ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠡᠵᠡᠩᠨᠡᠯᠲᠡ ᠶᠢᠨ ᠪᠤᠰᠤ ᠴᠢᠨᠠᠷᠲᠠᠢ ᠲᠥᠷᠥᠯ ᠵᠦᠢᠯ ᠤᠨ ᠣᠷᠣᠯᠠᠨ ᠪᠠᠶᠢᠭᠤᠯᠬᠤ ᠲᠥᠪ ᠠᠵᠢᠯ ᠡᠬᠢᠯᠡᠭᠦᠯᠵᠦ ᠪᠠ ᠰᠡᠷᠭᠦᠭᠡᠬᠦ ᠠᠮᠤᠷ ᠲᠦᠪᠰᠢᠨ ᠤ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2023/3/6
   2 ᠳ᠋ᠤᠭᠠᠷ ᠰᠠᠷ᠎ᠠ ᠶᠢᠨ 28 ᠤ ᠡᠳᠦᠷ ᠠᠴᠠ 3 ᠳ᠋ᠤᠭᠠᠷ ᠰᠠᠷ᠎ᠠ ᠶᠢᠨ 3 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠤᠨ ᠣᠷᠳᠣᠨ ᠤ ᠡᠵᠡᠩᠨᠡᠯᠲᠡ ᠶᠢᠨ ᠪᠤᠰᠤ ᠴᠢᠨᠠᠷᠲᠠᠢ ᠲᠥᠷᠥᠯ ᠵᠦᠢᠯ ᠤᠨ ᠣᠷᠣᠯᠠᠨ ᠪᠠᠶᠢᠭᠤᠯᠬᠤ ᠲᠥᠪ ᠣᠷᠣᠯᠠᠨ ᠪᠠᠶᠢᠭᠤᠯᠬᠤ ᠲᠥᠷᠥᠯ ᠵᠦᠢᠯ ᠤᠨ ᠠᠵᠢᠯ ᠡᠬᠢᠯᠡᠭᠦᠯᠵᠦ ᠠᠵᠢᠯ ᠰᠡᠷᠭᠦᠭᠡᠬᠦ ᠠᠮᠤᠷ ᠲᠦᠪᠰᠢᠨ᠂ ᠶᠠᠰᠤ ᠴᠢᠨᠠᠷ ᠢ ᠰᠢᠮᠳᠠᠭᠤᠯᠤᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠣᠷᠣᠯᠠᠨ ᠪᠠᠶᠢᠭᠤᠯᠬᠤ ᠲᠥᠪ ᠤᠨ ᠨᠠᠮ ᠤᠨ ᠶᠡᠷᠦᠩᠬᠡᠢ ᠡᠭᠦᠷ ᠤᠨ ᠱᠦᠵᠢ᠂ ᠡᠷᠬᠢᠯᠡᠭᠴᠢ ᠸᠠᠩ ᠸᠧᠨ ᡁᠢ ᠲᠤᠬᠠᠢ ᠶᠢᠨ ᠲᠠᠯᠠᠪᠤᠷ ᠲᠤ ᠵᠢᠭᠠᠨ ᠵᠢᠯᠣᠭᠤᠳᠪᠠ᠃ 
 自治区本级政府投资非经营性项目代建中心开展开复工安全检查.jpg
    ᠪᠠᠶᠢᠴᠠᠭᠠᠬᠤ ᠳᠤᠭᠤᠶᠢᠯᠠᠩ ᠤᠨ ᠬᠢᠨ ᠬᠠᠷᠢᠭᠤ ᠮᠡᠳᠡᠭᠦᠯᠦᠯᠲᠡ ᠶᠢ ᠰᠣᠨᠣᠰᠬᠤ᠂ ᠲᠤᠬᠠᠢ ᠶᠢᠨ ᠲᠠᠯᠠᠪᠠᠢ ᠳᠤ ᠬᠠᠶᠢᠨ ᠰᠢᠨᠵᠢᠬᠦ᠂ ᠢᠨᠵᠧᠨᠧᠷᠢᠩ ᠤᠨ ᠮᠠᠲ᠋ᠧᠷᠢᠶᠠᠯ ᠢ ᠪᠠᠶᠢᠴᠠᠭᠠᠨ ᠦᠵᠡᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠵᠤ᠂ 2023 ᠣᠨ ᠤ ᠥᠪᠡᠷᠲᠡᠭᠡᠨ ᠵᠠᠰᠠᠬᠤ ᠣᠷᠣᠨ ᠤ ᠣᠷᠣᠯᠠᠨ ᠪᠠᠶᠢᠭᠤᠯᠬᠤ ᠲᠥᠪ ᠤᠨ ᠰᠢᠨ᠎ᠡ ᠪᠠᠷ ᠪᠠᠶᠢᠭᠤᠯᠬᠤ ᠵᠢᠴᠢ ᠠᠵᠢᠯ ᠰᠡᠷᠭᠦᠭᠡᠬᠦ ᠲᠦᠷᠦᠯ ᠵᠦᠢᠯ ᠳᠤ ᠠᠮᠤᠷ ᠲᠦᠪᠰᠢᠨ᠂ ᠶᠠᠰᠤ ᠴᠢᠨᠠᠷ ᠵᠡᠷᠭᠡ ᠪᠦᠬᠦ ᠲᠠᠯ᠎ᠠ ᠶᠢᠨ ᠰᠢᠮᠳᠠᠭᠤᠯᠤᠨ ᠪᠠᠶᠢᠴᠠᠭᠠᠯᠲᠠ ᠥᠷᠨᠢᠭᠦᠯᠵᠡᠢ᠃   ᠪᠠᠶᠢᠴᠠᠭᠠᠬᠤ ᠳᠤᠭᠤᠶᠢᠯᠠᠩ ᠠᠴᠠ᠂ ᠲᠠᠯᠠᠪᠤᠷ ᠲᠤ ᠰᠠᠭᠤᠭ᠎ᠠ ᠡᠯ᠎ᠡ ᠲᠥᠷᠥᠯ ᠵᠦᠢᠯ ᠤᠨ ᠬᠡᠯᠲᠡᠰ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠠᠳᠬᠤᠵᠤ᠂ ᠨᠢᠭᠡ ᠠᠴᠠ ᠵᠦᠢᠴᠢᠯᠡᠵᠦ ᠬᠤᠶᠠᠷ ᠢ ᠮᠡᠳᠡᠵᠦ᠂ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠠᠰᠠᠭᠤᠳᠠᠯ ᠳᠠᠬᠢᠨ ᠡᠭᠦᠰᠬᠦ ᠶᠢ ᠰᠡᠷᠭᠡᠶᠢᠯᠡᠬᠦ ᠬᠡᠷᠡᠭᠲᠡᠢ᠃ ᠡᠯ᠎ᠡ ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠨᠢᠭᠡᠴᠡ ᠨᠦᠭᠦᠳ ᠪᠠᠷᠢᠮᠵᠢᠶᠠᠵᠢᠭᠰᠠᠨ᠂ ᠵᠢᠷᠤᠮᠵᠢᠭᠰᠠᠨ᠂ ᠣᠶᠤᠨᠴᠢᠯᠠᠭᠰᠠᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠥᠰᠥᠯ ᠢ ᠲᠣᠭᠲᠠᠭᠠᠵᠤ᠂ ᠠᠯᠠᠱᠠ ᠵᠡᠭᠦᠨ ᠬᠤᠰᠢᠭᠤᠨ ᠤ ᠵᠠᠳᠠᠭᠠᠢ ᠨᠡᠭᠦᠷᠡᠰᠦᠨ ᠠᠭᠤᠷᠬᠠᠢ ᠶᠢᠨ ᠨᠤᠷᠠᠭᠰᠠᠨ ᠠᠳᠡᠯ ᠤᠨ ᠰᠤᠷᠭᠠᠮᠵᠢ ᠶᠢ ᠭᠦᠨᠵᠡᠭᠡᠢ ᠰᠢᠩᠭᠡᠬᠡᠨ ᠠᠪᠴᠤ᠂ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠡᠯ᠎ᠡ ᠵᠦᠢᠯ ᠤᠨ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠠ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠪᠥᠬᠦ ᠲᠠᠯ᠎ᠠ ᠪᠠᠷ ᠴᠢᠩᠭᠠᠳᠬᠠᠵᠤ᠂ ᠡᠯ᠎ᠡ ᠲᠥᠷᠥᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠲᠡᠭᠦᠯᠳᠡᠷᠵᠢᠭᠦᠯᠦᠨ᠂ ᠴᠢᠨᠠᠷ ᠰᠠᠶᠢᠲᠠᠢ ᠢᠨᠵᠧᠨᠧᠷᠢᠩ᠂ ᠰᠠᠨᠠᠭ᠎ᠠ ᠠᠮᠤᠷ ᠢᠨᠵᠧᠨᠧᠷᠢᠩ᠂ ᠵᠢᠱᠢᠶ᠎ᠡ ᠦᠵᠡᠭᠦᠯᠬᠦ ᠢᠨᠵᠧᠨᠧᠷᠢᠩ ᠢ ᠪᠥᠬᠦ ᠬᠦᠴᠦᠨ ᠢᠶᠠᠷ ᠢᠶᠠᠨ ᠪᠣᠶ ᠪᠤᠯᠭᠠᠬᠤ ᠬᠡᠷᠡᠭᠳᠡᠢ ᠭᠡᠵᠦ ᠱᠠᠭᠠᠷᠳᠠᠪᠠ᠃ 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ