ ᠴᠢᠨᠠᠭᠰᠢᠳᠠ ᠲᠠᠶᠢᠴᠢᠯᠠᠨ ᠨᠡᠶᠢᠭᠡᠮ ᠵᠢᠷᠤᠮᠲᠤ | ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ | ᠲᠠᠯ᠎ᠠ ᠪᠠᠷ ᠠᠬᠢᠭᠤᠯᠬᠤ ᠶᠢᠨ ᠲᠥᠯᠥᠭᠡ ᠪᠦᠯᠬᠦᠮᠳᠡᠨ ᠲᠡᠮᠡᠴᠡᠬᠦ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ ᠭᠡᠵᠦ ᠴᠢᠬᠤᠯᠠᠴᠢᠯᠠᠪᠠ᠃ | ᠪᠦᠭᠦᠳᠡ ᠬᠤᠷᠠᠯ ᠠᠴᠠ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ | ᠬᠤᠷᠢᠶ᠎ᠠ ᠨᠠᠮ ᠪᠣᠯᠣᠨ ᠲᠦᠷᠦ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠤᠯᠤᠰ ᠤᠨ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ | ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠴᠢᠬᠤᠯᠠ ᠡᠭᠦᠷᠭᠡ ᠪᠤᠯᠭᠠᠵᠤ᠂ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ᠂ ᠠᠷᠠᠳ | ᠲᠦᠮᠡᠨ ᠢᠶᠠᠷ ᠭᠤᠣᠯ ᠪᠤᠯᠭᠠᠬᠤ ᠶᠢ ᠪᠠᠷᠢᠮᠲᠠᠯᠠᠬᠤ᠂ ᠰᠢᠯᠢᠳᠡᠭᠵᠢᠭᠦᠯᠬᠦ ᠬᠠᠮᠵᠢᠯᠴᠠᠭᠤᠯᠬᠤ ᠥᠨᠳᠥᠷ ᠪᠦᠲᠦᠮᠵᠢᠲᠡᠶ ᠪᠠᠶᠢᠯᠭᠠᠬᠤ ᠶᠢ ᠪᠠᠷᠢᠮᠲᠠᠯᠠᠬᠤ᠂ ᠪᠦᠭᠦ ᠲᠠᠯ᠎ᠠ ᠪᠠᠷ | ᠬᠠᠤᠯᠢ ᠪᠠᠷ ᠤᠯᠤᠰ ᠢᠶᠠᠨ ᠵᠠᠰᠠᠬᠤ ᠶᠢ ᠪᠠᠷᠢᠮᠲᠠᠯᠠᠬᠤ ᠵᠠᠷᠴᠢᠮ ᠶᠣᠰᠣᠭᠠᠷ᠂ ᠨᠠᠮ ᠪᠣᠯᠣᠨ ᠲᠦᠷᠦ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ᠨᠠᠮ ᠪᠣᠯᠣᠨ ᠲᠥᠷᠦ ᠶᠢᠨ ᠪᠠᠶᠢᠭᠤᠯᠤᠮᠵᠢ ᠶᠢᠨ ᠡᠭᠦᠷᠭᠡ ᠴᠢᠳᠠᠪᠬᠢ ᠶᠢᠨ ᠰᠢᠰᠲ᠋ᠧᠮᠲᠦ ᠴᠢᠨᠠᠷ᠂ ᠪᠦᠬᠦᠯᠢ ᠴᠣᠭᠴᠠ ᠶᠢᠨ ᠴᠢᠨᠠᠷᠲᠠᠢ ᠲᠠᠭᠢᠨ ᠪᠠᠶᠢᠭᠤᠯᠤᠯᠲᠠ ᠶᠢ | ᠪᠡᠶᠡᠯᠡᠭᠦᠯᠵᠦ᠂ ᠨᠠᠮ ᠪᠠ ᠤᠯᠤᠰ ᠤᠨ ᠠᠵᠢᠯ ᠦᠢᠯᠡᠰ ᠤᠨ ᠲᠡᠦᠬᠡᠲᠦ ᠴᠢᠨᠠᠷᠲᠠᠢ ᠠᠮᠵᠢᠯᠲᠠ ᠣᠯᠬᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠭᠠᠬᠤ ᠳᠤ | ᠬᠦᠴᠦᠲᠡᠢ ᠪᠠᠲᠤᠯᠠᠭ᠎ᠠ ᠬᠠᠩᠭᠠᠭᠰᠠᠨ ᠪᠥᠭᠡᠳ ᠪᠠᠰᠠ ᠨᠠᠮ ᠪᠣᠯᠣᠨ ᠲᠥᠷᠥ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠬᠦ ᠳᠤ | ᠡᠷᠬᠢᠮ ᠨᠠᠨᠳᠢᠨ ᠲᠤᠷᠰᠢᠯᠭ᠎ᠠ ᠬᠤᠷᠠᠮᠳᠤᠭᠤᠯᠵᠠᠢ ᠭᠡᠵᠦ ᠦᠵᠡᠪᠡ᠃ | ᠪᠦᠭᠦᠳᠠ ᠬᠤᠷᠠᠯ ᠠᠴᠠ᠂ ᠨᠠᠮ ᠤᠨ ᠬᠤᠷᠢᠳᠤᠭᠠᠷ ᠶᠡᠭᠡ ᠬᠤᠷᠠᠯ ᠠᠴᠠ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠢ ᠴᠢᠬᠤᠯᠠ | ᠪᠠᠶᠢᠷᠢᠯᠠᠭᠤᠯᠤᠯᠲᠠ ᠬᠢᠪᠡ᠂ ᠡᠨᠡ ᠨᠢ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠳᠤ ᠴᠢᠬᠤᠯᠠ ᠶᠡᠭᠡ ᠪᠥᠭᠡᠳ ᠠᠯᠤᠰ ᠭᠡᠳᠤ ᠶᠢᠨ ᠠᠴᠢ ᠬᠤᠯᠪᠣᠭᠳᠠᠯ ᠲᠠᠢ | ᠶᠤᠮ᠃ ᠡᠷᠬᠡᠪᠰᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠤᠯᠭ᠎ᠠ ᠪᠤᠯᠭᠠᠵᠤ᠂ ᠨᠠᠮ ᠤᠨ ᠲᠥᠪ ᠬᠤᠷᠢᠶᠠᠨ ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠴᠢᠩᠭᠠᠳᠬᠠᠬᠤ ᠪᠠᠷ ᠶᠡᠷᠦᠩᠬᠡᠶᠢᠯᠡᠨ ᠵᠢᠯᠣᠭᠤᠳᠤᠭᠤᠯᠵᠤ | ᠂ ᠤᠯᠤᠰ ᠤᠨ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠪᠠᠷ ᠤᠳᠤᠷᠢᠳᠤᠮᠵᠢ ᠪᠤᠯᠭᠠᠵᠤ᠂ ᠲᠣᠭᠲᠠᠭᠤᠨ ᠤ | ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ᠂ ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠢ ᠪᠠᠶᠢᠷᠢᠯᠠᠭᠤᠯᠤᠯᠲᠠ ᠶᠢ | ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ᠂ ︽ᠳᠥᠷᠪᠡᠨ ᠪᠦᠭᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠵᠣᠬᠢᠴᠠᠭᠤᠯᠤᠨ ᠠᠬᠢᠭᠤᠯᠬᠤ | ᠱᠠᠭᠠᠷᠳᠠᠯᠭ᠎ᠠ ᠲᠠᠢ ᠵᠣᠬᠢᠴᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠴᠡᠭᠡ ᠳᠤ | ᠵᠣᠬᠢᠴᠠᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠲᠠᠯᠠᠵᠤ᠂ ᠨᠠᠮ ᠤᠨ ᠲᠥᠪ ᠬᠤᠷᠢᠶᠠᠨ ᠤ ᠪᠠᠶᠢᠭᠤᠯᠤᠮᠵᠢ᠂ ᠪᠦᠭᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠮᠵᠢ᠂ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠭᠤᠯᠤᠮᠵᠢ᠂ ᠪᠦᠭᠦ ᠤᠯᠤᠰ ᠤᠨ ᠤᠯᠤᠰ ᠲᠦᠷᠦ ᠶᠢᠨ | ᠵᠥᠪᠯᠡᠯᠭᠡᠨ ᠤ ᠪᠠᠶᠢᠭᠤᠯᠤᠮᠵᠢ ᠶᠢ ᠨᠢᠭᠡᠳᠦᠯᠲᠡᠢ ᠲᠥᠯᠥᠪᠵᠢᠭᠦᠯᠵᠦ᠂ ᠲᠥᠪ ᠪᠠ ᠣᠷᠣᠨ ᠨᠤᠲᠤᠭ ᠢ ᠨᠢᠭᠡᠳᠦᠯᠲᠡᠢ ᠲᠥᠯᠥᠪᠵᠢᠭᠦᠯᠵᠦ᠂ ᠭᠤᠣᠯᠳᠠᠯᠭ᠎ᠠ ᠲᠠᠢ | ᠬᠦᠷᠢᠶᠡᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠨᠡᠶᠢᠭᠡᠮ ᠵᠢᠷᠤᠮᠲᠤ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠠᠬᠢ ᠨᠠᠮ ᠤᠨ | ᠤᠳᠤᠷᠢᠳᠤᠯᠭ᠎ᠠ ᠶᠢ ᠪᠠᠶᠢᠭᠤᠯᠤᠮᠵᠢ ᠶᠢᠨ ᠪᠠᠶᠢᠷᠢᠯᠠᠭᠤᠯᠤᠯᠲᠠ ᠶᠢᠨ ᠲᠠᠯ᠎ᠠ ᠪᠠᠷ ᠨᠡᠩ ᠰᠢᠨᠵᠢᠯᠡᠬᠦ ᠤᠬᠠᠭᠠᠨᠴᠢ᠂ ᠡᠭᠦᠷᠭᠡ ᠴᠢᠳᠠᠪᠬᠢ ᠶᠢᠨ ᠲᠣᠬᠢᠷᠠᠭᠤᠯᠤᠯᠲᠠ ᠶᠢᠨ ᠲᠠᠯ᠎ᠠ | ᠪᠠᠷ ᠨᠡᠩ ᠰᠢᠯᠢᠳᠡᠭᠵᠢᠭᠦᠯᠵᠦ᠂ ᠪᠠᠶᠢᠭᠤᠯᠤᠮᠵᠢ ᠲᠣᠭᠲᠠᠴᠠ ᠶᠢᠨ ᠲᠠᠯ᠎ᠠ ᠪᠠᠷ ᠨᠡᠩ ᠲᠡᠭᠦᠯᠳᠡᠷᠵᠢᠭᠦᠯᠵᠦ᠂ ᠠᠵᠢᠯᠯᠠᠭᠠᠨ ᠤ ᠬᠠᠮᠢᠶᠠᠷᠤᠯᠲᠠ ᠶᠢᠨ ᠲᠠᠯ᠎ᠠ ᠪᠠᠷ ᠨᠠᠩ | ᠥᠨᠳᠥᠷ ᠪᠦᠲᠦᠮᠵᠢᠲᠡᠶ ᠪᠠᠶᠢᠯᠭᠠᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠪᠦᠭᠦᠳᠡ ᠬᠤᠷᠠᠯ ᠠᠴᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠨᠠᠮ ᠪᠣᠯᠣᠨ ᠤᠯᠤᠰ ᠤᠨ ᠠᠵᠢᠯ ᠦᠢᠯᠡᠰ ᠤᠨ ᠬᠥᠭᠵᠢᠯᠲᠡ ᠶᠢᠨ ᠪᠦᠭᠦ | ᠲᠠᠯ᠎ᠠ ᠶᠢᠨ ᠥᠨᠳᠥᠷᠴᠡ ᠠᠴᠠ ᠨᠠᠮ ᠪᠣᠯᠣᠨ ᠲᠦᠷᠦ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠴᠢᠬᠤᠯᠠ ᠴᠢᠨᠠᠷ ᠪᠣᠯᠣᠨ ᠲᠤᠯᠭᠠᠮ ᠴᠢᠨᠠᠷ ᠢ ᠭᠦᠢᠴᠡᠳ | ᠲᠠᠨᠢᠵᠤ᠂ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠳᠥᠷᠪᠡᠨ ᠤᠬᠠᠮᠰᠠᠷ︾ ᠢᠶᠠᠨ | ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠤᠬᠠᠮᠰᠠᠷ ᠠᠴᠠ ᠪᠠᠨ ᠦᠵᠡᠯ ᠰᠠᠨᠠᠭ᠎ᠠ ᠪᠣᠯᠣᠨ | ᠦᠶ᠋ᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠨᠠᠮ ᠤᠨ ᠲᠥᠪ ᠬᠤᠷᠢᠶᠠᠨ ᠤ | ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢᠨ ᠡᠷᠬᠡ ᠰᠦᠷᠲᠦ ᠴᠢᠨᠠᠷ ᠪᠣᠯᠣᠨ ᠲᠥᠪ ᠴᠢᠩᠭ᠎ᠠ ᠴᠢᠨᠠᠷ ᠢ ᠡᠷᠡᠰ ᠬᠠᠮᠠᠭᠠᠯᠠᠵᠤ᠂ ᠥᠭᠡᠷᠡᠴᠢᠯᠡᠯᠲᠡ ᠶᠢᠨ ᠢᠲᠡᠭᠡᠯ | ᠵᠣᠷᠢᠭ ᠢᠶᠠᠨ ᠪᠠᠲᠤᠳᠬᠠᠵᠤ᠂ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠡᠭᠦᠷᠭᠡ ᠶᠢ ᠲᠡᠷᠡ | ᠶᠣᠰᠣᠭᠠᠷ ᠨᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠪᠦᠭᠦᠳᠡ ᠬᠤᠷᠠᠯ ᠠᠴᠠ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ ᠤᠬᠠᠭᠤᠯᠤᠨ ᠲᠤᠭᠤᠰᠢᠯᠠᠭᠤᠯᠬᠤ ᠪᠣᠯ | ᠣᠳᠣᠬᠠᠨ ᠤ ᠪᠠ ᠬᠤᠶᠢᠰᠢᠳᠠ ᠶᠢᠨ ᠬᠡᠰᠡᠭ ᠬᠤᠭᠤᠴᠠᠭᠠᠨ ᠤ ᠪᠦᠭᠦ ᠨᠠᠮ ᠤᠨ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠮᠥᠨ᠂ ᠰᠤᠷᠤᠯᠴᠠᠵᠤ | ᠤᠬᠠᠭᠤᠯᠤᠨ ᠲᠤᠭᠤᠰᠢᠯᠠᠭᠤᠯᠬᠤ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠢ᠃ ᠠᠴᠢᠶᠠᠯᠠᠪᠤᠷᠢ ᠶᠢ ᠪᠠᠶᠠᠯᠢᠭᠵᠢᠭᠤᠯᠤᠨ᠂ ᠠᠷᠭ᠎ᠠ | ᠪᠠᠷᠢᠯ ᠤᠨ ᠲᠠᠯ᠎ᠠ ᠪᠠᠷ ᠰᠢᠨ᠎ᠡ ᠶᠢ ᠡᠭᠦᠳᠴᠦ᠂ ᠠᠷᠠᠳ ᠤᠯᠠᠨ ᠤ ᠦᠵᠡᠵᠦ ᠰᠣᠨᠢᠷᠬᠠᠬᠤ ᠳᠤᠷᠠᠲᠠᠢ ᠭᠡᠯᠪᠡᠷᠢ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠪᠠᠶᠢᠭᠤᠯᠭ᠎ᠠ ᠳᠤ ᠣᠷᠣᠭᠤᠯᠬᠤ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ ᠣᠷᠣᠭᠤᠯᠬᠤ᠂ ᠬᠤᠳᠠ ᠬᠥᠳᠡᠭᠡ ᠨᠡᠶᠢᠭᠡᠮ ᠲᠣᠭᠤᠷᠢᠭ ᠲᠤ | ᠣᠷᠣᠭᠤᠯᠬᠤ᠂ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ᠂ ᠴᠡᠷᠢᠭ ᠤᠨ ᠬᠤᠸᠠᠷᠠᠨ ᠳᠤ ᠣᠷᠣᠭᠤᠯᠬᠤ᠂ ᠡᠯ᠎ᠡ ᠲᠦᠷᠦᠯ ᠤᠨ ᠰᠢᠨ᠎ᠡ ᠠᠵᠤ ᠠᠬᠤᠢ ᠶᠢᠨ | ᠵᠣᠬᠢᠶᠠᠨ ᠪᠠᠶᠢᠭᠤᠯᠤᠯᠲᠠ ᠪᠠ ᠰᠢᠨ᠎ᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠣᠷᠣᠭᠤᠯᠬᠤ᠂ ᠰᠦᠯᠵᠢᠶᠡᠨ ᠤ ᠦᠷᠳᠡᠭᠡ ᠳᠤ ᠣᠷᠣᠭᠤᠯᠬᠤ ᠶᠢ ᠠᠬᠢᠭᠤᠯᠵᠤ᠂ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠬᠥᠮᠥᠰ ᠤᠨ ᠰᠡᠳᠬᠢᠯ ᠳᠤ ᠦᠨᠡᠨ ᠬᠦ ᠬᠠᠳᠠᠩᠰᠢᠭᠤᠯᠬᠤ ᠬᠡᠷᠡᠭᠲᠡᠢ᠃ ᠤᠳᠤᠷᠢᠳᠬᠤ ᠺᠠᠳ᠋ᠷᠴᠤᠳ | ᠦᠷᠭᠦᠯᠵᠢᠯᠡᠨ ᠪᠦᠭᠦ ᠲᠠᠯ᠎ᠠ ᠪᠠᠷ ᠰᠤᠷᠤᠯᠴᠠᠬᠤ᠂ ᠪᠦᠭᠦ ᠲᠠᠯ᠎ᠠ ᠪᠠᠷ ᠡᠵᠡᠮᠰᠢᠬᠦ᠂ ᠪᠦᠭᠦ ᠲᠠᠯ᠎ᠠ ᠪᠠᠷ ᠨᠠᠶᠢᠳᠠᠪᠤᠷᠢᠵᠢᠭᠤᠯᠬᠤ ᠲᠠᠯ᠎ᠠ ᠪᠠᠷ ᠦᠯᠢᠭᠡᠷ ᠳᠠᠭᠤᠷᠢᠶᠠᠯ ᠪᠣᠯᠵᠤ᠂ | ᠰᠢᠨ᠎ᠡ ᠴᠠᠭ ᠦᠶ᠎ᠡ ᠶᠢᠨ ᠠᠷᠪᠠᠨ ᠵᠢᠯ ᠤᠨ ᠠᠭᠤᠤ ᠶᠡᠭᠡ ᠬᠤᠪᠢᠰᠤᠯᠲᠠ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠶᠢᠷᠲᠢᠨᠴᠦ ᠶᠢᠨ ᠦᠵᠡᠯᠲᠡ᠂ ᠠᠷᠭ᠎ᠠ ᠶᠢᠨ ᠣᠨᠣᠯ ᠪᠠ | ᠲᠡᠭᠦᠨ ᠤ ᠳᠤᠮᠳᠠ ᠲᠤᠭᠤᠰᠢᠯᠠᠭᠳᠠᠵᠤ ᠪᠠᠶᠢᠭ᠎ᠠ ᠵᠣᠭᠰᠣᠯᠲᠠ ᠦᠵᠡᠯᠲᠡ ᠠᠷᠭ᠎ᠠ ᠶᠢ ᠪᠣᠯᠪᠠᠰᠤᠷᠠᠩᠭᠤᠢ ᠡᠵᠡᠮᠰᠢᠵᠦ᠂ ᠰᠢᠨ᠎ᠡ ᠴᠠᠭ ᠦᠶ᠎ᠡ ᠰᠢᠨ᠎ᠡ ᠠᠶᠠᠨ ᠳᠤ ᠨᠠᠮ | ᠪᠣᠯᠣᠨ ᠤᠯᠤᠰ ᠤᠨ ᠠᠵᠢᠯ ᠦᠢᠯᠡᠰ ᠤᠨ ᠬᠥᠭᠵᠢᠯᠲᠡ ᠶᠢᠨ ᠬᠠᠷᠠᠯᠲᠠ ᠡᠭᠦᠷᠭᠡ᠂ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ᠂ ᠴᠢᠬᠤᠯᠠ ᠶᠡᠭᠡ ᠠᠷᠭ᠎ᠠ | ᠬᠡᠮᠵᠢᠶ᠎ᠡ ᠶᠢ ᠪᠦᠬᠦᠯᠢ ᠴᠣᠭᠴᠠ ᠪᠠᠷ ᠨᠢ ᠡᠵᠡᠮᠳᠡᠵᠦ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠢ ᠲᠥᠰᠥᠯ᠂ ᠪᠣᠳᠠᠲᠠᠢ ᠠᠷᠭ᠎ᠠ ᠬᠡᠮᠵᠢᠶ᠎ᠡ ᠶᠢ ᠲᠤᠰ ᠭᠠᠵᠠᠷ | ᠣᠷᠣᠨ ᠲᠤᠰ ᠰᠠᠯᠠᠭ᠎ᠠ ᠮᠥᠴᠢᠷ ᠤᠨ ᠢᠶᠠᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠤᠨ ᠰᠠᠶᠢᠲᠤᠷ ᠲᠣᠭᠲᠠᠭᠠᠵᠤ᠂ ᠰᠠᠶᠢᠲᠤᠷ ᠬᠡᠷᠡᠭᠵᠢᠭᠦᠯᠵᠦ᠂ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠦᠨᠡᠨ ᠬᠦ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠦᠵᠡᠪᠡ᠃ | ᠪᠦᠭᠦᠳᠡ ᠬᠤᠷᠠᠯ ᠠᠴᠠ᠂ ᠣᠳᠣᠬᠠᠨ ᠳᠤ᠂ ᠳᠡᠯᠡᠬᠡᠢ ᠳ᠋ᠠᠬᠢᠨ ᠳᠤ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠲᠦᠷᠭᠡᠰᠦᠨ ᠬᠥᠭᠵᠢᠵᠦ᠂ | ᠳᠡᠯᠡᠬᠡᠢ ᠶᠢᠷᠲᠢᠨᠴᠦ ᠰᠢᠨ᠎ᠡ ᠣᠷᠤᠭ᠎ᠠ ᠪᠤᠰᠬᠠᠭ᠎ᠠ ᠬᠤᠪᠢᠰᠤᠯᠲᠠ ᠶᠢᠨ ᠬᠤᠭᠤᠴᠠᠭᠠᠨ ᠳᠤ ᠣᠷᠣᠵᠤ᠂ ᠮᠠᠨ ᠤ ᠤᠯᠤᠰ ᠤᠨ ᠬᠥᠭᠵᠢᠯᠲᠡ ᠨᠢ ᠪᠠᠶᠢᠯᠳᠤᠬᠤ | ᠪᠣᠳᠣᠯᠭ᠎ᠠ ᠶᠢᠨ ᠠᠵᠠ ᠲᠣᠭᠢᠶᠠᠯ ᠪᠣᠯᠣᠨ ᠠᠶᠤᠯ ᠲᠦᠭᠰᠢᠭᠦᠷᠢ ᠥᠷᠢᠰᠦᠯᠳᠦᠭᠡᠨ ᠵᠡᠷᠭᠡ ᠪᠠᠷ ᠣᠷᠣᠰᠢᠵᠤ᠂ ᠲᠤᠬᠳᠠᠭᠠᠯᠳᠤ ᠪᠤᠰᠤ ᠴᠢᠨᠠᠷ ᠵᠢᠱᠢᠬᠦᠶ᠎ᠡ ᠪᠡᠷᠬᠡ ᠬᠦᠴᠦᠨ | ᠵᠦᠢᠯ ᠨᠡᠮᠡᠭᠳᠡᠵᠦ ᠪᠠᠶᠢᠭ᠎ᠠ ᠬᠤᠭᠤᠴᠠᠭᠠᠨ ᠳᠤ ᠣᠷᠣᠵᠠᠢ᠂ ᠡᠷᠬᠡᠪᠰᠢ ᠶᠡᠭᠡ ᠰᠠᠯᠬᠢ ᠰᠢᠷᠦᠭᠦᠨ ᠳᠠᠪᠠᠯᠭᠠᠨ ᠴᠢᠨᠠᠭᠰᠢᠯᠠᠪᠠᠯ ᠳᠣᠬᠰᠢᠨ ᠳᠠᠪᠠᠯᠭᠠᠨ ᠰᠢᠷᠦᠭᠦᠨ | ᠲᠤᠯᠭᠢᠯᠳᠠ ᠶᠢᠨ ᠬᠦᠨᠳᠦ ᠶᠡᠭᠡ ᠰᠢᠯᠭᠠᠯᠲᠠ ᠶᠢ ᠳᠤᠭᠤᠯᠬᠤ ᠪᠠᠷ ᠪᠡᠯᠡᠳᠬᠡᠬᠦ ᠬᠡᠷᠡᠭᠲᠡᠢ᠃ ᠮᠠᠨ ᠤ ᠤᠯᠤᠰ ᠤᠨ ᠥᠭᠡᠷᠡᠴᠢᠯᠡᠯᠲᠡ ᠬᠥᠭᠵᠢᠯᠲᠡ ᠲᠣᠭᠲᠠᠭᠤᠨ ᠮᠥᠨ | ᠯᠡ ᠴᠥᠭᠡᠨ ᠪᠤᠰᠤ ᠭᠦᠨ ᠳᠠᠪᠬᠤᠷᠭ᠎ᠠ ᠶᠢᠨ ᠵᠥᠷᠢᠴᠡᠯ ᠳᠤ ᠲᠤᠯᠭᠠᠷᠠᠵᠤ᠂ ᠬᠡᠷᠡᠭᠴᠡᠭᠡ ᠪᠠᠭᠠᠰᠴᠤ᠂ ᠬᠠᠩᠭᠠᠯᠭ᠎ᠠ ᠳᠠᠭᠠᠷᠢᠯᠲᠠ ᠳᠤ ᠤᠴᠠᠷᠠᠵᠤ᠂ ᠵᠢᠱᠢᠯᠲᠡ ᠪᠠᠭᠤᠷᠠᠢ | ᠪᠣᠯᠤᠭᠰᠠᠨ ᠭᠤᠷᠪᠠᠨ ᠳᠠᠪᠬᠤᠷ ᠳᠠᠷᠤᠯᠲᠠ ᠮᠥᠨ ᠯᠡ ᠨᠡᠯᠢᠶᠡᠳ ᠶᠡᠭᠡ ᠪᠠᠶᠢᠵᠤ᠂ ᠠᠵᠤ ᠠᠬᠤᠢ ᠶᠢᠨ ᠰᠡᠷᠭᠦᠯᠲᠡ ᠶᠢᠨ ᠰᠠᠭᠤᠷᠢ ᠬᠠᠷᠠᠬᠠᠨ ᠪᠠᠲᠤ ᠪᠠᠬᠢ ᠪᠢᠰᠢ | ᠪᠠᠶᠢᠵᠤ᠂ ᠵᠢᠱᠢᠯᠲᠡ ᠠᠴᠠ ᠳᠠᠪᠠᠭᠰᠠᠨ ᠬᠦᠴᠦᠨ ᠵᠦᠢᠯ ᠨᠦᠭᠦᠳ ᠡᠭᠦᠰᠴᠦ ᠮᠡᠳᠡᠨ᠎ᠡ᠃ ᠪᠦᠭᠦ ᠨᠠᠮ ᠤᠨ ᠨᠥᠬᠦᠳ ᠡᠷᠬᠡᠪᠰᠢ ᠢᠲᠡᠭᠡᠯ ᠵᠣᠷᠢᠭ ᠢᠶᠠᠨ ᠪᠠᠲᠤᠳᠬᠠᠨ᠂ | ᠪᠠᠶᠢᠯᠳᠤᠬᠤ ᠪᠣᠳᠣᠯᠭ᠎ᠠ ᠶᠢᠨ ᠰᠡᠷᠭᠡᠭ ᠪᠠᠶᠢᠳᠠᠯ ᠢᠶᠠᠨ ᠪᠠᠲᠤᠯᠠᠵᠤ᠂ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ︽ᠭᠤᠷᠪᠠ ᠶᠢ ᠨᠡᠩ ᠰᠠᠶᠢᠨ ᠨᠢᠭᠡᠳᠦᠯᠲᠡᠢ | ᠲᠥᠯᠥᠪᠵᠢᠭᠦᠯᠬᠦ︾ ᠶᠢ ᠪᠡᠶᠡᠯᠡᠭᠦᠯᠵᠦ᠂ ᠡᠨᠡ ᠵᠢᠯ ᠤᠨ ᠡᠯ᠎ᠡ ᠵᠦᠢᠯ ᠤᠨ ᠬᠠᠷᠠᠯᠲᠠ ᠡᠭᠦᠷᠭᠡ ᠪᠠᠨ ᠴᠢᠷᠮᠠᠶᠢᠨ ᠪᠡᠶᠡᠯᠡᠭᠦᠯᠬᠦ ᠬᠡᠷᠡᠭᠲᠡᠢ᠃ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠪᠦᠷᠢᠨ ᠪᠦᠲᠦᠨ᠂ ᠵᠥᠪ ᠣᠨᠣᠪᠴᠢᠲᠠᠶ᠂ ᠪᠦᠭᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ | ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠬᠤ ᠬᠡᠷᠡᠭᠲᠡᠢ᠃ ᠰᠢᠨ᠎ᠡ ᠱᠠᠲᠤᠨ ᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠠᠢ | ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠬᠡᠷᠡᠭᠵᠢᠭᠦᠯᠵᠦ᠂ ︽ᠬᠥᠬᠡᠭᠴᠢᠨ | ᠲᠦᠷᠦᠯ ᠤᠨ ᠬᠥᠬᠡᠭᠴᠢᠨ ᠬᠠᠮᠢᠶᠠᠷᠤᠯᠲᠠ︾ ᠶᠢᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ ᠳᠣᠲᠣᠭᠠᠳᠤ ᠬᠡᠷᠡᠭᠴᠡᠭᠡ ᠶᠢ | ᠴᠢᠷᠮᠠᠶᠢᠨ ᠥᠷᠭᠡᠳᠬᠡᠵᠦ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠤᠶᠠᠨ ᠬᠠᠳᠠᠨ ᠴᠢᠨᠠᠷ ᠪᠣᠯᠣᠨ ᠠᠮᠤᠷ ᠲᠦᠪᠰᠢᠨ ᠤ ᠲᠦᠪᠰᠢᠨ ᠢ ᠦᠨᠡᠨ | ᠬᠦ ᠳᠡᠭᠡᠭᠰᠢᠯᠡᠭᠦᠯᠵᠦ᠂ ᠵᠠᠬ᠎ᠠ ᠳᠡᠯᠭᠡᠭᠦᠷᠴᠢᠯᠡᠭᠰᠡᠨ ᠬᠠᠤᠯᠢᠵᠢᠭᠰᠠᠨ ᠳᠡᠯᠡᠬᠡᠶᠢᠵᠢᠭᠰᠡᠨ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠤᠯᠠᠮ ᠴᠢᠨᠠᠭᠰᠢᠳᠠ | ᠰᠢᠯᠢᠳᠡᠭᠵᠢᠭᠦᠯᠵᠦ᠂ ᠠᠵᠤ ᠠᠬᠤᠢ ᠮᠥᠩᠭᠦᠨ ᠭᠦᠢᠯᠭᠡᠭᠡᠨ ᠤ ᠬᠦᠨᠳᠦ ᠶᠡᠭᠡ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠠᠷᠢᠯᠭᠠᠵᠤ᠂ ᠰᠢᠰᠲ᠋ᠧᠮ ᠤᠨ | ᠴᠢᠨᠠᠷᠲᠠᠢ ᠠᠶᠤᠯ ᠲᠦᠭᠰᠢᠭᠦᠷᠢ ᠦᠯᠦ ᠭᠠᠷᠭᠠᠬᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠡᠯ᠎ᠡ | ᠵᠦᠢᠯ ᠤᠨ ᠠᠵᠢᠯ ᠢ ᠬᠦᠴᠦᠯᠡᠨ ᠴᠢᠩᠭᠠᠳᠬᠠᠵᠤ᠂ ᠠᠵᠢᠯ ᠣᠯᠭᠤᠯᠲᠠ ᠶᠢ ᠤᠷᠢᠳ ᠢᠶᠠᠷ ᠪᠣᠳᠣᠯᠬᠢᠯᠠᠬᠤ ᠲᠦᠷᠦ ᠶᠢᠨ ᠪᠣᠳᠣᠯᠭ᠎ᠠ ᠶᠢ ᠪᠣᠳᠠᠲᠠᠢ ᠨᠠᠷᠢᠯᠢᠭ | ᠨᠠᠶᠢᠳᠠᠪᠤᠷᠢᠵᠢᠭᠤᠯᠵᠤ᠂ ᠬᠦᠴᠢᠷᠳᠡᠯᠲᠡᠢ ᠤᠯᠠᠨ ᠲᠦᠮᠡᠨ ᠤ ᠦᠨᠳᠦᠰᠦᠨ ᠠᠮᠢᠳᠤᠷᠠᠯ ᠢ ᠰᠠᠶᠢᠲᠤᠷ ᠪᠠᠲᠤᠯᠠᠵᠤ᠂ ᠨᠡᠶᠢᠭᠡᠮ ᠤᠨ ᠪᠠᠲᠤᠯᠠᠭ᠎ᠠ ᠶᠢᠨ ᠲᠣᠣᠷ ᠢ | ᠪᠠᠬᠢᠵᠢᠭᠦᠯᠵᠦ᠂ ᠡᠮ ᠡᠮᠨᠡᠯᠭᠡ ᠡᠷᠡᠭᠦᠯ ᠬᠠᠮᠠᠭᠠᠯᠠᠯ ᠢᠯᠠᠩᠭᠤᠶ᠎ᠠ ᠬᠤᠳᠠ ᠬᠥᠳᠡᠭᠡ ᠶᠢᠨ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠤᠯᠠᠨ | ᠨᠡᠶᠢᠲᠡ ᠶᠢᠨ ᠦᠢᠯᠡᠴᠢᠯᠡᠭᠡᠨ ᠤ ᠳᠤᠲᠠᠭᠤᠳᠠᠯ ᠢ ᠨᠥᠬᠦᠪᠦᠷᠢᠯᠡᠵᠦ᠂ ᠦᠷᠡᠵᠢᠯ ᠢ ᠳᠡᠮᠵᠢᠭᠦ ᠲᠦᠷᠦ ᠶᠢᠨ ᠪᠣᠳᠣᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠬᠦ ᠬᠡᠷᠡᠭᠲᠡᠢ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠭᠦ ᠲᠠᠯ᠎ᠠ ᠪᠠᠷ ᠠᠬᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ | ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠡᠪᠴᠢᠶᠡᠵᠢᠯ ᠤᠨ ᠴᠢᠨᠠᠷᠲᠠᠢ ᠲᠠᠭᠢᠨ ᠶᠠᠳᠠᠭᠤᠷᠠᠬᠤ ᠶᠢ ᠰᠡᠷᠭᠡᠶᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃ | ᠪᠦᠭᠦᠳᠠ ᠬᠤᠷᠠᠯ ᠠᠴᠠ᠂ ᠥᠭᠡᠷᠡᠴᠢᠯᠡᠯᠲᠡ ᠨᠡᠭᠡᠭᠡᠯᠲᠡ ᠶᠢ ᠡᠷᠡᠰ ᠭᠤᠶᠢᠪᠢᠰᠢ ᠦᠭᠡᠢ ᠭᠦᠨᠵᠡᠭᠡᠶᠢᠷᠡᠭᠦᠯᠵᠦ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ | ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠬᠠᠷᠠᠯᠲᠠ ᠶᠢᠨ ᠲᠣᠭᠤᠷᠢᠨ ᠳᠤ᠂ ᠨᠢᠭᠡ ᠪᠦᠯᠦᠭ ᠪᠠᠶᠢᠯᠳᠤᠬᠤ ᠪᠣᠳᠣᠯᠭ᠎ᠠ ᠶᠢᠨ ᠴᠢᠨᠠᠷᠲᠠᠢ᠂ ᠪᠦᠲᠦᠭᠡᠯᠴᠢ ᠴᠢᠨᠠᠷᠲᠠᠢ᠂ | ᠬᠥᠲᠥᠯᠥᠨ ᠳᠠᠭᠠᠭᠤᠯᠬᠤ ᠴᠢᠨᠠᠷᠲᠠᠢ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠲᠣᠭᠲᠠᠭᠠᠵᠤ᠂ ᠥᠭᠡᠷᠡᠴᠢᠯᠡᠯᠲᠡ ᠶᠢᠨ ᠰᠢᠰᠲ᠋ᠧᠮ ᠤᠨ ᠬᠤᠷᠠᠮᠳᠤᠯ᠂ ᠬᠠᠮᠵᠢᠯᠴᠠᠨ | ᠥᠨᠳᠥᠷ ᠪᠦᠲᠦᠮᠵᠢᠲᠡᠢ ᠪᠠᠶᠢᠬᠤ ᠶᠢ ᠴᠢᠩᠭᠠᠳᠬᠠᠵᠤ᠂ ᠴᠢᠬᠤᠯᠠ ᠬᠦᠷᠢᠶ᠎ᠡ ᠪᠣᠯᠣᠨ ᠵᠠᠩᠭᠢᠯᠠᠭ᠎ᠠ ᠶᠢᠨ ᠭᠤᠭᠴᠤᠭ᠎ᠠ ᠳᠤ ᠰᠢᠨ᠎ᠡ ᠰᠢᠪᠲᠤᠯᠤᠯᠲᠠ ᠭᠠᠷᠭᠠᠬᠤ ᠬᠡᠷᠡᠭᠲᠡᠢ᠃ | ᠨᠡᠶᠢᠭᠡᠮ ᠵᠢᠷᠤᠮ ᠤᠨ ᠦᠨᠳᠦᠰᠦᠨ ᠠᠵᠤ ᠠᠬᠤᠢ ᠶᠢᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ᠳᠤᠮᠳᠠᠳᠤ ᠤᠯᠤᠰ ᠤᠨ ᠣᠨᠴᠠᠯᠢᠭ ᠲᠠᠢ ᠣᠲᠣ ᠦᠶ᠎ᠡ ᠶᠢᠨ | ᠠᠵᠤ ᠠᠬᠤᠶᠢᠯᠠᠯ ᠤᠨ ᠳᠦᠷᠢᠮ ᠢ ᠲᠡᠭᠦᠯᠳᠡᠷᠵᠢᠭᠦᠯᠵᠦ᠂ ᠣᠲᠣ ᠦᠶ᠎ᠡ ᠶᠢᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ | ᠲᠡᠭᠦᠯᠳᠡᠷᠵᠢᠭᠦᠯᠵᠦ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠠᠬᠢᠭᠤᠯᠵᠤ᠂ ᠡᠯ᠎ᠡ ᠬᠦᠷᠢᠶᠡᠨ ᠤ ᠥᠭᠡᠷᠡᠴᠢᠯᠡᠯᠲᠡ ᠶᠢ ᠨᠢᠭᠡᠳᠦᠯᠲᠡᠢ | ᠲᠥᠯᠥᠪᠵᠢᠭᠦᠯᠦᠨ ᠰᠠᠶᠢᠲᠤᠷ ᠲᠥᠰᠥᠪᠯᠡᠬᠦ ᠬᠡᠷᠡᠭᠲᠡᠢ᠃ ᠥᠭᠡᠷᠡᠴᠢᠯᠡᠯᠲᠡ ᠶᠢ ᠨᠠᠶᠢᠳᠠᠪᠤᠷᠢᠵᠢᠭᠤᠯᠬᠤ ᠲᠣᠭᠲᠠᠴᠠ ᠶᠢ ᠲᠡᠭᠦᠯᠳᠡᠷᠵᠢᠭᠦᠯᠬᠦ ᠶᠢ ᠴᠢᠬᠤᠯᠠᠴᠢᠯᠠᠵᠤ᠂ | ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠵᠤ᠂ ᠨᠡᠶᠢᠭᠡᠮ ᠵᠢᠷᠤᠮ ᠤᠨ | ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠬᠥᠳᠡᠯᠭᠡᠭᠦ ᠬᠦᠴᠦᠨ ᠪᠠ ᠠᠮᠢᠵᠢᠷᠠᠯ ᠤᠨ ᠬᠦᠴᠦᠨ ᠢ ᠲᠠᠰᠤᠷᠠᠯᠲᠠ ᠦᠭᠡᠢ ᠴᠢᠩᠭᠠᠳᠬᠠᠵᠤ᠂ ᠮᠠᠨ ᠤ | ᠤᠯᠤᠰ ᠤᠨ ᠪᠠᠶᠢᠭᠤᠯᠤᠯ ᠤᠨ ᠳᠠᠪᠠᠭᠤᠯᠢᠭ ᠢ ᠤᠯᠤᠰ ᠤᠨ ᠵᠠᠰᠠᠯᠲᠠ ᠶᠢᠨ ᠦᠷ᠎ᠡ ᠪᠦᠲᠦᠮᠵᠢ ᠪᠣᠯᠭᠠᠨ ᠨᠡᠩ ᠰᠠᠶᠢᠲᠤᠷ ᠬᠤᠪᠢᠷᠠᠭᠤᠯᠬᠤ ᠬᠡᠷᠡᠭᠲᠡᠢ ᠭᠡᠵᠦ ᠵᠢᠭᠠᠵᠤ | ᠭᠠᠷᠭᠠᠪᠠ᠃ | ᠪᠦᠭᠦᠳᠡ ᠬᠤᠷᠠᠯ ᠠᠴᠠ᠂ ᠨᠠᠮ ᠤᠨ ᠪᠠᠶᠢᠭᠤᠯᠤᠯᠲᠠ ᠶᠢᠨ ᠲᠤᠬᠠᠢ ᠨᠠᠮ ᠤᠨ ᠬᠤᠷᠢᠳᠤᠭᠠᠷ ᠶᠡᠭᠡ ᠬᠤᠷᠠᠯ ᠤᠨ ᠪᠠᠶᠢᠯᠳᠤᠬᠤ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠭᠡ ᠨᠠᠮ ᠤᠨ ᠥᠪᠡᠷᠮᠢᠴᠡ ᠬᠦᠴᠢᠷ ᠠᠰᠠᠭᠤᠳᠠᠯ ᠢ ᠰᠢᠢᠳᠪᠦᠷᠢᠯᠡᠬᠦ ᠰᠡᠷᠭᠡᠭ | ᠪᠠᠶᠢᠳᠠᠯ ᠪᠣᠯᠣᠨ ᠡᠷᠡᠰ ᠪᠠᠲᠤ ᠪᠠᠶᠢᠳᠠᠯ ᠢᠶᠠᠨ ᠴᠠᠭ ᠢᠮᠠᠭᠲᠠ ᠪᠠᠲᠤᠯᠠᠵᠤ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠰᠲ᠋ᠧᠮ ᠢ ᠪᠦᠷᠢᠨᠰᠢᠭᠦᠯᠵᠦ᠂ ᠨᠠᠮ ᠤᠨ | ᠤᠯᠤᠰ ᠲᠥᠷᠥ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠣᠭᠤᠳᠤᠭᠤᠯᠵᠤ᠂ ᠨᠠᠮ ᠤᠨ ᠡᠯ᠎ᠡ ᠲᠠᠯ᠎ᠠ ᠶᠢᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ | ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠰᠢᠨ᠎ᠡ ᠠᠭᠤᠤ ᠶᠡᠭᠡ ᠢᠨᠵᠧᠨᠧᠷᠢᠩ ᠤᠨ ᠭᠦᠨᠵᠡᠭᠡᠶᠢᠷᠡᠨ ᠭᠦᠭᠵᠢᠭᠦ ᠶᠢ ᠠᠬᠢᠭᠤᠯᠬᠤ ᠬᠡᠷᠡᠭᠲᠡᠢ᠃ ᠪᠦᠭᠦ | ᠨᠠᠮ ᠤᠨ ᠳᠣᠲᠣᠷ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ | ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠬᠦ ᠳᠤ᠂ ᠰᠢᠨᠵᠢᠯᠡᠬᠦ ᠤᠬᠠᠭᠠᠨᠴᠢ ᠪᠠᠷ ᠲᠥᠯᠥᠪᠯᠡᠵᠦ᠂ ᠨᠠᠷᠢᠨ ᠨᠢᠮᠪᠠᠢ ᠵᠣᠬᠢᠶᠠᠨ | ᠪᠠᠶᠢᠭᠤᠯᠵᠤ᠂ ᠤᠨᠤᠯ ᠤᠨ ᠰᠤᠷᠤᠯᠴᠠᠯᠭ᠎ᠠ ᠪᠠ ᠠᠰᠢᠭᠯᠠᠯᠲᠠ ᠶᠢ ᠴᠢᠩᠭᠠᠳᠬᠠᠵᠤ᠂ ᠦᠨᠡᠨ ᠪᠣᠳᠠᠲᠠᠢ ᠦᠷ᠎ᠡ ᠪᠦᠲᠦᠮᠵᠢ ᠣᠯᠬᠤ ᠬᠡᠷᠡᠭᠲᠡᠢ᠃ ᠬᠤᠭᠤᠴᠠᠭ᠎ᠠ | ᠰᠣᠯᠢᠭᠰᠠᠨ ᠤ ᠳᠠᠷᠠᠭᠠᠬᠢ ᠤᠳᠤᠷᠢᠳᠬᠤ ᠪᠠᠭ ᠤᠨ ᠦᠵᠡᠯ ᠰᠠᠨᠠᠭ᠎ᠠ ᠤᠯᠤᠰ ᠲᠦᠷᠦ ᠶᠢᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠠᠷᠠᠳᠴᠢᠯᠠᠯ ᠲᠥᠪᠯᠡᠷᠡᠯ ᠤᠨ | ᠶᠣᠰᠣ ᠶᠢ ᠴᠢᠩᠭ᠎ᠠ ᠬᠡᠷᠡᠭᠵᠢᠭᠦᠯᠵᠦ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ ᠪᠤᠢ ᠪᠤᠯᠭᠠᠵᠤ᠂ ᠪᠦᠯᠬᠦᠮᠳᠡᠨ ᠬᠠᠮᠵᠢᠯᠴᠠᠭᠰᠠᠨ᠂ | ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠭᠰᠡᠨ᠂ ᠴᠢᠳᠠᠮᠠᠭᠠᠢ ᠠᠵᠢᠯᠯᠠᠵᠤ ᠠᠮᠵᠢᠯᠲᠠ ᠣᠯᠬᠤ ᠠᠮᠢᠳᠤᠯᠢᠭ ᠪᠠᠶᠢᠳᠠᠯ ᠢ ᠪᠦᠷᠢᠯᠳᠦᠭᠦᠯᠬᠦ ᠬᠡᠷᠡᠭᠲᠡᠢ᠃ ᠴᠢᠩᠭ᠎ᠠ ᠪᠠᠶᠢᠬᠤ | ᠭᠦᠭ ᠠᠶᠠᠰ ᠢᠶᠠᠷ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠬᠤ ᠶᠢ ᠡᠷᠴᠢᠮᠵᠢᠭᠦᠯᠵᠦ᠂ ᠦᠷᠭᠦᠯᠵᠢᠯᠡᠨ ︽ᠲᠦᠷᠪᠡᠨ ᠰᠤᠷᠲᠠᠯ︾ ᠢ ᠭᠦᠨᠵᠡᠭᠡᠶᠢᠷᠡᠭᠦᠯᠦᠨ | ᠵᠠᠰᠠᠵᠤ᠂ ᠪᠠᠶᠢᠴᠠᠭᠠᠨ ᠰᠤᠳᠤᠯᠬᠤ ᠰᠤᠷᠲᠠᠯ ᠢ ᠶᠡᠭᠡ ᠪᠠᠷ ᠪᠠᠳᠠᠷᠠᠭᠤᠯᠵᠤ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠭᠢᠮᠯᠡᠭᠦ᠂ ᠦᠨᠡᠨ ᠬᠦ ᠠᠳᠬᠤᠵᠤ ᠪᠣᠳᠠᠲᠠᠢ | ᠠᠵᠢᠯᠯᠠᠬᠤ ᠰᠤᠷᠲᠠᠯ ᠢ ᠶᠡᠭᠡ ᠪᠠᠷ ᠪᠠᠳᠠᠷᠠᠭᠤᠯᠵᠤ᠂ ᠲᠡᠦᠬᠡ ᠪᠠ ᠠᠷᠠᠳ ᠲᠦᠮᠡᠨ ᠤ ᠰᠢᠯᠭᠠᠯᠲᠠ ᠶᠢ ᠳᠠᠭᠠᠭᠠᠵᠤ ᠳᠡᠶᠢᠯᠭᠦ ᠪᠣᠳᠠᠲᠠᠢ ᠠᠮᠵᠢᠯᠲᠠ ᠪᠦᠲᠦᠮᠵᠢ ᠭᠠᠷᠭᠠᠬᠤ | ᠬᠡᠷᠡᠭᠲᠡᠢ᠃ ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ ᠪᠤᠯᠬᠤ ᠦᠭᠡᠢ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠣᠭᠴᠠᠵᠢᠭᠤᠯᠤᠨ ᠠᠬᠢᠭᠤᠯᠵᠤ᠂ | ᠢᠯᠵᠠᠷᠠᠯ ᠢ ᠡᠰᠡᠷᠭᠦᠴᠡᠬᠦ ᠲᠡᠮᠡᠴᠡᠯ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠤᠳᠠᠭᠠᠨ ᠳᠠᠭᠠᠭᠠᠮᠠᠭᠠᠢ ᠳᠠᠶᠢᠯᠠᠯᠳᠤᠭᠠᠨ ᠤ ᠢᠯᠠᠯᠲᠠ ᠶᠢ ᠡᠷᠡᠰ ᠣᠯᠬᠤ ᠬᠡᠷᠡᠭᠲᠡᠢ | ᠭᠡᠵᠦ ᠴᠢᠬᠤᠯᠠᠴᠢᠯᠠᠪᠠ᠃ | ᠪᠦᠭᠦᠳᠠ ᠬᠤᠷᠠᠯ ᠠᠴᠠ᠂ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ | ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ | ᠲᠤᠭ ᠢ ᠥᠨᠳᠥᠷ ᠮᠠᠨᠳᠤᠭᠤᠯᠵᠤ᠂ ᠨᠠᠮ ᠪᠠᠶᠢᠭᠤᠯᠬᠤ ᠠᠭᠤᠤ ᠶᠡᠭᠡ ᠵᠣᠷᠢᠭ ᠰᠠᠨᠠᠭ᠎ᠠ ᠶᠢ ᠪᠠᠳᠠᠷᠠᠭᠤᠯᠵᠤ᠂ ︽ᠭᠤᠷᠪᠠᠨ ᠡᠷᠬᠡᠪᠰᠢ︾ ᠶᠢ ᠪᠠᠲᠤ ᠴᠡᠭᠡᠵᠢᠯᠡᠵᠦ᠂ | ᠢᠲᠡᠭᠡᠯ ᠲᠡᠭᠦᠯᠳᠡᠷ ᠢᠶᠠᠷ ᠥᠪᠡᠷ ᠢ ᠪᠠᠨ ᠬᠦᠴᠦᠷᠬᠡᠭᠵᠢᠭᠦᠯᠵᠦ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ᠂ ᠡᠷᠡᠮᠡᠬᠡᠶᠢᠯᠡᠨ ᠤᠷᠤᠭᠰᠢᠯᠠᠵᠤ᠂ | ᠬᠠᠲᠠᠭᠤᠵᠢᠯᠲᠠᠢ ᠲᠡᠮᠡᠴᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ | ᠨᠠᠮ ᠤᠨ ᠬᠤᠷᠢᠳᠤᠭᠠᠷ ᠶᠡᠭᠡ ᠬᠤᠷᠠᠯ ᠠᠴᠠ ᠲᠣᠭᠲᠠᠭᠠᠭᠰᠠᠨ ᠬᠠᠷᠠᠯᠲᠠ ᠡᠭᠦᠷᠭᠡ ᠶᠢ ᠪᠡᠶᠡᠯᠡᠭᠦᠯᠬᠦ ᠶᠢᠨ ᠲᠥᠯᠥᠭᠡ ᠬᠠᠮᠲᠤ ᠪᠠᠷ ᠲᠡᠮᠡᠴᠡᠰᠦᠭᠡᠢ ᠭᠡᠵᠦ ᠤᠷᠢᠶᠠᠯᠠᠪᠠ᠃ | |