ᠨᠠᠮ ᠤᠨ ᠲᠥᠪ ᠬᠤᠷᠢᠶᠠᠨ ᠤ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠵᠦ᠂ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ | ᠭᠡᠰᠢᠭᠦᠨ᠂ ᠱᠦᠵᠢ ᠨᠠᠷ ᠤᠨ ᠭᠠᠵᠠᠷ ᠤᠨ ᠱᠦᠵᠢ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ | ᠲᠦᠷᠦ ᠶᠢᠨ ᠶᠠᠪᠤᠳᠠᠯ ᠤᠨ ᠬᠤᠷᠢᠶ᠎ᠠ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ | ᠠᠷᠠᠳ ᠤᠨ ᠳᠡᠭᠡᠳᠦ ᠰᠢᠭᠦᠭᠦ ᠬᠤᠷᠢᠶ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠵᠢᠯ ᠪᠦᠷᠢ ᠨᠠᠮ ᠤᠨ | ᠲᠥᠪ ᠬᠤᠷᠢᠶ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠳᠤ ᠪᠢᠴᠢᠭ ᠤᠨ ᠭᠡᠯᠪᠡᠷᠢ ᠪᠠᠷ ᠲᠤᠰᠢᠶᠠᠯ ᠤᠨ ᠮᠡᠳᠡᠭᠦᠯᠦᠯᠲᠡ ᠬᠢᠳᠡᠭ᠃ ᠣᠶᠢᠷ᠎ᠠ ᠶᠢᠨ | ᠬᠤᠭᠤᠴᠠᠭᠠᠨ ᠳᠤ᠂ ᠬᠤᠯᠪᠣᠭᠳᠠᠯ ᠪᠦᠬᠦᠢ ᠨᠥᠬᠦᠳ ᠲᠣᠭᠲᠠᠭᠠᠯ ᠶᠣᠰᠣᠭᠠᠷ ᠨᠠᠮ ᠤᠨ ᠲᠥᠪ ᠬᠤᠷᠢᠶ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠳᠤ ᠪᠢᠴᠢᠭ ᠤᠨ | ᠭᠡᠯᠪᠡᠷᠢ ᠪᠠᠷ ᠲᠤᠰᠢᠶᠠᠯ ᠤᠨ ᠮᠡᠳᠡᠭᠦᠯᠦᠯᠲᠡ ᠬᠢᠪᠡ᠂ ᠰᠢ ᠶᠢᠨ ᠫᠢᠩ ᠲᠤᠰᠢᠶᠠᠯ ᠤᠨ ᠮᠡᠳᠡᠭᠦᠯᠦᠯᠲᠡ ᠶᠢ ᠨᠠᠷᠢᠨ ᠬᠢᠨᠠᠮᠠᠭᠠᠢ ᠬᠢᠨᠠᠨ ᠦᠵᠡᠭᠰᠡᠨ ᠪᠥᠭᠡᠳ ᠴᠢᠬᠤᠯᠠ | ᠱᠠᠭᠠᠷᠳᠠᠯᠭ᠎ᠠ ᠳᠤᠷᠠᠳᠴᠠᠢ᠃ | ᠨᠠᠮ ᠤᠨ ᠲᠥᠪ ᠬᠤᠷᠢᠶᠠᠨ ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠪᠣᠯ ᠨᠠᠮ ᠤᠨ ᠤᠳᠤᠷᠢᠳᠤᠯᠭ᠎ᠠ ᠶᠢᠨ ᠬᠠᠮᠤᠭ ᠤᠨ ᠳᠡᠭᠡᠳᠦ ᠵᠠᠷᠴᠢᠮ ᠮᠥᠨ᠃ | ᠬᠤᠯᠪᠣᠭᠳᠠᠯ ᠪᠦᠬᠦᠢ ᠤᠳᠤᠷᠢᠳᠬᠤ ᠨᠥᠬᠦᠳ ᠵᠢᠯ ᠪᠦᠷᠢ ᠨᠠᠮ ᠤᠨ ᠲᠥᠪ ᠬᠤᠷᠢᠶ᠎ᠠ ᠪᠣᠯᠣᠨ ᠶᠡᠷᠦᠩᠬᠡᠢ ᠱᠦᠵᠢ ᠳᠤ ᠪᠢᠴᠢᠭ ᠤᠨ ᠭᠡᠯᠪᠡᠷᠢ ᠪᠠᠷ ᠨᠢᠭᠡ ᠤᠳᠠᠭ᠎ᠠ | ᠲᠤᠰᠢᠶᠠᠯ ᠤᠨ ᠮᠡᠳᠡᠭᠦᠯᠦᠯᠲᠡ ᠬᠢᠵᠦ᠂ ︽ᠳᠥᠷᠪᠡᠨ ᠤᠬᠠᠮᠰᠠᠷ︾ ᠢᠶᠠᠨ ᠴᠢᠩᠭᠠᠳᠬᠠᠭᠰᠠᠨ᠂ ︽ᠳᠥᠷᠪᠡᠨ ᠢᠲᠡᠭᠡᠯ︾ ᠢᠶᠠᠨ ᠪᠠᠲᠤᠳᠬᠠᠭᠰᠠᠨ᠂ ︽ᠬᠤᠶᠠᠷ ᠢ | ᠬᠠᠮᠠᠭᠠᠯᠠᠬᠤ︾ ᠶᠢ ᠪᠡᠶᠡᠯᠡᠭᠦᠯᠦᠭᠰᠡᠨ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠬᠠᠷᠢᠭᠤᠴᠠᠯᠭ᠎ᠠ ᠪᠠᠨ ᠭᠦᠢᠴᠡᠳᠬᠡᠭᠰᠡᠨ᠂ ᠨᠠᠮ ᠤᠨ ᠲᠥᠪ ᠬᠤᠷᠢᠶᠠᠨ ᠤ | ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ᠂ ᠲᠤᠬᠠᠶᠢᠯᠠᠭᠰᠠᠨ ᠠᠵᠢᠯ ᠢᠶᠠᠨ ᠠᠬᠢᠭᠤᠯᠤᠭᠰᠠᠨ᠂ ᠠᠷᠢᠭᠤᠨ | ᠴᠢᠬᠡᠴᠢ ᠥᠪᠡᠷ ᠢ ᠪᠠᠨ ᠱᠠᠭᠠᠷᠳᠠᠭᠰᠠᠨ ᠪᠠᠶᠢᠳᠠᠯ ᠤᠨ ᠲᠤᠬᠠᠢ ᠮᠡᠳᠡᠭᠦᠯᠦᠯᠲᠡ ᠬᠢᠬᠦ ᠪᠣᠯ ᠨᠠᠮ ᠤᠨ ᠲᠥᠪ ᠬᠤᠷᠢᠶᠠᠨ ᠤ ᠲᠥᠪᠯᠡᠷᠡᠩᠭᠦᠢ ᠨᠢᠭᠡᠳᠦᠯᠲᠡᠢ | ᠤᠳᠤᠷᠢᠳᠤᠯᠭ᠎ᠠ ᠶᠢ ᠴᠢᠩᠭᠠᠳᠬᠠᠨ ᠬᠠᠮᠠᠭᠠᠯᠠᠬᠤ ᠴᠢᠬᠤᠯᠠ ᠳᠦᠷᠢᠮ ᠤᠨ ᠲᠣᠬᠢᠷᠠᠭᠤᠯᠤᠯᠲᠠ ᠪᠣᠯᠣᠨ᠎ᠠ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠪᠠ ᠤᠯᠤᠰ ᠤᠨ ᠠᠵᠢᠯ ᠦᠢᠯᠡᠰ ᠲᠡᠦᠬᠡᠲᠦ ᠴᠢᠨᠠᠷᠲᠠᠢ ᠠᠮᠵᠢᠯᠲᠠ ᠣᠯᠵᠤ᠂ ᠲᠡᠦᠬᠡᠲᠦ | ᠴᠢᠨᠠᠷᠲᠠᠢ ᠬᠤᠪᠢᠰᠤᠯᠲᠠ ᠭᠠᠷᠤᠭᠰᠠᠨ ᠤ ᠦᠨᠳᠦᠰᠦᠨ ᠰᠢᠯᠲᠠᠭᠠᠨ ᠨᠢ ᠳᠠᠷᠤᠢ ᠨᠠᠮ ᠤᠨ ᠤᠳᠤᠷᠢᠳᠤᠯᠭ᠎ᠠ ᠶᠢ ᠭᠤᠶᠢᠪᠢᠰᠢ ᠦᠭᠡᠢ ᠪᠠᠷᠢᠮᠲᠠᠯᠠᠵᠤ᠂ ᠨᠠᠮ ᠤᠨ ᠲᠥᠪ | ᠬᠤᠷᠢᠶᠠᠨ ᠤ ᠡᠷᠬᠡ ᠰᠦᠷ ᠪᠠ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠭᠤᠶᠢᠪᠢᠰᠢ ᠦᠭᠡᠢ ᠪᠠᠷᠢᠮᠲᠠᠯᠠᠭᠰᠠᠨ ᠳᠤ ᠣᠷᠣᠰᠢᠨ᠎ᠠ᠃ 2023 ᠣᠨ ᠪᠣᠯ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠬᠤ ᠡᠭᠢᠯᠡᠯᠲᠡ ᠶᠢᠨ ᠵᠢᠯ ᠮᠥᠨ᠂ ᠡᠷᠬᠡᠪᠰᠢ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠰᠢ ᠶᠢᠨ ᠫᠢᠩ | ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶᠠᠨ ᠤ ᠡᠷᠬᠡ ᠰᠦᠷ ᠪᠠ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠨ᠂ ᠪᠦᠭᠦ | ᠨᠠᠮ ᠤᠨ ᠬᠦᠰᠡᠯ ᠵᠣᠷᠢᠭ ᠢᠶᠠᠨ ᠨᠢᠭᠡᠳᠬᠡᠬᠦ᠂ ᠦᠢᠯᠡ ᠠᠵᠢᠯᠯᠠᠭ᠎ᠠ ᠪᠠᠨ ᠨᠢᠭᠡᠳᠬᠡᠬᠦ᠂ ᠠᠯᠬᠤᠮ ᠨᠢᠭᠡᠲᠡᠢ ᠤᠷᠤᠭᠰᠢᠯᠠᠬᠤ ᠶᠢ ᠦᠨᠡᠨ ᠬᠦ ᠪᠠᠲᠤᠯᠠᠵᠤ᠂ ᠰᠠᠶᠢᠨ | ᠰᠠᠶᠢᠬᠠᠨ ᠡᠭᠢᠯᠡᠯᠲᠡ ᠶᠢ ᠴᠢᠷᠮᠠᠶᠢᠨ ᠪᠡᠶᠡᠯᠡᠭᠦᠯᠵᠦ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠳᠤ ᠰᠠᠭᠤᠷᠢ ᠶᠢ ᠰᠠᠶᠢᠲᠤᠷ ᠲᠠᠯᠪᠢᠬᠤ ᠬᠡᠷᠡᠭᠲᠡᠢ᠃ | |