ᠢᠦᠢ ᠰᠢᠨ ᠹᠠᠩ ᠪᠦᠯᠬᠦᠮ ᠳᠠᠭᠠᠭᠤᠯᠤᠨ ᠬᠥᠬᠡᠬᠤᠲᠠ ᠳᠤ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠶᠢᠨ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2023/3/3
   2 ᠳ᠋ᠤᠭᠠᠷ ᠰᠠᠷ᠎ᠠ ᠶᠢᠨ 28 ᠤ ᠡᠳᠦᠷ ᠠᠴᠠ 3 ᠳ᠋ᠤᠭᠠᠷ ᠰᠠᠷ᠎ᠠ ᠶᠢᠨ 1 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠢᠩᠬᠢᠮ ᠤᠨ ᠳᠡᠳ᠋ ᠳᠠᠷᠤᠭ᠎ᠠ ᠢᠦᠢ ᠰᠢᠨ ᠹᠠᠩ ᠪᠦᠯᠬᠦᠮ ᠳᠠᠭᠠᠭᠤᠯᠤᠨ ᠬᠥᠬᠡᠬᠤᠲᠠ ᠳᠤ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠶᠢ ᠥᠷᠨᠢᠭᠦᠯᠪᠡ᠃ 
于新芳带队在呼和浩特市开展住建领域安全生产检查工作1.jpg 
    ᠪᠠᠶᠢᠴᠠᠭᠠᠬᠤ ᠳᠤᠭᠤᠶᠢᠯᠠᠩ ᠤᠨ ᠬᠢᠨ ᠦᠴᠦᠸᠠᠨ ᠰᠢᠶᠠᠨ ᠤ ᠬᠦᠬᠡ ᠡᠷᠬᠢ ᠪᠠᠯᠭᠠᠰᠤ ᠶᠢᠨ ᠰᠢᠨ ᠳ᠋ᠦᠩ ᠵᠢᠶᠧ ᠨᠡᠶᠢᠭᠡᠮ ᠲᠣᠭᠤᠷᠢᠭ᠂ ᠬᠥᠬᠡᠬᠤᠲᠠ ᠶᠢᠨ ᠵᠦᠩ ᠷᠠᠨ ᠲᠡᠳ᠋ ᠥᠨᠳᠥᠷ ᠳᠠᠷᠤᠯᠲᠠ ᠲᠣᠬᠢᠷᠠᠭᠤᠯᠬᠤ ᠥᠷᠲᠡᠭᠡ᠂ ᠴᠠᠬᠢᠯᠭᠠᠨ ᠬᠦᠴᠦᠨ ᠤ ᠲᠤᠭ᠎ᠠ ᠪᠠᠷᠢᠮᠲᠠ ᠶᠢᠨ ᠲᠥᠪ ᠤᠨ ᠲᠥᠷᠥᠯ ᠵᠦᠢᠯ᠂ ᠳᠤᠮᠳᠠᠳᠤ ᠤᠯᠤᠰ ᠤᠨ ᠪᠠᠩᠬᠢ ᠶᠢᠨ ᠶᠡᠷᠦᠩᠬᠡᠢ ᠪᠠᠩᠬᠢ ᠶᠢᠨ ᠮᠥᠩᠭᠦᠨ ᠭᠦᠢᠯᠭᠡᠭᠡᠨ ᠤ ᠰᠢᠨᠵᠢᠯᠡᠭᠡ ᠮᠡᠷᠭᠡᠵᠢᠯ ᠤᠨ ᠲᠥᠪ ᠤᠨ ᠬᠤᠷᠢᠨᠭᠡᠷ ᠰᠢᠨ᠎ᠡ ᠲᠣᠭᠤᠷᠢᠭ ᠤᠨ ᠲᠥᠷᠥᠯ ᠵᠦᠢᠯ ᠳᠤ ᠭᠦᠨᠵᠡᠭᠡᠶᠢᠷᠡᠵᠦ᠂ ᠦᠪᠡᠰᠦᠪᠠᠨ ᠪᠠᠷᠢᠭᠰᠠᠨ ᠭᠡᠷ ᠪᠠᠶᠢᠰᠢᠩ ᠢ ᠵᠢᠭᠰᠠᠭᠠᠨ ᠪᠠᠶᠢᠴᠠᠭᠠᠵᠤ ᠬᠠᠮᠢᠶᠠᠷᠤᠨ ᠡᠵᠡᠮᠳᠡᠬᠦ᠂ ᠢᠨᠵᠧᠨᠧᠷᠢᠩ ᠤᠨ ᠲᠥᠷᠥᠯ ᠵᠦᠢᠯ ᠪᠠ ᠰᠢᠲᠠᠮᠠᠬᠠᠢ ᠬᠡᠢ ᠶᠢᠨ ᠠᠵᠤ ᠠᠬᠤᠶᠢᠯᠠᠯ ᠤᠨ ᠠᠶᠦᠯᠬᠦᠢ ᠦᠢᠯᠡᠳᠪᠦᠷᠢᠯᠡᠯ ᠤᠨ ᠬᠠᠮᠢᠶᠠᠷᠤᠯᠲᠠ᠂ ᠠᠮᠤᠷ ᠲᠦᠪᠰᠢᠨ ᠤ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ᠂ ᠠᠶᠦᠯᠬᠦᠢ ᠦᠢᠯᠡᠳᠪᠦᠷᠢᠯᠡᠯ ᠤᠨ ᠮᠠᠲ᠋ᠧᠷᠢᠶᠠᠯ ᠢ ᠪᠡᠯᠡᠳᠬᠡᠭᠰᠡᠨ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ ᠶᠢᠨ ᠬᠠᠮᠲᠤ ᠢᠯᠡᠷᠡᠭᠦᠯᠦᠭᠰᠡᠨ ᠠᠰᠠᠭᠤᠳᠠᠯ ᠤᠨ ᠳᠠᠯᠳᠠ ᠬᠡᠮ ᠢ ᠲᠤᠬᠠᠢ ᠶᠢᠨ ᠭᠠᠵᠠᠷ ᠲᠤᠨᠢ ᠬᠠᠷᠢᠭᠤ ᠲᠤᠰᠬᠠᠪᠠ᠃ 
于新芳带队在呼和浩特市开展住建领域安全生产检查工作2.jpg 
    ᠪᠠᠶᠢᠴᠠᠭᠠᠬᠤ ᠳᠤᠭᠤᠶᠢᠯᠠᠩ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠠᠯᠠᠱᠠ ᠵᠡᠭᠦᠨ ᠬᠤᠰᠢᠭᠤᠨ ᠤ ᠵᠠᠳᠠᠭᠠᠢ ᠨᠡᠭᠦᠷᠡᠰᠦᠨ ᠠᠭᠤᠷᠬᠠᠢ ᠶᠢᠨ ᠨᠤᠷᠠᠭᠰᠠᠨ ᠠᠳᠡᠯ ᠤᠨ ᠲᠤᠬᠠᠢ ᠲᠠᠯᠪᠢᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ 15 ᠵᠤᠷᠪᠤᠰ ᠬᠠᠲᠠᠭᠤ ᠠᠷᠭ᠎ᠠ ᠬᠡᠮᠵᠢᠶ᠎ᠡ ᠪᠣᠯᠣᠨ ᠥᠪᠡᠷᠲᠡᠭᠡᠨ ᠵᠠᠰᠠᠬᠤ ᠣᠷᠣᠨ ᠤ 53 ᠵᠤᠷᠪᠤᠰ ᠪᠣᠳᠠᠲᠠᠢ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠠᠶᠤᠯ ᠲᠦᠭᠰᠢᠭᠦᠷᠢ ᠶᠢᠨ ᠬᠡᠮ ᠰᠣᠭᠤᠭ ᠢ ᠶᠡᠬᠡᠪᠡᠷ ᠪᠠᠶᠢᠴᠠᠭᠠᠵᠤ ᠶᠡᠬᠡᠪᠡᠷ ᠴᠡᠭᠴᠡᠯᠡᠨ ᠵᠠᠰᠠᠬᠤ ᠠᠵᠢᠯ ᠢ ᠪᠦᠬᠦᠨ ᠢ ᠪᠦᠷᠬᠦᠭᠦᠯᠵᠦ᠂ ᠥᠨᠴᠥᠭ ᠪᠤᠯᠤᠩ ᠦᠭᠡᠢ ᠯᠠᠪᠳᠠᠭᠤᠨ ᠪᠠᠲᠤᠲᠠᠢ ᠥᠷᠨᠢᠭᠦᠯᠬᠦ ᠬᠡᠷᠡᠭᠲᠡᠢ᠃ ᠮᠢᠨᠴᠦᠭᠦᠷᠡᠨ ᠲᠠᠶᠢᠪᠤᠰᠢᠷᠠᠬᠤ ᠦᠵᠡᠯ ᠰᠠᠨᠠᠭ᠎ᠠ᠂ ᠠᠵᠠ ᠵᠠᠪᠰᠢᠶᠠᠨ ᠢ ᠡᠷᠢᠬᠦ ᠰᠡᠳᠬᠢᠴᠡ ᠶᠢ ᠡᠷᠡᠰ ᠲᠡᠪᠴᠢᠵᠦ᠂ ᠨᠢᠮᠭᠡᠨ ᠮᠥᠰᠥᠨ ᠳᠡᠭᠡᠷ᠎ᠡ ᠭᠢᠰᠬᠢᠭᠰᠡᠨ ᠮᠡᠲᠦ ᠳᠡᠭᠡᠳᠦ ᠬᠡᠮᠵᠢᠶᠡᠨ ᠤ ᠰᠣᠨᠣᠷ ᠰᠡᠷᠡᠮᠵᠢ ᠪᠠᠷ ᠠᠮᠤᠷ ᠲᠦᠪᠰᠢᠨ ᠤ ᠬᠠᠷᠢᠭᠤᠴᠠᠯᠭ᠎ᠠ ᠶᠢ ᠴᠢᠩᠭ᠎ᠠ ᠳᠠᠷᠤᠵᠤ᠂ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠵᠤ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠣᠯᠣᠨ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠠᠲᠤᠯᠠᠵᠤ᠂ ᠪᠦᠬᠦ ᠤᠯᠤᠰ ᠤᠨ ᠬᠤᠶᠠᠷ ᠬᠤᠷᠠᠯ ᠤᠨ ᠠᠮᠵᠢᠯᠲᠠ ᠲᠠᠢ ᠬᠤᠷᠠᠯᠳᠤᠬᠤ ᠳᠤ ᠠᠮᠤᠷ ᠲᠦᠪᠰᠢᠨ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠴᠢᠷᠮᠠᠶᠢᠨ ᠪᠤᠢ ᠪᠣᠯᠭᠠᠬᠤ ᠬᠡᠷᠡᠭᠲᠡᠢ ᠭᠡᠵᠦ ᠱᠠᠭᠠᠷᠳᠠᠪᠠ᠃ 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ