ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠢ ᠶᠢᠨ ᠫᠢᠩ 15 ᠤ ᠡᠳᠦᠷ ᠪᠡᠭᠡᠵᠢᠩ ᠳᠤ ᠳᠤᠮᠳᠠᠳᠤ ᠤᠯᠤᠰ ᠤᠨ ᠡᠪ | ᠬᠠᠮᠲᠤ ᠨᠠᠮ ᠪᠣᠯᠣᠨ ᠳᠡᠯᠡᠬᠡᠢ ᠶᠢᠨ ᠲᠦᠷᠦ ᠶᠢᠨ ᠨᠠᠮ ᠯᠤᠭ᠎ᠠ ᠶᠢᠨ ᠳᠡᠭᠡᠳᠦ ᠲᠡᠰ ᠤᠨ ᠶᠠᠷᠢᠯᠴᠠᠭᠠᠨ ᠤ ᠬᠤᠷᠠᠯ ᠳᠤ ᠣᠷᠣᠯᠴᠠᠬᠰᠠᠨ ᠪᠥᠭᠡᠳ ︽ᠭᠠᠷ ᠬᠤᠯᠪᠣᠨ | ᠣᠳᠣᠬᠢᠴᠢᠯᠠᠯᠲᠠ ᠶᠢᠨ ᠵᠠᠮ ᠢᠶᠠᠷ ᠬᠠᠮᠲᠤ ᠪᠠᠷ ᠤᠷᠤᠭᠰᠢᠯᠠᠶ᠎ᠠ︾ ᠭᠡᠬᠦ ᠰᠡᠳᠦᠪ ᠢᠶᠠᠷ ᠭᠤᠣᠯ ᠵᠤᠷᠢᠯᠳᠠᠳᠤ ᠶᠠᠷᠢᠶ᠎ᠠ ᠲᠠᠯᠪᠢᠪᠠ᠃ ᠲᠡᠷᠡ᠂ ᠣᠳᠣᠬᠢᠴᠢᠯᠠᠯᠲᠠ ᠶᠢᠨ | ᠲᠤᠬᠠᠢ ᠠᠯᠢ ᠣᠯᠠᠨ ᠠᠰᠠᠭᠤᠯᠲᠠ ᠳᠤ ᠴᠢᠭᠯᠡᠭᠦᠯᠦᠨ᠂ ᠲᠥᠷᠥ ᠶᠢᠨ ᠨᠠᠮ ᠨᠢ ᠣᠳᠣᠬᠢᠴᠢᠯᠠᠯᠲᠠ ᠶᠢᠨ ᠠᠬᠢᠴᠠ ᠶᠢ ᠬᠥᠲᠥᠯᠥᠨ ᠳᠠᠭᠠᠭᠤᠯᠬᠤ ᠪᠠ ᠲᠦᠯᠬᠢᠨ | ᠠᠬᠢᠭᠤᠯᠬᠤ ᠴᠢᠬᠤᠯᠠ ᠬᠦᠴᠦᠨ ᠪᠣᠯᠤᠭᠰᠠᠨ ᠤ ᠬᠤᠪᠢ ᠳᠤ᠂ ᠬᠠᠷᠢᠭᠤᠯᠲᠠ ᠥᠭᠭᠦ ᠬᠠᠷᠢᠭᠤᠴᠠᠯᠭ᠎ᠠ ᠲᠠᠢ ᠶᠤᠮ᠃ ᠳᠤᠮᠳᠠᠳᠤ ᠤᠯᠤᠰ ᠤᠨ ᠡᠪ ᠬᠠᠮᠲᠤ ᠨᠠᠮ | ᠢᠮᠠᠭᠲᠠ ᠲᠤᠰ ᠪᠡᠶ᠎ᠡ ᠶᠢᠨ ᠬᠤᠪᠢ ᠵᠠᠶᠠᠭ᠎ᠠ ᠪᠠᠨ ᠡᠯ᠎ᠡ ᠤᠯᠤᠰ ᠤᠨ ᠠᠷᠠᠳ ᠲᠦᠮᠡᠨ ᠤ ᠬᠤᠪᠢ ᠵᠠᠶᠠᠭ᠎ᠠ ᠲᠠᠢ ᠨᠢᠭᠲᠠ ᠬᠤᠯᠪᠣᠵᠤ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠠᠮᠵᠢᠯᠲᠠ ᠪᠦᠲᠦᠮᠵᠢ ᠪᠠᠷ ᠳᠡᠯᠡᠬᠡᠢ ᠶᠢᠨ ᠬᠥᠭᠵᠢᠯᠲᠡ ᠳᠤ ᠰᠢᠨ᠎ᠡ ᠠᠵᠠ ᠲᠣᠭᠢᠶᠠᠯ ᠬᠠᠩᠭᠠᠵᠤ᠂ ᠬᠥᠮᠥᠨ | ᠲᠥᠷᠥᠯᠬᠢᠲᠡᠨ ᠤ ᠣᠳᠣᠬᠢᠴᠢᠯᠠᠯᠲᠠ ᠶᠢᠨ ᠵᠠᠮ ᠢ ᠬᠠᠶᠢᠨ ᠰᠦᠪᠡᠭᠴᠢᠯᠡᠬᠦ ᠳᠤ ᠰᠢᠨ᠎ᠡ ᠬᠦᠴᠦᠨ ᠨᠡᠮᠡᠷᠢᠯᠡᠵᠦ᠂ ᠬᠥᠮᠥᠨ ᠲᠥᠷᠥᠯᠬᠢᠲᠡᠨ ᠤ ᠨᠡᠶᠢᠭᠡᠮ ᠤᠨ | ᠣᠳᠣᠬᠢᠴᠢᠯᠠᠯᠲᠠ ᠶᠢᠨ ᠤᠨᠤᠯ ᠪᠣᠯᠣᠨ ᠦᠢᠯᠡᠳᠦᠯᠭᠡ ᠶᠢᠨ ᠰᠢᠨ᠎ᠡ ᠶᠢ ᠡᠭᠦᠳᠭᠦ ᠳᠤ ᠰᠢᠨ᠎ᠡ ᠬᠤᠪᠢ ᠨᠡᠮᠡᠷᠢ ᠦᠵᠡᠭᠦᠯᠭᠦ ᠪᠠᠷ ᠴᠢᠷᠮᠠᠶᠢᠨ᠎ᠠ ᠭᠡᠵᠦ ᠴᠢᠬᠤᠯᠠᠴᠢᠯᠠᠪᠠ᠃ | | | | | 3 ᠰᠠᠷ᠎ᠠ ᠶᠢᠨ 15 ᠤ ᠡᠳᠦᠷ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠳᠤ ᠳᠤᠮᠳᠠᠳᠤ | ᠤᠯᠤᠰ ᠤᠨ ᠡᠪ ᠬᠠᠮᠲᠤ ᠨᠠᠮ ᠪᠣᠯᠣᠨ ᠳᠡᠯᠡᠬᠡᠢ ᠶᠢᠨ ᠲᠦᠷᠦ ᠶᠢᠨ ᠨᠠᠮ ᠯᠤᠭ᠎ᠠ ᠶᠢᠨ ᠳᠡᠭᠡᠳᠦ ᠲᠡᠰ ᠤᠨ ᠶᠠᠷᠢᠯᠴᠠᠭᠠᠨ ᠤ ᠬᠤᠷᠠᠯ ᠳᠤ ᠣᠷᠣᠯᠴᠠᠬᠰᠠᠨ ᠪᠥᠭᠡᠳ ︽ | ᠭᠠᠷ ᠬᠤᠯᠪᠣᠨ ᠣᠳᠣᠬᠢᠴᠢᠯᠠᠯᠲᠠ ᠶᠢᠨ ᠵᠠᠮ ᠢᠶᠠᠷ ᠬᠠᠮᠲᠤ ᠪᠠᠷ ᠤᠷᠤᠭᠰᠢᠯᠠᠶ᠎ᠠ︾ ᠭᠡᠬᠦ ᠰᠡᠳᠦᠪ ᠢᠶᠠᠷ ᠭᠤᠣᠯ ᠵᠤᠷᠢᠯᠳᠠᠳᠤ ᠶᠠᠷᠢᠶ᠎ᠠ ᠲᠠᠯᠪᠢᠪᠠ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠬᠤᠸᠠᠩ ᠵᠢᠩ ᠸᠧᠨ ᠰᠡᠭᠦᠳᠡᠷᠯᠡᠪᠡ | ᠰᠢ ᠶᠢᠨ ᠫᠢᠩ᠂ ᠬᠥᠮᠥᠨ ᠲᠥᠷᠥᠯᠬᠢᠲᠡᠨ ᠤ ᠨᠡᠶᠢᠭᠡᠮ ᠤᠨ ᠬᠥᠭᠵᠢᠯᠲᠡ ᠶᠢᠨ ᠠᠬᠢᠴᠠ ᠨᠤᠭᠤᠷᠠᠯ ᠪᠦᠳᠦᠷᠢᠯ ᠲᠠᠢ ᠪᠠᠶᠢᠵᠤ᠂ ᠡᠯ᠎ᠡ ᠤᠯᠤᠰ ᠤᠨ | ᠣᠳᠣᠬᠢᠴᠢᠯᠠᠯᠲᠠ ᠶᠢᠨ ᠵᠠᠮ ᠢ ᠬᠠᠶᠢᠨ ᠰᠦᠪᠡᠭᠴᠢᠯᠡᠭᠰᠡᠨ ᠶᠠᠪᠤᠴᠠ ᠪᠡᠷᠬᠡ ᠬᠠᠲᠠᠭᠤᠵᠢᠯᠲᠠᠢ ᠶᠤᠮ᠃ ᠣᠳᠣᠬᠠᠨ ᠤ ᠳᠡᠯᠡᠬᠡᠢ ᠶᠢᠷᠲᠢᠨᠴᠦ ᠳᠤ᠂ ᠤᠯᠠᠨ ᠳᠠᠪᠬᠤᠷ | ᠥᠷᠢᠰᠦᠯᠳᠦᠭᠡᠨ ᠪᠠ ᠠᠶᠤᠯ ᠲᠦᠭᠰᠢᠭᠦᠷᠢ ᠰᠣᠯᠪᠢᠴᠠᠨ ᠳᠠᠪᠬᠤᠴᠠᠵᠤ᠂ ᠳᠡᠯᠡᠬᠡᠢ ᠶᠢᠨ ᠠᠵᠤ ᠠᠬᠤᠢ ᠶᠢᠨ ᠰᠡᠷᠭᠦᠯᠲᠡ ᠪᠡᠷᠬᠡ ᠬᠠᠲᠠᠭᠤᠵᠢᠯᠲᠠᠢ ᠪᠠᠶᠢᠵᠤ᠂ | ᠬᠥᠭᠵᠢᠯᠲᠡ ᠶᠢᠨ ᠵᠠᠭᠠᠭ ᠲᠠᠰᠤᠷᠠᠯᠳᠠ ᠦᠭᠡᠢ ᠶᠡᠬᠡᠰᠴᠦ᠂ ᠠᠮᠢ ᠠᠬᠤᠢ ᠣᠷᠴᠢᠨ ᠲᠣᠭᠤᠷᠢᠨ ᠦᠷᠭᠦᠯᠵᠢᠯᠡᠨ ᠮᠠᠭᠤᠳᠠᠵᠤ᠂ ᠬᠦᠢᠲᠡᠨ ᠲᠠᠶᠢᠨ ᠤ ᠰᠡᠳᠬᠢᠬᠦᠢ ᠨᠢ | ᠰᠠᠷᠨᠢᠬᠤ ᠦᠭᠡᠢ ᠪᠠᠶᠢᠵᠤ᠂ ᠬᠥᠮᠥᠨ ᠲᠥᠷᠥᠯᠬᠢᠲᠡᠨ ᠤ ᠨᠡᠶᠢᠭᠡᠮ ᠤᠨ ᠣᠳᠣᠬᠢᠴᠢᠯᠠᠯᠲᠠ ᠶᠢᠨ ᠠᠬᠢᠴᠠ ᠲᠡᠦᠬᠡ ᠶᠢᠨ ᠲᠣᠨᠣᠯᠵᠢᠨ ᠵᠠᠮ ᠳᠤ ᠳᠠᠬᠢᠨᠲᠠ ᠬᠦᠷᠴᠦ | ᠢᠷᠡᠪᠡ ᠭᠡᠵᠦ ᠴᠢᠬᠤᠯᠠᠴᠢᠯᠠᠪᠠ᠃ ᠡᠭᠦᠨ ᠤ ᠲᠤᠯᠠᠳᠠ᠂ ᠲᠡᠷᠡ 5 ᠲᠠᠯ᠎ᠠ ᠶᠢᠨ ᠰᠠᠨᠠᠭᠠᠴᠢᠯᠠᠭ᠎ᠠ ᠳᠤᠷᠠᠳᠴᠠᠢ᠄ ᠠᠷᠠᠳ ᠲᠦᠮᠡᠨ ᠢ ᠳᠡᠭᠡᠳᠦᠯᠡᠬᠦ ᠣᠶᠢᠯᠠᠭᠠᠭᠳᠠᠬᠤᠨ ᠢ | ᠪᠠᠲᠤ ᠰᠠᠬᠢᠵᠤ᠂ ᠣᠳᠣᠬᠢᠴᠢᠯᠠᠯᠲᠠ ᠶᠢᠨ ᠴᠢᠭᠯᠡᠯ ᠤᠨ ᠠᠷᠠᠳᠴᠢ ᠴᠢᠨᠠᠷ ᠢ ᠲᠤᠪᠤᠶᠢᠯᠭᠠᠬᠤ ᠭᠡᠷᠡᠭᠲᠡᠢ︔ ᠪᠡᠶ᠎ᠡ ᠪᠠᠨ ᠳᠠᠭᠠᠭᠠᠵᠤ ᠡᠵᠡᠨ ᠮᠡᠳᠡᠭᠦ ᠵᠠᠷᠴᠢᠮ ᠢ | ᠪᠠᠷᠢᠮᠲᠠᠯᠠᠵᠤ᠂ ᠣᠳᠣᠬᠢᠴᠢᠯᠠᠯᠲᠠ ᠶᠢᠨ ᠵᠠᠮ ᠤᠨ ᠣᠯᠠᠨ ᠶᠠᠩᠵᠤᠲᠤ ᠴᠢᠨᠠᠷ ᠢ ᠬᠠᠶᠢᠨ ᠰᠦᠪᠡᠭᠴᠢᠯᠡᠬᠦ ᠭᠡᠷᠡᠭᠲᠡᠶ︔ ᠲᠥᠪ ᠶᠣᠰᠣ ᠶᠢ ᠪᠠᠷᠢᠮᠲᠠᠯᠠᠨ ᠰᠢᠨ᠎ᠡ ᠶᠢ | ᠡᠭᠦᠳᠭᠦ ᠤᠬᠠᠮᠰᠠᠷ ᠢ ᠪᠤᠢ ᠪᠤᠯᠭᠠᠵᠤ᠂ ᠣᠳᠣᠬᠢᠴᠢᠯᠠᠯᠲᠠ ᠶᠢᠨ ᠠᠬᠢᠴᠠ ᠶᠢᠨ ᠦᠷᠭᠦᠯᠵᠢᠯᠡᠬᠦ ᠴᠢᠨᠠᠷ ᠢ ᠪᠠᠲᠤᠯᠠᠬᠤ ᠭᠡᠷᠡᠭᠲᠡᠢ︔ ᠥᠪᠡᠷ ᠢ ᠪᠠᠨ ᠱᠤᠭᠤᠵᠤ ᠥᠷᠥᠭᠡᠯ | ᠪᠤᠰᠤᠳ ᠤᠨ ᠲᠥᠯᠥᠭᠡ ᠵᠢᠳᠭᠦᠭᠦ ᠵᠣᠷᠢᠭ ᠰᠠᠨᠠᠭ᠎ᠠ ᠶᠢ ᠪᠠᠳᠠᠷᠠᠭᠤᠯᠵᠤ᠂ ᠣᠳᠣᠬᠢᠴᠢᠯᠠᠯᠲᠠ ᠶᠢᠨ ᠦᠷ᠎ᠡ ᠪᠦᠲᠦᠭᠡᠯ ᠤᠨ ᠲᠦᠭᠡᠮᠡᠯ ᠬᠠᠷᠠᠭᠠᠯᠵᠠᠯᠲᠤ ᠴᠢᠨᠠᠷ ᠢ | ᠴᠢᠩᠭᠠᠳᠬᠠᠬᠤ ᠭᠡᠷᠡᠭᠲᠡᠶ︔ ᠴᠢᠷᠮᠠᠶᠢᠨ ᠲᠡᠮᠡᠴᠡᠵᠦ ᠠᠮᠵᠢᠯᠲᠠ ᠪᠦᠲᠦᠭᠡᠯ ᠭᠠᠷᠭᠠᠬᠤ ᠣᠪᠣᠷ ᠪᠠᠶᠢᠳᠠᠯ ᠢᠶᠠᠨ ᠪᠠᠲᠤᠯᠠᠵᠤ᠂ ᠣᠳᠣᠬᠢᠴᠢᠯᠠᠭᠰᠠᠨ ᠤᠳᠤᠷᠢᠳᠤᠯᠭ᠎ᠠ ᠶᠢᠨ | ᠡᠷᠡᠰ ᠪᠠᠲᠤ ᠴᠢᠨᠠᠷ ᠢ ᠪᠠᠲᠤᠯᠠᠬᠤ ᠬᠡᠷᠡᠭᠲᠡᠢ᠃ | | | | | 3 ᠰᠠᠷ᠎ᠠ ᠶᠢᠨ 15 ᠤ ᠡᠳᠦᠷ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠳᠤ ᠳᠤᠮᠳᠠᠳᠤ | ᠤᠯᠤᠰ ᠤᠨ ᠡᠪ ᠬᠠᠮᠲᠤ ᠨᠠᠮ ᠪᠣᠯᠣᠨ ᠳᠡᠯᠡᠬᠡᠢ ᠶᠢᠨ ᠲᠦᠷᠦ ᠶᠢᠨ ᠨᠠᠮ ᠯᠤᠭ᠎ᠠ ᠶᠢᠨ ᠳᠡᠭᠡᠳᠦ ᠲᠡᠰ ᠤᠨ ᠶᠠᠷᠢᠯᠴᠠᠭᠠᠨ ᠤ ᠬᠤᠷᠠᠯ ᠳᠤ ᠣᠷᠣᠯᠴᠠᠬᠰᠠᠨ ᠪᠥᠭᠡᠳ ︽ | ᠭᠠᠷ ᠬᠤᠯᠪᠣᠨ ᠣᠳᠣᠬᠢᠴᠢᠯᠠᠯᠲᠠ ᠶᠢᠨ ᠵᠠᠮ ᠢᠶᠠᠷ ᠬᠠᠮᠲᠤ ᠪᠠᠷ ᠤᠷᠤᠭᠰᠢᠯᠠᠶ᠎ᠠ︾ ᠭᠡᠬᠦ ᠰᠡᠳᠦᠪ ᠢᠶᠠᠷ ᠭᠤᠣᠯ ᠵᠤᠷᠢᠯᠳᠠᠳᠤ ᠶᠠᠷᠢᠶ᠎ᠠ ᠲᠠᠯᠪᠢᠪᠠ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢᠦ ᠪᠢᠨ ᠰᠡᠭᠦᠳᠡᠷᠯᠡᠪᠡ | ᠰᠢ ᠶᠢᠨ ᠫᠢᠩ᠂ ᠣᠳᠣᠬᠢᠴᠢᠯᠠᠯᠲᠠ ᠶᠢ ᠪᠡᠶᠡᠯᠡᠭᠦᠯᠬᠦ ᠪᠣᠯ ᠣᠶᠢᠷ᠎ᠠ ᠦᠶ᠎ᠡ ᠠᠴᠠ ᠨᠠᠭᠠᠰᠢᠬᠢ ᠳᠤᠮᠳᠠᠳᠤ ᠤᠯᠤᠰ ᠤᠨ ᠠᠷᠠᠳ ᠲᠦᠮᠡᠨ ᠤ ᠴᠥᠬᠦᠷᠡᠰᠢ ᠦᠭᠡᠢ | ᠲᠡᠮᠡᠴᠡᠬᠦ ᠬᠦᠰᠡᠯ ᠵᠡᠭᠦᠳᠦ ᠮᠥᠨ᠃ ᠳᠤᠮᠳᠠᠳᠤ ᠤᠯᠤᠰ ᠤᠨ ᠡᠪ ᠬᠠᠮᠲᠤ ᠨᠠᠮ 100 ᠭᠠᠷᠤᠢ ᠵᠢᠯ ᠤᠨ ᠲᠤᠷᠰᠢ ᠳᠤᠮᠳᠠᠳᠤ ᠤᠯᠤᠰ ᠤᠨ ᠠᠷᠠᠳ ᠲᠦᠮᠡᠨ ᠢ | ᠪᠦᠯᠬᠦᠮᠳᠡᠭᠦᠯᠦᠨ ᠳᠠᠭᠠᠭᠤᠯᠵᠤ ᠦᠨᠳᠦᠰᠦᠲᠡᠨ ᠤ ᠰᠡᠷᠭᠦᠨ ᠮᠠᠨᠳᠤᠯᠲᠠ ᠶᠢ ᠬᠥᠭᠡᠭᠡᠴᠡᠯᠳᠦᠭᠰᠡᠨ ᠲᠡᠦᠬᠡ ᠪᠣᠯ ᠮᠥᠨ ᠴᠦ ᠣᠳᠣᠬᠢᠴᠢᠯᠠᠯᠲᠠ ᠶᠢᠨ ᠵᠠᠮ ᠢ ᠲᠠᠰᠤᠷᠠᠯᠲᠠ | ᠦᠭᠡᠢ ᠬᠠᠶᠢᠨ ᠰᠦᠪᠡᠭᠴᠢᠯᠡᠭᠰᠡᠨ ᠲᠡᠦᠬᠡ ᠮᠥᠨ᠃ ᠬᠡᠳᠦᠨ ᠦᠶ᠎ᠡ ᠶᠢᠨ ᠬᠥᠮᠥᠰ ᠤᠨ ᠴᠥᠬᠦᠷᠡᠰᠢ ᠦᠭᠡᠢ ᠴᠢᠷᠮᠠᠶᠢᠯᠭ᠎ᠠ ᠪᠠᠷ ᠪᠢᠳᠡ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢᠨ ᠵᠠᠮ ᠢᠶᠠᠷ ᠵᠠᠮᠨᠠᠵᠤ ᠴᠢᠳᠠᠪᠠ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠨᠢ ᠲᠤᠰ ᠤᠯᠤᠰ ᠤᠨ ᠢᠶᠠᠨ ᠤᠯᠤᠰ ᠤᠨ | ᠪᠠᠶᠢᠳᠠᠯ ᠳᠤ ᠰᠠᠭᠤᠷᠢᠯᠠᠬᠤ ᠮᠥᠷᠲᠡᠭᠡᠨ ᠪᠠᠰᠠ ᠡᠯ᠎ᠡ ᠤᠯᠤᠰ ᠤᠨ ᠲᠤᠷᠰᠢᠯᠭ᠎ᠠ ᠪᠠᠷ ᠲᠣᠯᠢ ᠪᠤᠯᠭᠠᠵᠤ᠂ ᠲᠡᠦᠬᠡ ᠰᠣᠶᠣᠯ ᠢ ᠤᠯᠠᠮᠵᠢᠯᠠᠨ ᠵᠠᠯᠭᠠᠮᠵᠢᠯᠠᠬᠤ ᠮᠥᠷᠲᠡᠭᠡᠨ | ᠪᠠᠰᠠ ᠤᠳᠤ ᠦᠶ᠎ᠡ ᠶᠢᠨ ᠪᠣᠯᠪᠠᠰᠤᠨ ᠢ ᠠᠭᠤᠰᠬᠠᠵᠤ᠂ ᠳᠤᠮᠳᠠᠳᠤ ᠤᠯᠤᠰ ᠤᠨ ᠠᠷᠠᠳ ᠲᠦᠮᠡᠨ ᠳᠤ ᠪᠤᠶᠠᠨ ᠵᠢᠷᠭᠠᠯ ᠣᠯᠭᠤᠬᠤ ᠮᠥᠷᠲᠡᠭᠡᠨ ᠪᠠᠰᠠ ᠳᠡᠯᠡᠬᠡᠢ ᠶᠢᠨ | ᠬᠠᠮᠲᠤ ᠶᠢᠨ ᠬᠥᠭᠵᠢᠯᠲᠡ ᠶᠢ ᠠᠬᠢᠭᠤᠯᠬᠤ ᠪᠣᠯᠣᠨ᠎ᠠ᠂ ᠡᠨᠡ ᠪᠣᠯ ᠮᠠᠨ ᠤ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ | ᠮᠠᠨᠳᠤᠯᠲᠠ ᠶᠢᠨ ᠰᠠᠷᠠᠭᠤᠯ ᠳᠠᠷᠳᠠᠩ ᠵᠠᠮ ᠮᠥᠨ᠂ ᠪᠠᠰᠠ ᠴᠤ ᠬᠥᠮᠥᠨ ᠲᠥᠷᠥᠯᠬᠢᠲᠡᠨ ᠤ ᠲᠠᠪᠰᠢᠯᠳᠠ᠂ ᠳᠡᠯᠡᠬᠡᠢ ᠶᠢᠨ ᠶᠡᠭᠡ ᠨᠢᠭᠡᠳᠦᠯ ᠢ ᠡᠷᠢᠯᠬᠢᠯᠡᠬᠦ ᠳᠤ ᠳᠤᠮᠳᠠᠳᠤ | ᠤᠯᠤᠰ ᠤᠨ ᠵᠠᠶᠢᠯᠠᠰᠢ ᠦᠭᠡᠢ ᠵᠠᠮᠨᠠᠬᠤ ᠵᠠᠮ ᠮᠥᠨ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠳᠤᠮᠳᠠᠳᠤ ᠤᠯᠤᠰ ᠤᠨ ᠡᠪ ᠬᠠᠮᠲᠤ ᠨᠠᠮ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠪᠦᠭᠦ ᠪᠥᠮᠪᠥᠷᠴᠡᠭ ᠤᠨ ᠬᠥᠭᠵᠢᠯ ᠴᠡᠴᠡᠭᠯᠡᠯ ᠢ | ᠠᠬᠢᠭᠤᠯᠬᠤ ᠪᠠᠷ ᠴᠢᠷᠮᠠᠶᠢᠬᠤ ᠪᠣᠯᠣᠨ᠎ᠠ᠃ ᠪᠢᠳᠡ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠥᠨᠳᠥᠷ ᠲᠦᠪᠰᠢᠨ ᠪᠦᠬᠦᠢ ᠭᠠᠳᠠᠭᠠᠳᠤ | ᠨᠡᠭᠡᠭᠡᠯᠲᠡ ᠶᠢ ᠲᠠᠰᠤᠷᠠᠯᠲᠠ ᠦᠭᠡᠢ ᠥᠷᠭᠡᠳᠬᠡᠨ᠂ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠢ ᠦᠷᠭᠦᠯᠵᠢᠯᠡᠨ ᠠᠭᠤᠵᠢᠭᠤ ᠪᠤᠯᠭᠠᠵᠤ᠂ ᠨᠡᠭᠡᠭᠡᠯᠲᠡ ᠶᠢᠨ | ᠡᠭᠦᠳᠡ ᠪᠠᠨ ᠶᠠᠪᠤᠬᠤ ᠲᠤᠲᠤᠮ ᠥᠷᠭᠡᠳᠬᠡᠨ᠎ᠡ᠃ ᠳᠤᠮᠳᠠᠳᠤ ᠤᠯᠤᠰ ᠤᠨ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠤᠨ ᠪᠠᠶᠢᠭᠤᠯᠤᠯᠲᠠ ᠶᠢᠨ ᠠᠬᠢᠴᠠ ᠶᠢ | ᠳᠠᠭᠠᠯᠳᠤᠨ᠂ ᠪᠢᠳᠡ ᠳᠡᠯᠡᠬᠡᠢ ᠳ᠋ᠠᠬᠢᠨ ᠳᠤ ᠨᠡᠩ ᠤᠯᠠᠨ ᠨᠡᠩ ᠰᠠᠶᠢᠨ ᠳᠤᠮᠳᠠᠳᠤ ᠤᠯᠤᠰ ᠤᠨ ᠦᠢᠯᠡᠳᠬᠡᠯ ᠪᠠ ᠳᠤᠮᠳᠠᠳᠤ ᠤᠯᠤᠰ ᠤᠨ ᠡᠭᠦᠳᠦᠯᠲᠡ ᠶᠢ ᠬᠠᠩᠭᠠᠵᠤ᠂ | ᠳᠡᠯᠡᠬᠡᠢ ᠳ᠋ᠠᠬᠢᠨ ᠳᠤ ᠨᠡᠩ ᠶᠡᠭᠡ ᠬᠡᠪᠴᠢᠶᠡᠨ ᠤ ᠳᠤᠮᠳᠠᠳᠤ ᠤᠯᠤᠰ ᠤᠨ ᠵᠠᠬ᠎ᠠ ᠳᠡᠯᠭᠡᠭᠦᠷ ᠪᠠ ᠳᠤᠮᠳᠠᠳᠤ ᠤᠯᠤᠰ ᠤᠨ ᠬᠡᠷᠡᠭᠴᠡᠭᠡ ᠶᠢ ᠬᠠᠩᠭᠠᠬᠤ ᠪᠣᠯᠣᠨ᠎ᠠ᠃ ᠪᠢᠳᠡ | ᠥᠷᠭᠡᠨ ᠤᠯᠠᠨ ᠬᠥᠭᠵᠢᠵᠦ ᠪᠠᠶᠢᠭ᠎ᠠ ᠤᠯᠤᠰ ᠤᠳ ᠢ ᠡᠷᠡᠰ ᠳᠡᠮᠵᠢᠨ ᠬᠠᠪᠰᠤᠷᠴᠤ ᠪᠠᠶᠢᠭᠠᠳ ᠬᠥᠭᠵᠢᠯᠲᠡ ᠶᠢ ᠨᠢ ᠲᠦᠷᠭᠡᠳᠬᠡᠵᠦ᠂ ᠠᠵᠤ ᠦᠢᠯᠡᠳᠪᠦᠷᠢᠵᠢᠯᠲᠡ᠂ | ᠣᠳᠣᠬᠢᠴᠢᠯᠠᠯᠲᠠ ᠶᠢ ᠪᠡᠶᠡᠯᠡᠭᠦᠯᠵᠦ᠂ ᠡᠮᠦᠨᠡᠲᠦ ᠤᠮᠠᠷᠠᠲᠤ ᠶᠢᠨ ᠵᠥᠷᠢᠶ᠎ᠡ ᠶᠢ ᠪᠠᠭᠠᠰᠬᠠᠬᠤ᠂ ᠬᠠᠮᠲᠤ ᠶᠢᠨ ᠬᠥᠭᠵᠢᠯᠲᠡ ᠶᠢ ᠪᠡᠶᠡᠯᠡᠭᠦᠯᠬᠦ ᠳᠤ ᠳᠤᠮᠳᠠᠳᠤ ᠤᠯᠤᠰ ᠤᠨ | ᠲᠥᠰᠥᠯ ᠪᠠ ᠳᠤᠮᠳᠠᠳᠤ ᠤᠯᠤᠰ ᠤᠨ ᠬᠦᠴᠦᠨ ᠢ ᠬᠠᠩᠭᠠᠬᠤ ᠪᠣᠯᠣᠨ᠎ᠠ᠃ ᠪᠢᠳᠡ ᠳᠤᠷᠠᠲᠠᠶ᠎ᠠ ᠡᠯ᠎ᠡ ᠤᠯᠤᠰ ᠤᠨ ᠲᠥᠷᠥ ᠶᠢᠨ ᠨᠠᠮ ᠲᠠᠢ ᠬᠠᠮᠲᠤ ᠪᠠᠷ ︽ᠨᠢᠭᠡ | ᠪᠦᠰᠡ ᠨᠢᠭᠡ ᠵᠠᠮ︾ ᠤᠨ ᠴᠢᠨᠠᠷ ᠰᠠᠶᠢᠲᠠᠢ ᠬᠥᠭᠵᠢᠯᠲᠡ ᠶᠢ ᠬᠠᠮᠲᠤ ᠪᠠᠷ ᠪᠦᠲᠦᠭᠡᠨ ᠪᠠᠶᠢᠭᠤᠯᠬᠤ ᠶᠢ ᠠᠬᠢᠭᠤᠯᠵᠤ᠂ ᠪᠦᠭᠦ ᠪᠥᠮᠪᠥᠷᠴᠡᠭ ᠤᠨ ᠬᠥᠭᠵᠢᠯᠲᠡ ᠶᠢᠨ | ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠬᠤ ᠶᠢ ᠲᠦᠷᠭᠡᠳᠬᠡᠵᠦ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠰᠢᠨ᠎ᠡ ᠬᠥᠳᠡᠯᠭᠡᠭᠦ ᠴᠢᠳᠠᠪᠤᠷᠢ ᠶᠢ ᠪᠤᠶᠢᠵᠢᠭᠤᠯᠵᠤ᠂ ᠪᠦᠭᠦ | ᠪᠥᠮᠪᠥᠷᠴᠡᠭ ᠤᠨ ᠬᠥᠭᠵᠢᠯᠲᠡ ᠶᠢᠨ ᠬᠠᠮᠲᠤ ᠶᠢᠨ ᠴᠣᠭᠴᠠ ᠶᠢ ᠪᠠᠶᠢᠭᠤᠯᠤᠨ᠎ᠠ ᠭᠡᠵᠦ ᠴᠢᠬᠤᠯᠠᠴᠢᠯᠠᠪᠠ᠃ | ᠰᠢ ᠶᠢᠨ ᠫᠢᠩ᠂ ᠳᠤᠮᠳᠠᠳᠤ ᠤᠯᠤᠰ ᠤᠨ ᠡᠪ ᠬᠠᠮᠲᠤ ᠨᠠᠮ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠬᠤ ᠪᠠᠷ ᠴᠢᠷᠮᠠᠶᠢᠵᠤ᠂ | ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠢ ᠠᠬᠢᠭᠤᠯᠤᠨ᠎ᠠ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠨᠢ ᠺᠣᠯᠣᠨᠢᠴᠢᠯᠠᠯ ᠳᠡᠭᠡᠷᠡᠮᠳᠡᠯ ᠤᠨ | ᠬᠠᠭᠤᠴᠢᠨ ᠵᠠᠮ ᠢᠶᠠᠷ ᠶᠠᠪᠤᠬᠤ ᠪᠢᠰᠢ᠂ ᠤᠯᠤᠰ ᠬᠦᠴᠦᠷᠬᠡᠭᠵᠢᠪᠡᠯ ᠯᠠᠪᠲᠠᠢ ᠡᠵᠡᠷᠬᠡᠬᠦ ᠭᠠᠵᠢᠭᠤ ᠵᠠᠮ ᠢᠶᠠᠷ ᠶᠠᠪᠤᠬᠤ ᠭᠡᠰᠡᠨ ᠪᠢᠰᠢ᠂ ᠬᠠᠷᠢᠨ ᠡᠩᠬᠡ ᠲᠠᠶᠢᠪᠤᠩ ᠢᠶᠠᠷ | ᠭᠦᠭᠵᠢᠭᠦ ᠬᠥᠮᠥᠨ ᠤ ᠶᠢᠷᠲᠢᠨᠴᠦ ᠶᠢᠨ ᠵᠥᠪ ᠵᠠᠮ ᠢᠶᠠᠷ ᠶᠠᠪᠤᠬᠤ ᠪᠣᠯᠣᠨ᠎ᠠ᠃ ᠪᠢᠳᠠ ᠶᠠᠷᠢᠯᠴᠠᠭ᠎ᠠ ᠪᠠᠷ ᠵᠥᠷᠢᠯᠳᠦᠭᠡᠨ ᠢ ᠰᠢᠢᠳᠪᠦᠷᠢᠯᠡᠵᠦ᠂ ᠬᠠᠮᠲᠤᠷᠠᠯᠴᠠᠭ᠎ᠠ ᠪᠠᠷ | ᠵᠠᠭᠤᠷᠠᠯᠳᠤᠭᠠᠨ ᠢ ᠰᠢᠢᠳᠪᠦᠷᠢᠯᠡᠨ᠎ᠡ᠂ ᠠᠯᠢᠪᠠ ᠭᠡᠯᠪᠡᠷᠢ ᠶᠢᠨ ᠡᠵᠡᠷᠬᠡᠬᠦ ᠦᠵᠡᠯ ᠪᠣᠯᠣᠨ ᠬᠦᠴᠦᠷᠬᠡᠭᠯᠡᠯ ᠤᠨ ᠤᠯᠤᠰ ᠲᠦᠷᠦ ᠶᠢ ᠡᠷᠡᠰ ᠡᠰᠡᠷᠭᠦᠴᠡᠵᠦ᠂ | ᠪᠦᠯᠬᠦᠮᠳᠡᠯ ᠤᠨ ᠵᠣᠷᠢᠭ ᠰᠠᠨᠠᠭ᠎ᠠ ᠪᠣᠯᠣᠨ ᠬᠠᠮᠲᠤ ᠪᠠᠷ ᠠᠰᠢᠭ ᠭᠦᠷᠳᠡᠭᠦ ᠰᠡᠳᠬᠢᠬᠦᠢ ᠪᠠᠷ ᠨᠠᠷᠢᠨ ᠪᠤᠳᠤᠯᠢᠶᠠᠨᠲᠠᠢ ᠰᠣᠯᠪᠢᠴᠠᠭᠰᠠᠨ ᠠᠮᠤᠷ ᠲᠦᠪᠰᠢᠨ ᠤ | ᠥᠷᠢᠰᠦᠯᠳᠦᠭᠡᠨ ᠢ ᠠᠷᠭᠠᠴᠠᠭᠠᠵᠤ᠂ ᠲᠥᠪ ᠭᠤᠣᠯᠴᠢ ᠰᠢᠳᠤᠷᠭᠤ ᠶᠣᠰᠣ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠭᠦ ᠠᠮᠤᠷ ᠲᠦᠪᠰᠢᠨ ᠤ ᠪᠠᠶᠢᠷᠢᠰᠢᠯ ᠢ ᠪᠤᠢ | ᠪᠤᠯᠭᠠᠬᠤ ᠶᠢ ᠰᠠᠨᠠᠭᠠᠴᠢᠯᠠᠨ᠎ᠠ᠃ ᠳᠡᠯᠡᠬᠡᠢ ᠶᠢᠷᠲᠢᠨᠴᠦ ︽ᠰᠢᠨ᠎ᠡ ᠬᠦᠢᠲᠡᠨ ᠲᠠᠶᠢᠨ︾ ᠢ ᠬᠡᠷᠡᠭᠰᠡᠬᠦ ᠦᠭᠡᠢ᠂ ᠠᠷᠠᠳᠴᠢᠯᠠᠯ ᠤᠨ ᠲᠤᠭ ᠢ ᠡᠷᠭᠦᠵᠦ ᠬᠠᠭᠠᠴᠠᠭᠤᠯᠬᠤ | ᠡᠰᠡᠷᠭᠦᠴᠡᠯᠳᠦᠯ ᠢ ᠥᠳᠥᠭᠡᠭᠦ ᠨᠢ ᠲᠡᠷᠡ ᠴᠢᠭ ᠢᠶᠠᠷ ᠢᠶᠠᠨ ᠠᠷᠠᠳᠴᠢᠯᠠᠯ ᠤᠨ ᠵᠣᠷᠢᠭ ᠰᠠᠨᠠᠭ᠎ᠠ ᠶᠢ ᠲᠠᠯᠬᠢᠳᠠᠵᠤ ᠪᠠᠶᠢᠭ᠎ᠠ ᠶᠠᠪᠤᠳᠠᠯ ᠮᠥᠨ᠂ ᠬᠥᠮᠥᠨ ᠤ ᠰᠡᠳᠬᠢᠯ ᠢ | ᠣᠯᠬᠤ ᠦᠭᠡᠢ ᠬᠤᠣᠷ ᠬᠥᠨᠥᠭᠡᠯ ᠨᠢ ᠬᠢᠵᠠᠭᠠᠷ ᠦᠭᠡᠢ ᠶᠤᠮ᠃ ᠳᠤᠮᠳᠠᠳᠤ ᠤᠯᠤᠰ ᠣᠳᠣᠬᠢᠴᠢᠯᠠᠯᠲᠠ ᠶᠢ ᠪᠡᠶᠡᠯᠡᠭᠦᠯᠬᠦ ᠨᠢ ᠳᠡᠯᠡᠬᠡᠢ ᠶᠢᠨ ᠡᠩᠬᠡ ᠲᠠᠶᠢᠪᠤᠩ ᠤᠨ | ᠬᠦᠴᠦᠨ ᠤ ᠨᠡᠮᠡᠭᠳᠡᠯ ᠮᠥᠨ᠂ ᠤᠯᠠᠨ ᠤᠯᠤᠰ ᠤᠨ ᠰᠢᠳᠤᠷᠭᠤ ᠶᠣᠰᠣᠨ ᠤ ᠬᠦᠴᠦᠨ ᠤ ᠪᠤᠵᠠᠭᠠᠶᠢᠷᠠᠯ ᠮᠥᠨ᠂ ᠬᠥᠭᠵᠢᠭᠡᠳ ᠶᠠᠮᠠᠷ ᠬᠡᠮᠵᠢᠶᠡᠨ ᠳᠤ ᠭᠦᠷᠦᠭᠰᠡᠨ ᠴᠦ | ᠳᠤᠮᠳᠠᠳᠤ ᠤᠯᠤᠰ ᠬᠡᠵᠢᠶᠡᠳᠡ ᠡᠵᠡᠷᠬᠡᠭᠴᠢ ᠪᠤᠯᠬᠤ ᠦᠭᠡᠢ᠂ ᠬᠡᠵᠢᠶᠡᠳᠡ ᠥᠷᠭᠡᠳᠬᠡᠯ ᠬᠢᠬᠦ ᠦᠭᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠳᠤᠮᠳᠠᠳᠤ ᠤᠯᠤᠰ ᠤᠨ ᠡᠪ ᠬᠠᠮᠲᠤ ᠨᠠᠮ ᠪᠣᠯᠪᠠᠰᠤᠨ ᠤ ᠰᠣᠯᠢᠯᠴᠠᠭ᠎ᠠ ᠲᠣᠯᠢᠳᠠᠯ ᠢ ᠠᠬᠢᠭᠤᠯᠬᠤ ᠪᠠᠷ ᠴᠢᠷᠮᠠᠶᠢᠵᠤ᠂ ᠬᠥᠮᠥᠨ ᠲᠥᠷᠥᠯᠬᠢᠲᠡᠨ ᠤ | ᠪᠣᠯᠪᠠᠰᠤᠨ ᠤ ᠳᠠᠪᠰᠢᠯᠲᠠ ᠶᠢ ᠠᠬᠢᠭᠤᠯᠤᠨ᠎ᠠ᠃ ᠣᠳᠣᠬᠠᠨ ᠤ ᠳᠡᠯᠡᠬᠡᠢ ᠶᠢᠨ ᠠᠳᠠᠯᠢ ᠪᠤᠰᠤ ᠤᠯᠤᠰ᠂ ᠠᠳᠠᠯᠢ ᠪᠤᠰᠤ ᠭᠠᠵᠠᠷ ᠣᠷᠣᠨ ᠤ ᠲᠤᠰ ᠲᠤᠰ ᠤᠨ | ᠣᠨᠴᠠᠯᠢᠭ ᠲᠠᠢ ᠣᠳᠣᠬᠢᠴᠢᠯᠠᠯᠲᠠ ᠶᠢᠨ ᠵᠠᠮ ᠨᠢ ᠡᠯᠪᠡᠭ ᠪᠠᠶᠠᠯᠢᠭ ᠤᠯᠠᠨ ᠶᠠᠩᠵᠤ ᠶᠢᠨ᠂ ᠥᠨᠢ ᠤᠳᠠᠭᠠᠨ ᠤᠯᠠᠮᠵᠢᠯᠠᠯ ᠲᠠᠢ ᠪᠣᠯᠪᠠᠰᠤᠨ ᠤ ᠤᠯᠠᠮᠵᠢᠯᠠᠯ ᠳᠤ | ᠦᠨᠳᠦᠰᠦᠯᠡᠭᠰᠡᠨ ᠶᠤᠮ᠃ ᠬᠥᠮᠥᠨ ᠲᠥᠷᠥᠯᠬᠢᠲᠡᠨ ᠤ ᠨᠡᠶᠢᠭᠡᠮ ᠤᠨ ᠡᠭᠦᠳᠦᠨ ᠪᠦᠲᠦᠭᠡᠭᠰᠡᠨ ᠡᠯ᠎ᠡ ᠵᠦᠢᠯ ᠤᠨ ᠪᠣᠯᠪᠠᠰᠤᠨ ᠨᠢ ᠴᠥᠮ ᠭᠡᠷᠡᠯ ᠰᠠᠴᠤᠷᠠᠩᠭᠤᠢ ᠭᠡᠷᠡᠯ | ᠭᠢᠯᠪᠠᠭ᠎ᠠ ᠰᠠᠴᠤᠷᠠᠭᠤᠯᠵᠤ᠂ ᠡᠯ᠎ᠡ ᠤᠯᠤᠰ ᠤᠨ ᠣᠳᠣᠬᠢᠴᠢᠯᠠᠯᠲᠠ ᠳᠤ ᠭᠦᠨ ᠵᠤᠵᠠᠭᠠᠨ ᠠᠭᠤᠯᠤᠭᠳᠠᠬᠤᠨ ᠢ ᠬᠤᠷᠠᠮᠳᠤᠭᠤᠯᠵᠤ᠂ ᠢᠯᠡ ᠲᠣᠳᠣ ᠣᠨᠴᠠᠯᠢᠭ | ᠰᠢᠨᠵᠢ ᠶᠢ ᠣᠯᠭᠤᠭᠰᠠᠨ ᠪᠥᠭᠡᠳ ᠴᠠᠭ ᠣᠷᠣᠨ ᠵᠠᠢ ᠶᠢ ᠠᠯᠭᠠᠰᠠᠨ᠂ ᠤᠯᠤᠰ ᠤᠨ ᠬᠢᠯᠢ ᠬᠢᠵᠠᠭᠠᠷ ᠢ ᠳᠠᠪᠠᠵᠤ᠂ ᠬᠥᠮᠥᠨ ᠲᠥᠷᠥᠯᠬᠢᠲᠡᠨ ᠤ ᠨᠡᠶᠢᠭᠡᠮ ᠤᠨ | ᠣᠳᠣᠬᠢᠴᠢᠯᠠᠯᠲᠠ ᠶᠢᠨ ᠠᠬᠢᠴᠠ ᠳᠤ ᠬᠠᠮᠲᠤ ᠪᠠᠷ ᠴᠢᠬᠤᠯᠠ ᠬᠤᠪᠢ ᠨᠡᠮᠡᠷᠢ ᠦᠵᠡᠭᠦᠯᠦᠭᠰᠡᠨ ᠪᠠᠶᠢᠨ᠎ᠠ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠨᠢ | ᠬᠥᠮᠥᠨ ᠲᠥᠷᠥᠯᠬᠢᠲᠡᠨ ᠤ ᠪᠣᠯᠪᠠᠰᠤᠨ ᠤ ᠰᠢᠨ᠎ᠡ ᠭᠡᠯᠪᠡᠷᠢ ᠪᠣᠯᠤᠭᠰᠠᠨ ᠤ ᠬᠤᠪᠢ ᠳᠤ᠂ ᠪᠦᠭᠦ ᠪᠥᠮᠪᠥᠷᠴᠡᠭ ᠤᠨ ᠪᠤᠰᠤᠳ ᠪᠣᠯᠪᠠᠰᠤᠨ ᠲᠠᠢ ᠬᠠᠷᠢᠯᠴᠠᠨ ᠲᠣᠯᠢᠳᠠᠪᠠᠯ᠂ | ᠯᠠᠪᠲᠠᠢ ᠳᠡᠯᠡᠬᠡᠢ ᠶᠢᠨ ᠪᠣᠯᠪᠠᠰᠤᠨ ᠤ ᠥᠨᠢᠷ ᠴᠡᠴᠡᠭ ᠤᠨ ᠬᠦᠷᠢᠶᠡᠯᠡᠩ ᠢ ᠲᠦᠢᠯ ᠢᠶᠠᠷ ᠪᠠᠶᠠᠯᠢᠭᠵᠢᠭᠤᠯᠬᠤ ᠶᠤᠮ ᠭᠡᠵᠦ ᠴᠢᠬᠤᠯᠠᠴᠢᠯᠠᠪᠠ᠃ | ᠰᠢ ᠶᠢᠨ ᠫᠢᠩ᠂ ᠡᠯ᠎ᠡ ᠤᠯᠤᠰ ᠤᠨ ᠢᠷᠡᠭᠡᠳᠦᠢ ᠬᠤᠪᠢ ᠵᠠᠶᠠᠭ᠎ᠠ ᠨᠢᠭᠲᠠ ᠬᠤᠯᠪᠣᠯᠳᠤᠵᠤ ᠪᠠᠶᠢᠭ᠎ᠠ ᠥᠨᠥᠳᠥᠷ᠂ ᠠᠳᠠᠯᠢ ᠪᠤᠰᠤ ᠪᠣᠯᠪᠠᠰᠤᠨ | ᠪᠠᠭᠲᠠᠭᠠᠮᠵᠢᠲᠠᠢ ᠪᠠᠷ ᠬᠠᠮᠲᠤ ᠣᠷᠣᠰᠢᠵᠤ᠂ ᠬᠠᠷᠢᠯᠴᠠᠨ ᠰᠣᠯᠢᠯᠴᠠᠵᠤ ᠬᠠᠷᠢᠯᠴᠠᠨ ᠲᠣᠯᠢᠳᠠᠵᠤ᠂ ᠬᠥᠮᠥᠨ ᠲᠥᠷᠥᠯᠬᠢᠲᠡᠨ ᠤ ᠨᠡᠶᠢᠭᠡᠮ ᠤᠨ ᠣᠳᠣᠬᠢᠴᠢᠯᠠᠯᠲᠠ ᠶᠢᠨ | ᠠᠬᠢᠴᠠ ᠶᠢ ᠠᠬᠢᠭᠤᠯᠬᠤ᠂ ᠳᠡᠯᠡᠬᠡᠢ ᠶᠢᠨ ᠪᠣᠯᠪᠠᠰᠤᠨ ᠤ ᠥᠨᠢᠷ ᠴᠡᠴᠡᠭ ᠤᠨ ᠬᠦᠷᠢᠶᠡᠯᠡᠩ ᠢ ᠴᠡᠴᠡᠭᠯᠡᠭᠦᠯᠦᠨ ᠬᠥᠭᠵᠢᠭᠦᠯᠬᠦ ᠳᠤ ᠣᠷᠣᠯᠠᠭᠤᠯᠵᠤ ᠪᠣᠯᠣᠰᠢ ᠦᠭᠡᠢ | ᠦᠢᠯᠡᠳᠦᠯ ᠲᠠᠢ ᠶᠤᠮ ᠭᠡᠵᠦ ᠵᠢᠭᠠᠵᠤ ᠭᠠᠷᠭᠠᠪᠠ᠃ ᠡᠭᠦᠨ ᠤ ᠲᠤᠯᠠᠳᠠ᠂ ᠰᠢ ᠶᠢᠨ ᠫᠢᠩ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠳᠤᠷᠠᠳᠪᠠ᠃ | — ᠪᠢᠳᠡ ᠳᠡᠯᠡᠬᠡᠢ ᠶᠢᠨ ᠪᠣᠯᠪᠠᠰᠤᠨ ᠤ ᠤᠯᠠᠨ ᠶᠠᠩᠵᠤᠲᠤ ᠴᠢᠨᠠᠷ ᠢ ᠬᠦᠨᠳᠦᠳᠬᠡᠬᠦ ᠶᠢ ᠬᠠᠮᠲᠤ ᠪᠠᠷ ᠰᠠᠨᠠᠭᠠᠴᠢᠯᠠᠵᠤ᠂ ᠪᠣᠯᠪᠠᠰᠤᠨ ᠡᠷᠬᠡ ᠲᠡᠭᠰᠢ᠂ | ᠬᠠᠷᠢᠯᠴᠠᠨ ᠲᠣᠯᠢᠳᠠᠬᠤ᠂ ᠶᠠᠷᠢᠯᠴᠠᠭ᠎ᠠ ᠬᠢᠬᠦ᠂ ᠪᠠᠭᠲᠠᠭᠠᠮᠵᠢᠲᠠᠢ ᠪᠠᠶᠢᠬᠤ ᠶᠢ ᠪᠠᠷᠢᠮᠲᠠᠯᠠᠵᠤ᠂ ᠪᠣᠯᠪᠠᠰᠤᠨ ᠤ ᠰᠣᠯᠢᠯᠴᠠᠭ᠎ᠠ ᠪᠠᠷ ᠪᠣᠯᠪᠠᠰᠤᠨ ᠤ ᠵᠠᠪᠰᠠᠷᠳᠠᠯ ᠢ ᠳᠠᠪᠠᠵᠤ᠂ | ᠪᠣᠯᠪᠠᠰᠤᠨ ᠢᠶᠠᠨ ᠬᠠᠷᠢᠯᠴᠠᠨ ᠲᠣᠯᠢᠯᠠᠬᠤ ᠪᠠᠷ ᠪᠣᠯᠪᠠᠰᠤᠨ ᠤ ᠮᠥᠷᠭᠦᠯᠳᠦᠭᠡᠨ ᠢ ᠳᠠᠪᠠᠵᠤ᠂ ᠪᠣᠯᠪᠠᠰᠤᠨ ᠤ ᠪᠠᠭᠲᠠᠭᠠᠮᠵᠢ ᠪᠠᠷ ᠪᠣᠯᠪᠠᠰᠤᠨ ᠤ ᠳᠠᠪᠠᠭᠤᠯᠢᠭ ᠢ ᠳᠠᠪᠠᠭ᠋ᠤ | ᠬᠡᠷᠡᠭᠲᠡᠢ᠃ | — ᠪᠢᠳᠡ ᠪᠦᠭᠦ ᠬᠥᠮᠥᠨ ᠲᠥᠷᠥᠯᠬᠢᠲᠡᠨ ᠤ ᠬᠠᠮᠲᠤ ᠶᠢᠨ ᠦᠷᠳᠡᠭ ᠢ ᠪᠠᠳᠠᠷᠠᠭᠤᠯᠬᠤ ᠶᠢ ᠬᠠᠮᠲᠤ ᠪᠠᠷ ᠰᠠᠨᠠᠭᠠᠴᠢᠯᠠᠵᠤ᠂ ᠡᠩᠬᠡ ᠲᠠᠶᠢᠪᠤᠩ᠂ ᠬᠥᠭᠵᠢᠯᠲᠡ᠂ | ᠲᠥᠪ ᠭᠤᠣᠯᠴᠢ᠂ ᠰᠢᠳᠤᠷᠭᠤ ᠶᠣᠰᠣ᠂ ᠠᠷᠠᠳᠴᠢᠯᠠᠯ᠂ ᠡᠷᠬᠡ ᠴᠢᠯᠦᠭᠡ ᠪᠣᠯ ᠡᠯ᠎ᠡ ᠤᠯᠤᠰ ᠤᠨ ᠠᠷᠠᠳ ᠲᠦᠮᠡᠨ ᠤ ᠬᠠᠮᠲᠤ ᠶᠢᠨ ᠬᠥᠭᠡᠭᠡᠴᠡᠯᠳᠦᠯ ᠮᠥᠨ᠂ | ᠠᠭᠤᠳᠠᠮᠴᠢ ᠬᠡᠬᠦᠳᠡᠭ ᠴᠡᠭᠡᠵᠢ ᠪᠠᠷ ᠠᠳᠠᠯᠢ ᠪᠤᠰᠤ ᠪᠣᠯᠪᠠᠰᠤᠨ ᠤ ᠦᠷᠳᠡᠭ ᠤᠨ ᠠᠭᠤᠯᠤᠭᠳᠠᠬᠤᠨ ᠤ ᠲᠤᠬᠠᠢ ᠲᠠᠨᠢᠯᠲᠠ ᠶᠢ ᠣᠶᠢᠯᠠᠭᠠᠵᠤ᠂ ᠥᠪᠡᠷ ᠤᠨ | ᠦᠷᠳᠡᠭ ᠤᠨ ᠦᠵᠡᠯᠲᠡ ᠪᠠ ᠵᠠᠭᠪᠤᠷ ᠢᠶᠠᠨ ᠪᠤᠰᠤᠳ ᠲᠤ ᠠᠯᠪᠠ ᠪᠠᠷ ᠲᠤᠬᠤᠵᠤ ᠪᠤᠯᠬᠤ ᠦᠭᠡᠢ᠂ ᠦᠵᠡᠯ ᠤᠬᠠᠮᠰᠠᠷ ᠤᠨ ᠭᠡᠯᠪᠡᠷᠢ ᠶᠢᠨ ᠡᠰᠡᠷᠭᠦᠴᠡᠯᠳᠦᠯ ᠭᠠᠷᠭᠠᠵᠤ | ᠪᠤᠯᠬᠤ ᠦᠭᠡᠢ᠃ | — ᠪᠢᠳᠡ ᠪᠣᠯᠪᠠᠰᠤᠨ ᠢ ᠤᠯᠠᠮᠵᠢᠯᠠᠨ ᠵᠠᠯᠭᠠᠮᠵᠢᠯᠠᠬᠤ ᠪᠠ ᠰᠢᠨ᠎ᠡ ᠶᠢ ᠡᠭᠦᠳᠭᠦ ᠶᠢ ᠴᠢᠬᠤᠯᠠᠴᠢᠯᠠᠬᠤ ᠶᠢ ᠬᠠᠮᠲᠤ ᠪᠠᠷ ᠰᠠᠨᠠᠭᠠᠴᠢᠯᠠᠵᠤ᠂ ᠡᠯ᠎ᠡ ᠤᠯᠤᠰ ᠤᠨ | ᠲᠡᠦᠬᠡ ᠰᠣᠶᠣᠯ ᠤᠨ ᠴᠠᠭ ᠦᠶ᠎ᠡ ᠶᠢᠨ ᠦᠨ᠎ᠡ ᠦᠷᠳᠡᠭ ᠢ ᠭᠦᠢᠴᠡᠳ ᠠᠭᠤᠳᠠᠯᠵᠤ᠂ ᠡᠯ᠎ᠡ ᠤᠯᠤᠰ ᠤᠨ ᠰᠢᠯᠢᠳᠡᠭ ᠤᠯᠠᠮᠵᠢᠯᠠᠯᠲᠤ ᠰᠣᠶᠣᠯ ᠤᠨ | ᠣᠳᠣᠬᠢᠴᠢᠯᠠᠯᠲᠠ ᠶᠢᠨ ᠠᠬᠢᠴᠠ ᠳᠤ ᠪᠦᠲᠦᠭᠡᠯᠴᠢ ᠴᠢᠨᠠᠷᠲᠠᠢ ᠬᠤᠪᠢᠷᠠᠭᠤᠯᠤᠯᠲᠠ᠂ ᠰᠢᠨ᠎ᠡ ᠶᠢ ᠡᠭᠦᠳᠭᠦ ᠴᠢᠨᠠᠷᠲᠠᠢ ᠬᠥᠭᠵᠢᠯᠲᠡ ᠶᠢ ᠪᠡᠶᠡᠯᠡᠭᠦᠯᠬᠦ ᠶᠢ ᠠᠬᠢᠭᠤᠯᠬᠤ | ᠬᠡᠷᠡᠭᠲᠡᠢ᠃ | — ᠪᠢᠳᠡ ᠤᠯᠠᠨ ᠤᠯᠤᠰ ᠤᠨ ᠰᠣᠶᠣᠯ ᠢᠷᠭᠡᠨᠰᠢᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠬᠤ ᠶᠢ ᠬᠠᠮᠲᠤ ᠪᠠᠷ ᠰᠠᠨᠠᠭᠠᠴᠢᠯᠠᠵᠤ᠂ ᠪᠦᠭᠦ | ᠪᠥᠮᠪᠥᠷᠴᠡᠭ ᠤᠨ ᠪᠣᠯᠪᠠᠰᠤᠨ ᠤ ᠶᠠᠷᠢᠯᠴᠠᠭ᠎ᠠ ᠬᠠᠮᠲᠤᠷᠠᠯᠴᠠᠭᠠᠨ ᠤ ᠲᠣᠣᠷ ᠢ ᠰᠦᠪᠡᠭᠴᠢᠯᠡᠨ ᠪᠠᠶᠢᠭᠤᠯᠵᠤ᠂ ᠰᠣᠯᠢᠯᠴᠠᠭᠠᠨ ᠤ ᠠᠭᠤᠯᠭ᠎ᠠ ᠶᠢ ᠪᠠᠶᠠᠯᠢᠭᠵᠢᠭᠤᠯᠵᠤ᠂ | ᠬᠠᠮᠲᠤᠷᠠᠯᠴᠠᠭᠠᠨ ᠤ ᠠᠷᠭ᠎ᠠ ᠵᠠᠮ ᠢ ᠥᠷᠭᠡᠳᠬᠡᠵᠦ᠂ ᠡᠯ᠎ᠡ ᠤᠯᠤᠰ ᠤᠨ ᠠᠷᠠᠳ ᠲᠦᠮᠡᠨ ᠤ ᠬᠠᠷᠢᠯᠴᠠᠨ ᠣᠶᠢᠯᠠᠭᠠᠯᠴᠠᠵᠤ ᠬᠠᠷᠢᠯᠴᠠᠨ ᠳᠣᠲᠣᠨᠣ ᠪᠠᠶᠢᠬᠤ ᠶᠢ | ᠠᠬᠢᠭᠤᠯᠵᠤ᠂ ᠬᠥᠮᠥᠨ ᠲᠥᠷᠥᠯᠬᠢᠲᠡᠨ ᠤ ᠪᠣᠯᠪᠠᠰᠤᠨ ᠤ ᠬᠥᠭᠵᠢᠯᠲᠡ ᠲᠠᠪᠰᠢᠯᠳᠠ ᠶᠢ ᠬᠠᠮᠲᠤ ᠪᠠᠷ ᠠᠬᠢᠭᠤᠯᠬᠤ ᠬᠡᠷᠡᠭᠲᠡᠢ᠃ | ᠰᠢ ᠶᠢᠨ ᠫᠢᠩ᠂ ᠳᠤᠮᠳᠠᠳᠤ ᠤᠯᠤᠰ ᠤᠨ ᠡᠪ ᠬᠠᠮᠲᠤ ᠨᠠᠮ ᠲᠦᠷᠦ ᠶᠢᠨ ᠨᠠᠮ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠬᠤ ᠪᠠᠷ ᠴᠢᠷᠮᠠᠶᠢᠵᠤ᠂ ᠭᠠᠷ | ᠬᠤᠯᠪᠣᠨ ᠳᠡᠯᠡᠬᠡᠢ ᠳ᠋ᠠᠬᠢᠨ ᠤ ᠰᠠᠷᠠᠭᠤᠯ ᠳᠠᠷᠳᠠᠩ ᠵᠠᠮ ᠢᠶᠠᠷ ᠬᠠᠮᠲᠤ ᠪᠠᠷ ᠵᠠᠮᠨᠠᠨ᠎ᠠ᠃ ᠳᠤᠷᠠᠲᠠᠶ᠎ᠠ ᠡᠯ᠎ᠡ ᠤᠯᠤᠰ ᠤᠨ ᠲᠦᠷᠦ ᠶᠢᠨ ᠨᠠᠮ ᠪᠣᠯᠣᠨ ᠤᠯᠤᠰ ᠲᠦᠷᠦ ᠶᠢᠨ | ᠵᠣᠬᠢᠶᠠᠨ ᠪᠠᠶᠢᠭᠤᠯᠤᠯᠲᠠ ᠲᠠᠢ ᠶᠠᠪᠤᠯᠴᠠᠭ᠎ᠠ ᠪᠠᠨ ᠭᠦᠨᠵᠡᠭᠡᠶᠢᠷᠡᠭᠦᠯᠵᠦ᠂ ᠣᠶᠢᠯᠠᠭᠠᠭᠳᠠᠬᠤᠨ ᠤ ᠲᠠᠭᠠᠷᠠᠯᠴᠠᠬᠤ ᠴᠡᠭ᠂ ᠠᠰᠢᠭ ᠲᠤᠰᠠ ᠶᠢᠨ ᠬᠤᠷᠠᠬᠤ ᠴᠡᠭ ᠢ | ᠲᠠᠰᠤᠷᠠᠯᠳᠠ ᠦᠭᠡᠢ ᠥᠷᠭᠡᠳᠬᠡᠵᠦ᠂ ᠰᠢᠨ᠎ᠡ ᠭᠡᠯᠪᠡᠷᠢ ᠶᠢᠨ ᠲᠦᠷᠦ ᠶᠢᠨ ᠨᠠᠮ ᠤᠨ ᠬᠠᠷᠢᠯᠴᠠᠭ᠎ᠠ ᠶᠢ ᠪᠠᠶᠢᠭᠤᠯᠬᠤ ᠶᠠᠪᠤᠳᠠᠯ ᠢᠶᠠᠷ ᠰᠢᠨ᠎ᠡ ᠭᠡᠯᠪᠡᠷᠢ ᠶᠢᠨ ᠤᠯᠠᠨ | ᠤᠯᠤᠰ ᠤᠨ ᠬᠠᠷᠢᠯᠴᠠᠭ᠎ᠠ ᠶᠢ ᠪᠠᠶᠢᠭᠤᠯᠬᠤ ᠳᠤ ᠬᠦᠴᠦ ᠨᠡᠮᠡᠷᠢᠯᠡᠵᠦ᠂ ᠪᠦᠭᠦ ᠪᠥᠮᠪᠥᠷᠴᠡᠭ ᠤᠨ ᠲᠦᠷᠦ ᠶᠢᠨ ᠨᠠᠮ ᠤᠨ ᠬᠠᠨᠢᠲᠠᠨ ᠤ ᠬᠠᠷᠢᠯᠴᠠᠭ᠎ᠠ ᠶᠢ ᠪᠠᠬᠢᠵᠢᠭᠦᠯᠦᠨ | ᠲᠡᠭᠦᠯᠳᠡᠷᠵᠢᠭᠦᠯᠬᠦ ᠶᠠᠪᠤᠳᠠᠯ ᠢᠶᠠᠷ ᠪᠦᠭᠦ ᠪᠥᠮᠪᠥᠷᠴᠡᠭ ᠤᠨ ᠬᠠᠨᠢᠲᠠᠨ ᠤ ᠬᠠᠷᠢᠯᠴᠠᠭ᠎ᠠ ᠶᠢ ᠭᠦᠨᠵᠡᠭᠡᠶᠢᠷᠡᠭᠦᠯᠦᠨ ᠥᠷᠭᠡᠳᠬᠡᠬᠦ ᠳᠤ ᠬᠦᠴᠦ ᠨᠡᠮᠡᠷᠢᠯᠡᠨ᠎ᠡ᠃ ᠳᠤᠮᠳᠠᠳᠤ | ᠤᠯᠤᠰ ᠤᠨ ᠡᠪ ᠬᠠᠮᠲᠤ ᠨᠠᠮ ᠳᠤᠷᠠᠲᠠᠶ᠎ᠠ ᠦᠷᠭᠦᠯᠵᠢᠯᠡᠨ ᠡᠯ᠎ᠡ ᠤᠯᠤᠰ ᠤᠨ ᠲᠦᠷᠦ ᠶᠢᠨ ᠨᠠᠮ ᠪᠣᠯᠣᠨ ᠤᠯᠤᠰ ᠲᠦᠷᠦ ᠶᠢᠨ ᠵᠣᠬᠢᠶᠠᠨ ᠪᠠᠶᠢᠭᠤᠯᠤᠯᠲᠠ ᠯᠤᠭ᠎ᠠ | ᠬᠠᠮᠲᠤ ᠪᠠᠷ ᠨᠠᠮ ᠢ ᠵᠠᠰᠠᠭᠰᠠᠨ ᠲᠦᠷᠦ ᠶᠢ ᠵᠠᠰᠠᠭᠰᠠᠨ ᠲᠤᠷᠰᠢᠯᠭ᠎ᠠ ᠶᠢᠨ ᠰᠣᠯᠢᠯᠴᠠᠭ᠎ᠠ ᠥᠷᠨᠢᠭᠦᠯᠵᠦ᠂ ᠭᠠᠷ ᠬᠤᠯᠪᠣᠨ ᠣᠳᠣᠬᠢᠴᠢᠯᠠᠯᠲᠠ ᠶᠢᠨ ᠵᠠᠮ ᠢᠶᠠᠷ ᠬᠠᠮᠲᠤ ᠪᠠᠷ | ᠵᠠᠮᠨᠠᠵᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠡᠭᠡ ᠵᠠᠮ ᠢᠶᠠᠷ ᠲᠣᠮᠣ ᠠᠯᠬᠤᠮ ᠢᠶᠠᠷ ᠤᠷᠤᠭᠰᠢᠯᠠᠨ᠎ᠠ ᠭᠡᠵᠦ | ᠴᠢᠬᠤᠯᠠᠴᠢᠯᠠᠪᠠ᠃ | ᠰᠢ ᠶᠢᠨ ᠫᠢᠩ ᠬᠠᠮᠤᠭ ᠰᠡᠭᠦᠯ ᠳᠤ᠂ ᠬᠥᠮᠥᠨ ᠲᠥᠷᠥᠯᠬᠢᠲᠡᠨ ᠤ ᠨᠡᠶᠢᠭᠡᠮ ᠤᠨ ᠣᠳᠣᠬᠢᠴᠢᠯᠠᠯᠲᠠ ᠶᠢᠨ ᠠᠶᠠᠨ ᠨᠤᠭᠤᠷᠠᠯ ᠪᠦᠳᠦᠷᠢᠯ ᠳᠤ ᠤᠴᠠᠷᠠᠬᠤ ᠨᠢ | ᠵᠠᠶᠢᠯᠠᠰᠢ ᠦᠭᠡᠢ᠂ ᠭᠡᠪᠡᠴᠦ ᠢᠷᠡᠭᠡᠳᠦᠢ ᠪᠣᠯ ᠭᠡᠭᠡᠨ ᠰᠠᠷᠠᠭᠤᠯ ᠶᠤᠮ᠃ ᠳᠤᠮᠳᠠᠳᠤ ᠤᠯᠤᠰ ᠤᠨ ᠡᠪ ᠬᠠᠮᠲᠤ ᠨᠠᠮ ᠳᠤᠷᠠᠲᠠᠶ᠎ᠠ ᠡᠯ᠎ᠡ ᠲᠠᠯ᠎ᠠ ᠶᠢᠨ ᠬᠢᠨ ᠲᠠᠢ | ᠬᠠᠮᠲᠤ ᠪᠠᠷ ᠴᠢᠷᠮᠠᠶᠢᠵᠤ᠂ ᠲᠤᠰ ᠲᠤᠰ ᠤᠨ ᠣᠨᠴᠠᠯᠢᠭ ᠲᠠᠢ ᠣᠳᠣᠬᠢᠴᠢᠯᠠᠯᠲᠠ ᠶᠢᠨ ᠦᠢᠯᠡᠰ ᠢ ᠳᠡᠯᠡᠬᠡᠢ ᠶᠢᠨ ᠬᠥᠭᠵᠢᠯ ᠴᠡᠴᠡᠭᠯᠡᠯ ᠲᠠᠪᠰᠢᠯᠳᠠ ᠶᠢ ᠠᠬᠢᠭᠤᠯᠬᠤ ᠴᠠᠭ | ᠦᠶ᠎ᠡ ᠶᠢᠨ ᠶᠡᠭᠡ ᠤᠷᠤᠰᠬᠠᠯ ᠪᠣᠯᠭᠠᠨ ᠨᠢᠭᠲᠠᠷᠠᠭᠤᠯᠵᠤ᠂ ᠲᠡᠦᠬᠡ ᠶᠢᠨ ᠤᠷᠳᠤ ᠠᠶᠠᠨ ᠳᠤ ᠡᠷᠡᠮᠡᠬᠡᠶᠢᠯᠡᠨ ᠤᠷᠤᠭᠰᠢᠯᠠᠵᠤ᠂ ᠥᠨᠢᠳᠡ ᠦᠷᠭᠦᠯᠵᠢᠯᠡᠨ | ᠬᠥᠭᠵᠢᠭᠦᠯᠦᠨ᠎ᠡ︕ ᠭᠡᠵᠦ ᠵᠢᠭᠠᠵᠤ ᠭᠠᠷᠭᠠᠪᠠ᠃ | ᠡᠮᠦᠨᠡᠲᠦ ᠠᠹᠷᠢᠺᠠ ᠶᠢᠨ ᠠᠹᠷᠢᠺᠠᠴᠤᠳ ᠤᠨ ᠢᠷᠭᠡᠨ ᠤ ᠶᠡᠭᠡ ᠬᠤᠷᠠᠯ ᠤᠨ ᠲᠡᠷᠢᠭᠦᠯᠡᠭᠴᠢ᠂ ᠶᠡᠷᠦᠩᠬᠡᠶᠢᠯᠡᠭᠴᠢ ᠯᠠᠮᠠᠹᠦ᠋ᠰᠠ᠂ ᠡᠮᠦᠨᠡᠲᠦ ᠰᠦᠳᠠᠨ ᠤ ᠰᠦᠳᠠᠨ ᠤ | ᠠᠷᠠᠳ ᠤᠨ ᠴᠢᠯᠦᠭᠡᠯᠡᠯᠲᠡ ᠶᠢᠨ ᠬᠥᠳᠡᠯᠭᠡᠭᠡᠨ ᠤ ᠲᠡᠷᠢᠭᠦᠯᠡᠭᠴᠢ᠂ ᠶᠡᠷᠦᠩᠬᠡᠶᠢᠯᠡᠭᠴᠢ ᠺᠢᠷ᠂ ᠨᠢᠺᠠᠷᠠᠭᠤᠸᠠ ᠰᠠᠩᠳᠢᠨᠤ᠋ ᠶᠢᠨ ᠦᠨᠳᠦᠰᠦᠲᠡᠨ ᠤ ᠴᠢᠯᠦᠭᠡᠯᠡᠯᠲᠡ ᠶᠢᠨ | ᠹᠷᠣᠨᠲ ᠤᠨ ᠶᠡᠷᠦᠩᠬᠡᠢ ᠱᠦᠵᠢ᠂ ᠶᠡᠷᠦᠩᠬᠡᠶᠢᠯᠡᠭᠴᠢ ᠤᠷᠲ᠋ᠤᠭ᠎ᠠ᠂ ᠸᠧᠨᠧᠽᠦᠧᠯᠠ ᠶᠢᠨ ᠨᠢᠭᠡᠳᠦᠭᠰᠡᠨ ᠨᠡᠶᠢᠭᠡᠮ ᠵᠢᠷᠤᠮᠲᠤ ᠨᠠᠮ ᠤᠨ ᠲᠡᠷᠢᠭᠦᠯᠡᠭᠴᠢ᠂ ᠶᠡᠷᠦᠩᠬᠡᠶᠢᠯᠡᠭᠴᠢ | ᠮᠠᠳᠦ᠋ᠯᠦ᠋ᠸᠧ᠂ ᠰᠧᠷᠪᠢᠶ᠎ᠠ ᠶᠢᠨ ᠤᠷᠤᠭᠰᠢᠯᠠᠯᠲᠠ ᠨᠠᠮ ᠤᠨ ᠲᠡᠷᠢᠭᠦᠯᠡᠭᠴᠢ᠂ ᠶᠡᠷᠦᠩᠬᠡᠶᠢᠯᠡᠭᠴᠢ ᠥᠴᠢᠴᠢ᠂ ᠮᠣᠩᠭᠤᠯ ᠠᠷᠠᠳ ᠤᠨ ᠨᠠᠮ ᠤᠨ ᠲᠡᠷᠢᠭᠦᠯᠡᠭᠴᠢ᠂ | ᠵᠠᠰᠠᠭ ᠤᠨ ᠣᠷᠳᠣᠨ ᠤ ᠶᠡᠷᠦᠩᠬᠡᠢ ᠰᠠᠶᠢᠳ ᠣᠶᠤᠨ᠋ᠡᠷᠳᠡᠨᠢ᠂ ᠵᠡᠭᠦᠨ ᠲᠢᠮᠦᠷ ᠤᠨ ᠠᠷᠠᠳ ᠤᠨ ᠴᠢᠯᠦᠭᠡᠯᠡᠬᠦ ᠨᠠᠮ ᠤᠨ ᠲᠡᠷᠢᠭᠦᠯᠡᠭᠴᠢ᠂ ᠵᠠᠰᠠᠭ ᠤᠨ ᠣᠷᠳᠣᠨ ᠤ | ᠶᠡᠷᠦᠩᠬᠡᠢ ᠰᠠᠶᠢᠳ ᠷᠦᠸᠠᠺ᠂ ᠫᠠᠫᠦ᠋ᠶᠠ ᠰᠢᠨ᠎ᠡ ᠭᠢᠨᠧᠶᠠ ᠶᠢᠨ ᠫᠠᠨᠭᠦ᠋ ᠨᠠᠮ ᠤᠨ ᠤᠳᠤᠷᠢᠳᠤᠭᠴᠢ᠂ ᠵᠠᠰᠠᠭ ᠤᠨ ᠣᠷᠳᠣᠨ ᠤ ᠶᠡᠷᠦᠩᠬᠡᠢ ᠰᠠᠶᠢᠳ ᠮᠠᠯᠠᠫᠸᠢ᠂ | ᠭᠷᠧᠨᠠᠳᠠ ᠶᠢᠨ ᠦᠨᠳᠦᠰᠦᠲᠡᠨ ᠤ ᠠᠷᠠᠳᠴᠢᠯᠠᠭᠰᠠᠨ ᠶᠡᠭᠡ ᠬᠤᠷᠠᠯ ᠤᠨ ᠨᠠᠮ ᠤᠨ ᠤᠳᠤᠷᠢᠳᠤᠭᠴᠢ᠂ ᠵᠠᠰᠠᠭ ᠤᠨ ᠣᠷᠳᠣᠨ ᠤ ᠶᠡᠷᠦᠩᠬᠡᠢ ᠰᠠᠶᠢᠳ ᠮᠢᠴᠢᠶᠧᠷ᠂ | ᠣᠷᠣᠰ ᠤᠨ ᠨᠢᠭᠡᠳᠦᠭᠰᠡᠨ ᠣᠷᠣᠰ ᠨᠠᠮ ᠤᠨ ᠳᠡᠭᠡᠳᠦ ᠵᠥᠪᠯᠡᠯ ᠤᠨ ᠲᠡᠷᠢᠭᠦᠯᠡᠭᠴᠢ ᠭᠧᠯᠦ᠋ᠢᠽᠯᠦ᠋ᠸᠧᠹ᠂ ᠺᠠᠽᠠᠬᠰᠲ᠋ᠠᠨ ᠤ ︽ᠠᠮᠠᠨᠠᠲ︾ ᠨᠠᠮ ᠤᠨ ᠲᠡᠷᠢᠭᠦᠯᠡᠭᠴᠢ | ᠺᠤᠱᠠᠨᠤᠹ᠂ ᠲᠤᠭᠤ᠋ ᠶᠢᠨ ᠪᠦᠭᠦᠳᠠ ᠨᠠᠶᠢᠷᠠᠮᠳᠠᠬᠤ ᠶᠢ ᠬᠠᠮᠠᠭᠠᠯᠠᠬᠤ ᠬᠤᠯᠪᠤᠭ᠎ᠠ ᠶᠢᠨ ᠶᠡᠷᠦᠩᠬᠡᠢ ᠡᠳ᠋ ᠤᠨ ᠵᠠᠰᠠᠭ ᠤᠨ ᠳᠠᠷᠤᠭ᠎ᠠ᠂ ᠢᠷᠭᠡᠨ ᠤ ᠵᠥᠪᠯᠡᠯᠭᠡᠨ ᠤ | ᠬᠤᠷᠠᠯ ᠤᠨ ᠳᠠᠷᠤᠭ᠎ᠠ ᠼᠠᠶᠢᠭᠠᠩ ᠨᠠᠷ ᠶᠠᠷᠢᠯᠴᠠᠬᠤ ᠬᠤᠷᠠᠯ ᠳᠡᠭᠡᠷ᠎ᠡ ᠪᠠᠶᠠᠷ ᠤᠨ ᠦᠭᠡ ᠬᠡᠯᠡᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ | ᠤᠳᠠᠭ᠎ᠠ ᠶᠢᠨ ᠪᠦᠭᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠢᠯᠠᠯᠲᠠ ᠲᠠᠢ ᠪᠠᠷ ᠬᠤᠷᠠᠯᠳᠤᠭᠰᠠᠨ ᠳᠤ ᠬᠠᠯᠠᠭᠤᠨ ᠪᠠᠶᠠᠷ ᠬᠦᠷᠭᠡᠵᠦ᠂ ᠰᠢ ᠶᠢᠨ | ᠫᠢᠩ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠪᠠᠷ ᠳᠠᠬᠢᠨᠲᠠ ᠰᠣᠩᠭᠤᠭᠳᠠᠭᠰᠠᠨ ᠳᠤ ᠬᠠᠯᠠᠭᠤᠨ ᠪᠠᠶᠠᠷ ᠬᠦᠷᠭᠡᠵᠦ᠂ ᠰᠢᠨ᠎ᠡ ᠴᠠᠭ ᠦᠶ᠎ᠡ ᠶᠢᠨ ᠠᠷᠪᠠᠨ ᠵᠢᠯ ᠤᠨ | ᠲᠡᠦᠬᠡᠲᠦ ᠴᠢᠨᠠᠷᠲᠠᠢ ᠠᠮᠵᠢᠯᠲᠠ ᠪᠦᠲᠦᠮᠵᠢ᠂ ᠲᠡᠦᠬᠡᠲᠦ ᠴᠢᠨᠠᠷᠲᠠᠢ ᠬᠤᠪᠢᠰᠤᠯᠲᠠ ᠶᠢ ᠬᠠᠯᠠᠭᠤᠨ ᠢᠶᠠᠷ ᠮᠠᠭᠲᠠᠨ ᠰᠠᠶᠢᠰᠢᠶᠠᠵᠤ᠂ ᠶᠡᠷᠦᠩᠬᠡᠢ ᠱᠦᠵᠢ ᠰᠢ ᠶᠢᠨ | ᠫᠢᠩ ᠤᠨ ᠭᠤᠣᠯ ᠵᠤᠷᠢᠯᠳᠠᠳᠦ ᠶᠠᠷᠢᠶᠠᠨ ᠳᠠᠭᠠᠨ ᠳᠤᠷᠠᠳᠤᠭᠰᠠᠨ ᠲᠥᠷᠥ ᠶᠢᠨ ᠪᠣᠳᠣᠯᠭ᠎ᠠ ᠶᠢᠨ ᠵᠣᠷᠢᠯᠲᠠ ᠶᠢ ᠢᠳᠡᠪᠬᠢᠲᠡᠢ ᠴᠤᠤᠷᠢᠶᠠᠲᠤᠨ ᠳᠠᠭᠠᠵᠤ᠂ ᠳᠤᠷᠠᠲᠠᠶ᠎ᠠ | ᠳᠤᠮᠳᠠᠳᠤ ᠤᠯᠤᠰ ᠤᠨ ᠡᠪ ᠬᠠᠮᠲᠤ ᠨᠠᠮ ᠯᠤᠭ᠎ᠠ ᠬᠠᠮᠲᠤ ᠪᠠᠷ᠂ ᠣᠳᠣᠬᠢᠴᠢᠯᠠᠯᠲᠠ ᠶᠢᠨ ᠠᠬᠢᠴᠠ ᠳᠤᠮᠳᠠ ᠬᠥᠲᠥᠯᠥᠨ ᠳᠠᠭᠠᠭᠤᠯᠬᠤ ᠪᠠ ᠠᠬᠢᠭᠤᠯᠬᠤ | ᠦᠢᠯᠡᠳᠦᠯ ᠢᠶᠠᠨ ᠰᠠᠶᠢᠲᠤᠷ ᠪᠠᠳᠠᠷᠠᠭᠤᠯᠤᠨ᠎ᠠ ᠭᠡᠵᠦ ᠢᠯᠡᠳᠬᠡᠵᠡᠭᠡᠪᠡ᠃ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠪ ᠤᠨ ᠱᠦᠵᠢ ᠨᠠᠷ ᠤᠨ ᠭᠠᠵᠠᠷ ᠤᠨ ᠱᠦᠵᠢ ᠼᠠᠢ ᠴᠢ | ᠶᠠᠷᠢᠯᠴᠠᠬᠤ ᠬᠤᠷᠠᠯ ᠳᠤ ᠣᠷᠣᠯᠴᠠᠬᠰᠠᠨ ᠪᠥᠭᠡᠳ ᠳ᠋ᠦᠩᠨᠡᠯᠲᠡ ᠶᠢᠨ ᠶᠠᠷᠢᠶ᠎ᠠ ᠲᠠᠯᠪᠢᠵᠠᠢ᠃ ᠲᠡᠷᠡ ᠶᠡᠷᠦᠩᠬᠡᠢ ᠱᠦᠵᠢ ᠰᠢ ᠶᠢᠨ ᠫᠢᠩ ᠭᠤᠣᠯ ᠵᠤᠷᠢᠯᠳᠠᠳᠦ ᠶᠠᠷᠢᠶ᠎ᠠ | ᠲᠠᠯᠪᠢᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠣᠳᠣᠬᠢᠴᠢᠯᠠᠯᠲᠠ ᠶᠢᠨ ᠵᠠᠮ ᠢ ᠬᠠᠶᠢᠨ ᠰᠦᠪᠡᠭᠴᠢᠯᠡᠬᠦ ᠲᠤᠬᠠᠢ ᠲᠠᠨᠢᠯᠲᠠ ᠶᠢ ᠰᠢᠰᠲ᠋ᠧᠮ ᠲᠠᠢ | ᠲᠣᠳᠣᠷᠬᠠᠶᠢᠯᠠᠨ ᠥᠭᠦᠯᠡᠵᠦ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠳᠤᠷᠠᠳᠴᠤ᠂ ᠳᠤᠮᠳᠠᠳᠤ ᠤᠯᠤᠰ ᠤᠨ ᠡᠪ ᠬᠠᠮᠲᠤ ᠨᠠᠮ ᠳᠤᠷᠠᠲᠠᠶ᠎ᠠ ᠡᠯ᠎ᠡ | ᠤᠯᠤᠰ ᠤᠨ ᠲᠦᠷᠦ ᠶᠢᠨ ᠨᠠᠮ ᠲᠠᠢ ᠬᠠᠮᠲᠤ ᠪᠠᠷ᠂ ᠲᠤᠰ ᠤᠯᠤᠰ ᠤᠨ ᠣᠨᠴᠠᠯᠢᠭ ᠲᠠᠢ ᠣᠳᠣᠬᠢᠴᠢᠯᠠᠯᠲᠠ ᠶᠢᠨ ᠦᠢᠯᠡᠰ ᠢ ᠠᠬᠢᠭᠤᠯᠵᠤ᠂ ᠪᠦᠭᠦ ᠪᠥᠮᠪᠥᠷᠴᠡᠭ ᠤᠨ | ᠪᠣᠯᠪᠠᠰᠤᠨ ᠤ ᠰᠣᠯᠢᠯᠴᠠᠭ᠎ᠠ ᠲᠣᠯᠢᠳᠠᠯ ᠢ ᠠᠬᠢᠭᠤᠯᠵᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ | ᠴᠢᠩ ᠦᠨᠡᠨᠴᠢ ᠬᠦᠰᠡᠯ ᠡᠷᠡᠮᠡᠯᠵᠡᠯ ᠢ ᠢᠯᠡᠳᠬᠡᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠮᠥᠨ ᠲᠥᠷᠥᠯᠬᠢᠲᠡᠨ ᠤ ᠬᠠᠮᠲᠤ ᠶᠢᠨ ᠥᠷᠢᠰᠦᠯᠳᠦᠭᠡᠨ ᠳᠤ | ᠰᠢᠭᠤᠳ ᠬᠠᠨᠳᠤᠬᠤ ᠤᠯᠤᠰ ᠲᠦᠷᠦ ᠶᠢᠨ ᠰᠥᠰᠥ ᠵᠣᠷᠢᠭ ᠪᠣᠯᠣᠨ ᠬᠠᠷᠢᠭᠤᠴᠠᠯᠭ᠎ᠠ ᠡᠭᠦᠷᠭᠡᠯᠡᠯ ᠢ ᠢᠯᠡᠷᠡᠭᠦᠯᠵᠦ᠂ ᠳᠡᠯᠡᠬᠡᠢ ᠶᠢᠨ ᠣᠳᠣᠬᠢᠴᠢᠯᠠᠯᠲᠠ ᠶᠢᠨ ᠠᠬᠢᠴᠠ ᠶᠢ | ᠠᠬᠢᠭᠤᠯᠵᠤ᠂ ᠬᠥᠮᠥᠨ ᠲᠥᠷᠥᠯᠬᠢᠲᠡᠨ ᠤ ᠪᠣᠯᠪᠠᠰᠤᠨ ᠤ ᠲᠠᠪᠰᠢᠯᠳᠠ ᠶᠢ ᠠᠬᠢᠭᠤᠯᠬᠤ ᠳᠤ ᠳᠤᠮᠳᠠᠳᠤ ᠤᠯᠤᠰ ᠤᠨ ᠲᠥᠰᠥᠯ ᠢ ᠬᠠᠩᠭᠠᠪᠠ᠃ ᠳᠤᠮᠳᠠᠳᠤ ᠤᠯᠤᠰ ᠤᠨ | ᠡᠪ ᠬᠠᠮᠲᠤ ᠨᠠᠮ ᠳᠤᠷᠠᠲᠠᠶ᠎ᠠ ᠡᠯ᠎ᠡ ᠤᠯᠤᠰ ᠤᠨ ᠲᠦᠷᠦ ᠶᠢᠨ ᠨᠠᠮ ᠪᠣᠯᠣᠨ ᠤᠯᠤᠰ ᠲᠦᠷᠦ ᠶᠢᠨ ᠵᠣᠬᠢᠶᠠᠨ ᠪᠠᠶᠢᠭᠤᠯᠤᠯᠲᠠ ᠲᠠᠢ ᠣᠳᠣᠬᠢᠴᠢᠯᠠᠯᠲᠠ ᠶᠢᠨ ᠵᠠᠮ ᠢ | ᠬᠠᠶᠢᠨ ᠰᠦᠪᠡᠭᠴᠢᠯᠡᠬᠦ᠂ ᠪᠣᠯᠪᠠᠰᠤᠨ ᠤ ᠲᠠᠪᠰᠢᠯᠳᠠ ᠶᠢ ᠠᠬᠢᠭᠤᠯᠬᠤ ᠲᠦᠷᠦ ᠶᠢᠨ ᠨᠠᠮ ᠤᠨ ᠬᠠᠷᠢᠭᠤᠴᠠᠯᠭ᠎ᠠ ᠶᠢ ᠬᠠᠮᠲᠤ ᠪᠠᠷ ᠡᠭᠦᠷᠭᠡᠯᠡᠵᠦ᠂ ᠬᠥᠮᠥᠨ | ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ ᠠᠶᠠᠨ ᠳᠤ ᠭᠠᠷ ᠬᠤᠯᠪᠣᠨ ᠬᠠᠮᠲᠤ ᠪᠠᠷ ᠤᠷᠤᠭᠰᠢᠯᠠᠨ᠎ᠠ ᠭᠡᠵᠦ | ᠵᠢᠭᠠᠵᠤ ᠭᠠᠷᠭᠠᠪᠠ᠃ ᠸᠠᠩ ᠢ᠂ ᠶᠢᠨ ᠯᠢ᠂ ᠯᠢ ᠱᠣ᠋ ᠯᠧᠢ᠂ ᠴᠢᠨ ᠭᠠᠩ ᠨᠠᠷ ᠶᠠᠷᠢᠯᠴᠠᠬᠤ ᠬᠤᠷᠠᠯ ᠳᠤ ᠣᠷᠣᠯᠴᠠᠪᠠ᠃ | ᠳᠤᠮᠳᠠᠳᠤ ᠤᠯᠤᠰ ᠤᠨ ᠡᠪ ᠬᠠᠮᠲᠤ ᠨᠠᠮ ᠪᠣᠯᠣᠨ ᠳᠡᠯᠡᠬᠡᠢ ᠶᠢᠨ ᠲᠦᠷᠦ ᠶᠢᠨ ᠨᠠᠮ ᠯᠤᠭ᠎ᠠ ᠶᠢᠨ ᠳᠡᠭᠡᠳᠦ ᠲᠡᠰ ᠤᠨ ᠶᠠᠷᠢᠯᠴᠠᠭ᠎ᠠ ᠶᠢᠨ ᠬᠤᠷᠠᠯ ᠨᠢ ︽ | ᠣᠳᠣᠬᠢᠴᠢᠯᠠᠯᠲᠠ ᠶᠢᠨ ᠵᠠᠮ᠄ ᠲᠦᠷᠦ ᠶᠢᠨ ᠨᠠᠮ ᠤᠨ ᠬᠠᠷᠢᠭᠤᠴᠠᠯᠭ᠎ᠠ︾ ᠪᠠᠷ ᠭᠤᠣᠯ ᠰᠡᠳᠦᠪ ᠪᠤᠯᠭᠠᠵᠤ᠂ 150 ᠭᠠᠷᠤᠢ ᠤᠯᠤᠰ ᠤᠨ 500 ᠭᠠᠷᠤᠢ ᠲᠦᠷᠦ ᠶᠢᠨ | ᠨᠠᠮ ᠪᠣᠯᠣᠨ ᠤᠯᠤᠰ ᠲᠦᠷᠦ ᠶᠢᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠬᠥᠮᠥᠰ ᠬᠤᠷᠠᠯ ᠳᠤ ᠣᠷᠣᠯᠴᠠᠵᠠᠢ᠃ | ︵ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 15 ᠤ ᠴᠠᠭᠢᠯᠭᠠᠨ ᠮᠡᠳᠡᠭᠡ︶ |