ᠰᠢᠨᠬᠤᠸᠠ ᠬᠤᠷᠢᠶᠠᠨ ᠤ ᠪᠡᠭᠡᠵᠢᠩ ᠤᠨ 3 ᠳ᠋ᠤᠭᠠᠷ ᠰᠠᠷ᠎ᠠ ᠶᠢᠨ 14 ᠤ ᠡᠳᠦᠷ ᠤᠨ ᠮᠡᠳᠡᠭᠡ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ | ᠴᠢᠶᠠᠩ 3 ᠳ᠋ᠤᠭᠠᠷ ᠰᠠᠷ᠎ᠠ ᠶᠢᠨ 14 ᠤ ᠡᠳᠦᠷ ᠰᠢᠨ᠎ᠡ ᠨᠢᠭᠡ ᠬᠤᠭᠤᠴᠠᠭᠠᠨ ᠤ ᠲᠥᠷᠥ ᠶᠢᠨ ᠶᠠᠪᠤᠳᠠᠯ ᠤᠨ ᠬᠤᠷᠢᠶᠠᠨ ᠤ ᠠᠩᠬᠠᠳᠤᠭᠠᠷ ᠤᠳᠠᠭᠠᠨ ᠤ ᠪᠠᠶᠢᠩᠭᠤ ᠶᠢᠨ | ᠬᠤᠷᠠᠯ ᠢ ᠡᠷᠭᠢᠯᠡᠨ ᠬᠤᠷᠠᠯᠳᠤᠭᠤᠯᠵᠤ ᠂ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠭᠤᠯᠤᠮᠵᠢ ᠶᠢᠨ ᠪᠠᠶᠢᠷᠢᠯᠠᠭᠤᠯᠤᠯᠲᠠ ᠶᠢᠨ ᠬᠤᠯᠪᠣᠭᠳᠠᠯ ᠪᠦᠬᠦᠢ ᠠᠵᠢᠯ ᠢ | ᠰᠤᠳᠤᠯᠵᠤ ᠂ ︽ᠲᠥᠷᠥ ᠶᠢᠨ ᠶᠠᠪᠤᠳᠠᠯ ᠤᠨ ᠬᠤᠷᠢᠶᠠᠨ ᠤ ᠠᠵᠢᠯ ᠤᠨ ᠳᠦᠷᠢᠮ ︵ᠵᠠᠰᠠᠪᠤᠷᠢ ᠤᠷᠤᠭᠤᠯᠤᠭᠰᠠᠨ ᠨᠤᠤᠷᠠᠭ ︶︾ ᠢ ᠶᠠᠷᠢᠯᠴᠠᠨ ᠂ ᠰᠢᠨ᠎ᠡ ᠨᠢᠭᠡ | ᠬᠤᠭᠤᠴᠠᠭᠠᠨ ᠤ ᠲᠦᠷᠦ ᠶᠢᠨ ᠶᠠᠪᠤᠳᠠᠯ ᠤᠨ ᠬᠤᠷᠢᠶ᠎ᠠ ᠡᠭᠦᠷᠭᠡ ᠲᠤᠰᠢᠶᠠᠯ ᠢᠶᠠᠨ ᠪᠦᠬᠦ ᠲᠠᠯ᠎ᠠ ᠪᠠᠷ ᠬᠡᠷᠡᠭᠵᠢᠭᠦᠯᠵᠦ ᠡᠬᠢᠯᠡᠪᠡ ᠃ | ᠬᠤᠷᠠᠯ ᠠᠴᠠ ᠴᠢᠬᠤᠯᠠᠴᠢᠯᠠᠬᠤ ᠳᠤ ᠪᠠᠨ ᠂ ᠶᠡᠷᠦᠩᠬᠡᠢ ᠱᠦᠵᠢ ᠰᠢ ᠶᠢᠨ ᠫᠢᠩ ᠪᠦᠬᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠤ ᠠᠯᠢ ᠤᠯᠠᠨ | ᠴᠢᠬᠤᠯᠠ ᠶᠠᠷᠢᠶ᠎ᠠ ᠲᠠᠯᠪᠢᠭᠰᠠᠨ ᠨᠢ ᠮᠠᠰᠢ ᠴᠢᠩᠭ᠎ᠠ ᠤᠯᠤᠰ ᠲᠥᠷᠥᠴᠢ ᠴᠢᠨᠠᠷ ᠂ ᠦᠵᠡᠯ ᠰᠠᠨᠠᠭᠠᠨ ᠤ ᠴᠢᠨᠠᠷ ᠂ ᠵᠢᠯᠤᠭᠤᠳᠬᠤ ᠴᠢᠨᠠᠷ ᠂ ᠬᠠᠨᠳᠤᠯᠭᠠᠲᠤ ᠴᠢᠨᠠᠷ ᠲᠠᠢ | ᠶᠤᠮ ᠃ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠣᠯᠣᠨ ᠪᠦᠬᠦ ᠤᠯᠤᠰ ᠤᠨ ᠬᠤᠶᠠᠷ | ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠨᠠᠷᠢᠨ ᠬᠢᠨᠠᠮᠠᠭᠠᠢ ᠠᠳᠬᠤᠬᠤ ᠬᠡᠷᠡᠭᠲᠡᠢ | ᠭᠡᠵᠡᠢ ᠃ ᠬᠤᠷᠠᠯ ᠠᠴᠠ ᠴᠢᠬᠤᠯᠠᠴᠢᠯᠠᠭᠰᠠᠨ ᠨᠢ ᠂ ᠲᠦᠷᠦ ᠶᠢᠨ ᠶᠠᠪᠤᠳᠠᠯ ᠤᠨ ᠬᠤᠷᠢᠶ᠎ᠠ ᠪᠣᠯ ᠡᠩ ᠲᠡᠷᠢᠭᠦᠨ ᠳᠤ ᠤᠯᠤᠰ ᠲᠦᠷᠦ ᠶᠢᠨ ᠪᠠᠶᠢᠭᠤᠯᠭ᠎ᠠ ᠪᠣᠯᠣᠨ᠎ᠠ ᠂ | ᠡᠷᠬᠡᠪᠰᠢ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠵᠦ ᠂ ︽ ᠬᠤᠶᠠᠷ ᠢ ᠳᠤᠭᠲᠠᠭᠠᠭᠰᠠᠨ ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ | ᠭᠦᠨᠵᠡᠭᠡᠢ ᠣᠶᠢᠯᠠᠭᠠᠵᠤ ᠂ ︽ ᠲᠦᠷᠪᠡᠨ ᠤᠬᠠᠮᠰᠠᠷ ︾ ᠢᠶᠠᠨ ᠴᠢᠩᠭᠠᠳᠬᠠᠨ ᠂ ︽ ᠲᠦᠷᠪᠡᠨ ᠢᠲᠡᠭᠡᠯ ︾ ᠢᠶᠠᠨ ᠪᠠᠲᠤᠳᠬᠠᠵᠤ ᠂ ︽ ᠬᠤᠶᠠᠷ ᠢ ᠬᠠᠮᠠᠭᠠᠯᠠᠬᠤ ︾ ᠶᠢ | ᠪᠡᠶᠡᠯᠡᠭᠦᠯᠬᠦ ᠬᠡᠷᠡᠭᠲᠡᠢ ᠃ ᠲᠥᠪ ᠭᠤᠣᠯᠴᠢ ᠪᠠᠷ ᠰᠢᠨ᠎ᠡ ᠶᠢ ᠡᠭᠦᠳᠬᠦ ᠶᠢ ᠪᠠᠷᠢᠮᠲᠠᠯᠠᠵᠤ ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠣᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠰᠢᠰᠲ᠋ᠧᠮ ᠲᠠᠢ ᠰᠤᠷᠤᠯᠴᠠᠨ | ᠡᠵᠡᠮᠰᠢᠵᠦ ᠂ ᠪᠠᠶᠢᠴᠠᠭᠠᠨ ᠰᠤᠳᠤᠯᠤᠯᠲᠠ ᠬᠢᠬᠦ ᠣᠪᠣᠷ ᠰᠤᠷᠲᠠᠯ ᠢ ᠪᠠᠳᠠᠷᠠᠭᠤᠯᠵᠤ ᠂ ᠴᠢᠬᠤᠯᠠ ᠶᠡᠭᠡ ᠠᠰᠠᠭᠤᠳᠠᠯ ᠢ ᠭᠦᠨᠵᠡᠭᠡᠢ ᠰᠤᠳᠤᠯᠤᠨ ᠂ ᠴᠢᠬᠤᠯᠠ ᠶᠡᠭᠡ ᠠᠷᠭ᠎ᠠ | ᠬᠡᠮᠵᠢᠶ᠎ᠡ ᠶᠢ ᠳᠤᠷᠠᠳᠴᠤ ᠂ ᠴᠢᠬᠤᠯᠠ ᠶᠡᠭᠡ ᠠᠵᠢᠯ ᠢ ᠠᠬᠢᠭᠤᠯᠤᠨ ᠂ ᠪᠦᠲᠦᠭᠡᠯᠴᠢ ᠪᠠᠷ ᠡᠯ᠎ᠡ ᠵᠦᠢᠯ ᠤᠨ ᠡᠭᠦᠷᠭᠡ ᠶᠢ ᠪᠣᠳᠠᠲᠠᠢ ᠮᠥᠷᠲᠡᠭᠡᠨ ᠰᠠᠶᠢᠲᠤᠷ ᠠᠳᠬᠤᠬᠤ | ᠬᠡᠷᠡᠭᠲᠡᠢ ᠃ ᠪᠥᠬᠦ ᠲᠠᠯ᠎ᠠ ᠶᠢᠨ ᠤᠬᠠᠮᠰᠠᠷ ᠢᠶᠠᠨ ᠴᠢᠩᠭᠠᠳᠬᠠᠨ ᠂ ᠪᠦᠯᠬᠦᠮᠳᠡᠯᠲᠡᠢ ᠪᠠᠷ ᠬᠠᠮᠲᠤᠷᠠᠨ ᠠᠵᠢᠯᠯᠠᠵᠤ ᠂ ᠬᠦᠴᠦ ᠨᠢᠭᠡᠳᠦᠨ ᠦᠢᠯᠡᠰ ᠴᠣᠭᠴᠠᠯᠠᠵᠤ ᠂ | ᠬᠠᠷᠢᠯᠴᠠᠨ ᠳᠡᠮᠵᠢᠯᠴᠠᠨ ᠂ ᠬᠠᠷᠢᠯᠴᠠᠨ ᠬᠠᠮᠵᠢᠯᠴᠠᠵᠤ ᠂ ᠵᠣᠬᠢᠴᠠᠩᠭᠤᠢ ᠪᠥᠭᠡᠳ ᠥᠨᠳᠥᠷ ᠪᠦᠲᠦᠮᠵᠢᠲᠡᠢ ᠪᠠᠷ ᠠᠵᠢᠯ ᠢᠶᠠᠨ ᠥᠷᠨᠢᠭᠦᠯᠬᠦ ᠬᠡᠷᠡᠭᠲᠡᠢ ᠭᠡᠰᠡᠨ ᠪᠠᠶᠢᠨ᠎ᠠ ᠃ | ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠠᠴᠠ ᠬᠢᠨᠠᠨ ᠪᠠᠲᠤᠯᠠᠭᠰᠠᠨ ︽ ᠨᠠᠮ ᠪᠠ ᠲᠦᠷᠦ ᠶᠢᠨ | ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ ︾ ᠪᠣᠯᠣᠨ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠠᠴᠠ ᠬᠢᠨᠠᠨ ᠵᠥᠪᠰᠢᠶᠡᠷᠡᠭᠰᠡᠨ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ | ᠲᠥᠰᠥᠯ ᠢ ᠦᠨᠳᠦᠰᠦᠯᠡᠨ ᠂ ᠬᠤᠷᠠᠯ ᠠᠴᠠ ᠲᠦᠷᠦ ᠶᠢᠨ ᠶᠠᠪᠤᠳᠠᠯ ᠤᠨ ᠬᠤᠷᠢᠶᠠᠨ ᠤ ᠰᠢᠭᠤᠳ ᠬᠠᠷᠢᠶ᠎ᠠ ᠣᠨᠴᠠ ᠲᠣᠬᠢᠷᠠᠭᠤᠯᠤᠭᠰᠠᠨ ᠪᠠᠶᠢᠭᠤᠯᠤᠮᠵᠢ ᠂ ᠰᠢᠭᠤᠳ | ᠬᠠᠷᠢᠶ᠎ᠠ ᠪᠠᠶᠢᠭᠤᠯᠤᠮᠵᠢ ᠂ ᠬᠡᠷᠡᠭ ᠡᠷᠬᠢᠯᠡᠬᠦ ᠪᠠᠶᠢᠭᠤᠯᠤᠮᠵᠢ ᠂ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠢ ᠂ ᠶᠠᠮᠤᠨ ᠬᠤᠷᠢᠶ᠎ᠠ ᠶᠢᠨ ᠬᠠᠮᠢᠶᠠᠷᠴᠤ ᠪᠠᠶᠢᠭ᠎ᠠ | ᠤᠯᠤᠰ ᠤᠨ ᠲᠣᠪᠴᠢᠶ᠎ᠠ ᠶᠢᠨ ᠪᠠᠶᠢᠷᠢᠯᠠᠭᠤᠯᠤᠯᠲᠠ ᠶᠢ ᠬᠢᠨᠠᠨ ᠪᠠᠲᠤᠯᠠᠪᠠ ᠃ ᠬᠤᠷᠠᠯ ᠠᠴᠠ ᠪᠠᠶᠢᠭᠤᠯᠤᠮᠵᠢ ᠶᠢᠨ ᠥᠭᠡᠷᠡᠴᠢᠯᠡᠯᠲᠡ ᠪᠣᠯ ᠣᠳᠣᠬᠠᠨ ᠤ ᠴᠢᠬᠤᠯᠠ ᠶᠡᠭᠡ | ᠤᠯᠤᠰ ᠲᠦᠷᠦ ᠶᠢᠨ ᠡᠭᠦᠷᠭᠡ ᠪᠣᠯᠣᠨ᠎ᠠ ᠃ ᠪᠢᠳᠡ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠪᠠᠨ ᠦᠨᠡᠨ ᠬᠦ ᠨᠠᠮ ᠤᠨ ᠲᠥᠪ ᠬᠤᠷᠢᠶᠠᠨ ᠤ ᠰᠢᠢᠳᠪᠦᠷᠢᠲᠦ | ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ ᠂ ᠤᠯᠤᠰ ᠲᠦᠷᠦ ᠶᠢ ᠡᠷᠬᠢᠮᠯᠡᠨ᠂ ᠪᠥᠬᠦ ᠲᠠᠯ᠎ᠠ ᠶᠢ ᠬᠠᠷᠠᠭᠠᠯᠵᠠᠵᠤ ᠂ ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ | ᠬᠡᠷᠡᠭᠵᠢᠭᠦᠯᠵᠤ ᠂ ᠪᠠᠶᠢᠭᠤᠯᠤᠮᠵᠢ ᠂ ᠡᠭᠦᠷᠭᠡ ᠬᠠᠷᠢᠭᠤᠴᠠᠯᠭ᠎ᠠ ᠂ ᠡᠩᠨᠡᠭᠡ ᠵᠡᠷᠭᠡ ᠶᠢ ᠴᠠᠭ ᠲᠤᠬᠠᠢ ᠳᠤ ᠨᠢ ᠵᠦᠢ ᠵᠣᠬᠢᠰᠲᠠᠢ ᠲᠣᠬᠢᠷᠠᠭᠤᠯᠬᠤ ᠶᠢ ᠪᠠᠲᠤᠯᠠᠵᠤ ᠂ | ᠥᠭᠡᠷᠡᠴᠢᠯᠡᠯᠲᠡ ᠶᠢᠨ ᠬᠤᠭᠤᠴᠠᠭᠠᠨ ᠳᠠᠬᠢ ᠡᠯ᠎ᠡ ᠵᠦᠢᠯ ᠤᠨ ᠠᠵᠢᠯ ᠢ ᠬᠡᠪ ᠤᠨ ᠶᠤᠰᠤᠭᠠᠷ ᠥᠷᠨᠢᠭᠦᠯᠵᠦ ᠂ ᠡᠮᠬᠢ ᠵᠢᠷᠤᠮ ᠲᠠᠢ ᠵᠣᠯᠭᠠᠭᠤᠯᠬᠤ ᠶᠢ ᠪᠠᠲᠤᠯᠠᠬᠤ | ᠬᠡᠷᠡᠭᠲᠡᠢ ᠃ ᠡᠨᠡ ᠤᠳᠠᠭ᠎ᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠪᠠᠷ ᠠᠵᠠ ᠲᠣᠬᠢᠶᠠᠯ ᠪᠣᠯᠭᠠᠵᠤ ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠂ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠴᠡᠭᠡ ᠱᠠᠭᠠᠷᠳᠠᠯᠭ᠎ᠠ ᠳᠤ ᠵᠣᠬᠢᠴᠠᠭᠤᠯᠤᠨ ᠂ ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢ ᠤᠯᠠᠮ ᠨᠢᠭᠡ | ᠠᠯᠬᠤᠮ ᠬᠤᠪᠢᠷᠠᠭᠤᠯᠵᠤ ᠂ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠦᠨ ᠂ ᠠᠵᠢᠯ ᠤᠨ ᠴᠢᠳᠠᠪᠤᠷᠢ ᠪᠠᠨ ᠳᠡᠭᠡᠭᠰᠢᠯᠡᠭᠦᠯᠵᠦ ᠂ ᠠᠵᠢᠯ ᠤᠨ ᠣᠪᠣᠷ ᠰᠤᠷᠲᠠᠯ ᠢᠶᠠᠨ | ᠰᠠᠶᠢᠵᠢᠷᠠᠭᠤᠯᠤᠨ ᠂ ᠦᠷ᠎ᠡ ᠪᠦᠲᠦᠮᠵᠢᠲᠠᠢ ᠵᠠᠬ᠎ᠠ ᠳᠡᠯᠭᠡᠭᠦᠷ ᠪᠣᠯᠣᠨ ᠠᠵᠢᠯ ᠦᠢᠯᠡᠰᠴᠢ ᠵᠠᠰᠠᠭ ᠤᠨ ᠣᠷᠳᠣᠨ ᠢ ᠨᠡᠩ ᠰᠠᠶᠢᠨ ᠤᠶᠠᠯᠳᠤᠭᠤᠯᠬᠤ ᠶᠢ ᠠᠬᠢᠭᠤᠯᠬᠤ | ᠬᠡᠷᠡᠭᠲᠡᠢ ᠭᠡᠵᠦ ᠵᠢᠭᠠᠵᠤ ᠭᠠᠷᠭᠠᠪᠠ ᠃ | ᠬᠤᠷᠠᠯ ᠠᠴᠠ ᠰᠢᠨ᠎ᠡ ᠪᠠᠷ ᠵᠠᠰᠠᠪᠤᠷᠢ ᠤᠷᠤᠭᠤᠯᠤᠭᠰᠠᠨ ︽ ᠲᠦᠷᠦ ᠶᠢᠨ ᠶᠠᠪᠤᠳᠠᠯ ᠤᠨ ᠬᠤᠷᠢᠶᠠᠨ ᠤ ᠠᠵᠢᠯ ᠤᠨ ᠳᠦᠷᠢᠮ ︾ ᠢ ᠶᠠᠷᠢᠯᠴᠠᠵᠤ ᠂ ᠵᠠᠰᠠᠪᠤᠷᠢ | ᠤᠷᠤᠭᠤᠯᠤᠭᠰᠠᠨ ᠨᠣᠣᠷᠠᠭ ᠢ ᠲᠦᠷᠦ ᠶᠢᠨ ᠶᠠᠪᠤᠳᠠᠯ ᠤᠨ ᠬᠤᠷᠢᠶᠠᠨ ᠤ ᠠᠩᠬᠠᠳᠤᠭᠠᠷ ᠪᠦᠬᠦᠳᠡ ᠬᠤᠷᠠᠯ ᠳᠤ ᠳᠡᠪᠰᠢᠭᠦᠯᠵᠦ ᠬᠢᠨᠠᠨ ᠵᠥᠪᠯᠡᠭᠦᠯᠬᠦ ᠪᠠᠷ ᠲᠣᠭᠲᠠᠪᠠ ᠃ | ᠬᠤᠷᠠᠯ ᠠᠴᠠ ᠲᠦᠷᠦ ᠶᠢᠨ ᠶᠠᠪᠤᠳᠠᠯ ᠤᠨ ᠬᠤᠷᠢᠶᠠᠨ ᠤ ᠠᠵᠢᠯ ᠢ ᠰᠠᠶᠢᠲᠤᠷ ᠬᠢᠬᠦ ᠳᠤ ᠂ ᠡᠷᠬᠡᠪᠰᠢ ᠨᠠᠮ ᠤᠨ ᠲᠥᠪ ᠬᠤᠷᠢᠶᠠᠨ ᠤ ᠡᠷᠬᠡ ᠰᠦᠷ ᠪᠠ ᠲᠥᠪᠯᠡᠷᠡᠩᠭᠦᠢ | ᠨᠢᠭᠡᠳᠦᠯᠲᠡᠢ ᠤᠳᠤᠷᠢᠳᠤᠯᠭ᠎ᠠ ᠶᠢ ᠬᠠᠮᠠᠭᠠᠯᠠᠬᠤ ᠪᠠᠷ ᠬᠠᠮᠤᠭ ᠤᠨ ᠦᠨᠳᠦᠰᠦᠨ ᠤᠯᠤᠰ ᠲᠦᠷᠦ ᠶᠢᠨ ᠰᠠᠬᠢᠯᠭ᠎ᠠ ᠪᠠᠲᠤ ᠪᠠ ᠤᠯᠤᠰ ᠲᠦᠷᠦ ᠶᠢᠨ ᠶᠣᠰᠣ ᠳᠦᠷᠢᠮ | ᠪᠣᠯᠭᠠᠵᠤ ᠂ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠲᠣᠭᠲᠠᠴᠠ ᠶᠢ ᠪᠠᠷᠢᠮᠲᠠᠯᠠᠨ | ᠲᠡᠭᠦᠯᠳᠡᠷᠵᠢᠭᠦᠯᠵᠦ ᠂ ᠤᠬᠠᠮᠰᠠᠷ ᠠᠴᠠ ᠪᠠᠨ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠱᠠᠭᠠᠷᠳᠠᠯᠭ᠎ᠠ ᠲᠠᠢ ᠬᠠᠷᠭᠤᠭᠤᠯᠤᠨ ᠪᠠᠶᠢᠴᠠᠭᠠᠵᠤ ᠂ ᠨᠠᠮ ᠤᠨ ᠲᠥᠪ | ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠃ ᠰᠢᠨᠵᠢᠯᠡᠬᠦ ᠤᠬᠠᠭᠠᠨᠴᠢ | ᠪᠥᠭᠡᠳ ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠪᠠᠷᠢᠮᠲᠠᠯᠠᠵᠤ ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠨ ᠂ ᠵᠠᠰᠠᠭ ᠤᠨ | ᠣᠷᠳᠣᠨ ᠤ ᠠᠵᠢᠯ ᠤᠨ ᠳᠦᠷᠢᠮᠵᠢᠯ ᠲᠠᠢ ᠡᠮᠬᠢ ᠵᠢᠷᠤᠮ ᠲᠠᠢ ᠥᠨᠳᠥᠷ ᠪᠦᠲᠦᠮᠵᠢᠲᠡᠶ ᠠᠵᠢᠯᠯᠠᠭᠠᠨ ᠢ ᠲᠦᠯᠬᠢᠨ ᠠᠬᠢᠭᠤᠯᠬᠤ ᠬᠡᠷᠡᠭᠲᠡᠢ ᠃ ᠪᠦᠬᠦ ᠲᠠᠯ᠎ᠠ ᠪᠠᠷ ᠨᠠᠮ ᠢ | ᠴᠢᠩᠭ᠎ᠠ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠭᠦᠷᠭᠡᠯᠡᠵᠦ ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ | ᠰᠠᠨᠠᠭ᠎ᠠ ᠶᠢ ᠴᠥᠬᠦᠷᠡᠰᠢ ᠦᠭᠡᠢ ᠨᠠᠶᠢᠳᠠᠪᠤᠷᠢᠵᠢᠭᠤᠯᠵᠤ ᠂ ᠡᠯ᠎ᠡ ᠲᠠᠯ᠎ᠠ ᠶᠢᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ ᠂ ᠠᠷᠢᠭᠤᠨ ᠴᠢᠬᠡᠴᠢ ᠵᠠᠰᠠᠭ ᠤᠨ | ᠣᠷᠳᠣᠨ ᠤ ᠪᠠᠶᠢᠭᠤᠯᠤᠯᠲᠠ ᠶᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ ᠃ | |