ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠵᠤ ᠦᠢᠯᠡᠳᠪᠦᠷᠢᠵᠢᠯᠲᠡ ᠶᠢᠨ ᠪᠣᠬᠢᠷᠲᠤᠯ ᠥᠬᠡᠶ ᠬᠥᠭᠵᠢᠯᠲᠡ ᠶᠢᠨ ᠲᠤᠰᠬᠠᠶ ᠠᠩᠭᠢ ᠶᠢᠨ ᠠᠯᠪᠠᠨ ᠬᠡᠷ ᠠᠴᠠ 2023 ᠣᠨ ᠤ ᠤᠭᠰᠠᠷᠠᠮᠠᠯ ᠮᠠᠶ᠋ᠢᠭ ᠤᠨ ᠪᠠᠷᠢᠯᠭ᠎ᠠ ᠶᠢᠨ ᠵᠢᠱᠢᠶ᠎ᠡ ᠦᠵᠡᠭᠦᠯᠬᠦ ᠲᠥᠷᠥᠯ ᠵᠦᠢᠯ  ᠢᠶᠠᠷ ᠭᠤᠶᠤᠴᠢᠯᠠᠨ ᠮᠡᠳᠡᠭᠦᠯᠬᠦ ᠪᠠᠷ ᠪᠠᠶᠢᠭ᠎ᠠ ᠲᠥᠷᠥᠯ ᠵᠦᠢᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠢᠯᠭᠠᠪᠠ
ᠨᠡᠶᠢᠲᠡᠯᠡᠭᠰᠡᠨ ᠴᠠᠭ᠄
2023/3/10
   ᠪᠥᠬᠦ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠪᠠᠷᠢᠯᠭ᠎ᠠ ᠶᠢᠨ ᠠᠵᠤ ᠦᠢᠯᠡᠳᠪᠦᠷᠢᠵᠢᠯᠲᠡ ᠶᠢᠨ ᠪᠣᠬᠢᠷᠳᠤᠯ ᠦᠭᠡᠢ ᠬᠥᠭᠵᠢᠯᠲᠡ ᠶᠢᠨ ᠠᠬᠢᠴᠠ ᠶᠢ ᠲᠦᠷᠭᠡᠳᠬᠡᠨ ᠠᠬᠢᠭᠤᠯᠵᠤ᠂ ᠤᠭᠰᠠᠷᠠᠮᠠᠯ ᠮᠠᠶ᠋ᠢᠭ ᠤᠨ ᠪᠠᠷᠢᠯᠭ᠎ᠠ ᠶᠢ ᠶᠡᠬᠡᠪᠡᠷ ᠬᠥᠭᠵᠢᠭᠦᠯᠬᠦ ᠶᠢᠨ ᠲᠤᠰᠠᠳᠠ᠂ 3 ᠳ᠋ᠤᠭᠠᠷ ᠰᠠᠷ᠎ᠠ ᠶᠢᠨ 6 ᠤ ᠡᠳᠦᠷ ᠠᠴᠠ 7 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠠᠵᠤ ᠦᠢᠯᠡᠳᠪᠦᠷᠢᠵᠢᠯᠲᠡ ᠶᠢᠨ ᠪᠣᠬᠢᠷᠳᠤᠯ ᠦᠭᠡᠢ ᠬᠥᠭᠵᠢᠯᠲᠡ ᠶᠢᠨ ᠲᠤᠰᠬᠠᠢ ᠠᠩᠭᠢ ᠶᠢᠨ ᠠᠯᠪᠠᠨ ᠭᠡᠷ ᠠᠴᠠ ᠤᠯᠠᠭᠠᠨᠴᠠᠪ ᠬᠤᠲᠠ ᠶᠢᠨ ᠤᠭᠰᠠᠷᠠᠮᠠᠯ ᠮᠠᠶ᠋ᠢᠭ ᠤᠨ ᠪᠠᠷᠢᠯᠭ᠎ᠠ ᠶᠢᠨ ᠵᠢᠱᠢᠶ᠎ᠡ ᠦᠵᠡᠭᠦᠯᠬᠦ ᠲᠥᠷᠥᠯ ᠵᠦᠢᠯ  ᠢᠶᠠᠷ ᠭᠤᠶᠤᠴᠢᠯᠠᠨ ᠮᠡᠳᠡᠭᠦᠯᠬᠦ ᠪᠠᠷ ᠪᠠᠶᠢᠭ᠎ᠠ ᠲᠥᠷᠥᠯ ᠵᠦᠢᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠢᠯᠭᠠᠪᠠ᠃
自治区住房和城乡建设建筑工业化绿色发展专班办公室对拟申报2023年装配式建筑示范项目进行实地查验.jpg
   ᠠᠵᠢᠯᠲᠠᠳ ᠤᠭᠰᠠᠷᠠᠮᠠᠯ ᠮᠠᠶ᠋ᠢᠭ ᠤᠨ ᠪᠠᠷᠢᠯᠭ᠎ᠠ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠤᠨ ᠪᠣᠳᠠᠲᠠᠢ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠪᠠ ᠠᠬᠢᠴᠠ ᠶᠢ ᠲᠤᠬᠠᠢ ᠶᠢᠨ ᠲᠠᠯᠠᠪᠤᠷ ᠲᠤ ᠪᠠᠶᠢᠴᠠᠭᠠᠨ ᠦᠵᠡᠵᠦ᠂ ᠲᠥᠷᠥᠯ ᠵᠦᠢᠯ ᠤᠨ ᠤᠭᠰᠠᠷᠠᠮᠠᠯ ᠦᠢᠯᠡᠳᠬᠦᠨ ᠪᠠ ᠤᠭᠰᠠᠷᠠᠯᠲᠠ ᠶᠢᠨ ᠨᠣᠷᠮ᠎ᠠ ᠶᠢ ᠨᠠᠷᠢᠨ ᠬᠢᠨᠠᠮᠠᠭᠠᠢ ᠣᠶᠢᠯᠠᠭᠠᠭᠰᠠᠨ ᠪᠥᠭᠡᠳ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠨᠢᠭᠡᠴᠡ ᠲᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃ ᠡᠭᠦᠨ ᠤ ᠬᠠᠮᠲᠤ ᠤᠯᠠᠭᠠᠨᠴᠠᠪ ᠬᠤᠲᠠ ᠶᠢᠨ ᠪᠠᠷᠢᠯᠭ᠎ᠠ ᠶᠢᠨ ᠬᠤᠭ ᠨᠣᠪᠰᠢ ᠶᠢ ᠡᠬᠢ ᠪᠠᠶᠠᠯᠢᠭᠵᠢᠭᠤᠯᠤᠨ ᠶᠡᠷᠦᠩᠬᠡᠶᠢᠯᠡᠨ ᠠᠰᠢᠭᠯᠠᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠦᠵᠡᠵᠦ᠂ ᠤᠯᠠᠭᠠᠨᠴᠠᠪ ᠬᠤᠲᠠ ᠶᠢᠨ ᠪᠠᠷᠢᠯᠭ᠎ᠠ ᠶᠢᠨ ᠬᠤᠭ ᠨᠣᠪᠰᠢ ᠶᠢ ᠡᠬᠢ ᠪᠠᠶᠠᠯᠢᠭᠵᠢᠭᠤᠯᠤᠨ ᠠᠰᠢᠭᠯᠠᠬᠤ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ᠂ ᠬᠦᠴᠢᠷᠳᠡᠯ ᠵᠢᠴᠢ ᠲᠠᠷᠠᠭᠠᠴᠢ ᠶᠢᠨ ᠠᠯᠬᠤᠮ ᠤᠨ ᠠᠬᠢᠭᠤᠯᠬᠤ ᠠᠷᠭ᠎ᠠ ᠬᠡᠮᠵᠢᠶ᠎ᠡ ᠶᠢ ᠰᠤᠳᠤᠯᠤᠨ ᠶᠠᠷᠢᠯᠴᠠᠪᠠ᠃   ᠲᠤᠰᠬᠠᠢ ᠠᠩᠭᠢ ᠶᠢᠨ ᠠᠯᠪᠠᠨ ᠭᠡᠷ ᠠᠴᠠ ᠤᠭᠰᠠᠷᠠᠮᠠᠯ ᠮᠠᠶ᠋ᠢᠭ ᠤᠨ ᠪᠠᠷᠢᠯᠭ᠎ᠠ ᠪᠣᠯ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠡᠨᠧᠷᠭᠢ ᠠᠷᠪᠢᠯᠠᠵᠤ ᠪᠣᠬᠢᠷᠳᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠵᠤ ᠬᠤᠷᠣᠭᠳᠠᠯ ᠢ ᠪᠠᠭᠠᠰᠬᠠᠬᠤ ᠶᠢ ᠠᠬᠢᠭᠤᠯᠬᠤ ᠬᠦᠴᠦᠲᠡᠢ ᠭᠠᠷᠳᠠᠴᠠ ᠪᠣᠯᠵᠤ᠂ ᠡᠨᠡ ᠨᠢ ᠪᠠᠷᠢᠯᠭ᠎ᠠ ᠶᠢᠨ ᠬᠤᠭ ᠨᠣᠪᠰᠢ ᠭᠠᠳᠠᠭᠰᠢᠯᠠᠭᠤᠯᠬᠤ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ᠂ ᠲᠣᠭᠤᠰᠣ ᠳᠡᠭᠳᠡᠬᠦ ᠪᠠ ᠲᠠᠭᠤ ᠱᠤᠤᠭᠢᠶᠠᠨ ᠤ ᠪᠣᠬᠢᠷᠳᠤᠯ ᠢ ᠪᠦᠲᠦᠮᠵᠢᠲᠡᠶ ᠪᠠᠭᠠᠰᠬᠠᠵᠤ᠂ ᠬᠤᠲᠠ ᠶᠢᠨ ᠣᠷᠴᠢᠨ ᠲᠣᠭᠤᠷᠢᠨ ᠢ ᠰᠠᠶᠢᠵᠢᠷᠠᠭᠤᠯᠵᠤ᠂ ᠪᠠᠷᠢᠯᠭ᠎ᠠ ᠶᠢᠨ ᠶᠡᠷᠦᠩᠬᠡᠶᠢᠯᠡᠭᠰᠡᠨ ᠶᠠᠰᠤ ᠴᠢᠨᠠᠷ ᠪᠠ ᠴᠢᠳᠠᠮᠵᠢ ᠶᠢ ᠳᠡᠭᠡᠭᠰᠢᠯᠡᠭᠦᠯᠬᠦ ᠳᠤ ᠠᠰᠢᠭᠲᠠᠢ ᠶᠤᠮ᠃ ᠤᠯᠠᠭᠠᠨᠴᠠᠪ ᠬᠤᠲᠠ ᠵᠢᠱᠢᠶ᠎ᠡ ᠦᠵᠡᠭᠦᠯᠬᠦ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠣᠲᠣ ᠶᠢᠨ ᠪᠠᠶᠢᠭ᠎ᠠ ᠤᠭᠰᠠᠷᠠᠮᠠᠯ ᠮᠠᠶ᠋ᠢᠭ ᠤᠨ ᠪᠠᠷᠢᠯᠭ᠎ᠠ ᠶᠢᠨ ᠵᠢᠱᠢᠶ᠎ᠡ ᠦᠵᠡᠭᠦᠯᠬᠦ ᠠᠵᠤ ᠦᠢᠯᠡᠰ ᠤᠨ ᠰᠠᠭᠤᠷᠢᠨ ᠭᠠᠵᠠᠷ ᠤᠨ ᠰᠠᠭᠤᠷᠢᠨ ᠳᠡᠭᠡᠷ᠎ᠡ᠂ ᠳᠡᠯᠭᠡᠷᠡᠭᠦᠯᠦᠨ ᠬᠡᠷᠡᠭᠯᠡᠬᠦ ᠬᠡᠪᠴᠢᠶ᠎ᠡ ᠪᠠᠨ ᠤᠯᠠᠮ ᠨᠢᠭᠡ ᠠᠯᠬᠤᠮ ᠨᠡᠮᠡᠭᠳᠡᠭᠦᠯᠵᠦ᠂ ᠡᠯ᠎ᠡ ᠲᠥᠷᠥᠯ ᠬᠡᠯᠪᠡᠷᠢ ᠶᠢᠨ ᠤᠭᠰᠠᠷᠠᠮᠠᠯ ᠮᠠᠶ᠋ᠢᠭ ᠤᠨ ᠪᠠᠷᠢᠯᠭ᠎ᠠ ᠶᠢᠨ ᠠᠵᠤ ᠦᠢᠯᠡᠰ ᠤᠨ ᠰᠠᠭᠤᠷᠢᠨ ᠭᠠᠵᠠᠷ ᠢ ᠦᠷᠭᠦᠯᠵᠢᠯᠡᠨ ᠪᠣᠶᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠤᠭᠰᠠᠷᠠᠮᠠᠯ ᠮᠠᠶ᠋ᠢᠭ ᠤᠨ ᠪᠠᠷᠢᠯᠭ᠎ᠠ ᠶᠢᠨ ᠬᠥᠭᠵᠢᠯᠲᠡ ᠳᠤ ᠢᠳᠡᠪᠬᠢᠲᠡᠢ ᠪᠠᠷ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠵᠦ ᠵᠢᠭᠠᠨ ᠭᠠᠷᠭᠠᠪᠠ᠃ 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠪᠣᠬᠢᠷᠲᠤᠯ ᠦᠭᠡᠢ ᠬᠥᠭᠵᠢᠯᠲᠡ