︽ᠦᠨᠡᠨ︾ ᠰᠡᠳᠬᠦᠯ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠣᠬᠢᠶᠠᠯ ᠢ ᠨᠡᠶᠢᠲᠡᠯᠡᠪᠡ  ᠰᠢᠨ᠎ᠡ ᠴᠠᠭ ᠦᠶ᠎ᠡ ᠶᠢᠨ ᠨᠠᠮ ᠪᠣᠯᠣᠨ ᠠᠷᠠᠳ ᠲᠦᠮᠡᠨ ᠤ ᠡᠷᠡᠮᠡᠬᠡᠶᠢᠯᠡᠨ ᠤᠷᠤᠭᠰᠢᠯᠠᠬᠤ ᠵᠠᠶᠢᠯᠠᠰᠢ ᠦᠭᠡᠢ ᠵᠠᠮ
ᠨᠡᠶᠢᠲᠡᠯᠡᠭᠰᠡᠨ ᠴᠠᠭ᠄
2023/3/1
    3 ᠰᠠᠷ᠎ᠠ ᠶᠢᠨ 1 ᠤ ᠡᠳᠦᠷ ᠬᠡᠪᠯᠡᠭᠳᠡᠬᠦ 5 ᠳ᠋ᠤᠭᠠᠷ ᠬᠤᠭᠤᠴᠠᠭᠠᠨ ᠤ ︽ᠦᠨᠡᠨ︾ ᠰᠡᠳᠬᠦᠯ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠤᠨ ︽ᠰᠢᠨ᠎ᠡ ᠴᠠᠭ ᠦᠶ᠎ᠡ ᠶᠢᠨ ᠨᠠᠮ ᠪᠣᠯᠣᠨ ᠠᠷᠠᠳ ᠲᠦᠮᠡᠨ ᠤ ᠡᠷᠡᠮᠡᠬᠡᠶᠢᠯᠡᠨ ᠤᠷᠤᠭᠰᠢᠯᠠᠬᠤ ᠵᠠᠶᠢᠯᠠᠰᠢ ᠦᠭᠡᠢ ᠵᠠᠮ︾ ᠭᠡᠬᠦ ᠴᠢᠬᠤᠯᠠ ᠵᠣᠬᠢᠶᠠᠯ ᠢ ᠨᠡᠶᠢᠲᠡᠯᠡᠪᠡ᠃    ᠵᠣᠬᠢᠶᠠᠯ ᠳᠤ᠂ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ ᠪᠣᠯ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ ᠶᠢᠨ ᠵᠠᠶᠢᠯᠠᠰᠢ ᠦᠭᠡᠢ ᠵᠠᠮ ᠮᠥᠨ᠃ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠭᠤᠶᠢᠪᠢᠰᠢ ᠦᠭᠡᠢ ᠪᠠᠷᠢᠮᠲᠠᠯᠠᠵᠤ᠂ ᠨᠠᠮ ᠤᠨ ᠲᠥᠪ ᠬᠤᠷᠢᠶᠠᠨ ᠤ ᠡᠷᠬᠡ ᠰᠦᠷ ᠪᠣᠯᠣᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠬᠠᠮᠠᠭᠠᠯᠠᠳᠠᠭ ᠯᠠ ᠶᠤᠮ ᠪᠣᠯ ᠪᠢᠳᠠ ᠯᠠᠪᠲᠠᠢ ᠪᠦᠭᠦ ᠨᠠᠮ ᠪᠦᠭᠦ ᠤᠯᠤᠰ ᠢᠶᠠᠷ  ᠢᠶᠠᠨ ᠪᠦᠯᠬᠦᠮᠳᠡᠨ ᠲᠡᠮᠡᠴᠡᠬᠦ ᠬᠦᠴᠦᠷᠬᠡᠭ ᠶᠡᠭᠡ ᠤᠯᠤᠰ ᠲᠦᠷᠦ ᠶᠢᠨ ᠨᠢᠭᠲᠠᠷᠠᠯ ᠤᠨ ᠬᠦᠴᠦᠨ ᠲᠠᠢ᠂ ᠬᠥᠭᠵᠢᠯᠲᠡ ᠶᠢᠨ ᠢᠲᠡᠭᠡᠯ ᠵᠣᠷᠢᠭ ᠲᠠᠢ ᠪᠠᠶᠢᠬᠤ ᠶᠢ ᠪᠠᠲᠤᠯᠠᠵᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠭᠦ᠂ ᠴᠠᠭ ᠤᠨ ᠪᠡᠷᠬᠡ ᠶᠢ ᠬᠠᠮᠲᠤ ᠪᠠᠷ ᠲᠤᠭᠤᠯᠬᠤ ᠬᠦᠴᠦᠷᠬᠡᠭ ᠶᠡᠭᠡ ᠬᠦᠴᠦᠨ ᠴᠢᠳᠠᠯ ᠢ ᠨᠢᠭᠲᠠᠷᠠᠭᠤᠯᠵᠤ᠂ ᠰᠠᠯᠬᠢ ᠪᠣᠷᠣᠭᠠᠨ ᠤ ᠳᠠᠭᠠᠷᠢᠯᠲᠠ ᠳᠤ ᠪᠦᠭᠦ ᠠᠷᠠᠳ ᠲᠦᠮᠡᠨ ᠤ ᠬᠠᠮᠤᠭ ᠤᠨ ᠨᠠᠶᠢᠳᠠᠪᠤᠷᠢᠲᠠᠢ ᠲᠦᠰᠢᠭ ᠲᠤᠯᠭᠠᠭᠤᠷᠢ ᠶᠢ ᠪᠦᠷᠢᠯᠳᠦᠭᠦᠯᠵᠦ ᠴᠢᠳᠠᠨ᠎ᠠ ᠭᠡᠵᠦ ᠵᠢᠭᠠᠵᠤ ᠭᠠᠷᠭᠠᠪᠠ᠃    ᠵᠣᠬᠢᠶᠠᠯ ᠳᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠪᠣᠯ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠢᠨ ᠵᠠᠶᠢᠯᠠᠰᠢ ᠦᠭᠡᠢ ᠵᠠᠮ ᠮᠥᠨ᠃ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠵᠠᠮ ᠢᠶᠠᠷ ᠢᠮᠠᠭᠲᠠ ᠭᠤᠶᠢᠪᠢᠰᠢ ᠦᠭᠡᠢ ᠵᠠᠮᠨᠠᠳᠠᠭ ᠯᠠ ᠶᠤᠮ ᠪᠣᠯ ᠪᠢᠳᠡ ᠯᠠᠪᠲᠠᠢ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠮᠥᠷᠥᠭᠡᠳᠦᠯ ᠢ ᠲᠠᠰᠤᠷᠠᠯᠲᠠ ᠦᠭᠡᠢ ᠪᠡᠶᠡᠯᠡᠭᠦᠯᠵᠦ᠂ ᠪᠦᠭᠦ ᠠᠷᠠᠳ ᠲᠦᠮᠡᠨ ᠤ ᠬᠠᠮᠲᠤ ᠪᠠᠷ ᠪᠠᠶᠠᠵᠢᠬᠤ ᠶᠢ ᠲᠠᠰᠤᠷᠠᠯᠲᠠ ᠦᠭᠡᠢ ᠠᠬᠢᠭᠤᠯᠵᠤ ᠴᠢᠳᠠᠨ᠎ᠠ ᠭᠡᠵᠦ ᠵᠢᠭᠠᠵᠤ ᠭᠠᠷᠭᠠᠪᠠ᠃    ᠵᠣᠬᠢᠶᠠᠯ ᠳᠤ᠂ ᠪᠦᠯᠬᠦᠮᠳᠡᠨ ᠲᠡᠮᠡᠴᠡᠬᠦ ᠪᠣᠯ ᠳᠤᠮᠳᠠᠳᠤ ᠤᠯᠤᠰ ᠤᠨ ᠠᠷᠠᠳ ᠲᠦᠮᠡᠨ ᠤ ᠲᠡᠦᠬᠡ ᠶᠢᠨ ᠠᠤᠭ᠎ᠠ ᠦᠢᠯᠡᠰ ᠢ ᠡᠭᠦᠳᠦᠨ ᠪᠦᠲᠦᠭᠡᠬᠦ ᠶᠢᠨ ᠵᠠᠶᠢᠯᠠᠰᠢ ᠦᠭᠡᠢ ᠵᠠᠮ ᠮᠥᠨ᠃ ᠨᠠᠮ ᠤᠨ ᠤᠳᠤᠷᠢᠳᠤᠯᠭ᠎ᠠ ᠳᠣᠣᠷ᠎ᠠ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠪᠦᠯᠬᠦᠮᠳᠡᠨ ᠨᠢᠭᠡᠳᠴᠦ᠂ ᠲᠦᠮᠡᠨ ᠤ ᠵᠣᠷᠢᠭ ᠢ ᠨᠢᠭᠡᠳᠬᠡᠵᠦ ᠪᠣᠯᠣᠳ ᠬᠡᠷᠡᠮ ᠮᠡᠲᠦ ᠪᠣᠯᠵᠤ᠂ ᠵᠣᠷᠢᠭᠲᠠᠢ ᠲᠡᠮᠡᠴᠡᠵᠦ᠂ ᠴᠢᠳᠠᠮᠠᠭᠠᠢ ᠲᠡᠮᠡᠴᠡᠳᠡᠭ ᠯᠡ ᠶᠤᠮ ᠪᠣᠯ ᠪᠢᠳᠡ ᠯᠠᠪᠲᠠᠢ ᠤᠷᠤᠭᠰᠢᠯᠠᠯᠲᠠ ᠶᠢᠨ ᠵᠠᠮ ᠳᠡᠭᠡᠷᠡᠬᠢ ᠠᠯᠢᠪᠠ ᠬᠦᠴᠢᠷ ᠪᠡᠷᠬᠡᠰᠢᠶᠡᠯ ᠥᠷᠢᠰᠦᠯᠳᠦᠭᠡᠨ ᠢ ᠢᠯᠠᠨ ᠳᠠᠪᠠᠵᠤ᠂ ᠬᠥᠮᠥᠰ ᠤᠨ ᠠᠩᠬᠠᠷᠤᠯ ᠢ ᠲᠠᠲᠠᠭᠰᠠᠨ ᠰᠢᠨ᠎ᠡ ᠭᠠᠶᠢᠬᠠᠮᠰᠢᠭ ᠢ ᠦᠷᠭᠦᠯᠵᠢᠯᠡᠨ ᠡᠭᠦᠳᠴᠦ ᠴᠢᠳᠠᠨ᠎ᠠ ᠭᠡᠵᠦ ᠵᠢᠭᠠᠵᠤ ᠭᠠᠷᠭᠠᠪᠠ᠃    ᠵᠣᠬᠢᠶᠠᠯ ᠳᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠬᠤ ᠪᠣᠯ ᠰᠢᠨ᠎ᠡ ᠴᠠᠭ ᠦᠶ᠎ᠡ ᠶᠢᠨ ᠮᠠᠨ ᠤ ᠤᠯᠤᠰ ᠤᠨ ᠬᠥᠭᠵᠢᠨ ᠪᠤᠵᠠᠭᠠᠶᠢᠷᠠᠬᠤ ᠶᠢᠨ ᠵᠠᠶᠢᠯᠠᠰᠢ ᠦᠭᠡᠢ ᠵᠠᠮ ᠮᠥᠨ᠃ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠥᠪ ᠤᠨᠤᠪᠴᠢᠳᠠᠢ᠂ ᠪᠦᠭᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠨ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠲᠦᠷᠭᠡᠨ ᠪᠡᠶᠡᠯᠡᠭᠦᠯᠳᠡᠭ ᠯᠡ ᠶᠤᠮ ᠪᠣᠯ ᠪᠢᠳᠠ ᠯᠠᠪᠲᠠᠢ ᠮᠠᠨ ᠤ ᠤᠯᠤᠰ ᠤᠨ ᠬᠥᠭᠵᠢᠯᠲᠡ ᠶᠢᠨ ᠥᠷᠢᠰᠦᠯᠳᠦᠬᠦ ᠬᠦᠴᠦᠨ ᠪᠣᠯᠣᠨ ᠦᠷᠭᠦᠯᠵᠢᠯᠡᠬᠦ ᠬᠦᠴᠦᠨ ᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠡᠳᠦᠷ ᠢᠷᠡᠬᠦᠶ᠎ᠡ ᠰᠢᠷᠦᠭᠦᠰᠴᠦ ᠪᠠᠶᠢᠭ᠎ᠠ ᠤᠯᠠᠨ ᠤᠯᠤᠰ ᠤᠨ ᠥᠷᠢᠰᠦᠯᠳᠦᠭᠡᠨ ᠤ ᠳᠤᠮᠳᠠ ᠰᠠᠨᠠᠭᠠᠴᠢᠯᠠᠭᠠᠲᠤ ᠡᠷᠬᠡ ᠶᠢ ᠡᠵᠡᠮᠳᠡᠵᠦ᠂ ᠢᠷᠡᠭᠡᠳᠦᠢ ᠶᠢ ᠣᠯᠵᠤ ᠴᠢᠳᠠᠨ᠎ᠠ ᠭᠡᠵᠦ ᠵᠢᠭᠠᠵᠤ ᠭᠠᠷᠭᠠᠪᠠ᠃    ᠵᠣᠬᠢᠶᠠᠯ ᠳᠤ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠣᠯ ᠨᠠᠮ ᠤᠨ ᠠᠮᠢᠵᠢᠷᠠᠯ ᠤᠨ ᠬᠦᠴᠦᠨ ᠢ ᠡᠭᠦᠷᠢᠳᠡ ᠪᠠᠲᠤᠯᠠᠵᠤ᠂ ᠰᠢᠨ᠎ᠡ ᠰᠢᠯᠭᠠᠯᠲᠠ ᠶᠢᠨ ᠵᠠᠮ ᠢᠶᠠᠷ ᠰᠠᠶᠢᠲᠤᠷ ᠵᠠᠮᠨᠠᠬᠤ ᠶᠢᠨ ᠵᠠᠶᠢᠯᠠᠰᠢ ᠦᠭᠡᠢ ᠵᠠᠮ ᠮᠥᠨ᠃ ᠳᠤᠮᠳᠠᠳᠤ ᠤᠯᠤᠰ ᠤᠨ ᠤᠴᠢᠷ ᠶᠠᠪᠤᠳᠠᠯ ᠢ ᠰᠠᠶᠢᠲᠤᠷ ᠬᠢᠬᠦ ᠶᠢᠨ ᠵᠠᠩᠭᠢᠯᠠᠭ᠎ᠠ ᠨᠢ ᠨᠠᠮ ᠳᠤ ᠪᠤᠢ᠂ ᠵᠠᠩᠭᠢᠯᠠᠭ᠎ᠠ ᠨᠢ ᠨᠠᠮ ᠢ ᠪᠦᠭᠦ ᠲᠠᠯ᠎ᠠ ᠪᠠᠷ ᠴᠢᠩᠭ᠎ᠠ ᠵᠠᠰᠠᠬᠤ ᠳᠤ ᠪᠤᠢ᠃ ᠨᠠᠮ ᠪᠠᠶᠢᠭᠤᠯᠬᠤ ᠠᠭᠤᠤ ᠶᠡᠭᠡ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠯᠦ ᠮᠠᠷᠲᠠᠨ᠂ ᠵᠣᠷᠢᠭᠲᠠᠢ ᠪᠠᠷ ᠥᠪᠡᠷ ᠤᠨ ᠪᠡᠶ᠎ᠡ ᠳᠡᠭᠡᠨ ᠬᠤᠪᠢᠰᠬᠠᠯ ᠬᠢᠵᠦ᠂ ᠨᠠᠮ ᠤᠨ ᠲᠡᠷᠢᠭᠦᠨ ᠤ ᠴᠢᠨᠠᠷ ᠪᠠ ᠴᠡᠪᠡᠷ ᠴᠢᠨᠠᠷ ᠢ ᠬᠤᠬᠢᠷᠠᠭᠤᠯᠬᠤ ᠠᠯᠢᠪᠠ ᠬᠤᠣᠷᠲᠠᠢ ᠡᠯᠧᠮᠧᠨ᠋ᠲ ᠢ ᠲᠠᠰᠤᠷᠠᠯᠲᠠ ᠦᠭᠡᠢ ᠴᠡᠪᠡᠷᠯᠡᠨ ᠠᠷᠢᠯᠭᠠᠵᠤ᠂ ᠨᠠᠮ ᠤᠨ ᠡᠷᠡᠭᠦᠯ ᠴᠢᠭᠢᠷᠠᠭ ᠪᠡᠶ᠎ᠡ ᠴᠣᠭᠴᠠ ᠶᠢ ᠬᠤᠬᠢᠷᠠᠭᠤᠯᠬᠤ ᠠᠯᠢᠪᠠ ᠬᠤᠣᠷᠲᠠᠢ ᠡᠯᠧᠮᠧᠨ᠋ᠲ ᠢ ᠲᠠᠰᠤᠷᠠᠯᠲᠠ ᠦᠭᠡᠢ ᠴᠡᠪᠡᠷᠯᠡᠨ ᠠᠷᠢᠯᠭᠠᠳᠠᠭ ᠯᠠ ᠶᠤᠮ ᠪᠣᠯ ᠪᠢᠳᠡ ᠯᠠᠪᠲᠠᠢ ᠨᠠᠮ ᠤᠨ ᠴᠢᠨᠠᠷ ᠬᠤᠪᠢᠷᠠᠬᠤ ᠦᠭᠡᠢ᠂ ᠢᠷᠠᠭᠤ ᠠᠯᠳᠠᠷᠲᠤ ᠤᠯᠠᠮᠵᠢᠯᠠᠯ ᠬᠤᠪᠢᠷᠠᠬᠤ ᠦᠭᠡᠢ᠂ ᠰᠢᠯᠢᠳᠡᠭ ᠰᠤᠷᠲᠠᠯ ᠬᠤᠪᠢᠷᠠᠬᠤ ᠦᠭᠡᠢ ᠪᠠᠶᠢᠬᠤ ᠶᠢ ᠪᠠᠲᠤᠯᠠᠵᠤ ᠴᠢᠳᠠᠨ᠎ᠠ ᠭᠡᠵᠦ ᠵᠢᠭᠠᠵᠤ ᠭᠠᠷᠭᠠᠪᠠ᠃ 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ