ᠵᠠᠩ ᠾᠧ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠡᠵᠡᠩᠨᠡᠯᠲᠡ ᠶᠢᠨ ᠪᠤᠰᠤ ᠴᠢᠨᠠᠷᠲᠠᠢ ᠲᠥᠷᠥᠯ ᠵᠦᠢᠯ ᠤᠨ ᠣᠷᠣᠯᠠᠨ ᠪᠠᠶᠢᠭᠤᠯᠬᠤ ᠲᠥᠪ ᠤᠨ ᠣᠷᠣᠯᠠᠨ ᠪᠠᠶᠢᠭᠤᠯᠬᠤ ᠲᠥᠷᠥᠯ ᠵᠦᠢᠯ ᠤᠨ ᠲᠤᠭᠠᠴᠠᠭ᠎ᠠ ᠬᠢᠬᠦ ᠲᠠᠩᠰᠠᠯᠠᠯᠳᠠ ᠰᠢᠯᠵᠢᠭᠦᠯᠦᠨ ᠲᠤᠰᠢᠶᠠᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ
ᠨᠡᠶᠢᠲᠡᠯᠡᠭᠰᠡᠨ ᠴᠠᠭ᠄
2023/3/3
   2 ᠳ᠋ᠤᠭᠠᠷ ᠰᠠᠷ᠎ᠠ ᠶᠢᠨ 28 ᠤ ᠡᠳᠦᠷ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠢᠩᠬᠢᠮ ᠤᠨ ᠳᠡᠳ᠋ ᠳᠠᠷᠤᠭ᠎ᠠ ᠵᠠᠩ ᠾᠧ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠡᠵᠡᠩᠨᠡᠯᠲᠡ ᠶᠢᠨ ᠪᠤᠰᠤ ᠴᠢᠨᠠᠷᠲᠠᠢ ᠲᠥᠷᠥᠯ ᠵᠦᠢᠯ ᠤᠨ ᠣᠷᠣᠯᠠᠨ ᠪᠠᠶᠢᠭᠤᠯᠬᠤ ᠲᠥᠪ ᠤᠨ ᠣᠷᠣᠯᠠᠨ ᠪᠠᠶᠢᠭᠤᠯᠬᠤ ᠲᠥᠷᠥᠯ ᠵᠦᠢᠯ ᠤᠨ ᠲᠤᠭᠠᠴᠠᠭ᠎ᠠ ᠬᠢᠬᠦ ᠲᠠᠩᠰᠠᠯᠠᠯᠳᠠ ᠰᠢᠯᠵᠢᠭᠦᠯᠦᠨ ᠲᠤᠰᠢᠶᠠᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ᠃ 
张鹤听取自治区本级政府投资非经营性项目代建中心代建项目结算备案移交情况汇报.png 
    ᠥᠪᠡᠷᠲᠡᠭᠡᠨ ᠵᠠᠰᠠᠬᠤ ᠣᠷᠣᠨ ᠤ ᠣᠷᠣᠯᠠᠨ ᠪᠠᠶᠢᠭᠤᠯᠬᠤ ᠲᠥᠪ ᠤᠨ ᠨᠠᠮ ᠤᠨ ᠶᠡᠷᠦᠩᠬᠡᠢ ᠡᠭᠦᠷ ᠤᠨ ᠱᠦᠵᠢ᠂ ᠡᠷᠬᠢᠯᠡᠭᠴᠢ ᠸᠠᠩ ᠸᠧᠨ ᡁᠢ᠂ 2012 ᠣᠨ ᠠᠴᠠ ᠨᠠᠰᠢᠬᠢ ᠨᠢᠭᠡᠨᠲᠡ ᠠᠵᠢᠯ ᠳᠠᠭᠤᠰᠤᠭᠰᠠᠨ ᠣᠷᠣᠯᠠᠨ ᠪᠠᠶᠢᠭᠤᠯᠬᠤ ᠲᠦᠷᠦᠯ ᠵᠦᠢᠯ ᠤᠨ ᠲᠤᠭᠠᠴᠠᠭ᠎ᠠ ᠬᠢᠬᠦ᠂ ᠲᠠᠩᠰᠠᠯᠠᠯᠳᠠ᠂ ᠰᠢᠯᠵᠢᠭᠦᠯᠦᠨ ᠲᠤᠰᠢᠶᠠᠭᠰᠠᠨ ᠪᠠᠶᠢᠳᠠᠯ ᠵᠢᠴᠢ ᠪᠠᠶᠢᠭᠤᠯᠵᠤ ᠪᠠᠶᠢᠭ᠎ᠠ ᠣᠷᠣᠯᠠᠨ ᠪᠠᠶᠢᠭᠤᠯᠬᠤ ᠲᠦᠷᠦᠯ ᠵᠦᠢᠯ ᠤᠨ ᠭᠠᠷᠳᠠᠮ ᠭᠦᠢᠴᠡᠳᠬᠡᠭᠰᠡᠨ ᠠᠬᠢᠴᠠ ᠶᠢ ᠱᠠᠯᠠᠪᠳᠠᠭᠤᠯᠤᠨ ᠪᠠᠶᠢᠴᠠᠭᠠᠭᠰᠠᠨ ᠪᠠᠶᠢᠳᠠᠯ ᠢᠶᠠᠨ ᠬᠠᠷᠢᠭᠤ ᠮᠡᠳᠡᠭᠦᠯᠵᠡᠢ᠃   ᠵᠠᠩ ᠾᠧ᠂ ᠰᠢᠨ᠎ᠡ ᠲᠥᠷᠥᠯ ᠵᠦᠢᠯ ᠤᠨ ᠠᠵᠢᠯ ᠡᠬᠢᠯᠡᠭᠦᠯᠦᠭᠰᠡᠨ ᠪᠠ ᠪᠦᠲᠦᠭᠡᠨ ᠪᠠᠶᠢᠭᠤᠯᠤᠭᠰᠠᠨ ᠪᠠᠶᠢᠳᠠᠯ ᠢ ᠴᠠᠭ ᠲᠤᠬᠠᠢ ᠳᠤᠨᠢ ᠠᠩᠬᠠᠷᠴᠤ᠂ ᠲᠥᠷᠥᠯ ᠵᠦᠢᠯ ᠤᠨ ᠠᠮᠤᠷ ᠲᠦᠪᠰᠢᠨ ᠤ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠨ᠂ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠬᠤ ᠴᠠᠭ ᠬᠤᠭᠤᠴᠠᠭ᠎ᠠ ᠶᠢ ᠰᠠᠶᠢᠲᠤᠷ ᠡᠵᠡᠮᠳᠡᠵᠦ᠂ ᠴᠡᠭᠴᠡᠯᠡᠨ ᠰᠠᠶᠢᠵᠢᠷᠠᠭᠤᠯᠬᠤ ᠲᠥᠰᠥᠯ ᠳᠤ ᠴᠠᠭ ᠲᠤᠬᠠᠢ ᠳᠤᠨᠢ ᠲᠣᠬᠢᠷᠠᠭᠤᠯᠤᠯᠲᠠ ᠬᠢᠬᠦ ᠬᠡᠷᠡᠭᠲᠡᠢ᠃ ᠭᠠᠷᠳᠠᠮ ᠭᠦᠢᠴᠡᠳᠬᠡᠬᠦ ᠪᠠ ᠲᠥᠷᠥᠯ ᠵᠦᠢᠯ ᠤᠨ ᠲᠥᠰᠥᠪ ᠤᠨ ᠭᠦᠢᠴᠡᠳᠬᠡᠯ᠂ ᠳ᠋ᠦᠩᠨᠡᠨ ᠪᠤᠳᠤᠬᠤ ᠬᠠᠮᠢᠶᠠᠷᠤᠯᠲᠠ ᠶᠢᠨ ᠠᠵᠢᠯ ᠢ ᠠᠬᠢᠭᠤᠯᠵᠤ᠂ ᠪᠣᠳᠠᠲᠤ ᠪᠣᠳᠠᠰ ᠢ ᠰᠢᠯᠵᠢᠭᠦᠯᠦᠨ ᠲᠤᠰᠢᠶᠠᠬᠤ ᠪᠠ ᠡᠳ᠋ ᠬᠥᠷᠥᠩᠭᠡ ᠶᠢ ᠰᠢᠯᠵᠢᠭᠦᠯᠦᠨ ᠲᠤᠰᠢᠶᠠᠬᠤ ᠠᠬᠢᠴᠠ ᠶᠢ ᠲᠦᠷᠭᠡᠳᠬᠡᠵᠦ᠂ ᠲᠠᠯᠠᠪᠤᠷ ᠲᠤ ᠰᠠᠭᠤᠭ᠎ᠠ ᠲᠥᠷᠥᠯ ᠵᠦᠢᠯ ᠤᠨ ᠬᠡᠯᠲᠡᠰ ᠤᠨ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ ᠬᠡᠵᠦ ᠱᠠᠭᠠᠷᠳᠠᠪᠠ᠃   ᠥᠪᠡᠷᠲᠡᠭᠡᠨ ᠵᠠᠰᠠᠬᠤ ᠣᠷᠣᠨ ᠤ ᠣᠷᠣᠯᠠᠨ ᠪᠠᠶᠢᠭᠤᠯᠬᠤ ᠲᠥᠪ ᠤᠨ ᠳᠡᠳ᠋ ᠭᠠᠵᠠᠷ ᠤᠨ ᠲᠡᠰ ᠠᠴᠠ ᠳᠡᠭᠡᠭᠰᠢᠬᠢ ᠺᠠᠳ᠋ᠷ ᠬᠤᠷᠠᠯ ᠳᠤ ᠣᠷᠣᠯᠴᠠᠪᠠ᠃ 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ