1 ᠳ᠋ᠤᠭᠡᠷ ᠰᠠᠷ᠎ᠠ ᠶᠢᠨ 24 ᠤ ᠡᠳᠦᠷ ᠤᠨ ᠦᠳᠡ ᠶᠢᠨ ᠡᠮᠦᠨ᠎ᠡ᠂ ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠢᠶᠠᠷ᠂ ᠥᠪᠡᠷᠲᠡᠭᠡᠨ ᠵᠠᠰᠠᠬᠤ ᠣᠷᠣᠨ ᠤ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠢᠩᠬᠢᠮ ᠤᠨ | ᠳᠡᠳ᠋ ᠳᠠᠷᠤᠭ᠎ᠠ ᠨᠢᠶᠧ ᠬᠠᠢ ᠵᠢᠶᠦ᠋ᠨ ᠣᠷᠳᠣ ᠬᠤᠭᠤᠴᠠᠭ᠎ᠠ ᠪᠠᠷ ᠨᠢᠭᠡᠳᠦᠭᠡᠷ ᠹᠷᠣᠨᠲ ᠲᠤ ᠠᠵᠢᠯᠯᠠᠵᠤ ᠪᠠᠶᠢᠭ᠎ᠠ ᠠᠳᠠᠯ ᠠᠬᠤᠢ ᠶᠢᠨ ᠦᠢᠯᠡᠴᠢᠯᠡᠭᠡᠨ ᠤ ᠺᠣᠮᠫᠠᠨᠢ ᠪᠠ | ᠠᠵᠢᠯᠲᠠᠨ ᠠᠵᠢᠯᠴᠢᠨ ᠤ ᠬᠤᠭᠤᠯᠠᠨ ᠭᠡᠷ ᠤᠨ ᠠᠵᠢᠯᠲᠠᠳ ᠢ ᠪᠣᠯᠭᠤᠭᠠᠨ ᠲᠣᠬᠤᠨᠢᠭᠤᠯᠵᠤ᠂ ᠣᠯᠠᠨ ᠤ ᠰᠢᠷᠭᠠᠭᠤ ᠬᠥᠳᠡᠯᠮᠦᠷᠢ ᠳᠤ ᠲᠠᠯᠠᠷᠬᠠᠵᠤ ᠪᠠᠶᠢᠬᠤ ᠪᠠᠨ | ᠢᠯᠡᠳᠬᠡᠬᠦ ᠶᠢᠨ ᠬᠠᠮᠲᠤ ᠲᠡᠳᠡᠨ ᠳᠤ ᠴᠢᠩ ᠰᠡᠳᠬᠢᠯ ᠤᠨ ᠮᠡᠨᠳᠦᠴᠢᠯᠡᠯ ᠪᠠ ᠴᠠᠭᠠᠨ ᠰᠠᠷ᠎ᠠ ᠶᠢᠨ ᠵᠦᠩᠨᠡᠯ ᠳᠡᠪᠰᠢᠭᠦᠯᠪᠡ᠃ | | | | | | ᠨᠢᠶ᠋ᠧ ᠬᠠᠢ ᠵᠢᠶᠦ᠋ᠨ᠂ ᠪᠦᠲᠦᠭᠡᠨ ᠪᠠᠶᠢᠭᠤᠯᠤᠯᠲᠠ ᠶᠢᠨ ᠲᠣᠮᠣ ᠠᠰᠠᠷ ᠤᠨ ᠠᠳᠠᠯ ᠠᠬᠤᠢ ᠶᠢᠨ ᠦᠢᠯᠡᠴᠢᠯᠡᠭᠡᠨ ᠤ ᠺᠣᠮᠫᠠᠨᠢ ᠪᠠ ᠠᠵᠢᠯᠲᠠᠨ ᠠᠵᠢᠯᠴᠢᠨ ᠤ | ᠬᠤᠭᠤᠯᠠᠨ ᠲᠢᠩᠬᠢᠮ ᠤᠨ ᠠᠵᠢᠯᠲᠠᠳ ᠢᠮᠠᠭᠲᠠ ᠠᠵᠢᠯ ᠤᠨ ᠪᠠᠶᠢᠷᠢ ᠪᠠᠨ ᠪᠠᠲᠤ ᠰᠠᠬᠢᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ᠂ ᠣᠷᠭᠢᠯᠤᠮ᠎ᠠ ᠬᠠᠯᠠᠭᠤᠨ | ᠠᠵᠢᠯ ᠤᠨ ᠰᠡᠳᠬᠢᠯᠭᠡ᠂ ᠲᠤᠰᠬᠠᠢ ᠮᠡᠷᠭᠡᠵᠢᠯ ᠤᠨ ᠦᠢᠯᠡᠴᠢᠯᠡᠭᠡᠨ ᠤ ᠴᠢᠳᠠᠪᠤᠷᠢ ᠪᠠᠷ ᠢᠶᠠᠨ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠬᠢᠨᠠᠮᠠᠭᠠᠢ ᠰᠠᠶᠢᠲᠤᠷ ᠬᠢᠵᠦ᠂ | ᠠᠯᠪᠠᠯᠠᠬᠤ ᠲᠤᠭᠤᠷᠢᠭ ᠤᠨ ᠬᠠᠮᠢᠶᠠᠷᠤᠯᠲᠠ ᠡᠮᠬᠢ ᠳᠢᠭᠯᠢᠮ ᠲᠠᠢ᠂ ᠠᠵᠢᠯᠲᠠᠨ ᠠᠵᠢᠯᠴᠢᠨ ᠤ ᠬᠤᠭᠤᠯᠠᠨ ᠲᠢᠩᠬᠢᠮ ᠤᠨ ᠡᠵᠡᠩᠨᠡᠯᠲᠡ ᠠᠮᠤᠷ ᠲᠦᠪᠰᠢᠨ ᠪᠥᠭᠡᠳ | ᠥᠨᠳᠥᠷ ᠪᠦᠲᠦᠮᠵᠢᠲᠡᠶ ᠪᠤᠯᠵᠦ᠂ ᠺᠠᠳ᠋ᠷ ᠠᠵᠢᠯᠲᠠᠳ ᠲᠤ ᠰᠠᠶᠢᠨ ᠰᠠᠶᠢᠬᠠᠨ ᠠᠵᠢᠯ ᠤᠨ ᠣᠷᠴᠢᠨ ᠨᠥᠬᠦᠴᠡᠯ ᠪᠠ ᠢᠳᠡᠭᠡᠨ ᠤᠮᠳᠠᠭᠠᠨ ᠤ ᠪᠠᠲᠤᠯᠠᠭ᠎ᠠ ᠬᠠᠩᠭᠠᠭᠰᠠᠨ | ᠪᠠᠶᠢᠨ᠎ᠠ᠃ ᠰᠢᠨ᠎ᠡ ᠨᠢᠭᠡ ᠵᠢᠯ ᠳᠤ᠂ ᠦᠷᠭᠦᠯᠵᠢᠯᠡᠨ ᠡᠭᠦᠷᠭᠡ ᠬᠠᠷᠢᠭᠤᠴᠠᠯᠭ᠎ᠠ ᠪᠠᠨ ᠰᠠᠶᠢᠳᠦᠷ ᠭᠦᠢᠴᠡᠳᠬᠡᠵᠦ᠂ ᠦᠢᠯᠡᠴᠢᠯᠡᠭᠡᠨ ᠤ ᠪᠠᠳᠤᠯᠠᠭ᠎ᠠ ᠶᠢᠨ ᠴᠢᠳᠠᠪᠤᠷᠢ ᠪᠠᠨ | ᠲᠠᠰᠤᠷᠠᠯᠳᠡ ᠦᠭᠡᠢ ᠴᠢᠩᠭᠠᠳᠬᠠᠵᠤ᠂ ᠲᠢᠩᠬᠢᠮ ᠤᠨ ᠰᠢᠰᠲ᠋ᠧᠮ ᠤᠨ ᠺᠠᠳ᠋ᠷ ᠠᠵᠢᠯᠲᠠᠨ ᠳᠤ ᠨᠡᠩ ᠰᠢᠯᠢᠳᠡᠭ ᠦᠢᠯᠡᠴᠢᠯᠡᠭᠡ ᠬᠠᠩᠭᠠᠬᠤ ᠬᠡᠷᠡᠭᠲᠡᠢ ᠭᠡᠵᠦ | ᠴᠢᠬᠤᠯᠠᠴᠢᠯᠠᠪᠠ᠃ | | | | | | |