ᠪᠥᠬᠦ ᠣᠷᠣᠨ ᠤ ᠲᠦᠭᠡᠭᠡᠨ ᠬᠤᠳᠠᠯᠳᠤᠬᠤ ᠬᠡᠯᠪᠡᠷᠢ ᠶᠢᠨ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠬᠠᠮᠢᠶᠠᠷᠤᠯᠳᠠ ᠶᠢᠨ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠠᠵᠢᠯ ᠤᠨ ᠸᠢᠳᠢᠤ᠋ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/2/26
    2 ᠳ᠋ᠤᠭᠠᠷ ᠰᠠᠷ᠎ᠠ ᠶᠢᠨ 21 ᠤ ᠡᠳᠦᠷ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠠᠴᠠ ᠪᠥᠬᠦ ᠣᠷᠣᠨ ᠤ ᠲᠦᠭᠡᠭᠡᠨ ᠬᠤᠳᠠᠯᠳᠤᠬᠤ ᠬᠡᠯᠪᠡᠷᠢ ᠶᠢᠨ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠬᠠᠮᠢᠶᠠᠷᠤᠯᠳᠠ ᠶᠢᠨ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠠᠵᠢᠯ ᠤᠨ ᠸᠢᠳᠢᠤ᠋ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠪᠥᠬᠦ ᠤᠯᠤᠰ ᠤᠨ ᠲᠦᠭᠡᠭᠡᠨ ᠬᠤᠳᠠᠯᠳᠤᠬᠤ ᠬᠡᠯᠪᠡᠷᠢ ᠶᠢᠨ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠬᠠᠮᠢᠶᠠᠷᠤᠯᠳᠠ ᠶᠢᠨ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠠᠵᠢᠯ ᠤᠨ ᠲᠤᠬᠠᠢ ᠶᠢᠨ ᠲᠠᠯᠠᠪᠤᠷ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠡᠯ᠎ᠡ ᠠᠶᠢᠮᠠᠭ ᠬᠤᠲᠠ ᠶᠢᠨ ᠠᠬᠢᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠣᠬᠢᠷᠠᠭᠤᠯᠤᠨ᠂ ᠲᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠪᠠ᠃ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠢᠩᠬᠢᠮ ᠤᠨ ᠳᠡᠳ᠋ ᠳᠠᠷᠤᠭ᠎ᠠ ᠵᠠᠩ ᠾᠧ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃    ᠬᠤᠷᠠᠯ ᠠᠴᠠ᠂ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢ ᠲᠥᠯᠥᠪᠵᠢᠭᠦᠯᠦᠨ ᠪᠦᠲᠦᠭᠡᠨ ᠪᠠᠶᠢᠭᠤᠯᠬᠤ ᠪᠣᠯ ᠭᠡᠷ ᠪᠠᠶᠢᠰᠢᠩ ᠭᠠᠵᠠᠷ ᠬᠥᠷᠥᠩᠭᠡ ᠶᠢᠨ ᠬᠥᠭᠵᠢᠯᠲᠡ ᠶᠢᠨ ᠰᠢᠨ᠎ᠡ ᠵᠠᠭᠪᠤᠷ ᠢ ᠲᠦᠷᠭᠡᠳᠬᠡᠨ ᠪᠠᠶᠢᠭᠤᠯᠬᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠡᠯ᠎ᠡ ᠠᠶᠢᠮᠠᠭ ᠬᠤᠲᠠ ᠨᠤᠭᠤᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠂ ᠭᠤᠣᠯᠳᠠᠯᠭ᠎ᠠ ᠶᠢ ᠲᠣᠪᠤᠶᠢᠯᠭᠠᠨ᠂ ᠪᠣᠳᠠᠲᠠᠢ ᠲᠠᠢ ᠪᠠᠨ ᠤᠶᠠᠯᠳᠤᠭᠤᠯᠵᠤ᠂ ᠴᠠᠭ ᠤᠨ ᠬᠢᠵᠠᠭᠠᠷ ᠤᠨ ᠱᠠᠭᠠᠷᠳᠠᠯᠭ᠎ᠠ ᠶᠣᠰᠣᠭᠠᠷ ᠬᠠᠮᠢᠶᠠᠷᠤᠯᠳᠠ ᠶᠢᠨ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠲᠦᠷᠭᠡᠳᠬᠡᠨ ᠠᠬᠢᠭᠤᠯᠬᠤ ᠬᠡᠷᠡᠭᠲᠡᠢ ᠭᠡᠵᠦ ᠵᠢᠭᠠᠨ ᠭᠠᠷᠭᠠᠪᠠ᠃    ᠬᠤᠷᠠᠯ ᠠᠴᠠ᠂ ᠡᠯ᠎ᠡ ᠠᠶᠢᠮᠠᠭ ᠬᠤᠲᠠ ᠨᠤᠭᠤᠳ ᠠᠵᠢᠯ ᠤᠨ ᠱᠠᠭᠠᠷᠳᠠᠯᠭ᠎ᠠ ᠶᠢ ᠦᠨᠳᠦᠰᠦᠯᠡᠨ᠂ ᠲᠣᠰ ᠬᠤᠲᠠ ᠰᠢᠶᠠᠨ ᠤ ᠪᠠᠨ ᠨᠢᠭᠡᠳᠦᠯᠲᠡᠢ ᠬᠡᠷᠡᠭᠯᠡᠬᠦ ᠲᠦᠭᠡᠭᠡᠨ ᠬᠤᠳᠠᠯᠳᠤᠬᠤ ᠨᠥᠬᠦᠴᠡᠯ ᠪᠠ ᠪᠠᠷᠢᠮᠵᠢᠶ᠎ᠠ ᠶᠢ ᠲᠦᠷᠭᠡᠬᠡᠨ ᠵᠣᠬᠢᠶᠠᠨ ᠪᠠᠶᠢᠭᠤᠯᠤᠨ ᠲᠣᠭᠲᠠᠭᠠᠵᠤ᠂ ᠪᠠᠲᠤᠯᠠᠭ᠎ᠠ ᠶᠢᠨ ᠡᠲᠡᠭᠡᠳ᠂ ᠵᠥᠪᠰᠢᠶᠡᠷᠡᠨ ᠣᠷᠣᠭᠤᠯᠬᠤ ᠨᠥᠬᠦᠴᠡᠯ᠂ ᠬᠠᠮᠢᠶᠠᠷᠤᠯᠳᠠ ᠶᠢᠨ ᠳᠠᠷᠠᠭᠠᠯᠠᠯ᠂ ᠲᠣᠭᠲᠠᠴᠠ ᠠᠴᠠ ᠭᠠᠷᠭᠠᠬᠤ ᠵᠡᠷᠭᠡ ᠬᠠᠮᠢᠶᠠᠷᠤᠯᠲᠠ ᠶᠢᠨ ᠶᠠᠪᠤᠴᠠ ᠪᠠ ᠲᠥᠷᠥ ᠶᠢᠨ ᠪᠣᠳᠣᠯᠭ᠎ᠠ ᠶᠢᠨ ᠵᠢᠯᠣᠭᠤᠳᠤᠯᠭ᠎ᠠ ᠶᠢ ᠲᠣᠳᠣᠷᠬᠠᠢ ᠲᠣᠭᠲᠠᠭᠠᠵᠤ᠂ ᠭᠤᠶᠤᠴᠢᠯᠠᠯ ᠢ ᠭᠥᠯᠢᠶᠡᠨ ᠠᠪᠴᠤ ᠰᠢᠢᠳᠪᠦᠷᠢᠯᠡᠬᠦ ᠬᠡᠪᠰᠢᠭᠰᠡᠨ ᠲᠣᠭᠲᠠᠴᠠ ᠪᠠ ᠰᠠᠯᠠᠭ᠎ᠠ ᠮᠥᠴᠢᠷ ᠤᠨ ᠬᠠᠮᠲᠤᠷᠠᠨ ᠬᠢᠨᠠᠨ ᠬᠠᠷᠭᠤᠭᠤᠯᠬᠤ ᠲᠣᠭᠲᠠᠴᠠ ᠶᠢ ᠪᠠᠶᠢᠭᠤᠯᠬᠤ ᠬᠡᠷᠡᠭᠲᠡᠢ᠃ ᠬᠠᠮᠢᠶᠠᠷᠤᠯᠳᠠ ᠶᠢᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ ᠲᠦᠭᠡᠭᠡᠨ ᠬᠤᠳᠠᠯᠳᠤᠬᠤ ᠬᠡᠯᠪᠡᠷᠢ ᠶᠢᠨ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢᠨ ᠲᠥᠰᠥᠯ ᠢ ᠲᠣᠭᠲᠠᠭᠠᠵᠤ᠂ ᠣᠨ ᠤ ᠪᠦᠲᠦᠭᠡᠨ ᠪᠠᠶᠢᠭᠤᠯᠤᠯᠲᠠ ᠶᠢᠨ ᠲᠥᠯᠥᠪᠯᠡᠭᠡ ᠳᠤ ᠣᠷᠣᠭᠤᠯᠤᠨ᠎ᠠ᠃ ᠲᠥᠷᠥ ᠶᠢᠨ ᠪᠣᠳᠣᠯᠭ᠎ᠠ ᠶᠢ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠣᠯᠠᠨ ᠵᠦᠢᠯ ᠤᠨ ᠠᠷᠭ᠎ᠠ ᠵᠠᠮ ᠢᠶᠠᠷ ᠳᠠᠮᠵᠢᠭᠤᠯᠤᠨ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠮᠡᠳᠡᠭᠡ ᠵᠠᠩᠭᠢ ᠶᠢ ᠢᠳᠡᠪᠬᠢᠲᠡᠢ ᠪᠠᠷ ᠢᠯᠡ ᠪᠣᠯᠭᠠᠬᠤ ᠬᠡᠷᠡᠭᠲᠡᠢ᠃ ᠰᠢᠰᠲ᠋ᠧᠮ ᠲᠠᠢ ᠵᠣᠯᠭᠠᠭᠤᠯᠬᠤ ᠶᠢ ᠰᠠᠶᠢᠲᠤᠷ ᠬᠢᠵᠦ᠂ ᠲᠥᠷᠥᠯ ᠵᠦᠢᠯ ᠤᠨ ᠠᠵᠢᠯ ᠡᠬᠢᠯᠡᠭᠦᠯᠬᠦ᠂ ᠪᠦᠲᠦᠭᠡᠨ ᠪᠠᠶᠢᠭᠤᠯᠬᠤ᠂ ᠬᠤᠳᠠᠯᠳᠤᠨ ᠠᠪᠬᠤ᠂ ᠲᠦᠭᠡᠭᠡᠨ ᠬᠤᠳᠠᠯᠳᠤᠬᠤ ᠪᠠ ᠬᠠᠮᠢᠶᠠᠷᠤᠯᠳᠠ ᠵᠡᠷᠭᠡ ᠪᠠᠶᠢᠳᠠᠯ ᠢ ᠴᠠᠭ ᠲᠤᠬᠠᠢ ᠳᠤᠨᠢ ᠲᠠᠭᠯᠠᠨ ᠮᠡᠳᠡᠭᠦᠯᠬᠦ ᠬᠡᠷᠡᠭᠲᠡᠢ ᠭᠡᠵᠦ ᠱᠠᠭᠠᠷᠳᠠᠪᠠ᠃    ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠬᠠᠮᠢᠶ᠎ᠠ ᠪᠦᠬᠦᠢ ᠭᠠᠵᠠᠷ ᠭᠡᠷ ᠤᠨ ᠬᠠᠷᠢᠭᠤᠴᠠᠯᠭᠠᠲᠠᠨ ᠨᠥᠬᠦᠳ ᠭᠤᠣᠯ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠵᠤ᠂ ᠡᠯ᠎ᠡ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠨᠥᠬᠦᠳ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠪᠠ᠃ 
ᠢᠷᠡᠯᠲᠡ᠄ ᠲᠢᠩᠬᠢᠮ ᠤᠨ ᠣᠷᠣᠨ ᠰᠠᠭᠤᠴᠠ ᠶᠢᠨ ᠪᠠᠲᠤᠯᠠᠭ᠎ᠠ ᠬᠢᠭᠡᠳ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠭᠦ ᠶᠢᠨ ᠬᠢᠨᠠᠨ ᠬᠠᠮᠢᠶᠠᠷᠤᠯᠳᠠ ᠶᠢᠨ