ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠭᠠᠷᠭᠠᠨ ᠠᠪᠬᠤ ᠮᠠᠲ᠋ᠧᠷᠢᠶᠠᠯ ᠢ ᠴᠣᠮᠬᠠᠳᠬᠠᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2025/2/13
    ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠤᠬᠠᠶᠢᠯᠠᠭᠰᠠᠨ ᠠᠵᠢᠯ ᠢ ᠭᠦᠢᠴᠡᠳᠬᠡᠬᠦ ᠦᠷ᠎ᠡ ᠠᠰᠢᠭ ᠢ ᠲᠡᠭᠡᠭᠰᠢᠯᠡᠭᠦᠯᠵᠦ᠂ ᠲᠤᠬᠠᠶᠢᠯᠠᠭᠰᠠᠨ ᠠᠵᠢᠯ ᠤᠨ ᠭᠦᠢᠴᠡᠳᠬᠡᠬᠦ ᠶᠠᠪᠤᠴᠠ ᠶᠢ ᠰᠢᠯᠢᠳᠡᠭᠵᠢᠭᠦᠯᠬᠦ ᠶᠢᠨ ᠲᠦᠯᠦᠭᠡ᠂ ᠡᠯ᠎ᠡ ᠰᠠᠯᠠᠭ᠎ᠠ ᠮᠥᠴᠢᠷ ᠤᠨ ᠲᠤᠭ᠎ᠠ ᠪᠠᠷᠢᠮᠲᠠ ᠶᠢ ᠬᠠᠮᠲᠤᠪᠠᠷ ᠡᠳ᠋ᠯᠡᠬᠦ ᠪᠠᠷ ᠲᠦᠰᠢᠭ ᠪᠣᠯᠭᠠᠵᠤ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠪ ᠨᠢ 2025 ᠣᠨ ᠤ 2 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠭᠠᠷᠭᠠᠨ ᠠᠪᠬᠤ ᠮᠠᠲ᠋ᠧᠷᠢᠶᠠᠯ ᠢ ᠳᠣᠣᠷᠠᠬᠢ ᠮᠡᠲᠦ ᠴᠤᠮᠬᠠᠳᠬᠠᠪᠠ᠄ ᠲᠤᠰᠢᠶᠠᠨ ᠬᠠᠳᠠᠭᠠᠯᠠᠭᠤᠯᠤᠭᠴᠢ ᠬᠥᠬᠡᠬᠤᠲᠠ ᠶᠢᠨ ᠳᠥᠷᠪᠡᠨ ᠲᠣᠭᠤᠷᠢᠭ ᠤᠨ ᠥᠪᠡᠰᠦᠪᠡᠨ ᠰᠠᠭᠤᠬᠤ ᠣᠷᠣᠨ ᠰᠠᠭᠤᠴᠠ ᠶᠢ ᠬᠤᠳᠠᠯᠳᠤᠨ ᠠᠪᠬᠤ ᠳᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠭᠠᠷᠭᠠᠨ ᠠᠪᠬᠤ ᠪᠠᠷ ᠭᠤᠶᠤᠴᠢᠯᠠᠬᠤ ᠳᠠᠭᠠᠨ᠂ ︽ᠲᠠᠸᠠᠷ ᠤᠨ ᠭᠡᠷ ᠪᠠᠶᠢᠰᠢᠩ ᠢ ᠬᠤᠳᠠᠯᠳᠤᠭᠠᠯᠠᠬᠤ ᠭᠡᠷ᠎ᠡ︾ ᠪᠤᠶᠤ ︽ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ︾ ᠤᠨ ᠤᠭ ᠮᠠᠲ᠋ᠧᠷᠢᠶᠠᠯ ᠢ ᠲᠤᠰᠢᠶᠠᠵᠤ ᠬᠢᠨᠠᠨ ᠬᠠᠷᠭᠤᠭᠤᠯᠬᠤ ᠴᠢᠬᠤᠯᠠ ᠦᠭᠡᠢ᠂ ᠭᠡᠷ ᠪᠠᠶᠢᠰᠢᠩ ᠬᠤᠳᠠᠯᠳᠤᠨ ᠠᠪᠤᠭᠰᠠᠨ ᠮᠡᠳᠡᠭᠡ ᠵᠠᠩᠭᠢ ᠶᠢ ᠭᠡᠷ ᠪᠠᠶᠢᠰᠢᠩ ᠭᠠᠵᠠᠷ ᠬᠥᠷᠥᠩᠭᠡ ᠶᠢᠨ ᠠᠷᠠᠯᠵᠢᠶᠠᠨ ᠤ ᠲᠥᠪ ᠪᠠ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠲᠥᠪ ᠤᠨ ᠬᠠᠮᠲᠤ ᠪᠠᠷ ᠡᠳ᠋ᠯᠡᠬᠦ ᠲᠤᠭ᠎ᠠ ᠪᠠᠷᠢᠮᠲᠠ ᠪᠠᠷ ᠪᠠᠷᠢᠮᠵᠢᠶ᠎ᠠ ᠪᠣᠯᠭᠠᠨ᠎ᠠ᠃     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠶᠢᠨ ᠪᠡᠯᠡ ᠮᠥᠩᠭᠦ ᠶᠢᠨ ᠲᠦᠪ                2025 ᠣᠨ ᠤ 2 ᠳ᠋ᠤᠭᠠᠷ ᠰᠠᠷ᠎ᠠ ᠶᠢᠨ 10 ᠤ ᠡᠳᠦᠷ 
ᠢᠷᠡᠯᠲᠡ᠄ ᠣᠷᠣᠨ ᠰᠠᠭᠤᠴᠠ ᠶᠢᠨ ᠪᠡᠯᠡ ᠮᠥᠩᠭᠦ ᠶᠢᠨ ᠲᠦᠪ