ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠥᠬᠡᠶ ᠪᠠᠷᠢᠯᠭ᠎ᠠ ᠶᠢᠨ ᠲᠡᠮᠳᠡᠭ ᠤᠨ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠢ ᠨᠡᠭᠡᠭᠡᠨ ᠠᠰᠢᠭᠯᠠᠬᠤ ᠰᠠᠨᠠᠯ ᠬᠤᠷᠢᠶᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/3/8
    ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠥᠬᠡᠶ ᠪᠠᠷᠢᠯᠭ᠎ᠠ ᠶᠢᠨ ᠲᠡᠮᠳᠡᠭ ᠤᠨ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠠᠬᠢᠭᠤᠯᠬᠤ ᠶᠢᠨ ᠲᠤᠰᠠᠳᠠ᠂ 3 ᠳ᠋ᠤᠭᠠᠷ ᠰᠠᠷ᠎ᠠ ᠶᠢᠨ 6 ᠤ ᠡᠳᠦᠷ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠪᠠᠷᠢᠮᠵᠢᠶ᠎ᠠ ᠨᠣᠷᠮ᠎ᠠ ᠬᠢᠭᠡᠳ ᠡᠨᠧᠷᠭᠢ ᠠᠷᠪᠢᠯᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠭᠠᠵᠠᠷ ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠥᠬᠡᠶ ᠪᠠᠷᠢᠯᠭ᠎ᠠ ᠶᠢᠨ ᠲᠡᠮᠳᠡᠭ ᠤᠨ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠢ ᠨᠡᠭᠡᠭᠡᠨ ᠠᠰᠢᠭᠯᠠᠬᠤ ᠰᠠᠨᠠᠯ ᠬᠤᠷᠢᠶᠠᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ᠃ 
自治区住房和城乡建设厅召开自治区绿色建筑标识管理信息系统开发意见征集会议.png 
    ᠬᠤᠷᠠᠯ ᠳᠡᠭᠡᠷ᠎ᠡ ᠰᠢᠰᠲ᠋ᠧᠮ ᠤᠨ ᠲᠠᠪᠴᠠᠩ ᠤᠨ ᠨᠡᠭᠡᠭᠡᠨ ᠬᠥᠭᠵᠢᠭᠦᠯᠦᠯᠲᠡ ᠶᠢᠨ ᠺᠣᠮᠫᠠᠨᠢ ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠥᠬᠡᠶ ᠪᠠᠷᠢᠯᠭ᠎ᠠ ᠶᠢᠨ ᠲᠡᠮᠳᠡᠭ ᠤᠨ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠤᠨ ᠠᠩᠬ᠎ᠠ ᠠᠯᠬᠤᠮ ᠤᠨ ᠵᠠᠭᠪᠤᠷ ᠲᠤ ᠦᠵᠡᠭᠦᠯᠦᠯᠭᠡ ᠶᠢᠨ ᠲᠠᠨᠢᠯᠴᠠᠭᠤᠯᠭ᠎ᠠ ᠬᠢᠵᠦ᠂ ᠪᠣᠬᠢᠷᠲᠤᠯ ᠥᠬᠡᠶ ᠪᠠᠷᠢᠯᠭ᠎ᠠ ᠶᠢᠨ ᠲᠤᠰᠬᠠᠶ ᠮᠡᠷᠭᠡᠵᠢᠯᠲᠡᠨ ᠤ ᠲᠥᠯᠥᠭᠡᠯᠡᠭᠴᠢ ᠪᠣᠬᠢᠷᠲᠤᠯ ᠥᠬᠡᠶ ᠪᠠᠷᠢᠯᠭ᠎ᠠ ᠶᠢᠨ ᠲᠡᠮᠳᠡᠭ ᠤᠨ ᠬᠠᠮᠢᠶᠠᠷᠤᠯᠲᠠ ᠶᠢᠨ ᠠᠷᠭ᠎ᠠ ᠪᠠ ᠦᠢᠯᠡᠳᠦᠯᠭᠡ ᠶᠢᠨ ᠠᠵᠢᠯ ᠤᠨ ᠲᠤᠷᠰᠢᠯᠭ᠎ᠠ ᠲᠠᠢ ᠤᠶᠠᠯᠳᠤᠭᠤᠯᠤᠨ ᠲᠥᠷᠥᠯ ᠵᠦᠢᠯ ᠢ ᠭᠤᠶᠤᠴᠢᠯᠠᠨ ᠮᠡᠳᠡᠭᠦᠯᠬᠦ᠂ ᠲᠥᠷᠥᠯ ᠵᠦᠢᠯ ᠢ ᠲᠠᠨᠢᠯᠴᠠᠭᠤᠯᠬᠤ᠂ ᠲᠥᠷᠥᠯ ᠵᠦᠢᠯ ᠢ ᠬᠢᠨᠠᠨ ᠪᠠᠶᠢᠴᠠᠭᠠᠬᠤ᠂ ᠲᠤᠰᠬᠠᠶ ᠮᠡᠷᠭᠡᠵᠢᠯᠲᠡᠨ ᠤ ᠬᠢᠨᠠᠨ ᠲᠣᠭᠲᠠᠭᠠᠬᠤ᠂ ᠵᠠᠷᠯᠠᠨ ᠨᠡᠶᠢᠲᠡᠯᠡᠬᠦ ᠠᠯᠪᠠᠨ ᠵᠠᠷ ᠵᠢᠴᠢ ᠦᠨᠡᠮᠯᠡᠯ ᠣᠯᠭᠤᠬᠤ ᠵᠡᠷᠭᠡ ᠰᠢᠰᠲ᠋ᠧᠮ ᠤᠨ ᠵᠠᠭᠪᠤᠷ ᠲᠤ ᠰᠠᠶᠢᠵᠢᠷᠠᠭᠤᠯᠬᠤ ᠰᠠᠨᠠᠯ ᠳᠤᠷᠠᠳᠪᠠ᠃   ᠬᠤᠷᠠᠯ ᠠᠴᠠ ᠰᠢᠰᠲ᠋ᠧᠮ ᠤᠨ ᠲᠠᠪᠴᠠᠩ ᠤᠨ ᠨᠡᠭᠡᠭᠡᠨ ᠬᠥᠭᠵᠢᠭᠦᠯᠦᠯᠲᠡ ᠶᠢᠨ ᠺᠣᠮᠫᠠᠨᠢ ᠰᠢᠯᠢᠳᠡᠭ ᠠᠷᠭ᠎ᠠ ᠬᠢᠳᠡᠯ ᠢᠶᠠᠷ ᠯᠠᠪᠯᠠᠯᠲᠠ ᠪᠣᠯᠭᠠᠵᠤ᠂ ᠪᠣᠬᠢᠷᠲᠤᠯ ᠦᠭᠡᠢ ᠪᠠᠷᠢᠯᠭ᠎ᠠ ᠶᠢᠨ ᠲᠡᠮᠳᠡᠭ ᠢ ᠭᠤᠶᠤᠴᠢᠯᠠᠨ ᠮᠡᠳᠡᠭᠦᠯᠬᠦ ᠨᠢᠭᠡᠴᠡ᠂ ᠪᠣᠬᠢᠷᠲᠤᠯ ᠦᠭᠡᠢ ᠪᠠᠷᠢᠯᠭ᠎ᠠ ᠶᠢᠨ ᠡᠯ᠎ᠡ ᠱᠠᠲᠤᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ᠂ ᠬᠢᠨᠠᠨ ᠲᠣᠭᠲᠠᠭᠠᠬᠤ ᠲᠤᠰᠬᠠᠢ ᠮᠡᠷᠭᠡᠵᠢᠯᠲᠡᠨ ᠵᠡᠷᠭᠡ ᠭᠤᠷᠪᠠᠨ ᠲᠠᠯ᠎ᠠ ᠶᠢᠨ ᠵᠦᠢ ᠵᠣᠬᠢᠰᠲᠠᠢ ᠰᠠᠨᠠᠯ ᠰᠠᠨᠠᠭᠤᠯᠭ᠎ᠠ ᠶᠢ ᠥᠷᠭᠡᠨ ᠢᠶᠠᠷ ᠰᠣᠨᠣᠰᠴᠤ᠂ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠪᠣᠯᠣᠨ ᠣᠷᠣᠨ ᠨᠤᠲᠤᠭ ᠤᠨ ᠬᠠᠮᠢᠶᠠᠷᠤᠯᠲᠠ ᠶᠢᠨ ᠱᠠᠭᠠᠷᠳᠠᠯᠭ᠎ᠠ ᠲᠠᠢ ᠤᠶᠠᠯᠳᠤᠭᠤᠯᠤᠨ᠂ ᠰᠢᠰᠲ᠋ᠧᠮ ᠤᠨ ᠬᠡᠰᠡᠭ ᠤᠨ ᠴᠢᠳᠠᠮᠵᠢ ᠪᠣᠯᠣᠨ ᠴᠤᠪᠤᠷᠠᠯ ᠢ ᠨᠡᠭᠡᠭᠡᠨ ᠬᠥᠭᠵᠢᠭᠦᠯᠬᠦ ᠪᠠ ᠰᠢᠯᠢᠳᠡᠭᠵᠢᠭᠦᠯᠵᠦ᠂ ᠰᠢᠰᠲ᠋ᠧᠮ ᠤᠨ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠠᠵᠢᠯ ᠢ ᠲᠦᠷᠭᠡᠬᠡᠨ ᠰᠠᠶᠢᠲᠤᠷ ᠬᠢᠬᠦ ᠬᠡᠷᠡᠭᠲᠡᠢ ᠭᠡᠵᠦ ᠱᠠᠭᠠᠷᠳᠠᠵᠠᠢ ᠃   ᠲᠣᠰ ᠤᠳᠠᠭᠠᠨ ᠤ ᠰᠠᠨᠠᠯ ᠬᠤᠷᠢᠶᠠᠬᠤ ᠬᠤᠷᠠᠯ ᠨᠢ ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠥᠬᠡᠶ ᠪᠠᠷᠢᠯᠭ᠎ᠠ ᠶᠢᠨ ᠲᠡᠮᠳᠡᠭ ᠤᠨ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠴᠢᠳᠠᠮᠵᠢ ᠶᠢ ᠴᠢᠩᠭᠠᠳᠬᠠᠬᠤ᠂ ᠠᠵᠢᠯᠯᠠᠭ᠎ᠠ ᠶᠢ ᠳᠥᠭᠦᠮᠴᠢᠯᠡᠬᠦ᠂ ᠶᠠᠪᠤᠴᠠ ᠶᠢ ᠪᠠᠷᠢᠮᠵᠢᠶᠠᠵᠢᠭᠤᠯᠬᠤ ᠳᠤ ᠰᠢᠯᠢᠳᠡᠭᠵᠢᠭᠦᠯᠦᠨ ᠲᠡᠭᠦᠯᠳᠡᠷᠵᠢᠭᠦᠯᠬᠦ ᠴᠢᠭᠯᠡᠯ ᠢ ᠲᠣᠳᠣᠷᠬᠠᠶᠢᠯᠠᠬᠤ ᠶᠢᠨ ᠬᠠᠮᠲᠤ᠂ ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠥᠬᠡᠶ ᠪᠠᠷᠢᠯᠭ᠎ᠠ ᠶᠢᠨ ᠲᠡᠮᠳᠡᠭ ᠢ ᠮᠠᠭᠠᠳᠯᠠᠨ ᠲᠣᠭᠲᠠᠭᠠᠬᠤ ᠠᠵᠢᠯ ᠢ ︽ᠰᠦᠯᠵᠢᠶᠡᠨ ᠭᠠᠳᠠᠨ᠎ᠠ ᠭᠦᠢᠴᠡᠳᠬᠡᠬᠦ︾ ᠠᠴᠠ ︽ᠰᠦᠯᠵᠢᠶᠡᠨ ᠳᠡᠭᠡᠷ᠎ᠡ ᠭᠦᠢᠴᠡᠳᠬᠡᠬᠦ︾ ᠪᠣᠯᠭᠠᠵᠤ ᠂ ᠲᠣᠭᠠᠴᠢᠯᠠᠭᠰᠠᠨ ᠵᠠᠰᠠᠭ ᠵᠠᠬᠢᠷᠭᠠᠨ ᠤ ᠠᠵᠢᠯ ᠢ ᠳᠥᠯᠭᠢᠨ ᠠᠬᠢᠭᠤᠯᠵᠤ᠂ ᠠᠵᠤ ᠠᠬᠤᠶᠢᠯᠠᠯ ᠤᠨ ᠠᠵᠢᠯ ᠶᠠᠪᠤᠳᠠᠯ ᠭᠦᠢᠴᠡᠳᠭᠡᠬᠦ ᠳᠤ ᠲᠥᠬᠦᠮ ᠦᠵᠡᠭᠦᠯᠵᠦ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ ᠢᠳᠡᠪᠬᠢᠲᠡᠶ ᠦᠢᠯᠡᠳᠦᠯ ᠦᠵᠡᠭᠦᠯᠵᠡᠢ ᠃   ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ᠂ ᠥᠪᠡᠷᠲᠡᠭᠡᠨ ᠵᠠᠰᠠᠬᠤ ᠣᠷᠣᠨ ᠤ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠢ ᠪᠠᠶᠢᠴᠠᠭᠠᠨ ᠰᠢᠯᠭᠠᠵᠤ ᠬᠢᠨᠠᠨ ᠲᠣᠭᠲᠠᠭᠠᠬᠤ ᠪᠠ ᠡᠨᠧᠷᠭᠢ ᠶᠢᠨ ᠠᠰᠢᠭᠯᠠᠮᠵᠢ ᠶᠢ ᠰᠢᠯᠭᠠᠨ ᠲᠣᠭᠲᠠᠭᠠᠬᠤ ᠲᠥᠪ᠂ ᠬᠥᠬᠡᠬᠤᠲᠠ ᠶᠢᠨ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠬᠥᠭᠵᠢᠯᠲᠡ ᠶᠢ ᠠᠬᠢᠭᠤᠯᠬᠤ ᠲᠥᠪ᠂ ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠥᠬᠡᠶ ᠪᠠᠷᠢᠯᠭ᠎ᠠ ᠶᠢᠨ ᠨᠡᠶᠢᠭᠡᠮᠯᠢᠭ ᠤᠨ ᠬᠠᠮᠢᠶ᠎ᠠ ᠪᠥᠬᠦᠶ ᠠᠵᠢᠯᠲᠠᠨ ᠲᠤᠬᠠᠶ ᠶᠢᠨ ᠲᠠᠯᠠᠪᠠᠶ ᠳᠤ ᠬᠤᠷᠠᠯ ᠳᠤ ᠣᠷᠣᠯᠴᠠᠵᠤ᠂ ᠬᠢᠩᠭᠠᠨ ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠬᠠᠮᠢᠶ᠎ᠠ ᠪᠥᠬᠦᠶ ᠠᠵᠢᠯᠲᠠᠨ ᠰᠦᠯᠵᠢᠶᠡᠨ ᠳᠡᠭᠡᠷ᠎ᠡ ᠬᠤᠷᠠᠯ ᠳᠤ ᠣᠷᠣᠯᠴᠠᠵᠠᠶ᠃ 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ