ᠵᠠᠬᠢᠳᠠᠯ ᠰᠤᠷᠪᠤᠯᠵᠢᠯᠠᠭᠴᠢ ᠶᠢᠨ ᠨᠡᠷ᠎ᠡ ᠄ ᠵᠠᠩ ᠣᠪᠣᠭᠲᠤ | ᠵᠠᠬᠢᠳᠠᠯ ᠢᠷᠡᠭᠦᠯᠦᠭᠰᠡᠨ ᠴᠠᠭ᠄ 2025 — 02 —11 | ᠵᠠᠬᠢᠳᠠᠯ ᠤᠨ ᠭᠤᠣᠯ ᠰᠡᠳᠦᠪ᠄ ᠬᠤᠶᠠᠳᠤᠭᠠᠷ ᠳᠡᠰ ᠤᠨ ᠪᠦᠲᠦᠭᠡᠨ ᠪᠠᠶᠢᠭᠤᠯᠤᠭᠴᠢ ᠶᠢᠨ ᠨᠡᠮᠡᠯᠲᠡ ᠵᠦᠢᠯ ᠤᠨ | ᠳᠠᠩᠰᠠᠯᠠᠭᠤᠯᠤᠯ | ᠵᠠᠬᠢᠳᠠᠯ ᠤᠨ ᠠᠭᠤᠯᠭ᠎ᠠ᠄ ᠰᠠᠶᠢᠨ ᠤᠤ᠂ ᠤᠳᠤᠷᠢᠳᠤᠯᠭ᠎ᠠ ᠡ ᠂ ᠮᠠᠨ ᠤ ᠪᠠᠶᠢᠭᠤᠯᠭ᠎ᠠ ᠶᠢᠨ ᠠᠵᠢᠯᠲᠠᠨ ᠨᠢᠭᠡᠨᠲᠡ ᠤᠰᠤᠨ | ᠠᠰᠢᠭᠯᠠᠯᠲᠠ ᠤᠰᠤᠨ ᠴᠠᠬᠢᠯᠭᠠᠨ ᠤ ᠢᠨᠵᠧᠨᠧᠷᠢᠩ ᠤᠨ ᠬᠤᠶᠠᠳᠤᠭᠠᠷ ᠳᠡᠰ ᠤᠨ ᠪᠦᠲᠦᠭᠡᠨ ᠪᠠᠶᠢᠭᠤᠯᠤᠭᠴᠢ ᠶᠢᠨ | ᠳᠠᠩᠰᠠᠯᠠᠭᠤᠯᠤᠭᠰᠠᠨ ᠦᠨᠡᠮᠯᠡᠯ ᠲᠠᠢ ᠪᠣᠯᠪᠠ᠂ ᠣᠲᠣ ᠬᠤᠲᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ | ᠢᠨᠵᠧᠨᠧᠷᠢᠩ ᠤᠨ ᠵᠦᠢᠯ ᠨᠡᠮᠡᠭᠳᠡᠭᠦᠯᠬᠦ ᠪᠠᠷ ᠭᠤᠶᠤᠴᠢᠯᠠᠵᠤ ᠪᠣᠢ᠂ ᠵᠦᠢᠯ ᠨᠡᠮᠡᠭᠳᠡᠭᠦᠯᠬᠦ ᠶᠠᠪᠤᠴᠠ ᠳᠤ᠂ ᠠᠵᠢᠯᠲᠠᠨ ᠨᠢᠭᠡᠨᠲᠡ | ᠮᠧᠩ ᠰᠦ᠋ ᠪᠠᠨ ᠢᠶᠠᠷ ᠳᠠᠮᠵᠢᠭᠤᠯᠤᠨ ᠮᠠᠨ ᠤ ᠺᠣᠮᠫᠠᠨᠢ ᠳᠤ ᠡᠷᠬᠡ ᠣᠯᠭᠤᠭᠰᠠᠨ ᠪᠣᠯᠪᠠᠴᠤ ᠂ ᠪᠣᠳᠠᠲᠠᠶ ᠠᠵᠢᠯᠯᠠᠬᠤ ᠦᠶ᠎ᠡ ᠳᠤ | ᠂ ᠰᠢᠰᠲ᠋ᠧᠮ ᠠᠴᠠ ᠲᠤᠬᠠᠢ ᠶᠢᠨ ᠠᠵᠢᠯᠲᠠᠨ ᠠᠵᠤ ᠠᠬᠤᠶᠢᠯᠠᠯ ᠳᠤ ᠡᠷᠬᠡ ᠣᠯᠭᠤᠭᠰᠠᠨ ᠥᠬᠡᠶ ᠭᠡᠵᠦ ᠰᠠᠨᠠᠭᠤᠯᠤᠭᠰᠠᠭᠠᠷ | ᠪᠠᠶᠢᠵᠤ᠂ ᠡᠨᠡ ᠬᠦ ᠪᠠᠶᠢᠳᠠᠯ ᠨᠢᠭᠡᠨᠲᠡ ᠬᠠᠭᠠᠰ ᠵᠢᠯ ᠰᠢᠬᠠᠮ ᠦᠷᠭᠦᠯᠵᠢᠯᠡᠪᠡ᠃ ᠡᠶᠢᠮᠦ ᠠᠴᠠ ᠤᠳᠤᠷᠢᠳᠤᠯᠭ᠎ᠠ ᠠᠴᠠ | ᠠᠰᠠᠭᠤᠨ ᠯᠠᠪᠠᠯᠵᠤ ᠪᠠᠶᠢᠨ᠎ᠠ᠂ ᠲᠠᠨ ᠤ ᠬᠠᠷᠢᠭᠤ ᠥᠭᠬᠦ ᠶᠢ ᠬᠦᠰᠡᠵᠦ ᠪᠠᠶᠢᠨ᠎ᠠ᠂ ᠲᠠᠯᠠᠷᠬᠠᠯ᠎ᠠ᠃ | ᠬᠠᠷᠢᠭᠤᠯᠤᠭᠰᠠᠨ ᠴᠠᠭ᠄ 2025 — 02 — 19 | ᠬᠠᠷᠢᠭᠤ ᠶᠢᠨ ᠠᠭᠤᠯᠭ᠎ᠠ᠄ ᠰᠠᠶᠢᠨ ᠤᠤ᠂ ᠲᠠᠨ ᠤ ᠲᠤᠰᠬᠠᠭᠰᠠᠨ ᠠᠮᠤᠷ ᠲᠦᠪᠰᠢᠨ ᠤ ᠬᠠᠮᠢᠶᠠᠷᠤᠯᠲᠠ ᠶᠢᠨ | ᠠᠵᠢᠯᠲᠠᠨ ᠤ ᠠᠰᠠᠭᠤᠳᠠᠯ ᠢ ᠨᠢᠭᠡᠨᠲᠡ ᠣᠯᠵᠤ ᠠᠪᠤᠭᠠᠳ ᠣᠶᠢᠯᠭᠠᠭᠰᠠᠨ᠂ ᠣᠳᠣ ᠳᠣᠣᠷᠠᠬᠢ ᠮᠡᠲᠦ ᠬᠠᠷᠢᠭᠤᠯᠲᠠ ᠥᠭᠭᠦᠶ᠎ᠡ | ᠄ ᠬᠤᠪᠢ ᠬᠥᠮᠦᠨ ᠤ ᠡᠷᠬᠡ ᠣᠯᠭᠤᠬᠤ ᠬᠠᠮᠢᠶ᠎ᠠ ᠪᠥᠬᠦᠶ ᠠᠵᠢᠯᠯᠠᠭᠠᠨ ᠤ ᠴᠤᠪᠤᠷᠠᠯ ᠢ ᠲᠠ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠲᠢᠩᠬᠢᠮ ᠤᠨ ᠣᠯᠠᠨ ᠨᠡᠶᠢᠲᠡ ᠶᠢᠨ ᠸᠢᠴᠠᠲ ᠲᠠᠪᠴᠠᠩ ᠤᠨ 2021 ᠣᠨ ᠤ 10 ᠳ᠋ᠤᠭᠠᠷ ᠰᠠᠷ᠎ᠠ ᠶᠢᠨ 29 ᠤ ᠡᠳᠦᠷ | ᠨᠡᠶᠢᠲᠡᠯᠡᠭᠰᠡᠨ ︽ᠲᠠ ᠡᠷᠬᠡ ᠣᠯᠭᠤᠭᠰᠠᠨ ᠤ ᠳᠠᠷᠠᠭ᠎ᠠ ᠪᠢ ᠬᠡᠷᠡᠭᠯᠡᠬᠦ︾ ᠡᠷᠬᠡ ᠣᠯᠭᠤᠬᠤ ᠵᠦᠭᠯᠡᠭᠦᠷ ᠤᠨ ᠬᠠᠮᠢᠶ᠎ᠠ ᠪᠦᠬᠦᠢ | ᠠᠭᠤᠯᠭ᠎ᠠ ᠠᠴᠠ ᠪᠠᠶᠢᠴᠠᠭᠠᠨ ᠦᠵᠡᠵᠦ ᠪᠣᠯᠤᠨ᠎ᠠ᠃ ᠡᠷᠬᠡ ᠣᠯᠭᠤᠬᠤ ᠴᠢᠳᠠᠮᠵᠢ ᠨᠢ ᠮᠥᠩᠬᠡ ᠰᠤᠪᠠᠭ ᠤᠨ ᠡᠯᠧᠺᠲᠷᠣᠨ | ᠦᠨᠡᠮᠯᠡᠯ ᠤᠨ ᠬᠠᠮᠢᠶ᠎ᠠ ᠪᠥᠬᠦᠶ ᠲᠤᠬᠠᠶᠢᠯᠠᠭᠰᠠᠨ ᠠᠵᠢᠯ ᠯᠤᠭ᠎ᠠ ᠬᠤᠯᠪᠣᠭᠳᠠᠵᠤ᠂ ᠬᠡᠷᠪᠡ ᠡᠷᠬᠡ ᠣᠯᠭᠤᠭᠠᠳ ᠪᠤᠷᠤᠭᠤ | ᠮᠡᠳᠡᠭᠦᠯᠬᠦ ᠪᠤᠶᠤ ᠡᠷᠬᠡ ᠣᠯᠭᠤᠬᠤ ᠶᠢᠨ ᠠᠷᠭ᠎ᠠ ᠥᠬᠡᠶ ᠪᠣᠯ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠣᠪᠴᠢᠶ᠎ᠠ ᠶᠢᠨ 0471 — 12345 ᠪᠠᠷ ᠠᠰᠠᠭᠤᠨ ᠯᠠᠪᠯᠠᠵᠤ ᠰᠢᠢᠳᠪᠦᠷᠢᠯᠡᠭᠦᠯᠦᠭᠡᠷᠡᠢ᠃ ᠮᠠᠨ ᠤ | ᠲᠢᠩᠬᠢᠮ ᠦᠢᠯᠡᠴᠢᠯᠡᠭᠡᠨ ᠤ ᠶᠠᠰᠤ ᠴᠢᠨᠠᠷ ᠢᠶᠠᠨ ᠦᠷᠭᠦᠯᠵᠢᠯᠡᠨ ᠰᠠᠶᠢᠵᠢᠷᠠᠭᠤᠯᠬᠤ ᠪᠣᠯᠣᠨ᠎ᠠ ᠂ ᠲᠠᠨ ᠤ ᠬᠠᠷᠢᠯᠴᠠᠨ | ᠰᠣᠯᠢᠯᠴᠠᠬᠤ ᠪᠤᠯᠤᠩ ᠢ ᠠᠩᠬᠠᠷᠴᠤ ᠳᠡᠮᠵᠢᠭᠰᠡᠨ ᠳᠤ ᠲᠠᠯᠠᠷᠬᠠᠯ᠎ᠠ ᠃ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠢᠩᠬᠢᠮ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ᠭᠠᠵᠠᠷ | 2025 ᠣᠨ ᠤ 2 ᠳ᠋ᠤᠭᠠᠷ ᠰᠠᠷ᠎ᠠ ᠶᠢᠨ 19 ᠤ ᠡᠳᠦᠷ | |