﹇ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ᠵᠥᠪᠯᠡᠯᠭᠡ ᠥᠭᠬᠦ ᠦᠢᠯᠡᠴᠢᠯᠡᠭᠡ﹈ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ᠪᠠᠶᠢᠩᠭᠤ ᠲᠤᠬᠢᠶᠠᠯᠳᠤᠬᠤ ᠠᠰᠠᠭᠤᠳᠠᠯ ᠤᠨ ᠬᠠᠷᠢᠭᠤᠯᠲᠠ — ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ᠵᠦᠢᠯᠡᠰ ᠢ ᠭᠤᠶᠤᠴᠢᠯᠠᠨ ᠮᠡᠳᠡᠭᠦᠯᠬᠦ ᠨᠡᠷᠡᠶᠢᠳᠦᠯ ᠢ ᠰᠣᠯᠢᠬᠤ ᠳᠤ ᠪᠠᠶᠢᠩᠭᠤ ᠲᠤᠬᠢᠶᠠᠯᠳᠤᠬᠤ ᠠᠰᠠᠭᠤᠳᠠᠯ ︵ᠠᠵᠤ ᠠᠬᠤᠶᠢᠯᠠᠯ ᠤᠨ ᠬᠢᠷᠢ ᠬᠡᠮ ᠤᠨ ᠲᠥᠷᠥᠯ︶ ︵2024 ᠣᠨ ᠤ ᠠᠷᠪᠠᠳᠤᠭᠠᠷ ᠬᠤᠭᠤᠴᠠᠭ᠎ᠠ︶
ᠨᠡᠶᠢᠲᠡᠯᠡᠭᠰᠡᠨ ᠴᠠᠭ᠄
2024/12/20
ᠠᠰᠠᠭᠤᠯᠲᠠ᠄    ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ᠵᠦᠢᠯᠡᠰ ᠢ ᠭᠤᠶᠤᠴᠢᠯᠠᠨ ᠮᠡᠳᠡᠭᠦᠯᠬᠦ ᠨᠡᠷᠡᠶᠢᠳᠦᠯ ᠢ ᠰᠤᠯᠢᠭᠰᠠᠨ ᠤ ᠳᠠᠷᠠᠭ᠎ᠠ᠂ ᠠᠵᠤ ᠠᠬᠤᠶᠢᠯᠠᠯ ᠤᠨ ᠬᠢᠷᠢ ᠭᠡᠮ ᠢ ᠬᠡᠷᠬᠢᠨ ᠭᠤᠶᠤᠴᠢᠯᠠᠨ ᠮᠡᠳᠡᠭᠦᠯᠬᠦ ᠪᠤᠢ︖ ᠬᠠᠷᠢᠭᠤᠯᠲᠠ᠄    ᠨᠢᠭᠡ᠂ ︽ᠪᠠᠷᠢᠯᠭ᠎ᠠ ᠶᠢᠨ ᠠᠵᠤ ᠠᠬᠤᠶᠢᠯᠠᠯ ᠤᠨ ᠠᠶᠤᠯ ᠦᠭᠡᠢ ᠦᠢᠯᠡᠳᠪᠦᠷᠢᠯᠡᠯ ᠤᠨ ᠵᠥᠪᠰᠢᠶᠡᠷᠡᠯ ︵ᠨᠠᠶᠢᠳᠠᠯᠭ᠎ᠠ ᠶᠢᠨ ᠳᠦᠷᠢᠮ︶︾ ︽ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠬᠢᠷᠢ ᠬᠡᠮ ᠢ ᠠᠩᠬ᠎ᠠ ᠤᠳᠠᠭ᠎ᠠ ᠭᠤᠶᠤᠴᠢᠯᠠᠨ ᠮᠡᠳᠡᠭᠦᠯᠬᠦ ︵ᠨᠠᠶᠢᠳᠠᠯᠭ᠎ᠠ ᠶᠢᠨ ᠳᠦᠷᠢᠮ︶︾ ︽ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠬᠢᠷᠢ ᠬᠡᠮ ᠢ ᠨᠡᠮᠡᠭᠳᠡᠭᠦᠯᠬᠦ ︵ᠨᠠᠶᠢᠳᠠᠯᠭ᠎ᠠ ᠶᠢᠨ ᠳᠦᠷᠢᠮ︶︾ ︽ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠲᠢᠩᠬᠢᠮ ᠤᠨ ᠲᠠᠰ ᠤᠨ ᠲᠦᠷ ᠴᠠᠭ ᠤᠨ ᠦᠨᠡᠮᠯᠡᠯ ᠢ ᠦᠷᠭᠦᠯᠵᠢᠯᠡᠭᠦᠯᠬᠦ ︵ᠨᠠᠶᠢᠳᠠᠯᠭ᠎ᠠ ᠶᠢᠨ ᠳᠦᠷᠢᠮ︶︾ ᠵᠡᠷᠭᠡ 4 ᠵᠦᠢᠯ ᠤᠨ ᠲᠤᠬᠠᠶᠢᠯᠠᠭᠰᠠᠨ ᠠᠵᠢᠯ ᠤᠨ ᠭᠤᠶᠤᠴᠢᠯᠠᠨ ᠮᠡᠳᠡᠭᠦᠯᠬᠦ ᠨᠡᠷᠡᠶᠢᠳᠦᠯ ᠢ ᠠᠳᠠᠯᠢ ᠲᠥᠷᠥᠯ ᠬᠡᠯᠪᠡᠷᠢ ᠶᠢᠨ ᠲᠢᠩᠬᠢᠮ ᠤᠨ ᠲᠠᠰ ᠤᠨ ᠭᠤᠶᠤᠴᠢᠯᠠᠨ ᠮᠡᠳᠡᠭᠦᠯᠬᠦ ᠪᠤᠯᠭᠠᠨ ᠦᠭᠡᠷᠡᠴᠢᠯᠡᠵᠡᠢ᠃ ᠳᠡᠭᠡᠷ᠎ᠡ ᠳᠤᠷᠠᠳᠤᠭᠰᠠᠨ ᠵᠦᠢᠯᠡᠰ ᠢ ᠮᠡᠳᠡᠭᠦᠯᠬᠦ ᠦᠶ᠎ᠡ ᠳᠤ᠂ ᠠᠵᠤ ᠠᠬᠤᠶᠢᠯᠠᠯ ᠤᠳ ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠳᠤ ᠭᠠᠷᠴᠤ ᠬᠠᠷᠠᠭᠠᠯᠵᠠᠭᠰᠠᠨ ᠵᠦᠢᠯᠡᠰ ᠢ ᠤᠯᠵᠦ ᠭᠤᠶᠤᠴᠢᠯᠠᠨ ᠮᠡᠳᠡᠭᠦᠯᠬᠦ ᠬᠡᠷᠡᠭᠲᠡᠢ᠃
W020241219342275972368.png
    ︽ᠪᠠᠷᠢᠯᠭ᠎ᠠ ᠶᠢᠨ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠵᠥᠪᠰᠢᠶᠡᠷᠡᠯ ︵ᠨᠠᠶᠢᠳᠠᠯᠭ᠎ᠠ ᠶᠢᠨ ᠳᠦᠷᠢᠮ︶︾ ᠢᠶᠠᠷ ᠵᠢᠱᠢᠶᠡᠯᠡᠪᠡᠯ᠂ ᠰᠣᠯᠢᠭᠰᠠᠨ ᠤ ᠳᠠᠷᠠᠭᠠᠬᠢ ᠵᠦᠢᠯᠡᠰ ᠤᠨ ᠨᠡᠷᠡᠶᠢᠳᠦᠯ ᠨᠢ ︽ᠪᠠᠷᠢᠯᠭ᠎ᠠ ᠶᠢᠨ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠵᠥᠪᠰᠢᠶᠡᠷᠡᠯ ︵ᠭᠤᠶᠤᠴᠢᠯᠠᠨ ᠮᠡᠳᠡᠭᠦᠯᠬᠦ︶︾ ᠪᠤᠯᠵᠠᠢ᠃ ᠮᠡᠳᠡᠭᠦᠯᠬᠦ ᠠᠯᠬᠤᠮ ᠳᠠᠷᠠᠭ᠎ᠠ᠄ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠨᠢ ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ — ᠰᠠᠯᠠᠭ᠎ᠠ ᠮᠥᠴᠢᠷ ᠲᠤ ᠰᠢᠭᠤᠳ ᠨᠡᠪᠲᠡᠷᠡᠬᠦ — ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ — ᠪᠠᠷᠢᠯᠭ᠎ᠠ ᠶᠢᠨ ᠠᠵᠤ ᠠᠬᠤᠶᠢᠯᠠᠯ ᠤᠨ ᠠᠶᠤᠯ ᠦᠭᠡᠢ ᠦᠢᠯᠡᠳᠪᠦᠷᠢᠯᠡᠯ ᠤᠨ ᠵᠥᠪᠰᠢᠶᠡᠷᠡᠯ — ᠪᠠᠷᠢᠯᠭ᠎ᠠ ᠶᠢᠨ ᠠᠵᠤ ᠠᠬᠤᠶᠢᠯᠠᠯ ᠤᠨ ᠠᠶᠤᠯ ᠦᠭᠡᠢ ᠦᠢᠯᠡᠳᠪᠦᠷᠢᠯᠡᠯ ᠤᠨ ᠵᠥᠪᠰᠢᠶᠡᠷᠡᠯ ︵ᠭᠤᠶᠤᠴᠢᠯᠠᠨ ᠮᠡᠳᠡᠭᠦᠯᠬᠦ︶ — ︽ᠰᠦᠯᠵᠢᠶ᠎ᠡ ᠪᠠᠷ ᠭᠦᠢᠴᠡᠳᠬᠡᠬᠦ︾ ᠶᠢ ᠲᠤᠪᠴᠢᠳᠠᠵᠦ ᠭᠤᠶᠤᠴᠢᠯᠠᠨ ᠮᠡᠳᠡᠭᠦᠯᠦᠨ᠎ᠡ ︵ᠵᠢᠷᠤᠭ ᠮᠡᠲᠦ︶᠃    ︽ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠬᠢᠷᠢ ᠬᠡᠮ ᠢ ᠠᠩᠬ᠎ᠠ ᠤᠳᠠᠭ᠎ᠠ ᠭᠤᠶᠤᠴᠢᠯᠠᠨ ᠮᠡᠳᠡᠭᠦᠯᠬᠦ ︵ᠨᠠᠶᠢᠳᠠᠯᠭ᠎ᠠ ᠶᠢᠨ ᠳᠦᠷᠢᠮ︶︾ ︽ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠬᠢᠷᠢ ᠬᠡᠮ ᠢ ᠨᠡᠮᠡᠭᠳᠡᠭᠦᠯᠬᠦ ︵ᠨᠠᠶᠢᠳᠠᠯᠭ᠎ᠠ ᠶᠢᠨ ᠳᠦᠷᠢᠮ︶︾ ︽ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠲᠢᠩᠬᠢᠮ ᠤᠨ ᠲᠠᠰ ᠤᠨ ᠲᠦᠷ ᠴᠠᠭ ᠤᠨ ᠦᠨᠡᠮᠯᠡᠯ ᠢ ᠦᠷᠭᠦᠯᠵᠢᠯᠡᠭᠦᠯᠬᠦ ︵ᠨᠠᠶᠢᠳᠠᠯᠭ᠎ᠠ ᠶᠢᠨ ᠳᠦᠷᠢᠮ︶︾ ᠶᠢ ᠴᠥᠮ ᠲᠢᠩᠬᠢᠮ ᠤᠨ ᠲᠠᠰ ᠤᠨ ᠵᠦᠢᠯᠡᠰ ᠤᠨ ᠤᠷᠤᠴᠠ ᠳᠤ ᠰᠢᠯᠵᠢᠭᠦᠯᠦᠨ ᠭᠤᠶᠤᠴᠢᠯᠠᠨ ᠮᠡᠳᠡᠭᠦᠯᠦᠨ᠎ᠡ ︵ᠬᠠᠷᠢᠴᠠᠭᠤᠯᠤᠭᠰᠠᠨ ᠬᠦᠰᠦᠨᠦᠭᠲᠦ ᠳᠤ ᠨᠠᠷᠢᠪᠴᠢᠯᠠᠨ ᠦᠵᠡᠭᠡᠷᠡᠢ︶᠃      ᠬᠤᠶᠠᠷ᠂ ᠤᠯᠤᠰ ᠤᠨ ᠪᠠᠷᠢᠮᠵᠢᠶᠠᠵᠢᠭᠤᠯᠤᠭᠰᠠᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠲᠤ ︽ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠤᠨ ᠬᠤᠶᠠᠳᠤᠭᠠᠷ ᠳᠡᠰ ᠤᠨ ᠬᠢᠷᠢ ᠬᠡᠮ ᠢ ᠠᠩᠬ᠎ᠠ ᠤᠳᠠᠭ᠎ᠠ ᠭᠤᠶᠤᠴᠢᠯᠠᠨ ᠮᠡᠳᠡᠭᠦᠯᠬᠦ︾ ᠵᠦᠢᠯᠡᠰ ᠢ ᠲᠦᠷ ᠲᠣᠬᠢᠷᠠᠭᠤᠯᠤᠭᠰᠠᠨ ᠦᠭᠡᠢ ᠤᠴᠢᠷ ᠠᠴᠠ ᠲᠣᠰ ᠲᠥᠷᠥᠯ ᠤᠨ ᠠᠩᠬ᠎ᠠ ᠤᠳᠠᠭᠠᠨ ᠤ ᠭᠤᠶᠤᠴᠢᠯᠠᠨ ᠮᠡᠳᠡᠭᠦᠯᠬᠦ ᠠᠵᠢᠯ ᠢ ︽ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠤᠨ ᠬᠤᠶᠠᠳᠤᠭᠠᠷ ᠳᠡᠰ ᠤᠨ ᠬᠢᠷᠢ ᠬᠡᠮ ᠢ ᠬᠢᠨᠠᠨ ᠲᠣᠭᠲᠠᠭᠠᠬᠤ ︵ᠲᠣᠭᠤᠷᠢᠭ ᠪᠠᠶᠢᠭᠤᠯᠤᠭᠰᠠᠨ ᠬᠤᠲᠠ ᠶᠢᠨ ᠱᠠᠲᠤᠨ ᠤ ᠡᠷᠬᠡ ᠮᠡᠳᠡᠯ︶ ᠶᠢ ᠲᠠᠰ ᠳᠡᠪᠰᠢᠭᠦᠯᠬᠦ︾ ᠵᠦᠢᠯᠡᠰ ᠲᠤ ᠲᠣᠬᠢᠷᠠᠭᠤᠯᠵᠤ᠂ ᠠᠵᠤ ᠠᠬᠤᠶᠢᠯᠠᠯ ᠨᠢ ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠳᠤ ᠭᠠᠷᠤᠭᠰᠠᠨ ᠤ ᠳᠠᠷᠠᠭ᠎ᠠ ᠬᠠᠷᠢᠶ᠎ᠠ ᠪᠦᠬᠦᠢ ᠠᠶᠢᠮᠠᠭ ᠬᠤᠲᠠ ᠠᠴᠠ ᠪᠠᠨ ᠬᠠᠷᠠᠭᠠᠯᠵᠠᠭᠰᠠᠨ ᠵᠦᠢᠯᠡᠰ ᠢ ᠡᠷᠢᠵᠦ ᠭᠤᠶᠤᠴᠢᠯᠠᠨ ᠮᠡᠳᠡᠭᠦᠯᠵᠦ ᠪᠣᠯᠣᠨ᠎ᠠ᠃ ︵ᠬᠠᠷᠢᠶ᠎ᠠ ᠭᠠᠵᠠᠷ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠯᠠᠪᠯᠠᠭᠠᠷᠠᠢ︶     ᠭᠤᠷᠪᠠ᠂ ᠪᠤᠰᠤᠳ ᠠᠵᠤ ᠠᠬᠤᠶᠢᠯᠠᠯ ᠤᠨ ᠬᠢᠷᠢ ᠬᠡᠮ ᠤᠨ ᠲᠥᠷᠥᠯ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ᠵᠦᠢᠯᠡᠰ ᠤᠨ ᠨᠡᠷᠡᠶᠢᠳᠦᠯ ᠬᠢᠭᠡᠳ ᠤᠤᠯ ᠤᠨ ᠵᠦᠢᠯᠡᠰ ᠤᠨ ᠨᠡᠷᠡᠶᠢᠳᠦᠯ ᠳᠤ ᠵᠣᠬᠢᠬᠤ ᠲᠣᠬᠢᠷᠠᠭᠤᠯᠤᠯᠲᠠ ᠬᠢᠵᠡᠢ ︵ᠬᠠᠷᠢᠴᠠᠭᠤᠯᠤᠭᠰᠠᠨ ᠬᠦᠰᠦᠨᠦᠭᠲᠦ ᠳᠤ ᠨᠠᠷᠢᠪᠴᠢᠯᠠᠨ ᠦᠵᠡᠭᠡᠷᠡᠢ︶᠃ ᠮᠡᠳᠡᠭᠦᠯᠬᠦ ᠮᠠᠲ᠋ᠧᠷᠢᠶᠠᠯ ᠤᠨ ᠠᠭᠤᠯᠭ᠎ᠠ ᠶᠢ ᠦᠨᠳᠦᠰᠦᠨ ᠳᠡᠭᠡᠨ ᠬᠤᠪᠢᠷᠠᠯᠳᠠ ᠦᠭᠡᠢ᠂ ᠨᠠᠷᠢᠨ ᠪᠠᠶᠢᠳᠠᠯ ᠢ ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠶᠢᠨ ᠠᠵᠢᠯ ᠭᠦᠢᠴᠡᠳᠬᠡᠬᠦ ᠵᠦᠭᠯᠡᠭᠦᠷ ᠲᠤ ᠯᠠᠪᠯᠠᠭᠠᠷᠠᠢ︶     ᠬᠡᠷᠪᠡ ᠰᠢᠢᠳᠪᠦᠷᠢᠯᠡᠬᠦ ᠶᠠᠪᠤᠴᠠ ᠳᠤ ᠬᠦᠴᠢᠷᠳᠡᠯ ᠲᠠᠢ ᠲᠤᠯᠭᠠᠷᠠᠪᠠᠯ᠂ ᠲᠤᠤᠷᠠᠬᠢ ᠬᠡᠳᠦᠨ ᠲᠠᠯ᠎ᠠ ᠪᠠᠷ ᠰᠢᠢᠳᠪᠦᠷᠢᠯᠡᠵᠦ ᠪᠣᠯᠣᠨ᠎ᠠ᠄     1. ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠠᠯᠪᠠᠨ ᠤ ᠰᠦᠯᠵᠢᠶ᠎ᠡ — ᠲᠤᠰᠬᠠᠢ ᠰᠡᠳᠦᠪᠲᠦ ᠲᠤᠰᠬᠠᠢ ᠪᠤᠯᠤᠩ — ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠵᠤ ᠠᠬᠤᠶᠢᠯᠠᠯ ᠤᠨ ᠬᠢᠷᠢ ᠬᠡᠮ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠯ ᠤᠨ ᠳᠦᠷᠢᠮ ᠤᠨ ᠥᠭᠡᠷᠡᠴᠢᠯᠡᠯᠲᠡ — ᠪᠠᠶᠢᠩᠭᠤ ᠲᠣᠬᠢᠶᠠᠯᠳᠤᠬᠤ ᠠᠰᠠᠭᠤᠳᠠᠯ ᠳᠤ ᠣᠷᠣᠵᠤ᠂ ᠬᠠᠮᠢᠶ᠎ᠠ ᠪᠦᠬᠦᠢ ᠠᠭᠤᠯᠭ᠎ᠠ ᠶᠢ ᠪᠠᠶᠢᠴᠠᠭᠠᠨ ᠯᠠᠪᠯᠠᠨ᠎ᠠ︔     2. ᠠᠰᠠᠭᠤᠨ ᠯᠠᠪᠯᠠᠬᠤ ᠤᠲᠠᠰᠤ᠄ 0471— 6944058᠂ 0471— 6944062᠃     ᠲᠢᠩᠬᠢᠮ ᠤᠨ ᠳᠡᠰ ᠤᠨ ᠬᠢᠷᠢ ᠴᠢᠳᠠᠮᠵᠢ ᠬᠢᠷᠢ ᠬᠡᠮ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ᠵᠦᠢᠯᠡᠰ ᠤᠨ ᠬᠠᠷᠢᠴᠠᠭᠤᠯᠤᠭᠰᠠᠨ ᠬᠦᠰᠦᠨᠦᠭᠲᠦ᠃ pdf     ᠠᠶᠢᠮᠠᠭ ᠬᠤᠲᠠ ᠶᠢᠨ ᠱᠠᠲᠤᠨ ᠤ ᠠᠵᠤ ᠠᠬᠤᠶᠢᠯᠠᠯ ᠤᠨ ᠬᠢᠷᠢ ᠬᠡᠮ ᠤᠨ ᠵᠦᠢᠯᠡᠰ ᠤᠨ ᠬᠠᠷᠢᠴᠠᠭᠤᠯᠤᠭᠰᠠᠨ ᠬᠦᠰᠦᠨᠦᠭᠲᠦ ︵ᠬᠥᠬᠡᠬᠤᠲᠠ ᠪᠠᠷ ᠵᠢᠱᠢᠶᠡᠯᠡᠵᠡᠢ︶ pdf᠃

 

ᠢᠷᠡᠯᠲᠡ᠄ ᠲᠢᠩᠬᠢᠮ ᠤᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠤᠨ ᠭᠠᠵᠠᠷ