ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ | ᠵᠠᠰᠠᠭ ᠵᠠᠬᠢᠷᠭᠠᠨ ᠤ ᠮᠡᠳᠡᠭᠳᠡᠯ | ﹇2025 ﹈ 16 ᠳ᠋ᠤᠭᠠᠷ ᠲᠣᠭᠠᠲᠤ | | ᠡᠯ᠎ᠡ ᠠᠶᠢᠮᠠᠭ ᠬᠤᠲᠠ ︵ᠮᠠᠨᠵᠤᠤᠷ ᠬᠤᠲᠠ᠂ ᠡᠷᠢᠶᠡᠨ ᠬᠤᠲᠠ︶ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠣᠪᠴᠢᠶ᠎ᠠ ᠶᠢᠨ ᠬᠤᠯᠪᠣᠭᠳᠠᠯ ᠪᠦᠬᠦᠢ ᠪᠠᠶᠢᠭᠤᠯᠭ᠎ᠠ ᠨᠢᠭᠡᠴᠢ ᠳᠤ ᠄ | ᠮᠠᠨ ᠤ ᠣᠷᠣᠨ ᠤ ᠬᠤᠶᠠᠳᠤᠭᠠᠷ ᠳᠡᠰ ᠤᠨ ᠦᠨ᠎ᠡ ᠥᠷᠲᠡᠭ ᠤᠨ ᠢᠨᠵᠧᠨᠧᠷ ︵ᠰᠢᠷᠣᠶ ᠮᠣᠳᠣᠨ ᠤ ᠪᠠᠷᠢᠯᠭ᠎ᠠ ᠶᠢᠨ ᠢᠨᠵᠧᠨᠧᠷᠢᠩ ᠤᠨ ᠲᠤᠰᠬᠠᠶ ᠮᠡᠷᠭᠡᠵᠢᠯ᠂ | ᠤᠭᠰᠠᠷᠠᠬᠤ ᠢᠨᠵᠧᠨᠧᠷᠢᠩ ᠤᠨ ᠲᠤᠰᠬᠠᠶ ᠮᠡᠷᠭᠡᠵᠢᠯ︶ ︵ᠳᠣᠷᠣᠭᠰᠢ ᠦᠨᠡᠮᠯᠡᠬᠦ ᠡᠵᠡᠮᠰᠢᠭᠴᠢ ᠭᠡᠵᠦ ᠲᠣᠪᠴᠢᠯᠠᠨ᠎ᠠ︶ ᠤᠨ ᠳᠠᠩᠰᠠᠯᠠᠭᠤᠯᠬᠤ ᠠᠵᠢᠯ ᠢ 2021 | ᠣᠨ ᠳᠤ ᠡᠬᠢᠯᠡᠭᠦᠯᠵᠦ᠂ ᠳᠠᠩᠰᠠᠯᠠᠭᠤᠯᠤᠭᠰᠠᠨ ᠦᠨᠡᠮᠯᠡᠯ ᠪᠠ ᠠᠵᠢᠯ ᠡᠷᠭᠢᠯᠡᠬᠦ ᠲᠠᠮᠠᠭ᠎ᠠ ᠶᠢᠨ ᠬᠦᠴᠦᠨ ᠪᠦᠬᠦᠢ ᠬᠤᠭᠤᠴᠠᠭ᠎ᠠ ᠨᠢ 4 ᠵᠢᠯ ᠪᠠᠶᠢᠵᠤ᠂ ᠠᠩᠬ᠎ᠠ | ᠳᠠᠩᠰᠠᠯᠠᠭᠤᠯᠤᠭᠰᠠᠨ ᠬᠥᠮᠦᠰ ᠤᠨ ᠳᠠᠩᠰᠠᠯᠠᠭᠤᠯᠤᠭᠰᠠᠨ ᠦᠨᠡᠮᠯᠡᠯ ᠪᠠ ᠠᠵᠢᠯ ᠡᠷᠭᠢᠯᠡᠬᠦ ᠲᠠᠮᠠᠭ᠎ᠠ ᠨᠢ ᠵᠠᠯᠭᠠᠭ᠎ᠠ ᠪᠠᠷ ᠬᠤᠭᠤᠴᠠᠭ᠎ᠠ ᠨᠢ ᠲᠤᠯᠵᠤ᠂ ᠰᠢᠯᠭᠠᠯᠲᠠ᠂ | ᠳᠠᠩᠰᠠᠯᠠᠭᠤᠯᠤᠯᠲᠠ ᠪᠠ ᠦᠷᠭᠦᠯᠵᠢᠯᠡᠭᠰᠡᠨ ᠰᠤᠷᠭᠠᠨ ᠬᠥᠮᠥᠵᠢᠯ ᠬᠦᠷᠲᠡᠭᠰᠡᠨ ᠪᠠᠶᠢᠳᠠᠯ ᠢ ᠶᠡᠷᠦᠩᠬᠡᠶᠢᠯᠡᠨ ᠪᠣᠳᠣᠯᠬᠢᠯᠠᠭᠠᠳ ᠂ ᠦᠨᠡᠮᠯᠡᠬᠦ ᠡᠵᠡᠮᠰᠢᠭᠴᠢ ᠶᠢᠨ ᠠᠵᠢᠯ | ᠡᠷᠭᠢᠯᠡᠬᠦ ᠠᠵᠢᠯᠯᠠᠭ᠎ᠠ ᠶᠢ ᠬᠡᠪ ᠢᠶᠠᠷ ᠥᠷᠨᠢᠭᠦᠯᠬᠦ ᠶᠢ ᠪᠠᠲᠤᠯᠠᠬᠤ ᠶᠢᠨ ᠲᠥᠯᠥᠭᠡ᠂ ᠮᠠᠨ ᠤ ᠲᠢᠩᠬᠢᠮ ᠨᠢ ᠦᠨᠡᠮᠯᠡᠬᠦ ᠡᠵᠡᠮᠰᠢᠭᠴᠢ ᠶᠢᠨ ᠳᠠᠩᠰᠠᠯᠠᠭᠤᠯᠤᠭᠰᠠᠨ ᠦᠨᠡᠮᠯᠡᠯ | ᠪᠠ ᠠᠵᠢᠯ ᠡᠷᠭᠢᠯᠡᠬᠦ ᠲᠠᠮᠠᠭ᠎ᠠ ᠶᠢᠨ ᠬᠦᠴᠦᠨ ᠪᠦᠬᠦᠢ ᠬᠤᠭᠤᠴᠠᠭ᠎ᠠ ᠶᠢ ᠤᠷᠲᠤᠳᠬᠠᠬᠤ ᠪᠠᠷ ᠲᠣᠭᠲᠠᠪᠠ᠂ ᠡᠳᠦᠭᠡ ᠬᠤᠯᠪᠣᠭᠳᠠᠯ ᠪᠥᠬᠦᠶ ᠵᠦᠢᠯᠡᠰ ᠢ ᠳᠣᠤᠷᠠᠬᠢ | ᠮᠡᠲᠦ ᠮᠡᠳᠡᠭᠳᠡᠶ᠎ᠡ᠄ | ᠨᠢᠭᠡ᠂ ᠦᠨᠡᠮᠯᠡᠬᠦ ᠡᠵᠡᠮᠰᠢᠭᠴᠢ ᠶᠢᠨ ᠳᠠᠩᠰᠠᠯᠠᠭᠤᠯᠤᠭᠰᠠᠨ ᠦᠨᠡᠮᠯᠡᠯ ᠪᠠ ᠠᠵᠢᠯ ᠡᠷᠬᠢᠯᠡᠬᠦ ᠲᠠᠮᠠᠭ᠎ᠠ ᠶᠢᠨ ᠬᠦᠴᠦᠨ ᠪᠦᠬᠦᠢ ᠬᠤᠭᠤᠴᠠᠭ᠎ᠠ ᠨᠢ 2025 ᠣᠨ ᠤ | 6 ᠳ᠋ᠤᠭᠠᠷ ᠰᠠᠷ᠎ᠠ ᠶᠢᠨ 29 ᠤ ᠡᠳᠦᠷ ᠳᠠᠭᠤᠰᠬᠤ ᠶᠢ ᠂ 2025 ᠣᠨ ᠤ 6 ᠳ᠋ᠤᠭᠠᠷ ᠰᠠᠷ᠎ᠠ ᠶᠢᠨ 30 ᠤ ᠡᠳᠦᠷ ᠪᠣᠯᠲᠠᠯ᠎ᠠ ᠨᠢᠭᠡᠳᠦᠯᠲᠡᠶ ᠬᠤᠶᠢᠰᠢᠯᠠᠭᠤᠯᠵᠤ᠂ | ᠳᠠᠩᠰᠠᠯᠠᠭᠤᠯᠤᠭᠰᠠᠨ ᠦᠨᠡᠮᠯᠡᠯ ᠤᠨ ᠬᠦᠴᠦᠨ ᠪᠦᠬᠦᠢ ᠬᠤᠭᠤᠴᠠᠭ᠎ᠠ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠬᠦ ᠲᠠᠪᠴᠠᠩ ᠠᠴᠠ ᠠᠶᠠᠨᠳᠠᠭᠠᠨ ᠬᠤᠶᠢᠰᠢᠯᠠᠭᠤᠯᠵᠤ ᠂ ᠤᠤᠯ ᠤᠨ ᠳᠠᠩᠰᠠᠯᠠᠭᠤᠯᠤᠭᠰᠠᠨ ᠦᠨᠡᠮᠯᠡᠯ ᠪᠠ ᠠᠵᠢᠯ ᠡᠷᠬᠢᠯᠡᠬᠦ ᠲᠠᠮᠠᠭ᠎ᠠ ᠨᠢ ᠦᠷᠭᠦᠯᠵᠢᠯᠡᠨ | ᠬᠦᠴᠦᠨ ᠲᠠᠢ ᠪᠣᠯᠣᠨ᠎ᠠ᠃ | ᠬᠤᠶᠠᠷ᠂ ᠦᠨᠡᠮᠯᠡᠬᠦ ᠡᠵᠡᠮᠰᠢᠭᠴᠢ ᠠᠴᠠ ᠳᠠᠩᠰᠠᠯᠠᠭᠤᠯᠤᠭᠰᠠᠨ ᠦᠨᠡᠮᠯᠡᠯ ᠪᠠ ᠠᠵᠢᠯ ᠡᠷᠬᠢᠯᠡᠬᠦ ᠲᠠᠮᠠᠭ᠎ᠠ ᠶᠢᠨ ᠬᠦᠴᠦᠨ ᠪᠦᠬᠦᠢ ᠬᠤᠭᠤᠴᠠᠭ᠎ᠠ ᠨᠢ | ᠳᠦᠭᠦᠷᠬᠦ ᠠᠴᠠ ᠡᠮᠦᠨ᠎ᠡ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠦᠷᠭᠦᠯᠵᠢᠯᠡᠨ ᠳᠠᠩᠰᠠᠯᠠᠭᠤᠯᠬᠤ ᠭᠤᠶᠤᠴᠢᠯᠠᠯ ᠲᠤᠰᠢᠶᠠᠵᠤ᠂ ᠳᠠᠩᠰᠠᠯᠠᠭᠤᠯᠤᠭᠰᠠᠨ | ᠦᠨᠡᠮᠯᠡᠯ ᠪᠠ ᠠᠵᠢᠯ ᠡᠷᠬᠢᠯᠡᠬᠦ ᠲᠠᠮᠠᠭ᠎ᠠ ᠶᠢᠨ ᠬᠦᠴᠦᠨ ᠪᠦᠬᠦᠢ ᠬᠤᠭᠤᠴᠠᠭ᠎ᠠ ᠨᠢ ᠳᠦᠭᠦᠷᠬᠦ ᠠᠴᠠ ᠡᠮᠦᠨ᠎ᠡ ᠦᠷᠭᠦᠯᠵᠢᠯᠡᠨ ᠳᠠᠩᠰᠠᠯᠠᠭᠤᠯᠬᠤ ᠪᠠᠷ ᠭᠤᠶᠤᠴᠢᠯᠠᠭᠰᠠᠨ | ᠦᠭᠡᠶ ᠪᠣᠯ ᠬᠤᠭᠤᠴᠠᠭ᠎ᠠ ᠨᠢ ᠥᠩᠭᠡᠷᠡᠪᠡᠯ ᠠᠶᠠᠨᠳᠠᠭᠠᠨ ᠬᠦᠴᠦᠨ ᠦᠭᠡᠶ ᠪᠣᠯᠤᠨ᠎ᠠ᠃ | ᠭᠤᠷᠪᠠ᠂ ︽ᠨᠢᠭᠡᠳᠦᠭᠡᠷ ᠳᠡᠰ ᠤᠨ ᠦᠨ᠎ᠡ ᠥᠷᠲᠡᠭ ᠤᠨ ᠢᠨᠵᠧᠨᠧᠷ ᠢ ᠳᠠᠩᠰᠠᠯᠠᠭᠤᠯᠤᠨ ᠬᠠᠮᠢᠶᠠᠷᠬᠤ ᠬᠤᠯᠪᠣᠭᠳᠠᠯ ᠪᠦᠬᠦᠢ ᠵᠦᠢᠯᠡᠰ ᠤᠨ ᠲᠤᠬᠠᠶ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠠᠯᠪᠠᠨ ᠲᠢᠩᠬᠢᠮ ᠤᠨ ᠮᠡᠳᠡᠭᠳᠡᠯ︾ ︵ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠠᠯᠪᠠᠨ ᠲᠢᠩᠬᠢᠮ ᠤᠨ ᠪᠠᠷᠢᠮᠵᠢᠶ᠎ᠠ ﹇2020﹈ 26 ᠳ᠋ᠤᠭᠠᠷ | ᠲᠣᠭᠠᠲᠤ︶ ᠤᠨ ᠪᠢᠴᠢᠭ ᠮᠠᠲ᠋ᠧᠷᠢᠶᠠᠯ ᠢᠶᠠᠷ ᠯᠠᠪᠯᠠᠯᠲᠠ ᠪᠣᠯᠭᠠᠵᠤ᠂ ᠦᠨᠡᠮᠯᠡᠬᠦ ᠡᠵᠡᠮᠰᠢᠭᠴᠢ ᠠᠴᠠ ᠦᠷᠭᠦᠯᠵᠢᠯᠡᠨ ᠳᠠᠩᠰᠠᠯᠠᠭᠤᠯᠬᠤ ᠪᠠᠷ ᠭᠤᠶᠤᠴᠢᠯᠠᠬᠤ ᠦᠶ᠎ᠡ ᠳᠤ | ᠳᠡᠭᠡᠷ᠎ᠡ ᠨᠢᠭᠡ ᠳᠠᠩᠰᠠᠯᠠᠭᠤᠯᠤᠭᠰᠠᠨ ᠬᠦᠴᠦᠨ ᠪᠦᠬᠦᠢ ᠬᠤᠭᠤᠴᠠᠭᠠᠨ ᠳᠠᠬᠢ ᠦᠷᠭᠦᠯᠵᠢᠯᠡᠭᠰᠡᠨ ᠰᠤᠷᠭᠠᠨ ᠬᠥᠮᠥᠵᠢᠯ ᠤᠨ ᠰᠤᠷᠬᠤ ᠴᠠᠭ ᠢ 120 ᠰᠤᠷᠤᠯᠭ᠎ᠠ ᠶᠢᠨ | ᠴᠠᠭ ᠠᠴᠠ ᠳᠤᠲᠠᠭᠤ ᠪᠠᠶᠢᠯᠭᠠᠵᠤ ᠪᠣᠯᠬᠤ ᠦᠭᠡᠢ᠂ ᠬᠤᠶᠠᠷ ᠲᠤᠰᠬᠠᠶ ᠮᠡᠷᠭᠡᠵᠢᠯ ᠤᠨ ᠦᠷᠭᠦᠯᠵᠢᠯᠡᠭᠰᠡᠨ ᠰᠤᠷᠭᠠᠨ ᠬᠥᠮᠦᠵᠢᠯ ᠤᠨ ᠰᠤᠷᠬᠤ ᠴᠠᠭ ᠢ | ᠳᠠᠪᠬᠤᠷᠳᠠᠭᠤᠯᠤᠨ ᠪᠤᠳᠤᠵᠤ ᠪᠣᠯᠤᠨ᠎ᠠ᠃ | | 2025 ᠣᠨ ᠤ 1 ᠳ᠋ᠦ᠋ᠭᠡᠷ ᠰᠠᠷ᠎ᠠ ᠶᠢᠨ 17 ᠤ ᠡᠳᠦᠷ | |