ᠢᠦᠶ ᠰᠢᠨ ᠹᠠᠩ ᠪᠦᠯᠬᠦᠮ ᠳᠠᠭᠠᠭᠤᠯᠤᠨ ᠠᠨᠾᠦ᠋ᠢ ᠮᠤᠵᠢ ᠳᠤ ᠬᠦᠷᠴᠦ ᠬᠤᠲᠠ ᠶᠢᠨ ᠠᠮᠢ ᠠᠬᠤᠢ ᠶᠢᠨ ᠠᠮᠤᠷ ᠲᠦᠪᠰᠢᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠰᠤᠷᠤᠯᠴᠠᠵᠤ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2023/3/10
   ᠣᠶᠢᠷ᠎ᠠ ᠳᠤ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠢᠩᠬᠢᠮ ᠤᠨ ᠳᠡᠳ᠋ ᠳᠠᠷᠤᠭ᠎ᠠ ᠢᠦᠶ ᠰᠢᠨ ᠹᠠᠩ ᠪᠦᠯᠬᠦᠮ ᠳᠠᠭᠠᠭᠤᠯᠤᠨ ᠠᠨᠾᠦ᠋ᠢ ᠮᠤᠵᠢ ᠶᠢᠨ ᠾᠧᠹᠧᠢ ᠬᠤᠲᠠ ᠳᠤ ᠬᠦᠷᠴᠦ ᠬᠤᠲᠠ ᠶᠢᠨ ᠠᠮᠢ ᠠᠬᠤᠢ ᠶᠢᠨ ᠠᠮᠤᠷ ᠲᠦᠪᠰᠢᠨ ᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠰᠢᠨᠵᠢᠯᠡᠨ ᠪᠠᠶᠢᠴᠠᠭᠠᠪᠠ᠃
于新芳带队赴安徽省学习考察城市生命线安全工程建设工作1.jpg
   ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠴᠢᠩᠬᠤᠸᠠ ᠶᠡᠭᠡ ᠰᠤᠷᠭᠠᠭᠤᠯᠢ ᠶᠢᠨ ᠾᠧᠹᠧᠢ ᠳᠠᠬᠢ ᠣᠯᠠᠨ ᠨᠡᠶᠢᠲᠡ ᠶᠢᠨ ᠠᠮᠤᠷ ᠲᠦᠪᠰᠢᠨ ᠤ ᠰᠤᠳᠤᠯᠭᠠᠨ ᠤ ᠬᠦᠷᠢᠶᠡᠯᠡᠩ ᠤᠨ ᠬᠤᠲᠠ ᠶᠢᠨ ᠠᠮᠢ ᠠᠬᠤᠢ ᠶᠢᠨ ᠠᠮᠤᠷ ᠲᠦᠪᠰᠢᠨ ᠤ ᠤᠶᠤᠨᠴᠢᠯᠠᠭᠰᠠᠨ ᠰᠤᠳᠤᠯᠭᠠᠨ ᠤ ᠲᠤᠷᠰᠢᠯᠲᠠ ᠶᠢᠨ ᠲᠠᠪᠴᠠᠩ᠂ ᠣᠯᠠᠨ ᠭᠠᠮᠰᠢᠭ ᠤᠨ ᠡᠯᠧᠮᠧᠨ᠋ᠲ ᠤᠨ ᠠᠪᠤᠴᠠᠯᠳᠤᠯ ᠤᠨ ᠦᠢᠯᠡᠳᠦᠯ ᠤᠨ ᠲᠠᠪᠴᠠᠩ ᠂ ᠭᠠᠯ ᠤᠨᠲᠠᠷᠠᠭᠠᠬᠤ ᠪᠠ ᠪᠠᠴᠢᠮ ᠪᠠᠶᠢᠳᠠᠯ ᠢ ᠠᠷᠭᠠᠴᠠᠨ ᠠᠪᠤᠷᠠᠨ ᠲᠤᠰᠠᠯᠠᠬᠤ ᠤᠯᠤᠰ ᠤᠨ ᠢᠨᠵᠧᠨᠧᠷᠢᠩ ᠤᠨ ᠲᠤᠷᠰᠢᠯᠲᠠ ᠶᠢᠨ ᠲᠠᠰᠤᠭ ᠵᠡᠷᠭᠡ ᠣᠷᠣᠨ ᠢᠶᠠᠷ ᠲᠣᠭᠤᠷᠢᠨ ᠦᠵᠡᠵᠦ᠂ ᠲᠠᠨᠢᠯᠴᠠᠭᠤᠯᠭ᠎ᠠ ᠶᠢ ᠰᠣᠨᠣᠰᠬᠤ᠂ ᠶᠠᠷᠢᠯᠴᠠᠵᠤ ᠰᠣᠯᠢᠯᠴᠠᠬᠤ ᠵᠡᠷᠭᠡ ᠠᠷᠭ᠎ᠠ ᠬᠡᠯᠪᠡᠷᠢ ᠪᠠᠷ ᠴᠢᠩᠬᠤᠸᠠ ᠶᠡᠭᠡ ᠰᠤᠷᠭᠠᠭᠤᠯᠢ ᠶᠢᠨ ᠾᠧᠹᠧᠢ ᠳᠠᠬᠢ ᠣᠯᠠᠨ ᠨᠡᠶᠢᠲᠡ ᠶᠢᠨ ᠠᠮᠤᠷ ᠲᠦᠪᠰᠢᠨ ᠤ ᠰᠤᠳᠤᠯᠭᠠᠨ ᠤ ᠬᠦᠷᠢᠶᠡᠯᠡᠩ ᠤᠨ ᠬᠠᠷᠠᠯᠲᠠ ᠶᠢᠨ ᠪᠠᠶᠢᠷᠢ ᠲᠣᠭᠲᠠᠭᠠᠯᠲᠠ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠤᠨ ᠬᠡᠷᠡᠭᠯᠡᠬᠦ ᠵᠢᠴᠢ ᠠᠨᠾᠦ᠋ᠢ ᠮᠤᠵᠢ ᠶᠢᠨ ᠬᠤᠲᠠ ᠶᠢᠨ ᠠᠮᠢ ᠠᠬᠤᠢ ᠶᠢᠨ ᠠᠮᠤᠷ ᠲᠦᠪᠰᠢᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠵᠡᠷᠭᠡ ᠲᠠᠯ᠎ᠠ ᠶᠢᠨ ᠪᠠᠶᠢᠳᠠᠯ ᠢ ᠨᠠᠷᠢᠨ ᠣᠶᠢᠯᠠᠭᠠᠵᠤ᠂ ᠬᠤᠲᠠ ᠶᠢᠨ ᠠᠮᠢ ᠨᠠᠰᠤᠨ ᠤ ᠠᠮᠦᠷ ᠲᠦᠪᠰᠢᠨ ᠤ ᠪᠦᠲᠦᠭᠡᠨ ᠪᠠᠶᠢᠭᠤᠯᠤᠯᠲᠠ ᠶᠢᠨ ᠥᠪᠡᠷ ᠤᠨ ᠥᠷᠲᠡᠭ᠂ ᠦᠢᠯᠡᠴᠢᠯᠡᠭᠡ ᠡᠵᠡᠩᠨᠡᠯᠲᠡ᠂ ᠰᠡᠷᠡᠮᠵᠢᠯᠡᠭᠦᠯᠬᠦ᠂ ᠬᠤᠯᠪᠣᠭᠠᠯᠠᠨ ᠰᠢᠢᠳᠪᠦᠷᠢᠯᠡᠬᠦ ᠵᠡᠷᠭᠡ ᠲᠠᠯ᠎ᠠ ᠪᠠᠷ ᠠᠨᠾᠦ᠋ᠢ ᠮᠤᠵᠢ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠲᠠᠢ ᠰᠠᠨᠠᠯ ᠢᠶᠠᠨ ᠰᠣᠯᠢᠯᠴᠠᠪᠠ᠃
于新芳带队赴安徽省学习考察城市生命线安全工程建设工作2.jpg
   ᠰᠢᠨᠵᠢᠯᠡᠨ ᠪᠠᠶᠢᠴᠠᠭᠠᠬᠤ ᠳᠤᠭᠤᠶᠢᠯᠠᠩ ᠪᠠᠰᠠ ᠾᠧᠹᠧᠢ ᠬᠤᠳᠠ ᠶᠢᠨ ᠰᠢᠲᠠᠮᠠᠬᠠᠢ ᠬᠡᠢ ᠶᠢ ᠬᠢᠨᠠᠨ ᠬᠡᠮᠵᠢᠬᠦ ᠴᠡᠭ᠂ ᠬᠥᠭᠦᠷᠭᠡ ᠶᠢ ᠬᠢᠨᠠᠨ ᠬᠡᠮᠵᠢᠬᠦ ᠴᠡᠭ᠂ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠶᠡᠷᠦᠩᠬᠡᠶᠢᠯᠡᠭᠰᠡᠨ ᠬᠤᠭᠤᠯᠠᠢ ᠶᠢᠨ ᠬᠤᠩᠬᠢᠯ ᠤᠨ ᠤᠯᠤᠰ ᠤᠨ ᠲᠤᠷᠰᠢᠯᠲᠠ ᠶᠢᠨ ᠲᠦᠷᠦᠯ ᠵᠦᠢᠯ᠂ ᠰᠢᠲᠠᠮᠠᠬᠠᠢ ᠬᠡᠢ ᠶᠢᠨ ᠠᠵᠤ ᠠᠬᠤᠶᠢᠯᠠᠯ ᠳᠤ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠯᠲᠠ ᠬᠢᠵᠡᠢ᠃ ᠾᠧᠹᠧᠢ ᠬᠤᠲᠠ ᠶᠢᠨ ᠠᠮᠢ ᠠᠬᠤᠢ ᠶᠢᠨ ᠠᠮᠤᠷ ᠲᠦᠪᠰᠢᠨ ᠤ ᠢᠨᠵᠧᠨᠧᠷᠢᠩ ᠨᠢ ᠣᠯᠠᠨ ᠨᠡᠶᠢᠲᠡ ᠶᠢᠨ ᠠᠮᠤᠷ ᠲᠦᠪᠰᠢᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠪᠠᠷ ᠲᠤᠯᠭᠠᠭᠤᠷᠢᠯᠠᠯ ᠪᠣᠯᠭᠠᠵᠤ᠂ ᠨᠡᠶᠢᠯᠡᠮᠡᠯ ᠪᠣᠳᠠᠰ ᠤᠨ ᠰᠦᠯᠵᠢᠶ᠎ᠡ᠂ ᠡᠭᠦᠯᠡᠨ ᠪᠣᠳᠣᠯᠲᠠ᠂ ᠰᠢᠯᠵᠢᠮᠡᠯ ᠢᠨᠲ᠋ᠧᠷ ᠰᠦᠯᠵᠢᠶ᠎ᠡ᠂ BIM᠂ GIS ᠵᠡᠷᠭᠡ ᠣᠯᠠᠨ ᠵᠦᠢᠯ ᠤᠨ ᠣᠳᠣ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠤᠨ ᠠᠷᠭ᠎ᠠ ᠪᠠᠷᠢᠯ ᠢᠶᠠᠷ᠂ ᠬᠤᠲᠠ ᠶᠢᠨ ᠠᠵᠢᠯᠯᠠᠭᠠᠨ ᠤ ᠲᠦᠭᠰᠢᠭᠦᠷᠢ ᠶᠢ ᠬᠠᠷᠠᠭᠤᠯᠬᠤ᠂ ᠬᠢᠨᠠᠯᠲᠠ ᠬᠠᠮᠢᠶᠠᠷᠤᠯᠲᠠ ᠶᠢ ᠵᠢᠷᠤᠮᠵᠢᠭᠤᠯᠬᠤ᠂ ᠠᠵᠢᠯᠯᠠᠭᠠᠨ ᠢ ᠢᠯᠡ ᠪᠣᠯᠭᠠᠬᠤ᠂ ᠬᠠᠮᠢᠶᠠᠷᠤᠯᠲᠠ ᠶᠢ ᠨᠠᠷᠢᠯᠢᠭᠵᠢᠭᠤᠯᠬᠤ᠂ ᠪᠠᠲᠤᠯᠠᠭ᠎ᠠ ᠶᠢ ᠢᠳᠡᠪᠬᠢᠵᠢᠭᠦᠯᠬᠦ ᠶᠢ ᠪᠡᠶᠡᠯᠡᠭᠦᠯᠵᠦ᠂ ᠬᠤᠲᠠ ᠶᠢᠨ ᠬᠠᠮᠢᠶᠠᠷᠤᠯᠲᠠ ᠶᠢ ᠰᠠᠶᠢᠲᠤᠷ ᠬᠢᠬᠦ ᠳᠤ ᠡᠷᠬᠢᠮ ᠨᠠᠨᠳᠢᠨ ᠲᠤᠷᠰᠢᠯᠭ᠎ᠠ ᠬᠠᠩᠭᠠᠪᠠ ᠭᠡᠵᠦ ᠢᠯᠡᠳᠬᠡᠵᠡᠭᠡᠪᠡ᠃ ᠲᠠᠷᠠᠭᠠᠴᠢ ᠶᠢᠨ ᠠᠯᠬᠤᠮ ᠳᠤ ᠥᠪᠥᠷ ᠮᠣᠩᠭᠤᠯ ︽ᠾᠧᠹᠧᠢ ᠶᠢᠨ ᠵᠠᠭᠪᠤᠷ︾ ᠢ ᠢᠳᠡᠪᠬᠢᠲᠡᠶ ᠰᠤᠷᠤᠯᠴᠠᠨ ᠬᠠᠶᠢᠨ ᠰᠦᠪᠡᠭᠴᠢᠯᠡᠬᠦ ᠠᠵᠢᠯ ᠢ ᠰᠠᠶᠢᠳᠤᠷ ᠬᠢᠵᠦ᠂ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠳᠠᠯᠤᠨ ᠰᠢᠨᠵᠢᠯᠡᠵᠦ᠂ ᠲᠡᠷᠢᠭᠦᠨ ᠤ ᠣᠶᠢᠯᠠᠭᠠᠭᠳᠠᠬᠤᠨ᠂ ᠲᠡᠷᠢᠭᠦᠨ ᠤ ᠲᠤᠷᠰᠢᠯᠭ᠎ᠠ ᠶᠢ ᠰᠢᠩᠭᠡᠭᠡᠨ ᠠᠪᠴᠤ᠂ ᠬᠤᠲᠠ ᠶᠢᠨ ᠠᠮᠤᠷ ᠲᠦᠪᠰᠢᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠴᠢᠳᠠᠪᠤᠷᠢ ᠪᠠ ᠬᠢᠷᠢ ᠲᠦᠪᠰᠢᠨ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃   ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠬᠠᠮᠢᠶ᠎ᠠ ᠪᠥᠬᠦᠶ ᠭᠠᠵᠠᠷ᠂ ᠠᠯᠪᠠᠨ ᠭᠡᠷ ᠤᠨ ᠬᠠᠷᠢᠭᠤᠴᠠᠯᠭᠠᠲᠠᠨ᠂ ᠬᠥᠬᠡᠬᠤᠲᠠ᠂ ᠪᠤᠭᠤᠲᠤ ᠬᠤᠲᠠ᠂ ᠣᠷᠳᠣᠰ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠬᠠᠷᠢᠭᠤᠴᠠᠯᠭᠠᠲᠠᠳ ᠰᠢᠨᠵᠢᠯᠡᠨ ᠪᠠᠶᠢᠴᠠᠭᠠᠯᠳᠠ ᠳᠤ ᠣᠷᠣᠯᠴᠠᠪᠠ᠃ 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠬᠤᠲᠠ ᠶᠢᠨ ᠬᠠ᠊