ᠪᠠᠷᠢᠯᠭ᠎ᠠ ᠶᠢᠨ ᠠᠵᠢᠯ ᠤᠨ ᠠᠵᠤ ᠠᠬᠤᠶᠢᠯᠠᠯ ᠤᠨ ᠲᠥᠷᠥᠯ ᠵᠦᠢᠯ ᠤᠨ ᠬᠠᠷᠢᠭᠤᠴᠠᠯᠭᠠᠲᠠᠨ ᠤ B ᠦᠨᠡᠮᠯᠡᠯ ᠢ ᠦᠷᠭᠦᠯᠵᠢᠯᠡᠨ ᠳᠠᠬᠢᠨ ᠰᠤᠷᠭᠠᠨ ᠬᠥᠮᠥᠵᠢᠬᠦ
ᠨᠡᠶᠢᠲᠡᠯᠡᠭᠰᠡᠨ ᠴᠠᠭ᠄
2024/12/22
ᠵᠠᠬᠢᠳᠠᠯ ᠰᠤᠷᠪᠤᠯᠵᠢᠯᠠᠭᠴᠢ ᠶᠢᠨ ᠨᠡᠷ᠎ᠡ ᠄ ᠲᠢᠶᠠᠨ ᠣᠪᠣᠭᠲᠤᠵᠠᠬᠢᠳᠠᠯ ᠢᠷᠡᠭᠦᠯᠦᠭᠰᠡᠨ ᠴᠠᠭ ᠄ 2024 —12—10ᠵᠠᠬᠢᠳᠠᠯ ᠤᠨ ᠭᠤᠣᠯ ᠰᠡᠳᠦᠪ ᠄ ᠪᠠᠷᠢᠯᠭ᠎ᠠ ᠶᠢᠨ ᠠᠵᠢᠯ ᠤᠨ ᠠᠵᠤ ᠠᠬᠤᠶᠢᠯᠠᠯ ᠤᠨ ᠲᠥᠷᠥᠯ ᠵᠦᠢᠯ ᠤᠨ ᠬᠠᠷᠢᠭᠤᠴᠠᠯᠭᠠᠲᠠᠨ ᠤ B ᠦᠨᠡᠮᠯᠡᠯ ᠢ ᠦᠷᠭᠦᠯᠵᠢᠯᠡᠨ ᠳᠠᠬᠢᠨ ᠰᠤᠷᠭᠠᠨ ᠬᠥᠮᠥᠵᠢᠬᠦᠵᠠᠬᠢᠳᠠᠯ ᠤᠨ ᠠᠭᠤᠯᠭ᠎ᠠ ᠄ ᠮᠢᠨᠤ ︽ᠪᠠᠷᠢᠯᠭ᠎ᠠ ᠶᠢᠨ ᠠᠵᠢᠯ ᠤᠨ ᠠᠵᠤ ᠠᠬᠤᠶᠢᠯᠠᠯ ᠤᠨ ᠲᠥᠷᠥᠯ ᠵᠦᠢᠯ ᠤᠨ ᠬᠠᠷᠢᠭᠤᠴᠠᠯᠭᠠᠲᠠᠨ ᠤ B ᠦᠨᠡᠮᠯᠡᠯ︾ ᠠᠩᠬ᠎ᠠ ᠤᠳᠠᠭ᠎ᠠ ᠦᠨᠡᠮᠯᠡᠯ ᠠᠪᠤᠭᠰᠠᠨ ᠬᠤᠭᠤᠴᠠᠭ᠎ᠠ ᠪᠣᠯ 2022 ᠣᠨ ᠤ 1 ᠳ᠋ᠦ᠋ᠭᠡᠷ ᠰᠠᠷ᠎ᠠ ᠶᠢᠨ 14 ᠤ ᠡᠳᠦᠷ ᠂ ᠬᠦᠴᠦᠨ ᠲᠠᠢ ᠬᠤᠭᠤᠴᠠᠭ᠎ᠠ ᠨᠢ 2025 ᠣᠨ ᠤ 1 ᠳ᠋ᠦ᠋ᠭᠡᠷ ᠰᠠᠷ᠎ᠠ ᠶᠢᠨ 14 ᠤ ᠡᠳᠦᠷ ᠪᠣᠯᠲᠠᠯ᠎ᠠ᠂ ᠡᠮᠦᠨ᠎ᠡ ᠬᠤᠶᠠᠷ ᠰᠠᠷ᠎ᠠ ᠳᠤ ᠦᠷᠭᠦᠯᠵᠢ ᠠᠯᠪᠠᠨ ᠠᠵᠢᠯ ᠢᠶᠠᠷ ᠭᠠᠳᠠᠭᠰᠢ ᠭᠠᠷᠤᠭᠰᠠᠨ ᠠᠴᠠ ᠪᠣᠯᠵᠤ ᠦᠷᠭᠦᠯᠵᠢᠯᠡᠨ ᠬᠦᠮᠦᠵᠢᠭᠦᠯᠬᠦ ᠰᠤᠷᠭᠠᠨ ᠬᠦᠮᠦᠵᠢᠯ ᠢᠶᠠᠨ ᠨᠡᠷ᠎ᠡ ᠮᠡᠳᠡᠭᠦᠯᠦᠭᠰᠡᠨ ᠦᠭᠡᠢ᠂ ᠡᠨᠡ ᠰᠠᠷ᠎ᠠ ᠳᠤ ᠪᠤᠴᠠᠵᠤ ᠢᠷᠡᠭᠡᠳ ᠨᠡᠷ᠎ᠡ ᠮᠡᠳᠡᠭᠦᠯᠬᠦ ᠪᠠᠷ ᠪᠡᠯᠡᠳᠭᠡᠵᠦ ᠪᠠᠶᠢᠬᠤ ᠳᠤ ᠨᠢᠭᠡᠨᠲᠡ ᠴᠠᠭ ᠤᠨ ᠬᠦᠴᠦᠨ ᠤ ᠬᠡᠪᠴᠢᠶᠡᠨ ᠠᠴᠠ ᠨᠢ ᠬᠡᠲᠦᠷᠡᠵᠡᠶ ᠂ ᠭᠡᠲᠡᠯ᠎ᠡ ᠮᠢᠨᠦ ᠦᠨᠡᠮᠯᠡᠯ 2025 ᠣᠨ ᠤ 1 ᠳ᠋ᠦ᠋ᠭᠡᠷ ᠰᠠᠷ᠎ᠠ ᠶᠢᠨ 14 ᠤ ᠡᠳᠦᠷ ᠪᠣᠯᠪᠠᠯ ᠰᠠᠶ᠋ᠢ ᠬᠤᠭᠤᠴᠠᠭ᠎ᠠ ᠨᠢ ᠲᠤᠯᠬᠤ ᠪᠤᠯᠤᠨ᠎ᠠ᠂ ᠡᠶᠢᠮᠦ ᠪᠠᠶᠢᠳᠠᠯ ᠳᠤ ᠪᠠᠰᠠ ᠨᠡᠷ᠎ᠡ ᠮᠡᠳᠡᠭᠦᠯᠵᠦ ᠪᠤᠯᠤᠨ᠎ᠠ ᠤᠤ︖ ᠲᠠᠨ ᠤ ᠬᠠᠷᠢᠭᠤ ᠦᠭᠬᠦ ᠶᠢ ᠬᠦᠰᠡᠵᠦ ᠪᠤᠢᠬᠠᠷᠢᠭᠤᠯᠤᠭᠰᠠᠨ ᠴᠠᠭ ᠄ 2024 — 12 — 13ᠬᠠᠷᠢᠭᠤᠯᠲᠠ ᠶᠢᠨ ᠠᠭᠤᠯᠭ᠎ᠠ ᠄ ᠰᠠᠶᠢᠨ ᠤᠤ᠂ ᠲᠠᠨ ᠤ ᠲᠤᠰᠬᠠᠭᠰᠠᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯᠲᠠᠨ ᠤ ᠠᠰᠠᠭᠤᠳᠠᠯ ᠢ ᠨᠢᠭᠡᠨᠲᠡ ᠣᠯᠵᠤ ᠠᠪᠤᠭᠠᠳ ᠣᠶᠢᠯᠭᠠᠭᠰᠠᠨ᠂ ᠣᠳᠣ ᠳᠣᠣᠷᠠᠬᠢ ᠮᠡᠲᠦ ᠬᠠᠷᠢᠭᠤᠯᠲᠠ ᠥᠭᠭᠦᠶ᠎ᠡ ᠄ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯᠲᠠᠨ ᠤ ᠦᠷᠭᠦᠯᠵᠢᠯᠡᠨ ᠬᠦᠮᠦᠵᠢᠭᠦᠯᠬᠦ ᠰᠤᠷᠭᠠᠨ ᠬᠥᠮᠦᠵᠢᠯ ᠪᠣᠯ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠣᠬᠢᠶᠠᠨ ᠪᠠᠶᠢᠭᠤᠯᠤᠨ ᠰᠢᠯᠭᠠᠨ ᠬᠢᠨᠠᠨ᠎ᠠ᠂ ᠪᠣᠳᠠᠲᠠᠶ ᠨᠡᠷ᠎ᠡ ᠮᠡᠳᠡᠭᠦᠯᠬᠦ ᠴᠠᠭ ᠵᠢᠴᠢ ᠨᠡᠷ᠎ᠡ ᠮᠡᠳᠡᠭᠦᠯᠬᠦ ᠱᠠᠭᠠᠷᠳᠠᠯᠭ᠎ᠠ ᠶᠢ ᠠᠵᠤ ᠠᠬᠤᠶᠢᠯᠠᠯ ᠤᠨ ᠪᠠᠶᠢᠭ᠎ᠠ ᠭᠠᠵᠠᠷ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠠᠰᠠᠭᠤᠨ ᠯᠠᠪᠯᠠᠭᠠᠷᠠᠶ᠃ᠮᠠᠨ ᠤ ᠲᠢᠩᠬᠢᠮ ᠦᠢᠯᠡᠴᠢᠯᠡᠭᠡᠨ ᠤ ᠶᠠᠰᠤ ᠴᠢᠨᠠᠷ  ᠢᠶᠠᠨ ᠦᠷᠭᠦᠯᠵᠢᠯᠡᠨ ᠰᠠᠶᠢᠵᠢᠷᠠᠭᠤᠯᠤᠨ᠎ᠠ᠂ ᠲᠠᠨ ᠤ ᠬᠠᠷᠢᠯᠴᠠᠨ ᠰᠣᠯᠢᠯᠴᠠᠭ᠎ᠠ ᠬᠢᠬᠦ ᠪᠤᠯᠤᠩ ᠢ ᠠᠩᠬᠠᠷᠴᠤ ᠳᠡᠮᠵᠢᠭᠰᠡᠨ ᠳᠤ ᠲᠠᠯᠠᠷᠬᠠᠵᠤ ᠪᠠᠶᠢᠨ᠎ᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ᠭᠠᠵᠠᠷ    2024ᠣᠨ ᠤ11 ᠳ᠋ᠦ᠋ᠭᠡᠷ ᠰᠠᠷ᠎ᠠ ᠶᠢᠨ26 ᠤ ᠡᠳᠦᠷ 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ