2 ᠳ᠋ᠤᠭᠠᠷ ᠰᠠᠷ᠎ᠠ ᠶᠢᠨ 28 ᠤ ᠡᠳᠦᠷ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠲᠢᠩᠬᠢᠮ ᠤᠨ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠵᠢᠶᠧ ᠰᠢᠨ ᠮᠢᠨ ᠨᠠᠷ ᠪᠡᠭᠡᠵᠢᠩ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ | ᠪᠥᠲᠥᠭᠡᠨ ᠪᠠᠶᠢᠭᠤᠯᠤᠯᠲᠠ ᠶᠢᠨ ᠵᠥᠪᠯᠡᠯ ᠳᠤ ᠬᠦᠷᠴᠦ᠂ ᠪᠠᠯᠠ ᠣᠷᠣᠭᠤᠯᠵᠤ ᠪᠠᠯᠠ ᠴᠤᠭᠯᠠᠭᠤᠯᠬᠤ ᠵᠢᠴᠢ ᠪᠥᠲᠥᠭᠡᠨ ᠪᠠᠶᠢᠭᠤᠯᠬᠤ ᠬᠠᠮᠢᠶᠠᠷᠤᠯᠲᠠ ᠶᠢᠨ ᠵᠠᠭᠪᠤᠷ ᠤᠨ | ᠰᠢᠨ᠎ᠡ ᠶᠢ ᠡᠭᠦᠳᠬᠦ᠂ ᠬᠤᠲᠠ ᠶᠢᠨ ᠰᠢᠨᠡᠴᠢᠯᠡᠯᠳᠡ ᠵᠡᠷᠭᠡ ᠲᠠᠯ᠎ᠠ ᠶᠢᠨ ᠰᠢᠯᠢᠳᠡᠭ ᠲᠤᠷᠰᠢᠯᠭ᠎ᠠ ᠪᠠ ᠨᠡᠶᠢᠲᠡᠯᠢᠭ ᠠᠷᠭ᠎ᠠ ᠬᠢᠳᠡᠯ ᠢ ᠰᠤᠷᠤᠯᠴᠠᠨ ᠰᠠᠨᠠᠯ ᠰᠣᠯᠢᠯᠴᠠᠪᠠ᠃ | | | | ᠲᠣᠰ ᠤᠳᠠᠭᠠᠨ ᠤ ᠰᠤᠷᠤᠯᠴᠠᠯᠭ᠎ᠠ ᠰᠣᠯᠢᠯᠴᠠᠭ᠎ᠠ ᠳᠤ ᠶᠠᠷᠢᠯᠴᠠᠬᠤ ᠬᠤᠷᠠᠯ ᠬᠢᠬᠦ ᠪᠠ ᠲᠤᠬᠠᠶ ᠶᠢᠨ ᠲᠠᠯᠠᠪᠤᠷ ᠲᠤ ᠰᠢᠨᠵᠢᠯᠡᠨ ᠪᠠᠶᠢᠴᠠᠭᠠᠬᠤ ᠶᠢ ᠤᠶᠠᠯᠳᠤᠭᠤᠯᠬᠤ | ᠠᠷᠭ᠎ᠠ ᠮᠠᠶ᠋ᠢᠭ ᠢ ᠠᠪᠴᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠢᠰᠲ᠋ᠧᠮ ᠤᠨ ᠲᠤᠭ᠎ᠠ ᠪᠦᠷᠢᠳᠬᠡᠯ ᠤᠨ ᠠᠵᠢᠯ ᠤᠨ | ᠬᠢᠷᠢ ᠲᠦᠪᠰᠢᠨ ᠢ ᠳᠡᠭᠡᠭᠰᠢᠯᠡᠭᠦᠯᠬᠦ᠂ ᠬᠤᠲᠠ ᠶᠢᠨ ᠰᠢᠨᠡᠴᠢᠯᠡᠯᠳᠡ᠂ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠠᠵᠤ ᠠᠬᠤᠶᠢᠯᠠᠯ ᠤᠨ ᠬᠢᠷᠢ ᠬᠡᠮ ᠢ ᠮᠤᠵᠢ | ᠠᠯᠤᠰᠯᠠᠨ ᠬᠤᠪᠢᠷᠠᠭᠤᠯᠤᠭᠰᠠᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠵᠢᠴᠢ ᠬᠢᠷᠢ ᠴᠢᠳᠠᠮᠵᠢ ᠶᠢᠨ ᠠᠮᠵᠢᠯᠲᠠ ᠪᠦᠲᠦᠮᠵᠢ ᠶᠢ ᠬᠠᠷᠭᠤᠭᠤᠯᠤᠨ ᠪᠠᠶᠢᠴᠠᠭᠠᠬᠤ᠂ | ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠠᠵᠢᠯ ᠬᠡᠷᠡᠭ ᠤᠨ ᠳᠤᠮᠳᠠᠬᠢ ᠪᠠ ᠠᠵᠢᠯ ᠬᠡᠷᠡᠭ ᠤᠨ ᠳᠠᠷᠠᠭᠠᠬᠢ ᠬᠠᠮᠢᠶᠠᠷᠤᠯᠲᠠ ᠵᠡᠷᠭᠡ ᠶᠢᠨ ᠲᠣᠭᠤᠷᠢᠨ ᠳᠤ | ᠭᠤᠤᠯᠳᠠᠯᠭ᠎ᠠ ᠲᠠᠢ ᠰᠠᠨᠠᠯ ᠢᠶᠠᠨ ᠭᠦᠨᠵᠡᠭᠡᠶ ᠰᠣᠯᠢᠯᠴᠠᠪᠠ᠃ | | | | ᠨᠢᠭᠤᠷᠲᠠᠨ ᠶᠠᠷᠢᠯᠴᠠᠬᠤ᠂ ᠲᠤᠬᠠᠶ ᠶᠢᠨ ᠲᠠᠯᠠᠪᠤᠷ ᠲᠤ ᠰᠢᠨᠵᠢᠯᠡᠨ ᠪᠠᠶᠢᠴᠠᠭᠠᠵᠤ ᠲᠣᠭᠤᠷᠢᠨ ᠦᠵᠡᠬᠦ ᠪᠠᠷ ᠳᠠᠮᠵᠢᠨ᠂ ᠰᠢᠨᠵᠢᠯᠡᠨ ᠪᠠᠶᠢᠴᠠᠭᠠᠬᠤ ᠳᠤᠭᠤᠶᠢᠯᠠᠩ | ᠪᠡᠭᠡᠵᠢᠩ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠰᠢᠯᠢᠳᠡᠭ ᠲᠤᠷᠰᠢᠯᠭ᠎ᠠ ᠶᠢ ᠰᠤᠷᠤᠯᠴᠠᠨ | ᠣᠶᠢᠯᠠᠭᠠᠵᠤ᠂ ᠵᠥᠷᠢᠶ᠎ᠡ ᠪᠠᠨ ᠡᠷᠢᠵᠦ᠂ ᠳᠤᠲᠠᠭᠤᠳᠠᠯ ᠢᠶᠠᠨ ᠨᠥᠬᠦᠪᠥᠷᠢᠯᠡᠵᠦ᠂ ᠮᠠᠨ ᠤ ᠣᠷᠣᠨ ᠤ ᠠᠵᠢᠯ ᠲᠥᠷᠥᠯ ᠤᠨ ᠲᠤᠭ᠎ᠠ ᠪᠦᠷᠢᠳᠬᠡᠯ᠂ ᠬᠤᠲᠠ ᠶᠢᠨ | ᠰᠢᠨᠡᠴᠢᠯᠡᠯᠳᠡ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ᠂ ᠶᠠᠰᠤ ᠴᠢᠨᠠᠷ ᠤᠨ ᠠᠮᠤᠷ ᠲᠦᠪᠰᠢᠨ ᠵᠡᠷᠭᠡ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ | ᠠᠰᠢᠭ ᠢ ᠨᠡᠮᠡᠭᠳᠡᠭᠦᠯᠬᠦ ᠶᠢ ᠤᠯᠠᠮ ᠨᠢᠭᠡ ᠠᠯᠬᠤᠮ ᠠᠬᠢᠭᠤᠯᠪᠠ᠃ | | | | ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠬᠤᠯᠪᠣᠭᠳᠠᠯ ᠪᠥᠬᠦᠶ ᠭᠠᠵᠠᠷ | ᠬᠡᠷ ᠤᠨ ᠬᠤᠯᠪᠣᠭᠳᠠᠯ ᠪᠥᠬᠦᠶ ᠠᠵᠢᠯᠲᠠᠨ᠂ ᠬᠤᠯᠪᠣᠭᠳᠠᠯ ᠪᠥᠬᠦᠶ ᠠᠵᠤ ᠠᠬᠤᠶᠢᠯᠠᠯ ᠤᠨ ᠬᠠᠷᠢᠭᠤᠴᠠᠯᠭᠠᠲᠠᠨ ᠰᠢᠨᠵᠢᠯᠡᠨ ᠪᠠᠶᠢᠴᠠᠭᠠᠬᠤ ᠳᠤ ᠣᠷᠣᠯᠴᠠᠪᠠ᠃ | |