ᠼᠦᠢ ᠬᠠᠢ ᠴᠤᠤ᠂ ᠡᠷᠡᠭᠲᠡᠢ᠂ 1987 ᠣᠨ ᠤ 10 ᠳ᠋ᠤᠭᠠᠷ ᠰᠠᠷ᠎ᠠ ᠳᠤ ᠲᠦᠷᠦᠵᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃ ᠨᠢᠭᠡᠨ | ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠠᠵᠢᠯᠲᠠᠨ ᠪᠣᠯᠤᠭᠰᠠᠨ ᠤ ᠬᠤᠪᠢ ᠳᠤ ᠲᠡᠷᠡ ᠢᠮᠠᠭᠲᠠ ᠣᠯᠠᠨ ᠲᠦᠮᠡᠨ ᠢ ᠰᠡᠳᠬᠢᠯ ᠳᠤ ᠪᠠᠨ ᠲᠠᠯᠪᠢᠵᠤ᠂ | ᠠᠷᠠᠳ ᠲᠦᠮᠡᠨ ᠳᠤ ᠦᠢᠯᠡᠴᠢᠯᠡᠵᠦ᠂ ᠥᠪᠡᠷ ᠤᠨ ᠪᠣᠳᠠᠲᠤ ᠠᠵᠢᠯᠯᠠᠭ᠎ᠠ ᠪᠠᠷ ᠢᠶᠠᠨ ᠨᠢᠭᠡᠨ ᠬᠢᠷᠢ ᠲᠡᠩᠴᠡᠭᠰᠡᠨ ᠬᠤᠲᠠ ᠶᠢᠨ ᠬᠠᠮᠢᠶᠠᠷᠤᠯᠲᠠ ᠶᠢᠨ ᠬᠠᠤᠯᠢ | ᠬᠡᠷᠡᠭᠵᠢᠭᠦᠯᠬᠦ ᠠᠵᠢᠯᠲᠠᠨ ᠤ ᠬᠠᠷᠢᠭᠤᠴᠠᠯᠭ᠎ᠠ ᠪᠠ ᠡᠭᠦᠷᠭᠡᠯᠡᠯ ᠢ ᠲᠠᠶᠢᠯᠪᠤᠷᠢᠯᠠᠵᠠᠢ᠃ | | | | ᠴᠢᠳᠠᠪᠤᠷᠢ ᠪᠠ ᠬᠡᠪ ᠴᠢᠨᠠᠷ ᠢᠶᠠᠨ ᠳᠡᠭᠡᠭᠰᠢᠯᠡᠭᠦᠯᠵᠦ᠂ ᠴᠠᠭᠠᠷᠠᠭᠰᠠᠨ ᠴᠢᠳᠠᠪᠤᠷᠢ ᠶᠢ ᠪᠣᠯᠪᠠᠰᠤᠷᠠᠵᠠᠢ ᠃ ᠲᠡᠷᠡ ᠬᠤᠳᠠ ᠶᠢᠨ ᠬᠠᠮᠢᠶᠠᠷᠤᠯᠲᠠ ᠶᠢᠨ ᠬᠠᠤᠯᠢ | ᠬᠡᠷᠡᠭᠵᠢᠭᠦᠯᠬᠦ ᠠᠵᠢᠯ ᠢ ᠰᠠᠶᠢᠲᠤᠷ ᠬᠢᠬᠦ ᠳᠤ ᠡᠷᠬᠡᠪᠰᠢ ᠬᠠᠤᠯᠢ ᠶᠢ ᠬᠡᠷᠡᠭᠵᠢᠭᠦᠯᠬᠦ ᠴᠠᠭᠠᠷᠠᠭᠰᠠᠨ ᠤᠷ᠎ᠠ ᠴᠢᠳᠠᠪᠤᠷᠢ ᠪᠠ ᠰᠠᠶᠢᠨ ᠰᠠᠶᠢᠬᠠᠨ ᠬᠠᠤᠯᠢ ᠴᠠᠭᠠᠵᠠ ᠶᠢᠨ ᠬᠡᠪ | ᠪᠣᠯᠪᠠᠰᠤᠷᠠᠯ ᠲᠠᠢ ᠪᠠᠶᠢᠬᠤ ᠴᠢᠬᠤᠯᠠᠲᠠᠢ ᠶᠢ ᠭᠦᠨᠵᠡᠭᠡᠢ ᠮᠡᠳᠡᠵᠦ ᠪᠠᠶᠢᠯ᠎ᠠ᠃ ᠠᠵᠢᠯ ᠤᠨ ᠳᠤᠮᠳᠠ ᠲᠡᠷᠡ ᠰᠤᠷᠤᠯᠴᠠᠯᠭ᠎ᠠ ᠪᠠᠨ ᠲᠠᠰᠤᠷᠠᠯᠲᠠ ᠦᠭᠡᠢ ᠴᠢᠩᠭᠠᠳᠬᠠᠵᠠᠢ᠂ | ᠨᠣᠮ ᠪᠢᠴᠢᠭ ᠢ ᠰᠤᠷᠤᠯᠴᠠᠵᠤ᠂ ᠬᠠᠮᠲᠤ ᠠᠵᠢᠯᠯᠠᠭᠰᠠᠳ ᠠᠴᠠ ᠰᠤᠷᠤᠯᠴᠠᠵᠤ᠂ ᠬᠠᠤᠯᠢ ᠬᠡᠷᠡᠭᠵᠢᠭᠦᠯᠬᠦ ᠤᠷ᠎ᠠ ᠴᠢᠳᠠᠪᠤᠷᠢ ᠪᠠᠨ ᠴᠢᠷᠮᠠᠶᠢᠨ ᠳᠡᠭᠡᠭᠰᠢᠯᠡᠭᠦᠯᠵᠦ᠂ ᠬᠠᠤᠯᠢ | ᠴᠠᠭᠠᠵᠠ ᠶᠢᠨ ᠮᠡᠳᠡᠯᠭᠡ ᠪᠠᠨ ᠲᠡᠭᠦᠯᠳᠡᠷᠵᠢᠭᠦᠯᠵᠦ᠂ ᠶᠡᠷᠦᠩᠬᠡᠶᠢᠯᠡᠭᠰᠡᠨ ᠬᠡᠪ ᠴᠢᠨᠠᠷ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠪᠡ᠃ | ᠡᠭᠦᠷᠭᠡ ᠲᠤᠰᠢᠶᠠᠯ ᠢᠶᠠᠨ ᠬᠢᠴᠢᠶᠡᠩᠭᠦ᠋ᠢᠯᠡᠨ ᠭᠦᠢᠴᠡᠳᠬᠡᠵᠦ᠂ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠵᠢᠷᠤᠮᠯᠠᠵᠠᠢ᠃ ᠪᠦᠬᠦ ᠤᠯᠤᠰ ᠤᠨ ᠪᠣᠯᠪᠠᠰᠤᠨ | ᠬᠤᠳᠠ ᠶᠢ ᠡᠭᠦᠳᠦᠨ ᠪᠠᠶᠢᠭᠤᠯᠬᠤ ᠬᠤᠭᠤᠴᠠᠭᠠᠨ ᠳᠤ᠂ ᠲᠡᠷᠡ ᠡᠳᠦᠷ ᠪᠦᠷᠢ ᠳᠤᠮᠳᠠ ᠠᠩᠬᠢ ᠶᠢᠨ ᠭᠡᠰᠢᠭᠦᠳ ᠲᠠᠢ ᠬᠠᠮᠲᠤ ᠡᠷᠦᠬᠡ ᠳᠠᠷᠠᠭᠠᠯᠠᠨ ᠬᠤᠳᠠ ᠶᠢᠨ | ᠬᠠᠮᠢᠶᠠᠷᠤᠯᠲᠠ ᠶᠢᠨ ᠮᠡᠳᠡᠯᠭᠡ ᠶᠢ ᠤᠬᠠᠭᠤᠯᠵᠤ᠂ ᠵᠡᠭᠡᠯᠢ ᠳᠠᠭᠠᠤ ᠶᠢᠨ ᠬᠤᠳᠠᠯᠳᠤᠭ᠎ᠠ ᠳᠡᠯᠭᠡᠭᠦᠷ ᠲᠠᠢ ︽ᠡᠭᠦᠳᠡᠨ ᠡᠮᠦᠨᠡᠬᠢ ᠭᠤᠷᠪᠠᠨ ᠳᠠᠭᠠᠭᠠᠴᠢᠯᠠᠯᠲᠠ ᠶᠢᠨ | ᠬᠠᠷᠢᠭᠤᠴᠠᠯᠭ᠎ᠠ ᠶᠢᠨ ᠪᠢᠴᠢᠭ︾ ᠲᠣᠭᠲᠠᠵᠤ᠂ ︽ᠬᠤᠳᠠ ᠶᠢ ᠪᠠᠶᠢᠭᠤᠯᠬᠤ︾ ᠠᠵᠢᠯ ᠤᠨ ᠤᠷᠤᠭᠰᠢᠲᠠᠢ ᠶᠠᠪᠤᠭᠳᠠᠬᠤ ᠶᠢ ᠢᠳᠡᠪᠬᠢᠲᠡᠢ ᠠᠬᠢᠭᠤᠯᠵᠠᠢ᠃ ᠬᠠᠤᠯᠢ | ᠬᠡᠷᠡᠭᠵᠢᠭᠦᠯᠬᠦ ᠨᠢᠭᠡᠳᠦᠭᠡᠷ ᠹᠷᠣᠨᠲ ᠲᠤ ᠰᠠᠨᠠᠭᠠᠴᠢᠯᠠᠭ᠎ᠠ ᠠᠴᠠ ᠪᠠᠨ ᠬᠦᠷᠴᠦ ᠨᠡᠭᠦᠳᠡᠯ ᠳᠡᠯᠭᠡᠭᠦᠷ ᠢ ᠴᠡᠭᠴᠡᠯᠡᠨ ᠵᠠᠰᠠᠬᠤ᠂ ᠵᠠᠮ ᠡᠵᠡᠯᠡᠨ ᠡᠵᠡᠩᠨᠡᠬᠦ᠂ ᠵᠢᠵᠢᠭ ᠵᠠᠷ | ᠮᠡᠳᠡᠭᠡ ᠶᠢ ᠴᠡᠪᠡᠷᠯᠡᠬᠦ ᠵᠡᠷᠭᠡ ᠠᠵᠢᠯ ᠳᠤ ᠣᠷᠣᠯᠴᠠᠵᠤ᠂ ︽721︾ ᠠᠵᠢᠯ ᠤᠨ ᠳᠦᠷᠢᠮ ᠢ ᠢᠳᠡᠪᠬᠢᠲᠡᠶ ᠦᠢᠯᠡᠳᠦᠯᠭᠡᠵᠢᠭᠦᠯᠵᠦ᠂ ᠵᠢᠯᠣᠭᠤᠳᠬᠤ᠂ ᠢᠳᠬᠠᠬᠤ᠂ | ᠬᠥᠮᠦᠵᠢᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠬᠠᠤᠯᠢ ᠬᠡᠷᠡᠭᠵᠢᠭᠦᠯᠬᠦ ᠠᠵᠢᠯᠯᠠᠭ᠎ᠠ ᠥᠷᠨᠢᠭᠦᠯᠵᠦ᠂ ᠦᠢᠯᠡᠴᠢᠯᠡᠭᠡ ᠶᠢ ᠲᠡᠷᠢᠭᠦᠨ ᠳᠤ ᠲᠠᠯᠪᠢᠬᠤ᠂ | ᠠᠷᠠᠳ ᠤᠨ ᠲᠥᠯᠥᠭᠡ ᠬᠠᠤᠯᠢ ᠬᠡᠷᠡᠭᠵᠢᠭᠦᠯᠬᠦ ᠠᠵᠢᠯ ᠤᠨ ᠣᠨᠣᠯᠵᠢᠬᠤᠨ ᠢ ᠦᠢᠯᠡᠳᠦᠯᠭᠡᠵᠢᠭᠦᠯᠪᠡ᠃ | ᠳᠤᠷᠠᠲᠠᠶ᠎ᠠ ᠬᠤᠪᠢ ᠨᠡᠮᠡᠷᠢ ᠦᠵᠡᠭᠦᠯᠵᠦ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠨ᠎ᠡ᠃ ᠠᠷᠠᠳ ᠣᠯᠠᠨ ᠤ ᠠᠰᠢᠭ ᠲᠤᠰᠠ ᠶᠢ ᠴᠠᠭ ᠢᠮᠠᠭᠲᠠ ᠲᠡᠷᠢᠭᠦᠨ | ᠪᠠᠶᠢᠷᠢᠨ ᠳᠤ ᠲᠠᠯᠪᠢᠵᠤ᠂ ᠣᠯᠠᠨ ᠲᠦᠮᠡᠨ ᠤ ᠳᠤᠰᠭᠠᠭᠰᠠᠨ ᠠᠰᠠᠭᠤᠳᠠᠯ ᠢ ᠴᠢᠷᠮᠠᠶᠢᠨ ᠰᠢᠢᠳᠪᠦᠷᠢᠯᠡᠵᠦ᠂ ᠴᠠᠭ ᠲᠤᠬᠠᠢ ᠳᠤᠨᠢ ᠠᠷᠠᠳ ᠣᠯᠠᠨ ᠤ ᠬᠦᠴᠢᠷ | ᠵᠣᠪᠠᠭᠤᠷᠢ ᠶᠢ ᠰᠢᠢᠳᠪᠦᠷᠢᠯᠡᠵᠡᠢ᠃ ᠲᠡᠷᠡ ᠪᠠᠰᠠ ᠦᠷᠭᠦᠯᠵᠢ ᠬᠤᠯᠪᠤᠭᠠᠯᠠᠨ ᠲᠠᠭᠠᠭᠠᠴᠢᠯᠠᠭᠰᠠᠨ ᠰᠠᠭᠤᠭᠠᠯᠢ ᠲᠣᠭᠤᠷᠢᠭ ᠪᠣᠯᠤᠨ ᠬᠤᠷᠢᠭ᠎ᠠ ᠴᠡᠭ ᠲᠤ ᠬᠦᠷᠴᠦ | ᠪᠠᠶᠢᠴᠠᠭᠠᠨ ᠪᠦᠷᠢᠳᠬᠡᠵᠦ᠂ ᠵᠢᠵᠢᠭᠦᠷᠯᠡᠨ ᠰᠠᠬᠢᠵᠤ᠂ ᠠᠷᠠᠳ ᠤᠯᠠᠨ ᠳᠤ ᠬᠠᠪᠰᠤᠷᠤᠯᠭ᠎ᠠ ᠦᠵᠡᠭᠦᠯᠵᠦ᠂ ᠬᠤᠰᠢᠭᠤᠨ ᠤ ︽ᠰᠢᠯᠢᠳᠡᠭ ᠨᠢᠭᠡᠳᠦᠭᠡᠷ ᠱᠦᠵᠢ︾᠂ ︽ | ᠰᠢᠯᠢᠳᠡᠭ ᠡᠪ ᠬᠠᠮᠲᠤ ᠨᠠᠮ ᠤᠨ ᠭᠡᠰᠢᠭᠦᠨ︾ ᠵᠡᠷᠭᠡ ᠢᠷᠠᠭᠤ ᠠᠯᠳᠠᠷ ᠤᠨ ᠴᠣᠯᠠ ᠶᠢ ᠣᠯᠵᠤ᠂ ᠨᠢᠭᠡᠨ ᠡᠪ ᠬᠠᠮᠲᠤ ᠨᠠᠮ ᠤᠨ ᠭᠡᠰᠢᠭᠦᠨ ᠤ ᠬᠠᠷᠢᠭᠤᠴᠠᠯᠭ᠎ᠠ | ᠡᠭᠦᠷᠭᠡᠯᠡᠨ ᠵᠢᠳᠬᠦᠨ ᠴᠢᠷᠮᠠᠶᠢᠭᠰᠠᠨ ᠢ ᠬᠠᠷᠠᠭᠤᠯᠵᠠᠢ᠃ | |