ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ︽ᠰᠤᠷᠲᠠᠯ ᠢᠶᠠᠨ ᠰᠠᠶᠢᠵᠢᠷᠠᠭᠤᠯᠵᠤ᠂ ᠴᠢᠳᠠᠪᠦᠷᠢ ᠪᠠᠨ ᠳᠡᠭᠡᠭᠰᠢᠯᠡᠭᠦᠯᠬᠦ︾ ᠲᠤᠰᠬᠠᠢ ᠠᠵᠢᠯᠯᠠᠭ᠎ᠠ ᠶᠢ ᠯᠠᠪᠳᠠᠭᠤᠨ ᠢᠶᠠᠷ ᠠᠬᠢᠭᠤᠯᠤᠶ᠎ᠠ ︱ ︽ᠳᠦᠷᠢᠮ ᠤᠨ ᠪᠠᠶᠢᠭᠤᠯᠤᠯᠲᠠ ᠢᠶᠠᠷ ᠴᠢᠳᠠᠪᠦᠷᠢ ᠪᠠᠨ ᠳᠡᠭᠡᠭᠰᠢᠯᠡᠭᠦᠯᠬᠦ︾ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠵᠤ ᠪᠣᠳᠠᠲᠤ ᠦᠷ᠎ᠡ ᠪᠦᠲᠦᠮᠵᠢ ᠣᠯᠬᠤ ᠶᠢ ᠠᠬᠢᠭᠤᠯᠪᠠ
ᠨᠡᠶᠢᠲᠡᠯᠡᠭᠰᠡᠨ ᠴᠠᠭ᠄
2023/3/7
   ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠨᠢ ︽ᠰᠤᠷᠲᠠᠯ ᠢᠶᠠᠨ ᠰᠠᠶᠢᠵᠢᠷᠠᠭᠤᠯᠬᠤ᠂ ᠴᠢᠳᠠᠪᠦᠷᠢ ᠶᠢ ᠳᠡᠭᠡᠭᠰᠢᠯᠡᠭᠦᠯᠬᠦ︾ ᠲᠤᠰᠬᠠᠢ ᠠᠵᠢᠯᠯᠠᠭ᠎ᠠ ᠶᠢᠨ ᠳᠦᠷᠢᠮ ᠤᠨ ᠪᠠᠶᠢᠭᠤᠯᠤᠯᠲᠠ ᠢᠶᠠᠷ ᠴᠢᠳᠠᠪᠦᠷᠢ ᠶᠢ ᠳᠡᠭᠡᠭᠰᠢᠯᠡᠭᠦᠯᠬᠦ︾ ᠠᠵᠢᠯ ᠤᠨ ᠡᠭᠦᠷᠭᠡ ᠶᠢ ᠯᠠᠪᠳᠠᠭᠤᠨ ᠢᠶᠠᠷ ᠠᠬᠢᠭᠤᠯᠵᠤ᠂ ᠲᠣᠭᠲᠠᠴᠠ ᠶᠢᠨ ᠲᠠᠯ᠎ᠠ ᠪᠠᠷ ︽ᠭᠤᠷᠪᠠᠨ ᠣᠯᠠᠨ᠂ ᠭᠤᠷᠪᠠᠨ ᠴᠥᠭᠡᠨ᠂ ᠭᠤᠷᠪᠠᠨ ᠤᠳᠠᠭᠠᠨ︾ ᠤ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠨᠢᠭᠡ ᠪᠦᠯᠦᠭ ᠳᠦᠷᠢᠮ ᠤᠨ ᠦᠷ᠎ᠡ ᠪᠦᠲᠦᠭᠡᠯ ᠢ ᠪᠣᠶ ᠪᠤᠯᠭᠠᠪᠠ᠃ ᠣᠲᠣ ᠶᠢᠨ ᠪᠠᠶᠢᠭ᠎ᠠ ᠨᠡᠶᠢᠲᠡ 60 ᠵᠦᠢᠯ ᠤᠨ ᠳᠦᠷᠢᠮ ᠢ ᠡᠮᠬᠢᠯᠡᠨ ᠳᠢᠭᠯᠡᠵᠦ᠂ 3 ᠵᠦᠢᠯ ᠤᠨ ᠳᠦᠷᠢᠮ ᠳᠤ ᠵᠠᠰᠠᠪᠤᠷᠢ ᠣᠷᠣᠭᠤᠯᠤᠨ᠂ 4 ᠵᠦᠢᠯ ᠤᠨ ᠳᠦᠷᠢᠮ ᠢ ᠰᠢᠨ᠎ᠡ ᠪᠠᠷ ᠲᠣᠭᠲᠠᠭᠠᠵᠤ᠂ ᠡᠭᠦᠷᠭᠡ ᠶᠢᠨ ᠲᠣᠳᠣᠷᠬᠠᠢ ᠬᠠᠭᠤᠳᠠᠰᠤ ᠪᠠ ᠴᠤᠪᠤᠷᠠᠯ ᠤᠨ ᠪᠠᠷᠢᠮᠵᠢᠶ᠎ᠠ ᠶᠢ ᠢᠵᠢ ᠪᠦᠷᠢᠳᠦᠭᠦᠯᠦᠨ ᠲᠣᠭᠲᠠᠭᠠᠵᠤ᠂ ᠠᠵᠢᠯ ᠢᠶᠠᠨ ᠥᠨᠳᠥᠷ ᠪᠦᠲᠦᠮᠵᠢᠲᠡᠶ ᠪᠥᠭᠡᠳ ᠡᠮᠬᠢ ᠵᠢᠷᠤᠮ ᠲᠠᠢ ᠥᠷᠨᠢᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠪᠠ᠃   ᠨᠢᠭᠡ ᠳᠤ᠂ ᠤᠳᠤ ᠶᠢᠨ ᠪᠠᠶᠢᠭ᠎ᠠ ᠳᠦᠷᠢᠮ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠬᠤᠷᠳᠤᠴᠠ ᠶᠢ ᠳᠡᠭᠡᠭᠰᠢᠯᠡᠭᠦᠯᠦᠨ ᠴᠢᠳᠠᠪᠦᠷᠢ ᠪᠠᠨ ᠳᠡᠭᠡᠭᠰᠢᠯᠡᠭᠦᠯᠬᠦ ᠲᠤᠬᠠᠢ ᠪᠢᠴᠢᠭ ᠮᠠᠲ᠋ᠧᠷᠢᠶᠠᠯ ᠲᠠᠢ ᠬᠠᠷᠢᠴᠠᠭᠤᠯᠤᠨ᠂ ᠠᠯᠪᠠᠨ ᠪᠢᠴᠢᠭ ᠢ ᠭᠦᠢᠴᠡᠳᠬᠡᠬᠦ᠂ ᠬᠤᠷᠠᠯ ᠤᠨ ᠵᠣᠬᠢᠶᠠᠨ ᠪᠠᠶᠢᠭᠤᠯᠤᠯᠳᠠ᠂ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠭᠦᠢᠴᠡᠳᠬᠡᠬᠦ᠂ ᠮᠡᠳᠡᠭᠡ ᠵᠠᠩᠭᠢ ᠶᠢᠨ ᠤᠬᠠᠭᠤᠯᠭ᠎ᠠ᠂ ᠨᠢᠭᠤᠴᠠ ᠴᠢᠬᠤᠯᠠ ᠮᠠᠲ᠋ᠧᠷᠢᠶᠠᠯ ᠤᠨ ᠨᠢᠭᠤᠴᠠ ᠶᠢ ᠬᠠᠮᠠᠭᠠᠯᠠᠬᠤ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠲᠠᠩᠰᠠ ᠡᠪᠬᠡᠮᠡᠯ ᠤᠨ ᠬᠠᠮᠢᠶᠠᠷᠤᠯᠳᠠ᠂ ᠵᠠᠬᠢᠳᠠᠯ ᠰᠣᠷᠪᠤᠯᠵᠢᠯᠠᠭ᠎ᠠ ᠪᠠᠷ ᠲᠣᠭᠲᠠᠭᠤᠨ ᠢ ᠬᠠᠮᠠᠭᠠᠯᠠᠬᠤ ᠵᠡᠷᠭᠡ ᠲᠠᠯ᠎ᠠ ᠶᠢᠨ 60 ᠵᠦᠢᠯ ᠤᠨ ᠳᠦᠷᠢᠮ ᠢ ᠪᠥᠬᠦ ᠲᠠᠯ᠎ᠠ ᠪᠠᠷ ᠡᠮᠬᠢᠯᠡᠬᠦ ᠶᠢᠨ ᠬᠠᠮᠲᠤ᠂ ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠤᠨ᠂ ᠬᠦᠴᠦᠨ ᠦᠭᠡᠢ ᠪᠣᠯᠭᠠᠬᠤ᠂ ᠥᠭᠡᠷᠡᠴᠢᠯᠡᠬᠦ᠂ ᠪᠠᠶᠢᠭᠤᠯᠬᠤ ᠠᠵᠢᠯ ᠢ ᠬᠢᠨᠠᠮᠠᠭᠠᠢ ᠰᠠᠶᠢᠲᠤᠷ ᠬᠢᠪᠡ᠃ ᠡᠮᠬᠢᠯᠡᠨ ᠳᠢᠭᠯᠡᠬᠦ ᠪᠠᠷ ᠳᠡᠮᠵᠢᠨ᠂ 57 ᠵᠦᠢᠯ ᠤᠨ ᠳᠦᠷᠢᠮ ᠢ ᠬᠡᠪ ᠢᠶᠠᠷ ᠪᠠᠶᠢᠯᠭᠠᠵᠤ᠂ ︽ᠠᠵᠢᠯ ᠤᠨ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ ᠪᠠᠶᠢᠭᠤᠯᠭ᠎ᠠ ᠶᠢᠨ ᠡᠮᠬᠢ ᠵᠢᠷᠤᠮ ᠲᠠᠢ ᠥᠨᠳᠥᠷ ᠪᠦᠲᠦᠮᠵᠢᠲᠡᠶ ᠠᠵᠢᠯᠯᠠᠭᠠᠨ ᠢ ᠪᠠᠲᠤᠯᠠᠬᠤ ᠲᠤᠬᠠᠢ ᠠᠷᠭ᠎ᠠ ᠬᠡᠮᠵᠢᠶ᠎ᠡ ᠨᠦᠭᠦᠳ︾ ︽ᠪᠢᠴᠢᠭ ᠮᠠᠲ᠋ᠧᠷᠢᠶᠠᠯ ᠪᠠ ᠬᠤᠷᠠᠯ ᠪᠠ ᠠᠵᠢᠯ ᠶᠠᠪᠤᠳᠠᠯ ᠭᠦᠢᠴᠡᠳᠬᠡᠬᠦ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠲᠤᠬᠠᠢ ᠮᠡᠳᠡᠭᠳᠡᠯ︾ ︽ᠵᠢᠵᠢᠭᠦᠷᠯᠡᠬᠦ ᠠᠵᠢᠯ ᠤᠨ ᠲᠣᠭᠲᠠᠭᠠᠯ︾ ᠵᠡᠷᠭᠡ 3 ᠵᠦᠢᠯ ᠤᠨ ᠳᠦᠷᠢᠮ ᠳᠤ ᠵᠠᠰᠠᠪᠤᠷᠢ ᠣᠷᠣᠭᠤᠯᠵᠤ᠂ ᠳᠦᠷᠢᠮ ᠤᠨ ᠰᠢᠰᠲ᠋ᠧᠮ ᠢ ᠲᠠᠰᠤᠷᠠᠯᠲᠠ ᠦᠭᠡᠢ ᠲᠡᠭᠦᠯᠳᠡᠷᠵᠢᠭᠦᠯᠪᠡ᠃   ᠬᠤᠶᠠᠷ ᠲᠤ᠂ ᠰᠢᠨ᠎ᠡ ᠳᠦᠷᠢᠮ ᠢ ᠪᠠᠶᠢᠭᠤᠯᠤᠨ ᠲᠡᠭᠦᠯᠳᠡᠷᠵᠢᠭᠦᠯᠪᠡ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ︽ᠰᠤᠷᠲᠠᠯ ᠢᠶᠠᠨ ᠰᠠᠶᠢᠵᠢᠷᠠᠭᠤᠯᠵᠤ᠂ ᠴᠢᠳᠠᠪᠦᠷᠢ ᠪᠠᠨ ᠳᠡᠭᠡᠭᠰᠢᠯᠡᠭᠦᠯᠬᠦ︾ ᠡᠭᠦᠷᠭᠡ ᠶᠢᠨ ᠨᠠᠷᠢᠨ ᠳᠠᠩᠰᠠ ᠲᠠᠢ ᠬᠠᠷᠢᠴᠠᠭᠤᠯᠤᠨ ᠳᠤᠲᠠᠭᠳᠠᠯ ᠲᠠᠢ ᠲᠠᠯ᠎ᠠ ᠶᠢ ᠤᠯᠠᠮ ᠨᠢᠭᠡ ᠠᠯᠬᠤᠮ ᠪᠠᠶᠢᠴᠠᠭᠠᠨ ᠨᠥᠬᠦᠪᠦᠷᠢᠯᠡᠵᠦ᠂ ︽ᠨᠠᠶᠢᠳᠠᠪᠤᠷᠢᠵᠢᠭᠤᠯᠤᠯᠲᠠ ᠶᠢ ᠠᠳᠬᠤᠬᠤ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ ᠬᠡᠷᠡᠭᠵᠢᠭᠦᠯᠬᠦ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠲᠤᠬᠠᠢ ᠰᠠᠨᠠᠯ︾ ᠢ ᠰᠢᠨ᠎ᠡ ᠪᠠᠷ ᠲᠣᠭᠲᠠᠭᠠᠵᠤ᠂ ᠡᠯ᠎ᠡ ᠵᠦᠢᠯ ᠤᠨ ᠠᠵᠢᠯ ᠤᠨ ᠪᠠᠶᠢᠷᠢᠯᠠᠭᠤᠯᠤᠯᠲᠠ ᠳᠤ ︽ᠲᠣᠳᠣᠷᠬᠠᠢ ᠬᠠᠭᠤᠳᠠᠰᠤ ᠶᠢᠨ ᠬᠡᠯᠪᠡᠷᠢ︾᠂ ︽ᠡᠬᠡ ᠲᠠᠩᠰᠠ ᠶᠢᠨ ᠬᠡᠯᠪᠡᠷᠢ︾ ᠶᠢᠨ ᠬᠠᠮᠢᠶᠠᠷᠤᠯᠲᠠ ᠶᠢ ᠬᠡᠷᠡᠭᠵᠢᠭᠦᠯᠵᠦ᠂ ᠨᠠᠶᠢᠳᠠᠪᠤᠷᠢᠵᠢᠭᠤᠯᠤᠯᠲᠠ ᠶᠢ ᠠᠳᠬᠤᠬᠤ ᠪᠢᠲᠡᠭᠦᠦ ᠴᠠᠭᠠᠷᠢᠭᠲᠤ ᠬᠠᠮᠢᠶᠠᠷᠤᠯᠲᠠ ᠶᠢᠨ ᠰᠢᠰᠲ᠋ᠧᠮ ᠢ ᠲᠠᠬᠢᠨ ᠪᠠᠶᠢᠭᠤᠯᠵᠤ᠂ ᠨᠠᠶᠢᠳᠠᠪᠤᠷᠢᠵᠢᠭᠤᠯᠤᠯᠲᠠ ᠶᠢ ᠠᠳᠬᠤᠬᠤ ᠠᠵᠢᠯ ᠢ ᠳᠦᠷᠢᠮᠵᠢᠭᠦᠯᠬᠦ᠂ ᠵᠢᠷᠤᠮᠵᠢᠭᠤᠯᠬᠤ᠂ ᠪᠠᠶᠢᠩᠭᠤᠵᠢᠭᠤᠯᠬᠤ ᠪᠠ ᠰᠢᠨᠵᠢᠯᠡᠬᠦ ᠤᠬᠠᠭᠠᠨᠴᠢᠯᠠᠬᠤ ᠶᠢ ᠦᠷᠭᠦᠯᠵᠢᠯᠡᠨ ᠲᠦᠯᠬᠢᠨ ᠠᠬᠢᠭᠤᠯᠪᠠ᠃ ︽ᠲᠢᠩᠬᠢᠮ ᠤᠨ ᠤᠳᠤᠷᠢᠳᠬᠤ ᠪᠠᠭ ᠤᠨ ᠪᠦᠷᠢᠯᠳᠦᠭᠦᠨ ᠤ ᠪᠠᠶᠢᠴᠠᠭᠠᠨ ᠰᠤᠳᠤᠯᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠨ ᠰᠠᠶᠢᠵᠢᠷᠠᠭᠤᠯᠬᠤ ᠲᠤᠬᠠᠢ ᠬᠡᠷᠡᠭᠵᠢᠭᠦᠯᠬᠦ ᠰᠠᠨᠠᠯ︾ ᠢ ᠲᠣᠭᠲᠠᠭᠠᠵᠤ᠂ ᠪᠠᠶᠢᠴᠠᠭᠠᠨ ᠰᠤᠳᠤᠯᠬᠤ ᠠᠵᠢᠯ ᠢ ᠵᠢᠷᠤᠮᠵᠢᠭᠤᠯᠤᠨ ᠥᠷᠨᠢᠭᠦᠯᠬᠦ ᠳᠤ ᠳᠦᠷᠢᠮ ᠤᠨ ᠪᠠᠲᠤᠯᠠᠭ᠎ᠠ ᠬᠠᠩᠭᠠᠪᠠ᠃ ᠡᠭᠦᠨ ᠠᠴᠠ ᠭᠠᠳᠠᠨ᠎ᠠ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠨ ᠰᠠᠶᠢᠵᠢᠷᠠᠭᠤᠯᠬᠤ ᠶᠢᠨ ᠲᠥᠯᠥᠭᠡ᠂ ︽ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠵᠠᠬᠢᠳᠠᠯ ᠰᠣᠷᠪᠤᠯᠵᠢᠯᠠᠭ᠎ᠠ ᠶᠢᠨ ᠠᠰᠠᠭᠤᠳᠠᠯ ᠢ ᠡᠬᠢ ᠡᠭᠦᠰᠦᠯ ᠠᠴᠠ ᠨᠢ ᠰᠢᠢᠳᠪᠦᠷᠢᠯᠡᠬᠦ ᠲᠤᠬᠠᠢ ᠲᠤᠰᠬᠠᠢ ᠠᠵᠢᠯᠯᠠᠭ᠎ᠠ ᠶᠢᠨ ᠲᠥᠰᠥᠯ︾ ᠢ ᠲᠣᠭᠲᠠᠭᠠᠨ ᠳᠠᠷᠤᠮᠠᠯᠯᠠᠨ ᠲᠠᠷᠬᠠᠭᠠᠵᠤ᠂ ᠪᠥᠬᠦ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠳᠦᠷᠢᠮ ᠤᠨ ᠰᠢᠰᠲ᠋ᠧᠮᠵᠢ ᠶᠢ ᠪᠠᠶᠢᠭᠤᠯᠪᠠ᠃   ᠭᠤᠷᠪᠠ ᠳᠤ᠂ ᠡᠭᠦᠷᠭᠡ ᠶᠢᠨ ᠨᠠᠷᠢᠨ ᠳᠠᠩᠰᠠ ᠶᠢ ᠨᠠᠷᠢᠯᠢᠭᠵᠢᠭᠤᠯᠤᠨ ᠪᠤᠳᠠᠳᠠᠶᠢᠵᠢᠭᠤᠯᠪᠠ᠃ ᠨᠢᠭᠡᠨᠲᠡ ᠪᠠᠶᠢᠭ᠎ᠠ ᠳᠦᠷᠢᠮ ᠢ ᠡᠮᠬᠢᠯᠡᠨ ᠲᠡᠭᠦᠯᠳᠡᠷᠵᠢᠭᠦᠯᠵᠦ᠂ ᠰᠢᠨ᠎ᠡ ᠳᠦᠷᠢᠮ ᠢ ᠪᠠᠶᠢᠭᠤᠯᠤᠨ ᠲᠡᠭᠦᠯᠳᠡᠷᠵᠢᠭᠦᠯᠦᠭᠰᠡᠨ ᠰᠠᠭᠤᠷᠢᠨ ᠳᠡᠭᠡᠷ᠎ᠡ᠂ ︽ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ︾ ᠤᠨ ᠠᠵᠢᠯ ᠤᠨ ᠰᠤᠷᠲᠠᠯ ᠢ ᠰᠠᠶᠢᠵᠢᠷᠠᠭᠤᠯᠬᠤ᠂ ᠴᠢᠳᠠᠪᠦᠷᠢ ᠪᠠᠨ ᠳᠡᠭᠡᠭᠰᠢᠯᠡᠭᠦᠯᠬᠦ ︽ᠡᠭᠦᠷᠭᠡ ᠶᠢᠨ ᠨᠠᠷᠢᠨ ᠳᠠᠩᠰᠠ︾ ᠶᠢ ᠲᠣᠭᠲᠠᠭᠠᠵᠤ᠂ ᠳᠦᠷᠢᠮ ᠤᠨ ᠪᠠᠶᠢᠭᠤᠯᠤᠯᠲᠠ ᠶᠢᠨ ᠴᠢᠳᠠᠪᠦᠷᠢ ᠪᠠᠨ ᠳᠡᠭᠡᠭᠰᠢᠯᠡᠭᠦᠯᠬᠦ᠂ ᠠᠯᠪᠠᠨ ᠪᠢᠴᠢᠭ ᠢ ᠭᠦᠢᠴᠡᠳᠬᠡᠬᠦ ᠴᠢᠳᠠᠪᠦᠷᠢ ᠪᠠᠨ ᠳᠡᠭᠡᠭᠰᠢᠯᠡᠭᠦᠯᠬᠦ᠂ ᠬᠤᠷᠠᠯ ᠢ ᠭᠦᠢᠴᠡᠳᠬᠡᠬᠦ ᠴᠢᠳᠠᠪᠦᠷᠢ ᠪᠠᠨ ᠳᠡᠭᠡᠭᠰᠢᠯᠡᠭᠦᠯᠬᠦ᠂ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠰᠢᠢᠳᠪᠦᠷᠢᠯᠡᠭᠦᠯᠬᠦ ᠴᠢᠳᠠᠪᠦᠷᠢ ᠪᠠᠨ ᠳᠡᠭᠡᠭᠰᠢᠯᠡᠭᠦᠯᠬᠦ᠂ ᠶᠡᠷᠦᠩᠬᠡᠶᠢᠯᠡᠭᠰᠡᠨ ᠠᠵᠢᠯ ᠤᠨ ᠴᠢᠳᠠᠪᠦᠷᠢ ᠪᠠᠨ ᠳᠡᠭᠡᠭᠰᠢᠯᠡᠭᠦᠯᠬᠦ᠂ ᠬᠡᠪ ᠴᠢᠨᠠᠷ ᠢ ᠳᠡᠭᠡᠭᠰᠢᠯᠡᠭᠦᠯᠵᠦ ᠴᠢᠳᠠᠪᠦᠷᠢ ᠪᠠᠨ ᠳᠡᠭᠡᠭᠰᠢᠯᠡᠭᠦᠯᠬᠦ ᠵᠡᠷᠭᠡ 6 ᠲᠠᠯ᠎ᠠ ᠠᠴᠠ 41 ᠵᠤᠷᠪᠤᠰ ᠡᠭᠦᠷᠭᠡ ᠶᠢᠨ ᠨᠠᠷᠢᠨ ᠲᠠᠩᠰᠠ ᠶᠢ ᠵᠠᠳᠠᠯᠤᠨ ᠭᠠᠷᠭᠠᠪᠠ᠃ ᠠᠵᠢᠯ ᠤᠨ ᠡᠭᠦᠷᠭᠡ ᠶᠢ ᠤᠯᠠᠮ ᠨᠢᠭᠡ ᠠᠯᠬᠤᠮ ᠬᠡᠮᠵᠢᠶᠡᠯᠡᠵᠦ᠂ ᠶᠠᠭᠤ ᠬᠢᠬᠦ᠂ ᠬᠡᠨ ᠬᠢᠬᠦ᠂ ᠶᠠᠭᠠᠬᠢᠵᠤ ᠬᠢᠬᠦ᠂ ᠬᠡᠵᠢᠶ᠎ᠡ ᠬᠢᠬᠦ ᠶᠢ ᠲᠣᠳᠣᠷᠬᠠᠶᠢᠯᠠᠵᠤ᠂ ︽ᠨᠠᠷᠢᠨ ᠲᠠᠩᠰᠠ ᠶᠢᠨ ᠮᠠᠶ᠋ᠢᠭ︾ ᠤᠨ ᠬᠠᠮᠢᠶᠠᠷᠤᠯᠲᠠ ᠪᠠᠷ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠠᠵᠢᠯ ᠤᠨ ᠠᠬᠢᠴᠠ ᠶᠢ ᠬᠦᠴᠦᠲᠡᠢ ᠠᠬᠢᠭᠤᠯᠵᠤ᠂ ᠨᠠᠶᠢᠳᠠᠪᠤᠷᠢᠵᠢᠭᠤᠯᠤᠯᠲᠠ ᠶᠢ ᠪᠣᠳᠠᠲᠠᠶᠢᠵᠢᠭᠤᠯᠬᠤ ᠶᠢ ᠦᠨᠡᠨᠬᠦ ᠪᠠᠳᠤᠯᠠᠪᠠ᠃   ᠳᠥᠷᠪᠡ ᠳᠤ᠂ ᠲᠡᠰ ᠳᠠᠷᠠᠭᠠᠯᠠᠯ ᠤᠨ ᠪᠠᠷᠢᠮᠵᠢᠶ᠎ᠠ ᠶᠢ ᠢᠵᠢ ᠪᠦᠷᠢᠳᠦᠭᠦᠯᠦᠨ ᠲᠤᠭᠳᠠᠭᠠᠪᠠ᠃ ᠰᠢᠰᠲ᠋ᠧᠮᠲᠦ ᠰᠡᠳᠬᠢᠬᠦᠢ ᠶᠢ ᠪᠤᠶ ᠪᠣᠯᠭᠠᠵᠤ᠂ ᠳᠠᠬᠢᠨ ᠠᠵᠢᠯ ᠤᠨ ᠶᠠᠪᠤᠴᠠ ᠪᠠᠨ ᠡᠮᠬᠢᠯᠡᠵᠦ᠂ ᠤᠴᠢᠷ ᠶᠠᠪᠤᠳᠠᠯ ᠬᠤᠪᠢᠶᠠᠨ ᠬᠡᠪ ᠵᠠᠭᠪᠤᠷ ᠲᠣᠭᠲᠠᠭᠠᠵᠤ᠂ ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠤᠨ᠂ ᠠᠯᠪᠠᠨ ᠪᠢᠴᠢᠭ ᠰᠢᠢᠳᠪᠦᠷᠢᠯᠡᠬᠦ᠂ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠭᠦᠢᠴᠡᠳᠬᠡᠬᠦ᠂ ᠬᠤᠷᠠᠯ ᠤᠨ ᠵᠣᠬᠢᠶᠠᠨ ᠪᠠᠶᠢᠭᠤᠯᠤᠯᠳᠠ᠂ ᠮᠡᠳᠡᠭᠡ ᠵᠠᠩᠭᠢ ᠨᠡᠶᠢᠲᠡᠯᠡᠬᠦ᠂ ᠠᠯᠪᠠᠨ ᠲᠠᠮᠠᠭ᠎ᠠ ᠶᠢᠨ ᠬᠠᠮᠢᠶᠠᠷᠤᠯᠲᠠ᠂ ᠨᠢᠭᠤᠴᠠ ᠶᠢ ᠬᠠᠮᠠᠭᠠᠯᠠᠬᠤ ᠬᠠᠮᠢᠶᠠᠷᠤᠯᠲᠠ᠂ ᠲᠠᠩᠰᠠ ᠡᠪᠬᠡᠮᠡᠯ ᠤᠨ ᠬᠠᠮᠢᠶᠠᠷᠤᠯᠲᠠ ᠵᠡᠷᠭᠡ 7 ᠲᠠᠯ᠎ᠠ ᠶᠢᠨ ᠠᠵᠢᠯ ᠤᠨ ᠪᠠᠷᠢᠮᠵᠢᠶ᠎ᠠ ᠪᠠ ᠴᠤᠪᠤᠷᠠᠯ ᠵᠢᠷᠤᠭ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠴᠤᠪᠤᠷᠠᠯ ᠵᠢᠷᠤᠭ ᠢ ᠦᠨᠡᠨᠬᠦ ᠲᠣᠳᠣᠷᠬᠠᠶᠢᠯᠠᠯᠲᠠ ᠶᠢᠨ ᠪᠢᠴᠢᠭ᠂ ᠭᠠᠷ ᠠᠪᠤᠯᠭ᠎ᠠ ᠶᠢᠨ ᠨᠣᠮ ᠪᠣᠯᠭᠠᠨ ᠬᠡᠷᠡᠭᠯᠡᠵᠦ᠂ ︽ᠭᠤᠷᠪᠠ ᠶᠢ ᠭᠦᠢᠴᠡᠳᠬᠡᠬᠦ ᠭᠤᠷᠪᠠ ᠳᠤ ᠦᠢᠯᠡᠴᠢᠯᠡᠬᠦ︾ ᠶᠢ ᠪᠠᠷᠢᠮᠵᠢᠶᠠᠵᠢᠭᠤᠯᠬᠤ᠂ ᠵᠢᠷᠤᠮᠵᠢᠭᠤᠯᠬᠤ᠂ ᠲᠤᠰᠬᠠᠶᠢᠵᠢᠭᠤᠯᠬᠤ ᠬᠢᠷᠢ ᠬᠡᠮᠵᠢᠶ᠎ᠡ ᠶᠢ ᠪᠥᠬᠦ ᠬᠦᠴᠦᠨ ᠢᠶᠠᠷ ᠢᠶᠠᠨ ᠲᠡᠭᠡᠭᠰᠢᠯᠡᠭᠦᠯᠪᠡ᠃ 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ