| ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠤᠯᠭ᠎ᠠ ᠶᠢᠨ ᠠᠵᠢᠯᠯᠠᠭᠠᠨ ᠤ ᠪᠠᠲᠤᠯᠠᠭ᠎ᠠ ᠶᠢᠨ ᠳᠦᠷᠢᠮ | | ︵2024 ᠣᠨ ᠤ 11 ᠳ᠋ᠦ᠋ᠭᠡᠷ ᠰᠠᠷ᠎ᠠ ᠶᠢᠨ 28 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠭᠤᠷᠪᠠᠳᠤᠭᠠᠷ ᠣᠳᠠᠭᠠᠨ ᠤ ᠬᠤᠷᠠᠯᠳᠤᠭᠠᠨ ᠠᠴᠠ ᠪᠠᠲᠤᠯᠠᠪᠠ ︶ | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠤᠷᠪᠤᠰ ᠪᠠᠶᠢᠭᠤᠯᠭ᠎ᠠ ᠶᠢᠨ ᠠᠵᠢᠯᠯᠠᠭᠠᠨ ᠢ ᠪᠠᠲᠤᠯᠠᠬᠤ ᠠᠵᠢᠯ ᠢ ᠴᠢᠩᠭᠠᠳᠬᠠᠬᠤ ᠪᠠ ᠵᠢᠷᠤᠮᠵᠢᠭᠤᠯᠵᠤ᠂ ᠪᠠᠶᠢᠭᠤᠯᠭ᠎ᠠ ᠶᠢᠨ ᠠᠵᠢᠯᠯᠠᠭᠠᠨ ᠤ | ᠥᠪᠡᠷ ᠤᠨ ᠥᠷᠲᠡᠭ ᠢ ᠠᠷᠪᠢᠯᠠᠨ᠂ ᠪᠠᠶᠢᠭᠤᠯᠭ᠎ᠠ ᠶᠢᠨ ᠥᠨᠳᠥᠷ ᠦᠷ᠎ᠡ ᠪᠦᠲᠦᠮᠵᠢᠲᠡᠶ ᠪᠥᠭᠡᠳ ᠡᠮᠬᠢ ᠵᠢᠷᠤᠮ ᠲᠠᠢ ᠶᠠᠪᠤᠭᠳᠠᠬᠤ ᠶᠢ ᠠᠬᠢᠭᠤᠯᠬᠤ ᠶᠢᠨ ᠲᠤᠰᠠᠳᠠ᠂ | ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠤ ᠪᠠᠶᠢᠳᠠᠯ ᠲᠠᠢ | ᠤᠶᠠᠯᠳᠤᠭᠤᠯᠵᠤ᠂ ᠲᠤᠰ ᠳᠦᠷᠢᠮ ᠢ ᠲᠣᠭᠲᠠᠭᠠᠪᠠ᠃ | ᠬᠤᠶᠠᠳᠤᠭᠠᠷ ᠵᠤᠷᠪᠤᠰ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠪᠠᠶᠢᠭᠤᠯᠭ᠎ᠠ ᠶᠢᠨ ᠠᠵᠢᠯᠯᠠᠭᠠᠨ ᠢ ᠪᠠᠲᠤᠯᠠᠬᠤ ᠵᠢᠴᠢ | ᠠᠵᠢᠯᠯᠠᠭᠠᠨ ᠢ ᠪᠠᠲᠤᠯᠠᠬᠤ ᠠᠵᠢᠯ ᠳᠤ ᠬᠢᠨᠠᠯᠲᠠ ᠲᠠᠯᠪᠢᠬᠤ ᠳᠤ ᠲᠤᠰ ᠳᠦᠷᠢᠮ ᠢ ᠬᠡᠷᠡᠭᠵᠢᠭᠦᠯᠦᠨ᠎ᠡ ᠂ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ | ᠪᠠ ᠤᠯᠤᠰ ᠠᠴᠠ ᠠᠰᠲᠠᠭᠠᠨ ᠲᠣᠭᠲᠠᠭᠠᠯ ᠲᠠᠢ ᠪᠣᠯ᠂ ᠲᠡᠷᠡ ᠲᠣᠭᠲᠠᠭᠠᠯ ᠢ ᠵᠢᠷᠤᠮᠯᠠᠨ᠎ᠠ᠃ | ᠲᠤᠰ ᠲᠦᠷᠢᠮ ᠳᠤ ᠬᠡᠯᠡᠵᠦ ᠪᠠᠶᠢᠭ᠎ᠠ ᠪᠠᠶᠢᠭᠤᠯᠭ᠎ᠠ ᠶᠢᠨ ᠠᠵᠢᠯᠯᠠᠭᠠᠨ ᠤ ᠪᠠᠲᠤᠯᠠᠭ᠎ᠠ ᠭᠡᠳᠡᠭ ᠨᠢ ᠪᠠᠶᠢᠭᠤᠯᠭ᠎ᠠ ᠶᠢᠨ ᠠᠵᠢᠯᠯᠠᠭᠠᠨ ᠳᠤ ᠬᠡᠷᠡᠭᠰᠡᠬᠦ ᠡᠳ᠋ ᠬᠥᠷᠥᠩᠭᠡ᠂ | ᠵᠠᠷᠤᠳᠠᠯ᠂ ᠦᠢᠯᠡᠴᠢᠯᠡᠭᠡ ᠂ ᠡᠨᠧᠷᠭᠢ ᠵᠡᠷᠭᠡ ᠡᠬᠢ ᠪᠠᠶᠠᠯᠢᠭ ᠤᠨ ᠬᠦᠴᠦᠨ ᠵᠤᠷᠪᠤᠰ ᠢ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠪᠠᠶᠢᠭᠤᠯᠭ᠎ᠠ ᠶᠢᠨ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠬᠦ ᠳᠤ ᠬᠠᠩᠭᠠᠬᠤ ᠪᠠᠲᠤᠯᠠᠭ᠎ᠠ ᠶᠢᠨ ᠲᠤᠯᠭᠠᠭᠤᠷᠢᠯᠠᠬᠤ ᠠᠵᠢᠯᠯᠠᠭ᠎ᠠ ᠶᠢ ᠵᠢᠭᠠᠵᠤ ᠪᠤᠶ᠃ | ᠲᠤᠰ ᠲᠦᠷᠢᠮ ᠳᠤ ᠬᠡᠯᠡᠵᠦ ᠪᠠᠶᠢᠭ᠎ᠠ ᠪᠠᠶᠢᠭᠤᠯᠭ᠎ᠠ ᠭᠡᠳᠡᠭ ᠨᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠶᠢᠭᠤᠯᠭ᠎ᠠ ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠭ᠎ᠠ ᠂ ᠵᠠᠰᠠᠭ ᠵᠠᠬᠢᠷᠭᠠᠨ ᠤ ᠪᠠᠶᠢᠭᠤᠯᠭ᠎ᠠ ᠂ ᠤᠯᠤᠰ ᠲᠥᠷᠥ ᠶᠢᠨ ᠵᠥᠪᠯᠡᠯᠭᠡᠨ ᠤ ᠪᠠᠶᠢᠭᠤᠯᠭ᠎ᠠ ᠂ ᠬᠢᠨᠠᠨ | ᠪᠠᠶᠢᠴᠠᠭᠠᠬᠤ ᠪᠠᠶᠢᠭᠤᠯᠭ᠎ᠠ ᠂ ᠰᠢᠭᠦᠨ ᠲᠠᠰᠤᠯᠬᠤ ᠪᠠᠶᠢᠭᠤᠯᠭ᠎ᠠ ᠂ ᠪᠠᠶᠢᠴᠠᠭᠠᠬᠤ ᠪᠠᠶᠢᠭᠤᠯᠤᠯᠭ᠎ᠠ᠂ ᠠᠷᠠᠳᠴᠢᠯᠠᠭᠰᠠᠨ ᠨᠠᠮ ᠪᠦᠯᠦᠭ ᠤᠨ ᠪᠠᠶᠢᠭᠤᠯᠭ᠎ᠠ ᠂ ᠠᠷᠠᠳ ᠤᠨ | ᠪᠦᠯᠬᠦᠮ ᠤᠨ ᠪᠠᠶᠢᠭᠤᠯᠭ᠎ᠠ ᠪᠣᠯᠤᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠯᠪᠠᠲᠠᠨ ᠤ ᠬᠠᠤᠯᠢ︾ ᠪᠠᠷ ᠯᠠᠪᠯᠠᠯᠲᠠ ᠪᠣᠯᠭᠠᠨ ᠬᠠᠮᠢᠶᠠᠷᠴᠤ | ᠪᠠᠶᠢᠭ᠎ᠠ ᠠᠵᠢᠯ ᠦᠢᠯᠡᠰ ᠤᠨ ᠨᠢᠭᠡᠴᠢ ᠶᠢ ᠵᠢᠭᠠᠵᠤ ᠪᠤᠶ᠃ | ᠭᠤᠷᠪᠠᠳᠤᠭᠠᠷ ᠵᠤᠷᠪᠤᠰ ᠪᠠᠶᠢᠭᠤᠯᠭ᠎ᠠ ᠶᠢᠨ ᠠᠵᠢᠯᠯᠠᠭᠠᠨ ᠢ ᠪᠠᠲᠤᠯᠠᠬᠤ ᠠᠵᠢᠯ ᠨᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ | ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠣᠯ ᠰᠢᠵᠢᠮ ᠪᠣᠯᠭᠠᠵᠤ᠂ | ᠬᠠᠤᠯᠢ ᠶᠣᠰᠣᠭᠠᠷ ᠪᠠᠲᠤᠯᠠᠬᠤ᠂ ᠵᠢᠷᠤᠮᠵᠢᠭᠤᠯᠤᠨ ᠠᠵᠢᠯᠯᠠᠭᠤᠯᠬᠤ᠂ ᠠᠮᠤᠷ ᠲᠦᠪᠰᠢᠨ ᠡᠮᠬᠢ ᠵᠢᠷᠤᠮ ᠲᠠᠢ᠂ ᠪᠣᠳᠠᠲᠠᠶ ᠶᠢ ᠡᠷᠬᠢᠮᠯᠡᠨ ᠥᠨᠳᠥᠷ ᠪᠦᠲᠦᠮᠵᠢᠲᠡᠶ | ᠪᠠᠶᠢᠬᠤ᠂ ᠦᠢᠯᠡᠴᠢᠯᠡᠭᠡ ᠪᠠᠷ ᠦᠨᠳᠦᠰᠦ ᠪᠣᠯᠭᠠᠬᠤ᠂ ᠢᠯᠡ ᠲᠣᠳᠣ ᠪᠠᠶᠢᠯᠭᠠᠬᠤ ᠵᠠᠷᠴᠢᠮ ᠢ ᠵᠢᠷᠤᠮᠯᠠᠵᠤ᠂ ᠠᠵᠢᠯᠴᠢ ᠠᠷᠪᠢᠴᠢ ᠪᠠᠷ ᠠᠯᠢᠪᠠ ᠠᠵᠢᠯ ᠦᠢᠯᠡᠰ ᠢ | ᠡᠷᠬᠢᠯᠡᠬᠦ ᠶᠢ ᠪᠠᠷᠢᠮᠲᠠᠯᠠᠵᠤ᠂ ᠡᠳ᠋ ᠬᠦᠷᠦᠩᠭᠡ ᠶᠢᠨ ᠬᠠᠮᠢᠶᠠᠷᠤᠯᠲᠠ ᠪᠠᠷ ᠰᠠᠭᠤᠷᠢ ᠪᠣᠯᠭᠠᠭᠰᠠᠨ ᠲᠥᠪᠯᠡᠷᠡᠩᠭᠦᠶ ᠨᠢᠭᠡᠳᠦᠯᠲᠡᠶ᠂ ᠡᠷᠬᠡ ᠬᠠᠷᠢᠭᠤᠴᠠᠯᠭ᠎ᠠ ᠲᠣᠳᠣᠷᠬᠠᠶ᠂ | ᠬᠠᠮᠵᠢᠯᠴᠠᠭᠰᠠᠨ ᠥᠨᠳᠥᠷ ᠪᠦᠲᠦᠮᠵᠢᠲᠡᠶ ᠪᠠᠶᠢᠭᠤᠯᠭ᠎ᠠ ᠶᠢᠨ ᠠᠵᠢᠯᠯᠠᠭᠠᠨ ᠤ ᠪᠠᠲᠤᠯᠠᠭ᠎ᠠ ᠶᠢᠨ ᠪᠠᠶᠢᠭᠤᠯᠣᠮᠵᠢ ᠶᠢ ᠪᠠᠶᠢᠭᠤᠯᠬᠤ ᠬᠡᠷᠡᠭᠲᠡᠶ᠃ | ᠳᠥᠷᠪᠡᠳᠦᠭᠡᠷ ᠵᠤᠷᠪᠤᠰ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠪᠠᠶᠢᠭᠤᠯᠭ᠎ᠠ ᠶᠢᠨ ᠬᠡᠷᠡᠭ ᠶᠠᠪᠤᠳᠠᠯ ᠤᠨ ᠬᠠᠮᠢᠶᠠᠷᠤᠯᠲᠠ ᠶᠢᠨ ᠪᠠᠶᠢᠭᠤᠯᠤᠮᠵᠢ ᠨᠢ | ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠶᠣᠰᠣᠭᠠᠷ ᠪᠠᠶᠢᠭᠤᠯᠭ᠎ᠠ ᠶᠢᠨ ᠠᠵᠢᠯᠯᠠᠭᠠᠨ ᠢ ᠪᠠᠲᠣᠯᠠᠬᠤ ᠠᠵᠢᠯ ᠤᠨ ᠬᠤᠯᠪᠣᠭᠳᠠᠯ ᠪᠦᠬᠦᠢ ᠳᠦᠷᠢᠮ ᠪᠠ ᠪᠠᠷᠢᠮᠵᠢᠶ᠎ᠠ ᠶᠢ | ᠲᠣᠭᠲᠠᠭᠠᠬᠤ ᠶᠢᠨ ᠬᠠᠮᠲᠤ ᠵᠤᠬᠢᠶᠠᠨ ᠪᠠᠶᠢᠭᠤᠯᠣᠨ ᠬᠡᠷᠡᠭᠵᠢᠭᠦᠯᠵᠦ᠂ ᠲᠤᠰ ᠱᠠᠲᠤᠨ ᠤ ᠪᠠᠶᠢᠭᠤᠯᠭ᠎ᠠ ᠶᠢᠨ ᠠᠵᠢᠯᠯᠠᠭᠠᠨ ᠢ ᠪᠠᠲᠤᠯᠠᠬᠤ ᠠᠵᠢᠯ ᠢ ᠬᠠᠷᠢᠭᠤᠴᠠᠵᠤ᠂ | ᠳᠣᠤᠷᠠᠳᠤ ᠱᠠᠲᠤᠨ ᠤ ᠪᠠᠶᠢᠭᠤᠯᠭ᠎ᠠ ᠶᠢᠨ ᠠᠵᠢᠯᠯᠠᠭᠠᠨ ᠢ ᠪᠠᠲᠤᠯᠠᠬᠤ ᠠᠵᠢᠯ ᠢ ᠵᠢᠯᠣᠭᠤᠳᠬᠤ ᠪᠠ ᠬᠢᠨᠠᠯᠲᠠ ᠲᠠᠯᠪᠢᠨ᠎ᠠ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠲᠤᠰ ᠱᠠᠲᠤᠨ ᠤ | ᠪᠠᠶᠢᠭᠤᠯᠭ᠎ᠠ ᠶᠢᠨ ᠠᠵᠢᠯᠯᠠᠭᠠᠨ ᠤ ᠲᠥᠰᠦᠪ ᠤᠨ ᠪᠠᠲᠤᠯᠠᠭ᠎ᠠ᠂ ᠡᠳ᠋ ᠬᠥᠷᠥᠩᠭᠡ ᠶᠢ ᠶᠡᠷᠦᠩᠬᠡᠶᠢᠯᠡᠨ ᠬᠠᠮᠢᠶᠠᠷᠬᠤ ᠵᠢᠴᠢ ᠬᠢᠨᠠᠯᠲᠠ ᠲᠠᠯᠪᠢᠬᠤ ᠠᠵᠢᠯ ᠢ ᠬᠠᠷᠢᠭᠤᠴᠠᠨ᠎ᠠ᠃ | | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ᠂ ᠪᠠᠶᠢᠭᠠᠯᠢ ᠶᠢᠨ ᠡᠬᠢ ᠪᠠᠶᠠᠯᠢᠭ | ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠲᠤᠭ᠎ᠠ ᠪᠦᠷᠢᠳᠬᠡᠯ ᠵᠡᠷᠭᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠲᠣᠰ | ᠲᠣᠰ ᠤᠨ ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠪᠠᠶᠢᠭᠤᠯᠭ᠎ᠠ ᠶᠢᠨ ᠠᠵᠢᠯᠯᠠᠭᠠᠨ ᠤ ᠪᠠᠲᠤᠯᠠᠭ᠎ᠠ ᠶᠢᠨ ᠬᠠᠮᠢᠶ᠎ᠠ ᠪᠥᠬᠦᠶ ᠠᠵᠢᠯ ᠢ ᠰᠠᠶᠢᠲᠤᠷ ᠬᠢᠬᠦ ᠬᠡᠷᠡᠭᠲᠡᠶ᠃ | ᠲᠠᠪᠤᠳᠤᠭᠠᠷ ᠵᠤᠷᠪᠤᠰ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠪᠠᠶᠢᠭᠤᠯᠭ᠎ᠠ ᠶᠢᠨ ᠬᠡᠷᠡᠭ ᠶᠠᠪᠤᠳᠠᠯ ᠤᠨ ᠬᠠᠮᠢᠶᠠᠷᠤᠯᠲᠠ ᠶᠢ ᠬᠠᠷᠢᠭᠤᠴᠠᠵᠤ ᠪᠠᠶᠢᠭ᠎ᠠ | ᠪᠠᠶᠢᠭᠤᠯᠤᠮᠵᠢ ᠨᠢ ᠠᠳᠠᠯᠢ ᠱᠠᠲᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠯᠴᠠᠨ ᠬᠠᠮᠵᠢᠯᠴᠠᠬᠤ᠂ ᠮᠡᠳᠡᠭᠡ ᠵᠠᠩᠭᠢ ᠶᠢ ᠬᠠᠮᠲᠤ ᠪᠠᠷ ᠬᠦᠷᠲᠡᠬᠦ | ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠪᠠᠶᠢᠭᠤᠯᠭ᠎ᠠ ᠶᠢᠨ ᠠᠵᠢᠯᠯᠠᠭᠠᠨ ᠤ ᠪᠠᠲᠣᠯᠭ᠎ᠠ ᠶᠢᠨ ᠪᠠᠷᠢᠮᠵᠢᠶ᠎ᠠ ᠶᠢᠨ ᠲᠣᠭᠲᠠᠯᠴᠠᠭ᠎ᠠ ᠪᠠ ᠨᠡᠶᠢᠭᠡᠮ ᠤᠨ | ᠣᠷᠣᠯᠴᠠᠬᠤ ᠲᠣᠭᠲᠠᠴᠠ ᠶᠢ ᠨᠠᠶᠢᠳᠠᠪᠤᠷᠢᠵᠢᠭᠤᠯᠬᠤ ᠶᠢ ᠠᠬᠢᠭᠤᠯᠤᠨ᠂ ᠬᠠᠮᠢᠶ᠎ᠠ ᠪᠦᠬᠦᠢ ᠮᠡᠳᠡᠭᠡ ᠵᠠᠩᠭᠢᠵᠢᠯᠲᠠ ᠶᠢᠨ ᠲᠠᠪᠴᠠᠩ ᠢ ᠲᠡᠭᠦᠯᠳᠡᠷᠵᠢᠭᠦᠯᠵᠦ᠂ | ᠪᠠᠶᠢᠭᠤᠯᠭ᠎ᠠ ᠶᠢᠨ ᠠᠵᠢᠯᠯᠠᠭᠠᠨ ᠤ ᠪᠠᠲᠣᠯᠭ᠎ᠠ ᠶᠢ ᠪᠠᠷᠢᠮᠵᠢᠶᠠᠵᠢᠭᠤᠯᠬᠤ᠂ ᠲᠣᠭᠠᠴᠢᠵᠢᠭᠤᠯᠬᠤ ᠂ ᠨᠡᠶᠢᠭᠡᠮᠴᠢᠯᠡᠬᠦ ᠶᠢ ᠠᠬᠢᠭᠤᠯᠬᠤ ᠬᠡᠷᠡᠭᠲᠡᠢ᠃ | ᠵᠢᠷᠭᠤᠳᠤᠭᠠᠷ ᠵᠤᠷᠪᠤᠰ ᠡᠯ᠎ᠡ ᠱᠠᠲᠤᠨ ᠤ ᠪᠠᠶᠢᠭᠤᠯᠭ᠎ᠠ ᠨᠢ ᠪᠠᠶᠢᠭᠤᠯᠭ᠎ᠠ ᠶᠢᠨ ᠠᠵᠢᠯᠯᠠᠭᠠᠨ ᠤ ᠪᠠᠲᠣᠯᠭ᠎ᠠ ᠶᠢᠨ ᠳᠦᠷᠢᠮ ᠪᠠ ᠪᠠᠷᠢᠮᠵᠢᠶ᠎ᠠ ᠶᠢ ᠬᠡᠷᠡᠭᠵᠢᠭᠦᠯᠵᠦ᠂ | ᠪᠠᠶᠢᠭᠤᠯᠭ᠎ᠠ ᠶᠢᠨ ᠠᠵᠢᠯᠯᠠᠭᠠᠨ ᠤ ᠥᠪᠡᠷ ᠤᠨ ᠥᠷᠲᠡᠭ ᠪᠠ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠴᠢᠩᠭᠠᠳᠬᠠᠨ᠂ ᠠᠷᠪᠢᠯᠠᠨ ᠭᠠᠮᠨᠠᠬᠤ ᠶᠢ ᠴᠢᠩᠭ᠎ᠠ | ᠬᠡᠷᠡᠭᠵᠢᠭᠦᠯᠵᠦ᠂ ᠪᠠᠶᠢᠭᠤᠯᠭ᠎ᠠ ᠶᠢᠨ ᠠᠵᠢᠯᠯᠠᠭᠠᠨ ᠢ ᠪᠠᠲᠤᠯᠠᠬᠤ ᠠᠵᠢᠯ ᠢ ᠵᠢᠷᠤᠮᠵᠢᠭᠤᠯᠤᠨ ᠥᠷᠨᠢᠭᠦᠯᠬᠦ ᠬᠡᠷᠡᠭᠲᠡᠢ᠃ | ᠬᠤᠶᠠᠳᠣᠭᠠᠷ ᠪᠦᠯᠦᠭ ᠡᠳ᠋ ᠬᠦᠷᠦᠩᠭᠡ ᠶᠢᠨ ᠬᠠᠮᠢᠶᠠᠷᠣᠯᠳᠠ | ᠳᠣᠯᠣᠳᠤᠭᠠᠷ ᠵᠤᠷᠪᠤᠰ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠪᠠᠶᠢᠭᠤᠯᠭ᠎ᠠ ᠶᠢᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠣᠭᠲᠠᠴᠠ ᠶᠢ | ᠪᠠᠶᠢᠭᠤᠯᠤᠨ ᠪᠦᠷᠢᠨᠰᠢᠭᠦᠯᠵᠦ᠂ ᠲᠤᠰ ᠱᠠᠲᠤᠨ ᠤ ᠪᠠᠶᠢᠭᠤᠯᠭ᠎ᠠ ᠶᠢᠨ ᠡᠳ᠋ ᠬᠥᠷᠥᠩᠭᠡ ᠶᠢ ᠡᠷᠴᠢᠮᠵᠢᠭᠦᠯᠦᠨ ᠠᠷᠪᠢᠯᠠᠬᠤ ᠬᠠᠮᠢᠶᠠᠷᠤᠯᠲᠠ ᠪᠠᠨ ᠴᠢᠩᠭᠠᠳᠬᠠᠨ᠂ | ᠴᠢᠬᠤᠯᠠ ᠶᠡᠭᠡ ᠪᠠᠶᠢᠭᠤᠯᠭ᠎ᠠ ᠶᠢᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠵᠦᠢᠯᠡᠰ ᠢ ᠬᠢᠨᠠᠨ ᠪᠠᠶᠢᠴᠠᠭᠠᠵᠤ ᠵᠥᠪᠰᠢᠶᠡᠷᠡᠬᠦ ᠬᠡᠷᠡᠭᠲᠡᠶ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠲᠤᠰ ᠱᠠᠲᠤᠨ ᠤ | ᠪᠠᠶᠢᠭᠤᠯᠭ᠎ᠠ ᠶᠢᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠳᠦᠷᠢᠮ ᠢ ᠲᠣᠭᠲᠠᠭᠠᠬᠤ ᠶᠢᠨ ᠬᠠᠮᠲᠤ᠂ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠬᠢᠨᠠᠯᠲᠠ ᠲᠠᠯᠪᠢᠨ | ᠪᠠᠶᠢᠴᠠᠭᠠᠬᠤ ᠶᠢ ᠬᠠᠷᠢᠭᠤᠴᠠᠬᠤ ᠬᠡᠷᠡᠭᠲᠡᠶ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠪᠠᠶᠢᠭᠤᠯᠭ᠎ᠠ ᠶᠢᠨ ᠬᠡᠷᠡᠭ ᠶᠠᠪᠤᠳᠠᠯ ᠤᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠡᠭᠦᠷᠭᠡ ᠬᠠᠷᠢᠭᠤᠴᠠᠯᠭ᠎ᠠ ᠶᠢᠨ | ᠶᠣᠰᠣᠭᠠᠷ ᠬᠤᠯᠪᠣᠭᠳᠠᠯ ᠪᠦᠬᠦᠢ ᠪᠠᠶᠢᠭᠤᠯᠭ᠎ᠠ ᠶᠢᠨ ᠡᠳ᠋ ᠬᠥᠷᠥᠩᠭᠡ ᠶᠢᠨ ᠲᠣᠬᠢᠷᠠᠭᠤᠯᠤᠯᠲᠠ᠂ ᠬᠡᠷᠡᠭᠯᠡᠯᠲᠡ᠂ ᠰᠢᠢᠳᠪᠦᠷᠢᠯᠡᠯᠲᠡ ᠵᠡᠷᠭᠡ ᠪᠣᠳᠠᠲᠠᠶ ᠬᠠᠮᠢᠶᠠᠷᠤᠯᠲᠠ ᠶᠢᠨ | ᠳᠦᠷᠢᠮ ᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠲᠤᠰ ᠵᠠᠰᠠᠭ ᠵᠠᠬᠢᠷᠭᠠᠨ ᠤ ᠣᠷᠣᠨ ᠤ ᠪᠠᠶᠢᠭᠤᠯᠭ᠎ᠠ ᠶᠢᠨ ᠠᠯᠪᠠᠨ ᠤ ᠬᠡᠷᠡᠭᠯᠡᠭᠡᠨ ᠤ | ᠭᠡᠷ᠂ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠵᠡᠷᠭᠡ ᠡᠳ᠋ ᠬᠥᠷᠥᠩᠭᠡ ᠶᠢᠨ ᠬᠠᠮᠢᠶᠠᠷᠤᠯᠲᠠ ᠶᠢ ᠴᠢᠩᠭᠠᠳᠬᠠᠨ᠂ ᠡᠳ᠋ ᠤᠨ ᠵᠠᠰᠠᠭ ᠵᠡᠷᠭᠡ ᠰᠠᠯᠠᠭ᠎ᠠ ᠮᠥᠴᠢᠷ ᠤᠨ | ᠵᠢᠯᠣᠭᠤᠳᠣᠯᠭ᠎ᠠ ᠪᠠ ᠬᠢᠨᠠᠯᠲᠠ ᠲᠠᠯᠪᠢᠬᠤ ᠶᠢ ᠬᠦᠯᠢᠶᠡᠬᠦ ᠬᠡᠷᠡᠭᠲᠡᠶ᠃ | ᠡᠯ᠎ᠡ ᠱᠠᠲᠤᠨ ᠤ ᠪᠠᠶᠢᠭᠤᠯᠭ᠎ᠠ ᠨᠢ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠳᠣᠲᠣᠭᠠᠳᠤ ᠶᠢᠨ ᠡᠵᠡᠮᠳᠡᠯ ᠤᠨ ᠳᠦᠷᠢᠮ ᠢᠶᠠᠨ ᠪᠦᠷᠢᠨᠰᠢᠭᠦᠯᠵᠦ᠂ ᠲᠤᠰ | ᠪᠠᠶᠢᠭᠤᠯᠭ᠎ᠠ ᠶᠢᠨ ᠡᠳ᠋ ᠬᠥᠷᠥᠩᠭᠡ ᠶᠢᠨ ᠬᠡᠷᠡᠭᠯᠡᠯᠲᠡ ᠶᠢᠨ ᠬᠠᠮᠢᠶᠠᠷᠤᠯᠲᠠ ᠪᠣᠯᠤᠨ ᠡᠳᠦᠷ ᠲᠤᠲᠤᠮ ᠤᠨ ᠬᠠᠮᠠᠭᠠᠯᠠᠯᠲᠠ ᠶᠢ ᠬᠠᠷᠢᠭᠤᠴᠠᠬᠤ ᠶᠢᠨ ᠬᠠᠮᠲᠤ ᠠᠳᠠᠯᠢ | ᠱᠠᠲᠤᠨ ᠤ ᠪᠠᠶᠢᠭᠤᠯᠭ᠎ᠠ ᠶᠢᠨ ᠬᠡᠷᠡᠭ ᠶᠠᠪᠤᠳᠠᠯ ᠤᠨ ᠬᠠᠮᠢᠶᠠᠷᠤᠯᠲᠠ ᠶᠢᠨ ᠪᠠᠶᠢᠭᠤᠯᠤᠮᠵᠢ᠂ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠵᠢᠯᠣᠭᠤᠳᠣᠯᠭ᠎ᠠ ᠪᠣᠯᠤᠨ | ᠬᠢᠨᠠᠯᠲᠠ ᠲᠠᠯᠪᠢᠯᠲᠠ ᠶᠢ ᠬᠦᠯᠢᠶᠡᠬᠦ ᠬᠡᠷᠡᠭᠲᠡᠶ᠃ | ᠨᠠᠢᠮᠠᠳᠤᠭᠠᠷ ᠵᠤᠷᠪᠤᠰ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ ᠤᠯᠤᠰ ᠤᠨ ᠭᠠᠵᠠᠷ ᠰᠢᠷᠣᠶ ᠶᠢᠨ ᠣᠷᠣᠨ | ᠵᠠᠶ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠳᠤ ᠪᠠᠨ ᠪᠠᠶᠢᠭᠤᠯᠭ᠎ᠠ ᠶᠢᠨ ᠬᠡᠷᠡᠭᠯᠡᠬᠦ ᠭᠠᠵᠠᠷ ᠤᠨ ᠪᠠᠶᠢᠷᠢᠯᠠᠭᠤᠯᠤᠯᠲᠠ ᠪᠠ ᠣᠷᠣᠨ ᠵᠠᠶ ᠶᠢᠨ | ᠲᠣᠬᠢᠷᠠᠭᠤᠯᠤᠯᠲᠠ ᠶᠢ ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ ᠲᠤᠰ ᠱᠠᠲᠤᠨ ᠤ ᠪᠠᠶᠢᠭᠤᠯᠭ᠎ᠠ ᠶᠢᠨ ᠬᠡᠷᠡᠭᠯᠡᠬᠦ ᠭᠠᠵᠠᠷ ᠲᠤ ᠲᠥᠪᠯᠡᠷᠡᠭᠦᠯᠦᠨ ᠨᠢᠭᠡᠳᠦᠯᠲᠡᠶ | ᠬᠠᠮᠢᠶᠠᠷᠬᠤ ᠶᠢ ᠠᠬᠢᠭᠤᠯᠬᠤ ᠬᠡᠷᠡᠭᠲᠡᠶ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠪᠠᠶᠢᠭᠠᠯᠢ ᠶᠢᠨ ᠡᠬᠢ ᠪᠠᠶᠠᠯᠢᠭ ᠤᠨ | ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠪᠠᠶᠢᠭᠤᠯᠭ᠎ᠠ ᠶᠢᠨ ᠬᠡᠷᠡᠭᠯᠡᠬᠦ ᠭᠠᠵᠠᠷ ᠤᠨ ᠵᠦᠶ ᠵᠣᠬᠢᠰᠲᠠᠶ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠵᠤ᠂ ᠭᠠᠵᠠᠷ | ᠰᠢᠷᠣᠶ ᠶᠢᠨ ᠬᠠᠩᠭᠠᠯᠭ᠎ᠠ ᠶᠢ ᠡᠮᠬᠢ ᠵᠢᠷᠤᠮ ᠲᠠᠢ ᠳᠣᠭᠢᠷᠠᠭᠤᠯᠤᠨ᠂ ᠭᠠᠵᠠᠷ ᠬᠡᠷᠡᠭᠯᠡᠬᠦ ᠭᠠᠷᠳᠠᠮ ᠢ ᠬᠠᠤᠯᠢ ᠶᠣᠰᠣᠭᠠᠷ ᠭᠦᠢᠴᠡᠳᠭᠡᠬᠦ ᠬᠡᠷᠡᠭᠲᠡᠶ᠃ | ᠶᠢᠰᠦᠳᠦᠭᠡᠷ ᠵᠤᠷᠪᠤᠰ ᠪᠠᠶᠢᠭᠤᠯᠭ᠎ᠠ ᠶᠢᠨ ᠠᠯᠪᠠᠨ ᠤ ᠬᠡᠷᠡᠭᠯᠡᠭᠡᠨ ᠤ ᠭᠡᠷ ᠪᠠᠶᠢᠰᠢᠩ ᠤᠨ ᠲᠥᠯᠥᠪᠵᠢᠭᠦᠯᠭᠡ᠂ ᠡᠷᠬᠡ ᠶᠢᠨ ᠬᠠᠷᠢᠶ᠎ᠠ᠂ ᠲᠣᠬᠢᠷᠠᠭᠤᠯᠤᠯᠲᠠ᠂ | ᠰᠡᠯᠪᠢᠨ ᠵᠠᠰᠠᠬᠤ ᠲᠥᠯᠥᠪᠯᠡᠭᠡ ᠪᠣᠯᠤᠨ ᠰᠢᠢᠳᠪᠦᠷᠢᠯᠡᠬᠦ ᠶᠠᠪᠤᠳᠠᠯ ᠢ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ | ᠲᠥᠪᠯᠡᠷᠡᠭᠦᠯᠦᠨ ᠨᠢᠭᠡᠳᠦᠯᠲᠡᠶ ᠬᠠᠮᠢᠶᠠᠷᠬᠤ ᠶᠢ ᠬᠡᠷᠡᠭᠵᠢᠭᠦᠯᠦᠨ᠎ᠡ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠪᠠᠶᠢᠭᠤᠯᠭ᠎ᠠ ᠶᠢᠨ ᠬᠡᠷᠡᠭ ᠶᠠᠪᠤᠳᠠᠯ ᠤᠨ | ᠬᠠᠮᠢᠶᠠᠷᠤᠯᠲᠠ ᠶᠢ ᠬᠠᠷᠢᠭᠤᠴᠠᠵᠤ ᠪᠠᠶᠢᠭ᠎ᠠ ᠪᠠᠶᠢᠭᠤᠯᠤᠮᠵᠢ ᠨᠢ ᠲᠤᠰ ᠱᠠᠲᠤᠨ ᠤ ᠪᠠᠶᠢᠭᠤᠯᠭ᠎ᠠ ᠶᠢᠨ ᠠᠯᠪᠠᠨ ᠤ ᠬᠡᠷᠡᠭᠯᠡᠭᠡᠨ ᠤ ᠭᠡᠷ ᠪᠠᠶᠢᠰᠢᠩ ᠤᠨ ᠬᠡᠷᠡᠭᠯᠡᠬᠦ | ᠲᠠᠯᠠᠪᠠᠢ ᠶᠢ ᠲᠣᠭᠲᠠᠭᠠᠯ ᠶᠣᠰᠣᠭᠠᠷ ᠬᠢᠨᠠᠨ ᠲᠣᠭᠲᠠᠭᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠲᠤᠰᠬᠠᠢ ᠲᠣᠭᠤᠷᠢᠨ ᠪᠠᠶᠢᠴᠠᠭᠠᠬᠤ ᠶᠢ | ᠴᠢᠩᠭᠠᠳᠬᠠᠵᠤ᠂ ᠪᠠᠶᠢᠭᠤᠯᠭ᠎ᠠ ᠶᠢᠨ ᠠᠯᠪᠠᠨ ᠤ ᠬᠡᠷᠡᠭᠯᠡᠭᠡᠨ ᠤ ᠭᠡᠷ ᠪᠠᠶᠢᠰᠢᠩ ᠢ ᠵᠦᠢ ᠵᠣᠬᠢᠰᠲᠠᠢ ᠲᠣᠬᠢᠷᠠᠭᠤᠯᠤᠨ ᠬᠡᠷᠡᠭᠯᠡᠬᠦ ᠶᠢ ᠠᠬᠢᠭᠤᠯᠬᠤ ᠬᠡᠷᠡᠭᠲᠡᠢ ᠂ | ᠪᠠᠶᠢᠭᠤᠯᠭ᠎ᠠ ᠶᠢᠨ ᠠᠯᠪᠠᠯᠠᠬᠤ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠨᠢᠭᠡᠳᠦᠯᠲᠡᠢ ᠲᠥᠯᠥᠪᠯᠡᠨ᠂ ᠠᠵᠢᠯᠯᠠᠬᠤ ᠲᠠᠯᠠᠪᠤᠷ | ᠲᠥᠪᠯᠡᠷᠡᠭᠰᠡᠨ ᠪᠤᠶᠤ ᠬᠠᠷᠢᠴᠠᠩᠭᠤᠢ ᠪᠠᠷ ᠲᠥᠪᠯᠡᠷᠡᠬᠦ ᠶᠢ ᠠᠬᠢᠭᠤᠯᠵᠤ᠂ ᠲᠤᠰ ᠱᠠᠲᠤᠨ ᠤ ᠠᠵᠢᠯᠯᠠᠬᠤ ᠲᠣᠭᠤᠷᠢᠭ ᠤᠨ ᠴᠢᠳᠠᠮᠵᠢ ᠶᠢᠨ ᠪᠠᠶᠢᠷᠢᠰᠢᠭᠤᠯᠤᠯᠲᠠ ᠶᠢ | ᠰᠢᠯᠢᠳᠡᠭᠵᠢᠭᠦᠯᠬᠦ ᠬᠡᠷᠡᠭᠲᠡᠢ᠃ | ᠠᠷᠪᠠᠳᠤᠭᠠᠷ ᠵᠤᠷᠪᠤᠰ ᠡᠯ᠎ᠡ ᠱᠠᠲᠤᠨ ᠤ ᠪᠠᠶᠢᠭᠤᠯᠭ᠎ᠠ ᠶᠢᠨ ᠠᠯᠪᠠᠨ ᠤ ᠬᠡᠷᠡᠭᠯᠡᠭᠡᠨ ᠤ ᠭᠡᠷ ᠪᠠᠶᠢᠰᠢᠩ ᠪᠠ ᠮᠡᠷᠭᠡᠵᠢᠯ ᠤᠨ ᠲᠤᠬᠠᠶᠢᠯᠠᠭᠰᠠᠨ ᠠᠵᠢᠯ ᠳᠤ ᠬᠡᠷᠡᠭᠯᠡᠬᠦ | ᠭᠡᠷ ᠪᠠᠶᠢᠰᠢᠩ ᠤᠨ ᠡᠷᠬᠡ ᠶᠢᠨ ᠬᠠᠷᠢᠶ᠎ᠠ ᠨᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠳᠠᠩᠰᠠᠯᠠᠭᠤᠯᠣᠨ᠎ᠠ ᠃ | ᠦᠯᠦ ᠬᠥᠳᠡᠯᠬᠦ ᠬᠥᠷᠥᠩᠭᠡ ᠶᠢᠨ ᠡᠷᠬᠡ ᠶᠢ ᠲᠤᠰ ᠱᠠᠲᠤᠨ ᠤ ᠪᠠᠶᠢᠭᠤᠯᠭ᠎ᠠ ᠶᠢᠨ ᠬᠡᠷᠡᠭ ᠶᠠᠪᠤᠳᠠᠯ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠨᠡᠷ᠎ᠡ ᠶᠢᠨ | ᠳᠣᠤᠷ᠎ᠠ ᠨᠢᠭᠡᠳᠦᠯᠲᠡᠶ ᠳᠠᠩᠰᠠᠯᠠᠨ ᠲᠡᠮᠳᠡᠭᠯᠡᠭᠦᠯᠵᠦ ᠂ ᠬᠡᠷᠡᠭᠯᠡᠬᠦ ᠨᠢᠭᠡᠴᠢ ᠨᠢ ᠡᠷᠬᠡ ᠶᠢᠨ ᠬᠠᠷᠢᠶ᠎ᠠ᠂ ᠪᠦᠲᠦᠭᠡᠨ ᠪᠠᠶᠢᠭᠤᠯᠬᠤ᠂ ᠰᠡᠯᠪᠢᠨ ᠵᠠᠰᠠᠬᠤ ᠵᠡᠷᠭᠡ ᠠᠩᠬᠠᠨ ᠤ | ᠳᠠᠩᠰᠠ ᠡᠪᠬᠡᠮᠡᠯ ᠢ ᠬᠠᠮᠲᠤ ᠳᠤᠨᠢ ᠰᠢᠯᠵᠢᠭᠦᠯᠦᠨ ᠲᠤᠰᠢᠶᠠᠬᠤ ᠬᠡᠷᠡᠭᠲᠡᠶ᠃ | ᠮᠠᠲ᠋ᠧᠷᠢᠶᠠᠯ ᠳᠤᠲᠠᠭᠳᠠᠭᠰᠠᠨ᠂ ᠡᠷᠬᠡ ᠶᠢᠨ ᠬᠠᠷᠢᠶ᠎ᠠ ᠨᠢ ᠲᠣᠳᠣᠷᠬᠠᠶ ᠦᠭᠡᠶ ᠵᠡᠷᠭᠡ ᠠᠴᠠ ᠪᠣᠯᠵᠤ ᠳᠠᠩᠰᠠᠯᠠᠭᠤᠯᠬᠤ ᠶᠢᠨ ᠠᠷᠭ᠎ᠠ ᠦᠭᠡᠶ ᠪᠣᠯ ᠂ ᠲᠤᠰ ᠱᠠᠲᠤᠨ ᠤ | ᠬᠠᠷᠢᠭᠤᠴᠠᠵᠤ ᠪᠠᠶᠢᠭ᠎ᠠ ᠪᠠᠶᠢᠭᠤᠯᠭ᠎ᠠ ᠶᠢᠨ ᠬᠡᠷᠡᠭ ᠶᠠᠪᠤᠳᠠᠯ ᠤᠨ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ | ᠡᠷᠬᠡ ᠶᠢᠨ ᠬᠠᠷᠢᠶ᠎ᠠ ᠶᠢ ᠨᠢ ᠳᠠᠩᠰᠠᠯᠠᠭᠤᠯᠵᠦ ᠂ ᠬᠡᠷᠡᠭᠯᠡᠬᠦ ᠨᠢᠭᠡᠴᠢ ᠥᠪᠡᠷ ᠲᠤ ᠪᠠᠨ ᠰᠢᠢᠳᠪᠦᠷᠢᠯᠡᠵᠦ ᠪᠣᠯᠬᠤ ᠦᠭᠡᠶ᠃ | ᠠᠷᠪᠠᠨ ᠨᠢᠭᠡᠳᠦᠭᠡᠷ ᠵᠤᠷᠪᠤᠰ ᠡᠯ᠎ᠡ ᠱᠠᠲᠤᠨ ᠤ ᠪᠠᠶᠢᠭᠤᠯᠭ᠎ᠠ ᠨᠢ ᠠᠯᠪᠠᠨ ᠤ ᠬᠡᠷᠡᠭᠯᠡᠭᠡᠨ ᠤ ᠬᠡᠷ ᠪᠠᠶᠢᠰᠢᠩ ᠤᠨ ᠲᠣᠬᠢᠷᠠᠭᠤᠯᠤᠯᠲᠠ ᠶᠢᠨ ᠪᠠᠷᠢᠮᠵᠢᠶ᠎ᠠ ᠶᠢ | ᠬᠡᠷᠡᠭᠵᠢᠭᠦᠯᠵᠦ᠂ ᠠᠯᠪᠠᠨ ᠤ ᠬᠡᠷ ᠪᠠᠶᠢᠰᠢᠩ ᠤᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠨ᠂ ᠡᠳᠦᠷ ᠲᠤᠲᠤᠮ ᠤᠨ ᠪᠠᠶᠢᠴᠠᠭᠠᠯᠲᠠ ᠪᠠ ᠬᠠᠮᠠᠭᠠᠯᠠᠯᠲᠠ ᠶᠢ | ᠬᠡᠷᠡᠭᠵᠢᠭᠦᠯᠬᠦ ᠬᠡᠷᠡᠭᠲᠡᠢ᠂ ᠰᠢᠨ᠎ᠡ ᠪᠠᠷ ᠪᠠᠶᠢᠭᠤᠯᠤᠭᠰᠠᠨ᠂ ᠬᠤᠳᠠᠯᠳᠤᠨ ᠠᠪᠤᠭᠰᠠᠨ᠂ ᠲᠦᠷᠢᠶᠡᠰᠦᠯᠡᠭᠰᠡᠨ᠂ ᠵᠢᠭᠡᠯᠡᠭᠰᠡᠨ᠂ ᠲᠣᠬᠢᠷᠠᠭᠤᠯᠤᠭᠰᠠᠨ ᠠᠯᠪᠠᠨ ᠤ | ᠬᠡᠷᠡᠭᠯᠡᠭᠡᠨ ᠤ ᠬᠡᠷ ᠪᠠᠶᠢᠰᠢᠩ ᠢ ᠬᠠᠣᠯᠢ ᠠᠴᠠ ᠵᠦᠷᠢᠴᠡᠨ ᠲᠣᠭᠲᠠᠭᠠᠯ ᠠᠴᠠ ᠵᠦᠷᠢᠴᠡᠵᠦ ᠰᠢᠨ᠎ᠡ ᠪᠠᠷ ᠪᠠᠶᠢᠭᠤᠯᠵᠤ ᠪᠣᠯᠬᠤ ᠥᠬᠡᠶ᠂ ᠳᠤᠷ᠎ᠠ ᠪᠠᠷ ᠢᠶᠠᠨ | ᠲᠦᠷᠢᠶᠡᠰᠦᠯᠡᠬᠦ᠂ ᠵᠢᠭᠡᠯᠡᠭᠦᠯᠬᠦ ᠪᠤᠶᠤ ᠠᠯᠪᠠᠨ ᠤ ᠬᠡᠷᠡᠭᠯᠡᠭᠡᠨ ᠤ ᠬᠡᠷ ᠪᠠᠶᠢᠰᠢᠩ ᠤᠨ ᠬᠡᠷᠡᠭᠯᠡᠭᠡᠨ ᠤ ᠴᠢᠳᠠᠮᠵᠢ ᠶᠢ ᠬᠤᠪᠢᠷᠠᠭᠤᠯᠵᠤ ᠪᠣᠯᠬᠤ ᠥᠬᠡᠶ᠃ | ᠠᠷᠪᠠᠨ ᠬᠤᠶᠠᠳᠤᠭᠠᠷ ᠵᠤᠷᠪᠤᠰ ᠡᠯ᠎ᠡ ᠱᠠᠲᠤᠨ ᠤ ᠪᠠᠶᠢᠭᠤᠯᠭ᠎ᠠ ᠨᠢ ᠠᠯᠪᠠᠨ ᠭᠡᠷ ᠢᠶᠠᠨ ᠰᠡᠯᠪᠢᠨ ᠵᠠᠰᠠᠬᠤ ᠳᠤ ᠠᠮᠤᠷ ᠲᠦᠪᠰᠢᠨ ᠤ ᠳᠠᠯᠳᠠ ᠭᠡᠮ ᠢ ᠠᠷᠢᠯᠭᠠᠬᠤ᠂ | ᠬᠡᠷᠡᠭᠯᠡᠬᠦ ᠴᠢᠳᠠᠮᠵᠢ ᠶᠢ ᠰᠡᠷᠭᠦᠭᠡᠬᠦ ᠪᠠ ᠲᠡᠭᠦᠯᠳᠡᠷᠵᠢᠭᠦᠯᠬᠦ ᠪᠠᠷ ᠵᠣᠷᠢᠯᠭ᠎ᠠ ᠪᠣᠯᠭᠠᠨ᠂ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ | ᠲᠣᠭᠲᠠᠭᠠᠯ ᠵᠢᠴᠢ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠂ ᠲᠥᠬᠦᠭᠡᠷᠦᠮᠵᠢ ᠤᠭᠰᠠᠷᠠᠭᠰᠠᠨ ᠤᠯᠤᠰ᠂ ᠠᠵᠢᠯ ᠲᠥᠷᠥᠯ᠂ ᠣᠷᠣᠨ ᠨᠤᠲᠤᠭ ᠤᠨ | ᠮᠡᠷᠭᠡᠵᠢᠯ ᠤᠨ ᠪᠠᠷᠢᠮᠵᠢᠶ᠎ᠠ ᠶᠢᠨ ᠵᠢᠷᠤᠮᠵᠢᠯ ᠢ ᠴᠢᠩᠭ᠎ᠠ ᠬᠡᠷᠡᠭᠵᠢᠭᠦᠯᠬᠦ ᠬᠡᠷᠡᠭᠲᠡᠶ᠂ ᠰᠡᠯᠪᠢᠨ ᠵᠠᠰᠠᠬᠤ ᠶᠠᠪᠤᠴᠠ ᠳᠤ ᠬᠡᠯᠪᠡᠷᠢ ᠶᠢ ᠨᠢ ᠦᠭᠡᠷᠡᠳᠦᠭᠦᠯᠬᠦ᠂ ᠠᠯᠪᠠᠨ ᠤ | ᠬᠡᠷᠡᠭᠯᠡᠭᠡᠨ ᠤ ᠭᠡᠷ ᠪᠠᠶᠢᠰᠢᠩ ᠢ ᠥᠷᠭᠡᠳᠬᠡᠨ ᠪᠠᠶᠢᠭᠤᠯᠵᠤ ᠪᠣᠯᠬᠤ ᠦᠭᠡᠶ᠂ ᠠᠯᠪᠠᠨ ᠤ ᠬᠡᠷᠡᠭᠯᠡᠭᠡᠨ ᠤ ᠭᠡᠷ ᠪᠠᠶᠢᠰᠢᠩ ᠢ ᠪᠠᠷᠢᠮᠵᠢᠶ᠎ᠠ ᠠᠴᠠ ᠬᠡᠲᠦᠷᠡᠭᠦᠯᠦᠨ ᠵᠠᠰᠠᠵᠤ | ᠴᠢᠮᠡᠭᠯᠡᠵᠦ ᠪᠣᠯᠬᠤ ᠦᠭᠡᠶ᠃ | ᠠᠯᠪᠠᠨ ᠤ ᠬᠡᠷᠡᠭᠯᠡᠭᠡᠨ ᠤ ᠭᠡᠷ ᠪᠠᠶᠢᠰᠢᠩ ᠶᠡᠭᠡ ᠳᠤᠮᠳᠠ ᠵᠠᠰᠠᠪᠤᠷᠢ ᠣᠷᠣᠭᠤᠯᠬᠤ ᠲᠥᠷᠥᠯ ᠵᠤᠷᠪᠤᠰ ᠢ ᠤᠯᠤᠰ ᠪᠠ ᠥᠪᠡᠷᠲᠡᠭᠡᠨ ᠵᠠᠰᠠᠬᠤ ᠣᠷᠣᠨ ᠤ | ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠢᠨᠠᠨ ᠵᠥᠪᠰᠢᠶᠡᠷᠡᠵᠦ ᠬᠡᠷᠡᠭᠵᠢᠭᠦᠯᠦᠨ᠎ᠡ᠃ | ᠠᠷᠪᠠᠨ ᠭᠤᠷᠪᠠᠳᠤᠭᠠᠷ ᠵᠤᠷᠪᠤᠰ ᠰᠤᠯᠠ ᠲᠠᠯᠪᠢᠵᠤ ᠪᠠᠶᠢᠭ᠎ᠠ ᠠᠯᠪᠠᠨ ᠤ ᠬᠡᠷᠡᠭᠯᠡᠭᠡᠨ ᠤ ᠭᠡᠷ ᠪᠠᠶᠢᠰᠢᠩ ᠢ ᠤᠯᠤᠰ ᠪᠠ ᠥᠪᠡᠷᠲᠡᠭᠡᠨ ᠵᠠᠰᠠᠬᠤ ᠣᠷᠣᠨ ᠤ | ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠢᠢᠳᠪᠦᠷᠢᠯᠡᠨ ᠠᠰᠢᠭᠯᠠᠨ᠎ᠠ᠃ ᠨᠥᠬᠦᠴᠡᠯ ᠪᠦᠷᠢᠳᠦᠭᠦᠯᠦᠭᠰᠡᠨ ᠨᠢ ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ | ᠪᠠᠶᠢᠭᠤᠯᠭ᠎ᠠ ᠶᠢᠨ ᠬᠡᠷᠡᠭ ᠶᠠᠪᠤᠳᠠᠯ ᠤᠨ ᠬᠠᠮᠢᠶᠠᠷᠤᠯᠲᠠ ᠶᠢ ᠬᠠᠷᠢᠭᠤᠴᠠᠵᠤ ᠪᠠᠶᠢᠭ᠎ᠠ ᠪᠠᠶᠢᠭᠤᠯᠤᠮᠵᠢ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ | ᠲᠡᠭᠦᠨ ᠢ ᠨᠠᠶᠢᠳᠠᠵᠤ ᠬᠥᠮᠦᠵᠢᠭᠦᠯᠬᠦ ᠭᠠᠵᠠᠷ ᠪᠤᠶᠤ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ᠂ ᠨᠡᠶᠢᠭᠡᠮ ᠲᠣᠭᠤᠷᠢᠭ ᠤᠨ ᠠᠵᠢᠯᠯᠠᠭ᠎ᠠ ᠵᠡᠷᠭᠡ ᠨᠡᠶᠢᠲᠡ ᠶᠢᠨ | ᠠᠰᠠᠷᠠᠮᠵᠢ ᠶᠢᠨ ᠭᠠᠵᠠᠷ ᠪᠣᠯᠭᠠᠨ ᠥᠭᠡᠷᠡᠴᠢᠯᠡᠵᠦ ᠪᠣᠯᠤᠨ᠎ᠠ᠃ | ᠠᠷᠪᠠᠨ ᠳᠥᠷᠪᠡᠳᠦᠭᠡᠷ ᠵᠤᠷᠪᠤᠰ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢᠨ ᠣᠷᠣᠨ ᠲᠤᠭ᠎ᠠ᠂ ᠪᠠᠷᠢᠮᠵᠢᠶ᠎ᠠ᠂ ᠬᠤᠳᠠᠯᠳᠤᠨ ᠠᠪᠬᠤ ᠵᠠᠷᠤᠳᠠᠯ᠂ ᠬᠤᠳᠠᠯᠳᠤᠨ | ᠠᠪᠬᠤ ᠲᠣᠬᠢᠷᠠᠭᠤᠯᠤᠯᠲᠠ᠂ ᠬᠡᠷᠡᠭᠯᠡᠬᠦ ᠬᠠᠮᠢᠶᠠᠷᠤᠯᠲᠠ ᠵᠡᠷᠭᠡ ᠶᠢ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ | ᠬᠡᠷᠡᠭᠵᠢᠭᠦᠯᠬᠦ ᠬᠡᠷᠡᠭᠲᠡᠶ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠪᠠᠶᠢᠭᠤᠯᠭ᠎ᠠ ᠶᠢᠨ ᠬᠡᠷᠡᠭ ᠶᠠᠪᠤᠳᠠᠯ ᠤᠨ ᠬᠠᠮᠢᠶᠠᠷᠤᠯᠲᠠ ᠶᠢ ᠬᠠᠷᠢᠭᠤᠴᠠᠵᠤ ᠪᠠᠶᠢᠭ᠎ᠠ ᠪᠠᠶᠢᠭᠤᠯᠤᠮᠵᠢ ᠨᠢ ᠠᠯᠪᠠᠨ | ᠶᠠᠪᠤᠳᠠᠯ ᠳᠤ ᠬᠡᠷᠡᠭᠯᠡᠬᠦ ᠲᠡᠷᠭᠡ ᠶᠢᠨ ᠲᠥᠪᠯᠡᠷᠡᠩᠭᠦᠶ ᠨᠢᠭᠡᠳᠦᠯᠲᠡᠶ ᠬᠠᠮᠢᠶᠠᠷᠤᠯᠲᠠ ᠶᠢ ᠴᠢᠩᠭᠠᠳᠬᠠᠵᠤ᠂ ᠣᠨᠳᠣᠤ ᠭᠠᠵᠠᠷ ᠬᠤᠯᠪᠣᠭᠠᠯᠠᠨ ᠬᠥᠳᠡᠯᠦᠯᠴᠡᠬᠦ ᠪᠠᠲᠤᠯᠠᠭ᠎ᠠ᠂ | ᠲᠤᠰ ᠱᠠᠲᠤᠨ ᠤ ᠪᠠᠶᠢᠭᠤᠯᠭ᠎ᠠ ᠶᠢᠨ ᠨᠢᠭᠡᠳᠦᠯᠲᠡᠶ ᠪᠠᠲᠤᠯᠠᠭ᠎ᠠ᠂ ᠨᠡᠶᠢᠭᠡᠮᠴᠢᠯᠡᠭᠰᠡᠨ ᠬᠤᠯᠪᠣᠭᠠᠯᠠᠨ ᠬᠥᠳᠡᠯᠦᠯᠴᠡᠬᠦ ᠪᠠᠲᠤᠯᠠᠭ᠎ᠠ ᠶᠢᠨ ᠲᠣᠭᠲᠠᠴᠠ ᠪᠠᠶᠢᠭᠤᠯᠬᠤ ᠶᠢ | ᠠᠬᠢᠭᠤᠯᠵᠤ᠂ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢᠨ ᠠᠵᠢᠯᠯᠠᠭᠠᠨ ᠤ ᠦᠷ᠎ᠡ ᠠᠰᠢᠭ ᠪᠣᠯᠤᠨ ᠪᠠᠲᠤᠯᠠᠭ᠎ᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ | ᠃ | ᠡᠯ᠎ᠡ ᠱᠠᠲᠤᠨ ᠤ ᠪᠠᠶᠢᠭᠤᠯᠭ᠎ᠠ ᠨᠢ ᠠᠯᠪᠠᠨ ᠶᠠᠪᠤᠳᠠᠯ ᠳᠤ ᠬᠡᠷᠡᠭᠯᠡᠬᠦ ᠡᠯ᠎ᠡ ᠲᠥᠷᠥᠯ ᠤᠨ ᠲᠡᠷᠭᠡ ᠶᠢ ᠮᠡᠳᠡᠭᠡ ᠵᠠᠩᠭᠢᠵᠢᠯᠲᠠ ᠶᠢᠨ ᠲᠠᠪᠴᠠᠩ ᠤᠨ ᠲᠥᠪᠯᠡᠷᠡᠩᠭᠦᠶ | ᠬᠠᠮᠢᠶᠠᠷᠤᠯᠲᠠ ᠳᠤ ᠣᠷᠣᠭᠤᠯᠵᠤ᠂ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢᠨ ᠬᠡᠷᠡᠭᠯᠡᠬᠦ ᠬᠠᠮᠢᠶᠠᠷᠤᠯᠲᠠ ᠶᠢᠨ ᠳᠦᠷᠢᠮ ᠢ ᠪᠦᠷᠢᠨᠰᠢᠭᠦᠯᠦᠨ ᠨᠠᠶᠢᠳᠠᠪᠤᠷᠢᠵᠢᠭᠤᠯᠵᠤ᠂ | ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢ ᠬᠠᠤᠯᠢ ᠲᠣᠭᠲᠠᠭᠠᠯ ᠠᠴᠠ ᠵᠥᠷᠢᠴᠡᠨ ᠲᠣᠬᠢᠷᠠᠭᠤᠯᠵᠤ᠂ ᠰᠢᠨᠡᠳᠬᠡᠵᠦ᠂ ᠬᠡᠷᠡᠭᠯᠡᠬᠦ ᠪᠠ ᠰᠢᠢᠳᠪᠦᠷᠢᠯᠡᠵᠦ ᠪᠣᠯᠬᠤ ᠦᠭᠡᠶ᠃ | ᠠᠷᠪᠠᠨ ᠲᠠᠪᠤᠳᠤᠭᠠᠷ ᠵᠤᠷᠪᠤᠰ ᠡᠯ᠎ᠡ ᠱᠠᠲᠤᠨ ᠤ ᠪᠠᠶᠢᠭᠤᠯᠭ᠎ᠠ ᠨᠢ ᠡᠳ᠋ ᠬᠥᠷᠥᠩᠭᠡ ᠲᠣᠬᠢᠷᠠᠭᠤᠯᠬᠤ ᠪᠠᠷᠢᠮᠵᠢᠶ᠎ᠠ ᠶᠢ ᠦᠨᠳᠦᠰᠦᠯᠡᠨ ᠠᠵᠢᠯᠯᠠᠬᠤ ᠲᠥᠬᠦᠭᠡᠷᠦᠮᠵᠢ | ᠪᠣᠯᠤᠨ ᠠᠵᠢᠯᠯᠠᠬᠤ ᠭᠡᠷ ᠤᠨ ᠬᠡᠷᠡᠭᠰᠡᠯ ᠢ ᠲᠣᠬᠢᠷᠠᠭᠤᠯᠬᠤ ᠬᠡᠷᠡᠭᠲᠡᠶ᠃ ᠨᠥᠬᠦᠴᠡᠯ ᠪᠦᠷᠢᠳᠦᠭᠦᠯᠦᠭᠰᠡᠨ ᠨᠢ᠂ ᠠᠳᠠᠯᠢ ᠱᠠᠲᠤᠨ ᠤ ᠪᠠᠶᠢᠭᠤᠯᠭ᠎ᠠ ᠶᠢᠨ ᠬᠡᠷᠡᠭ | ᠶᠠᠪᠤᠳᠠᠯ ᠤᠨ ᠬᠠᠮᠢᠶᠠᠷᠤᠯᠲᠠ ᠶᠢ ᠬᠠᠷᠢᠭᠤᠴᠠᠵᠤ ᠪᠠᠶᠢᠭ᠎ᠠ ᠪᠠᠶᠢᠭᠤᠯᠤᠮᠵᠢ ᠠᠴᠠ ᠡᠳ᠋ ᠤᠨ ᠵᠠᠰᠠᠭ ᠤᠨ ᠰᠠᠯᠠᠭ᠎ᠠ ᠮᠥᠴᠢᠷ ᠲᠠᠢ ᠬᠠᠮᠲᠤᠷᠠᠨ ᠨᠢᠭᠡᠳᠦᠯᠲᠡᠶ ᠲᠣᠬᠢᠷᠠᠭᠤᠯᠬᠤ | ᠬᠡᠷᠡᠭᠲᠡᠶ᠃ | ᠠᠷᠪᠠᠨ ᠵᠢᠷᠭᠤᠳᠤᠭᠠᠷ ᠵᠤᠷᠪᠤᠰ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ | ᠪᠣᠯᠤᠨ ᠪᠠᠶᠢᠭᠤᠯᠭ᠎ᠠ ᠶᠢᠨ ᠬᠡᠷᠡᠭ ᠶᠠᠪᠤᠳᠠᠯ ᠤᠨ ᠬᠠᠮᠢᠶᠠᠷᠤᠯᠲᠠ ᠶᠢ ᠬᠠᠷᠢᠭᠤᠴᠠᠵᠤ ᠪᠠᠶᠢᠭ᠎ᠠ ᠪᠠᠶᠢᠭᠤᠯᠤᠮᠵᠢ ᠨᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ | ᠬᠤᠪᠢᠶᠠᠷᠢᠯᠠᠯ ᠶᠣᠰᠣᠭᠠᠷ ᠠᠯᠪᠠᠨ ᠤ ᠪᠣᠳᠠᠰ ᠤᠨ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠪᠠᠶᠢᠭᠤᠯᠭ᠎ᠠ ᠶᠢᠨ ᠦᠷ᠎ᠡ ᠠᠰᠢᠭ ᠢᠶᠠᠷ ᠳᠣᠤᠷ᠎ᠠ᠂ | ᠰᠤᠯᠠ ᠪᠠᠶᠢᠭ᠎ᠠ ᠡᠳ᠋ ᠬᠥᠷᠥᠩᠭᠡ ᠶᠢ ᠪᠦᠲᠦᠮᠵᠢᠲᠡᠶ ᠪᠠᠷ ᠡᠮᠬᠢᠯᠡᠨ ᠨᠡᠶᠢᠯᠡᠭᠦᠯᠵᠦ᠂ ᠠᠮᠢᠳᠤᠯᠢᠭᠵᠢᠭᠤᠯᠤᠨ ᠠᠰᠢᠭᠯᠠᠵᠤ᠂ ᠦᠷ᠎ᠡ ᠠᠰᠢᠭ ᠢᠶᠠᠷ ᠳᠣᠤᠷ᠎ᠠ᠂ ᠰᠤᠯᠠ | ᠪᠠᠶᠢᠭ᠎ᠠ ᠡᠳ᠋ ᠬᠥᠷᠥᠩᠭᠡ ᠵᠢᠴᠢ ᠴᠢᠬᠤᠯᠠ ᠬᠤᠷᠠᠯ᠂ ᠴᠢᠬᠤᠯᠠ ᠶᠡᠭᠡ ᠠᠵᠢᠯᠯᠠᠭ᠎ᠠ ᠶᠢᠨ ᠡᠳ᠋ ᠬᠥᠷᠥᠩᠭᠡ ᠶᠢ ᠨᠡᠶᠢᠲᠡ ᠶᠢᠨ ᠪᠣᠳᠠᠰ ᠤᠨ ᠬᠥᠮᠥᠷᠭᠡ ᠶᠢᠨ | ᠬᠠᠮᠢᠶᠠᠷᠤᠯᠲᠠ ᠳᠤ ᠣᠷᠣᠭᠤᠯᠵᠤ᠂ ᠬᠠᠮᠢᠶ᠎ᠠ ᠪᠦᠬᠦᠢ ᠪᠣᠳᠠᠲᠠᠶ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠮᠡᠳᠡᠭᠡ ᠵᠠᠩᠭᠢᠵᠢᠯᠲᠠ ᠶᠢᠨ | ᠲᠠᠪᠴᠠᠩ ᠤᠨ ᠬᠡᠷᠡᠭᠯᠡᠯᠲᠡ ᠶᠢ ᠴᠢᠩᠭᠠᠳᠬᠠᠨ᠂ ᠡᠳ᠋ ᠬᠥᠷᠥᠩᠭᠡ ᠶᠢ ᠡᠷᠭᠢᠯᠳᠦᠭᠦᠯᠦᠨ ᠠᠰᠢᠭᠯᠠᠬᠤ ᠪᠠ ᠬᠠᠮᠲᠤ ᠪᠠᠷ ᠬᠦᠷᠲᠡᠵᠦ ᠬᠠᠮᠲᠤ ᠪᠠᠷ ᠬᠡᠷᠡᠭᠯᠡᠬᠦ ᠶᠢ | ᠠᠬᠢᠭᠤᠯᠬᠤ ᠬᠡᠷᠡᠭᠲᠡᠶ᠃ | ᠴᠢᠬᠤᠯᠠ ᠬᠤᠷᠠᠯ᠂ ᠴᠢᠬᠤᠯᠠ ᠶᠡᠭᠡ ᠠᠵᠢᠯᠯᠠᠭ᠎ᠠ᠂ ᠲᠦᠷ ᠴᠠᠭ ᠤᠨ ᠪᠠᠶᠢᠭᠤᠯᠤᠮᠵᠢ ᠪᠣᠯᠤᠨ ᠠᠳᠠᠯᠢ ᠱᠠᠲᠤᠨ ᠤ ᠪᠠᠶᠢᠭᠤᠯᠭ᠎ᠠ ᠨᠢ ᠡᠳ᠋ ᠬᠥᠷᠥᠩᠭᠡ | ᠲᠣᠬᠢᠷᠠᠭᠤᠯᠬᠤ ᠴᠢᠬᠤᠯᠠ ᠲᠠᠢ ᠪᠣᠯ ᠂ ᠤᠷᠢᠳᠠᠪᠠᠷ ᠨᠡᠶᠢᠲᠡ ᠶᠢᠨ ᠡᠳ᠋ ᠤᠨ ᠬᠥᠮᠥᠷᠭᠡ ᠠᠴᠠ ᠲᠣᠬᠢᠷᠠᠭᠤᠯᠤᠨ ᠬᠡᠷᠡᠭᠯᠡᠬᠦ ᠬᠡᠷᠡᠭᠲᠡᠶ᠃ | ᠠᠷᠪᠠᠨ ᠳᠣᠯᠣᠳᠤᠭᠠᠷ ᠵᠤᠷᠪᠤᠰ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠪᠠᠶᠢᠭᠤᠯᠭ᠎ᠠ ᠶᠢᠨ ᠬᠡᠷᠡᠭ ᠶᠠᠪᠤᠳᠠᠯ ᠤᠨ ᠬᠠᠮᠢᠶᠠᠷᠤᠯᠲᠠ ᠶᠢ ᠬᠠᠷᠢᠭᠤᠴᠠᠵᠤ | ᠪᠠᠶᠢᠭ᠎ᠠ ᠪᠠᠶᠢᠭᠤᠯᠤᠮᠵᠢ ᠨᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠪᠠᠶᠢᠭᠤᠯᠭ᠎ᠠ ᠶᠢᠨ ᠰᠤᠯᠠ ᠪᠠᠶᠢᠭ᠎ᠠ ᠡᠳ᠋ | ᠬᠥᠷᠥᠩᠭᠡ ᠶᠢ ᠪᠠᠶᠢᠭᠤᠯᠭ᠎ᠠ ᠶᠢᠨ ᠠᠵᠢᠯᠯᠠᠭᠠᠨ ᠳᠤ ᠬᠡᠷᠡᠭᠰᠡᠬᠦ ᠪᠤᠰᠤᠳ ᠡᠳ᠋ ᠬᠥᠷᠥᠩᠭᠡ ᠪᠣᠯᠭᠠᠨ ᠰᠣᠯᠢᠵᠤ ᠪᠣᠯᠤᠨ᠎ᠠ᠃ | ᠡᠯ᠎ᠡ ᠱᠠᠲᠤᠨ ᠤ ᠪᠠᠶᠢᠭᠤᠯᠭ᠎ᠠ ᠶᠢᠨ ᠳᠣᠲᠣᠭᠠᠳᠤ ᠳᠤ ᠲᠣᠬᠢᠷᠠᠭᠤᠯᠤᠨ ᠠᠰᠢᠭᠯᠠᠬᠤ ᠶᠢᠨ ᠠᠷᠭ᠎ᠠ ᠦᠭᠡᠶ ᠬᠡᠷᠡᠭᠯᠡᠯᠲᠡ ᠶᠢᠨ ᠥᠷᠲᠡᠭ ᠨᠢ ᠶᠡᠭᠡ᠂ ᠠᠰᠢᠭᠯᠠᠬᠤ | ᠬᠡᠪᠴᠢᠶ᠎ᠡ ᠨᠢ ᠥᠷᠭᠡᠨ ᠳᠣᠣᠷ᠎ᠠ ᠦᠷ᠎ᠡ ᠪᠦᠲᠦᠮᠵᠢ ᠲᠠᠢ ᠂ ᠰᠤᠯᠠ ᠪᠠᠶᠢᠬᠤ ᠡᠳ᠋ ᠬᠥᠷᠥᠩᠭᠡ ᠶᠢ ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠡᠳ᠋ ᠤᠨ | ᠵᠠᠰᠠᠭ ᠤᠨ ᠰᠠᠯᠠᠭ᠎ᠠ ᠮᠥᠴᠢᠷ ᠪᠣᠯᠤᠨ ᠪᠠᠶᠢᠭᠤᠯᠭ᠎ᠠ ᠶᠢᠨ ᠬᠡᠷᠡᠭ ᠶᠠᠪᠤᠳᠠᠯ ᠤᠨ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ | ᠶᠣᠰᠣᠭᠠᠷ ᠰᠠᠯᠠᠭ᠎ᠠ ᠮᠥᠴᠢᠷ᠂ ᠭᠠᠵᠠᠷ ᠣᠷᠣᠨ ᠠᠯᠤᠰᠯᠠᠭᠰᠠᠨ᠂ ᠳᠡᠰ ᠳᠠᠪᠬᠤᠷᠭ᠎ᠠ ᠠᠯᠤᠰᠯᠠᠨ ᠲᠣᠬᠢᠷᠠᠭᠤᠯᠵᠤ ᠪᠣᠯᠤᠨ᠎ᠠ᠃ | ᠲᠣᠬᠢᠷᠠᠭᠤᠯᠤᠨ ᠬᠡᠷᠡᠭᠯᠡᠬᠦ᠂ ᠬᠡᠷᠡᠭᠴᠡᠭᠡ ᠶᠢ ᠣᠯᠠᠷᠢᠭᠤᠯᠬᠤ ᠂ ᠰᠣᠯᠢᠬᠤ᠂ ᠲᠦᠷᠢᠶᠡᠰᠦᠯᠡᠭᠦᠯᠬᠦ ᠵᠡᠷᠭᠡ ᠠᠷᠭ᠎ᠠ ᠮᠠᠶ᠋ᠢᠭ ᠢᠶᠠᠷ ᠰᠢᠢᠳᠪᠦᠷᠢᠯᠡᠵᠦ ᠠᠰᠢᠭᠯᠠᠬᠤ ᠶᠢᠨ | ᠠᠷᠭ᠎ᠠ ᠦᠭᠡᠢ ᠰᠤᠯᠠ ᠪᠠᠶᠢᠬᠤ ᠡᠳ᠋ ᠬᠥᠷᠥᠩᠭᠡ ᠶᠢ ᠂ ᠲᠣᠭᠲᠠᠭᠠᠭᠰᠠᠨ ᠵᠢᠷᠣᠮ ᠶᠣᠰᠣᠭᠠᠷ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠢᠶᠠᠷ | ᠳᠠᠮᠵᠢᠭᠤᠯᠤᠨ ᠬᠠᠤᠯᠢ ᠶᠣᠰᠣᠭᠠᠷ ᠢᠯᠡ ᠪᠠᠷ ᠦᠨ᠎ᠡ ᠬᠠᠶᠠᠯᠴᠠᠨ ᠬᠤᠳᠠᠯᠳᠤᠵᠤ ᠪᠣᠯᠤᠨ᠎ᠠ᠃ ᠰᠤᠯᠠ ᠪᠠᠶᠢᠭ᠎ᠠ ᠡᠳ᠋ ᠬᠥᠷᠥᠩᠭᠡ ᠶᠢ ᠲᠦᠷᠢᠶᠡᠰᠦᠯᠡᠭᠦᠯᠦᠭᠰᠡᠨ᠂ ᠦᠨ᠎ᠡ | ᠬᠠᠶᠠᠯᠴᠠᠨ ᠬᠤᠳᠠᠯᠳᠤᠭᠰᠠᠨ ᠵᠡᠷᠭᠡ ᠰᠢᠢᠳᠪᠦᠷᠢᠯᠡᠭᠰᠡᠨ ᠣᠷᠣᠯᠭ᠎ᠠ ᠶᠢ ᠵᠠᠰᠠᠭ ᠤᠨ ᠣᠷᠳᠣᠨ ᠤ ᠭᠠᠶᠢᠯᠢ ᠶᠢᠨ ᠪᠤᠰᠤ ᠣᠷᠣᠯᠭ᠎ᠠ ᠪᠣᠯᠤᠨ ᠤᠯᠤᠰ ᠤᠨ ᠬᠥᠮᠥᠷᠭᠡ ᠶᠢᠨ | ᠲᠥᠪᠯᠡᠷᠡᠭᠦᠯᠦᠨ ᠬᠤᠷᠢᠶᠠᠬᠤ ᠳᠦᠷᠢᠮ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠠᠮᠢᠶᠠᠷᠬᠤ ᠬᠡᠷᠡᠭᠲᠡᠶ᠃ | ᠭᠤᠷᠪᠠᠳᠤᠭᠠᠷ ᠪᠦᠯᠦᠭ ᠵᠠᠷᠤᠳᠠᠯ ᠤᠨ ᠬᠡᠷᠡᠭᠯᠡᠯᠲᠡ | ᠠᠷᠪᠠᠨ ᠨᠠᠢᠮᠠᠳᠤᠭᠠᠷ ᠵᠤᠷᠪᠤᠰ ᠪᠠᠶᠢᠭᠤᠯᠭ᠎ᠠ ᠶᠢᠨ ᠠᠵᠢᠯᠯᠠᠭᠠᠨ ᠤ ᠪᠠᠲᠤᠯᠠᠭ᠎ᠠ ᠶᠢᠨ ᠬᠡᠷᠡᠭᠰᠡᠬᠦ ᠵᠠᠷᠤᠳᠠᠯ ᠢ ᠲᠥᠰᠦᠪ ᠤᠨ ᠬᠠᠮᠢᠶᠠᠷᠤᠯᠲᠠ ᠶᠢᠨ ᠲᠣᠭᠲᠠᠭᠠᠯ | ᠶᠣᠰᠣᠭᠠᠷ ᠪᠠᠲᠤᠯᠠᠬᠤ ᠬᠡᠷᠡᠭᠲᠡᠶ ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠪᠠᠶᠢᠭᠤᠯᠭ᠎ᠠ ᠶᠢᠨ ᠬᠡᠷᠡᠭ ᠶᠠᠪᠤᠳᠠᠯ ᠤᠨ ᠬᠠᠮᠢᠶᠠᠷᠤᠯᠲᠠ ᠶᠢ ᠬᠠᠷᠢᠭᠤᠴᠠᠵᠤ ᠪᠠᠶᠢᠭ᠎ᠠ ᠪᠠᠶᠢᠭᠤᠯᠤᠮᠵᠢ ᠨᠢ ᠲᠤᠰ | ᠱᠠᠲᠤᠨ ᠤ ᠪᠠᠶᠢᠭᠤᠯᠭ᠎ᠠ ᠶᠢᠨ ᠠᠵᠢᠯᠯᠠᠭᠠᠨ ᠤ ᠪᠠᠲᠤᠯᠠᠭ᠎ᠠ ᠶᠢᠨ ᠣᠨ ᠤ ᠲᠥᠯᠥᠪᠯᠡᠭᠡ ᠲᠣᠭᠲᠠᠭᠠᠵᠤ᠂ ᠬᠠᠮᠢᠶᠠᠷᠤᠯᠲᠠ ᠶᠢᠨ ᠵᠤᠷᠪᠤᠰ ᠢᠶᠠᠨ ᠨᠢᠭᠡᠳᠦᠯᠲᠡᠶ | ᠲᠥᠯᠥᠪᠵᠢᠭᠦᠯᠬᠦ ᠪᠠ ᠵᠦᠢ ᠵᠣᠬᠢᠰᠲᠠᠶ ᠲᠣᠬᠢᠷᠠᠭᠤᠯᠵᠤ᠂ ᠪᠠᠶᠢᠭᠤᠯᠭ᠎ᠠ ᠶᠢᠨ ᠬᠡᠷᠡᠭᠯᠡᠬᠦ ᠭᠠᠵᠠᠷ ᠤᠨ ᠲᠥᠯᠥᠪᠵᠢᠭᠦᠯᠭᠡ ᠬᠢᠵᠦ ᠠᠰᠢᠭᠯᠠᠬᠤ ᠂ ᠠᠯᠪᠠᠨ ᠤ ᠬᠡᠷᠡᠭᠯᠡᠭᠡᠨ ᠤ | ᠭᠡᠷ ᠪᠠᠶᠢᠰᠢᠩ ᠲᠣᠬᠢᠷᠠᠭᠤᠯᠬᠤ ᠪᠠ ᠶᠡᠭᠡ ᠳᠤᠮᠳᠠ ᠵᠡᠷᠭᠡ ᠶᠢᠨ ᠵᠠᠰᠠᠪᠤᠷᠢ ᠣᠷᠣᠭᠤᠯᠬᠤ᠂ ᠠᠯᠪᠠᠨ ᠶᠠᠪᠤᠳᠠᠯ ᠤᠨ ᠬᠥᠮᠥᠷᠭᠡ ᠶᠢᠨ ᠬᠠᠮᠢᠶᠠᠷᠤᠯᠲᠠ ᠤᠨ ᠠᠵᠢᠯᠯᠠᠭᠠᠨ᠂ | ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠲᠣᠬᠢᠷᠠᠭᠤᠯᠬᠤ ᠪᠠ ᠰᠢᠨᠡᠳᠬᠡᠬᠦ᠂ ᠡᠨᠧᠷᠭᠢ ᠠᠷᠪᠢᠯᠠᠬᠤ ᠬᠠᠮᠢᠶᠠᠷᠤᠯᠲᠠ᠂ ᠲᠥᠪᠯᠡᠷᠡᠩᠭᠦᠶ ᠬᠡᠷᠡᠭᠵᠢᠭᠦᠯᠬᠦ ᠠᠷᠤ ᠲᠠᠯ᠎ᠠ ᠶᠢᠨ | ᠦᠢᠯᠡᠴᠢᠯᠡᠭᠡ ᠵᠡᠷᠭᠡ ᠪᠠᠶᠢᠭᠤᠯᠭ᠎ᠠ ᠶᠢᠨ ᠠᠵᠢᠯᠯᠠᠭᠠᠨ ᠤ ᠵᠤᠷᠪᠤᠰ ᠤᠨ ᠪᠠᠲᠤᠯᠠᠭ᠎ᠠ ᠶᠢᠨ ᠲᠥᠯᠥᠪᠯᠡᠭᠡ ᠶᠢ ᠨᠢᠭᠡᠳᠦᠯᠲᠡᠶ ᠲᠣᠭᠲᠠᠭᠠᠵᠤ᠂ ᠵᠣᠬᠢᠴᠠᠩᠭᠤᠶ ᠪᠦᠬᠦᠢ | ᠵᠠᠷᠤᠳᠠᠯ ᠤᠨ ᠬᠡᠷᠡᠭᠴᠡᠭᠡ ᠱᠠᠭᠠᠷᠳᠠᠯᠭ᠎ᠠ ᠳᠤᠷᠠᠳᠴᠤ᠂ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ | ᠮᠡᠳᠡᠭᠦᠯᠵᠦ ᠬᠢᠨᠠᠨ ᠲᠣᠭᠲᠠᠭᠠᠯᠭᠠᠵᠤ ᠲᠦᠰᠦᠪ ᠢᠶᠠᠨ ᠲᠣᠭᠲᠠᠭᠠᠬᠤ ᠬᠡᠷᠡᠭᠲᠡᠶ᠃ | ᠠᠷᠪᠠ ᠶᠢᠰᠦᠳᠦᠭᠡᠷ ᠵᠤᠷᠪᠤᠰ ᠡᠯ᠎ᠡ ᠱᠠᠲᠤᠨ ᠤ ᠪᠠᠶᠢᠭᠤᠯᠭ᠎ᠠ ᠨᠢ ᠲᠤᠰ ᠪᠠᠶᠢᠭᠤᠯᠭ᠎ᠠ ᠵᠢᠴᠢ ᠬᠠᠷᠢᠶ᠎ᠠ ᠨᠢᠭᠡᠴᠢ ᠶᠢᠨ ᠢᠶᠠᠨ ᠠᠵᠢᠯᠯᠠᠭᠠᠨ ᠤ ᠪᠠᠲᠤᠯᠠᠭ᠎ᠠ ᠶᠢᠨ | ᠬᠡᠷᠡᠭᠴᠡᠭᠡ ᠶᠢ ᠦᠨᠳᠦᠰᠦᠯᠡᠨ᠂ ᠣᠨ ᠤ ᠪᠠᠲᠤᠯᠠᠭ᠎ᠠ ᠶᠢᠨ ᠲᠦᠯᠣᠪᠵᠢᠭᠦᠯᠭᠡ ᠲᠣᠭᠲᠠᠭᠠᠵᠤ᠂ ᠬᠡᠷᠡᠭᠰᠡᠬᠦ ᠪᠡᠯᠡ ᠮᠥᠩᠭᠦ ᠶᠢ ᠰᠠᠯᠠᠭ᠎ᠠ ᠮᠥᠴᠢᠷ ᠤᠨ ᠲᠥᠰᠦᠪ ᠢᠶᠠᠷ | ᠳᠠᠮᠵᠢᠭᠤᠯᠤᠨ ᠲᠣᠬᠢᠷᠠᠭᠤᠯᠬᠤ ᠬᠡᠷᠡᠭᠲᠡᠶ᠃ | ᠬᠤᠷᠢᠳᠤᠭᠠᠷ ᠵᠤᠷᠪᠤᠰ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠪᠠᠶᠢᠭᠤᠯᠭ᠎ᠠ ᠶᠢᠨ ᠬᠡᠷᠡᠭ ᠶᠠᠪᠤᠳᠠᠯ ᠤᠨ ᠬᠠᠮᠢᠶᠠᠷᠤᠯᠲᠠ ᠶᠢ ᠬᠠᠷᠢᠭᠤᠴᠠᠵᠤ ᠪᠠᠶᠢᠭ᠎ᠠ | ᠪᠠᠶᠢᠭᠤᠯᠤᠮᠵᠢ ᠨᠢ ᠲᠤᠰ ᠱᠠᠲᠤᠨ ᠤ ᠪᠠᠶᠢᠭᠤᠯᠭ᠎ᠠ ᠶᠢᠨ ᠠᠵᠢᠯᠯᠠᠭᠠᠨ ᠢ ᠪᠠᠲᠤᠯᠠᠬᠤ ᠪᠣᠳᠠᠲᠤ ᠪᠣᠳᠠᠰ ᠤᠨ ᠨᠤᠷᠮ᠎ᠠ ᠪᠣᠯᠤᠨ ᠦᠢᠯᠡᠴᠢᠯᠡᠭᠡᠨ ᠤ ᠪᠠᠷᠢᠮᠵᠢᠶ᠎ᠠ ᠶᠢ | ᠲᠣᠭᠲᠠᠭᠠᠬᠤ ᠶᠢᠨ ᠬᠠᠮᠲᠤ ᠴᠠᠭ ᠲᠤᠨᠢ ᠲᠣᠬᠢᠷᠠᠭᠤᠯᠤᠨ ᠬᠥᠳᠡᠯᠦᠩᠭᠦᠶ ᠲᠣᠬᠢᠷᠠᠭᠤᠯᠤᠯᠲᠠ ᠬᠢᠬᠦ ᠬᠡᠷᠡᠭᠲᠡᠶ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠪᠣᠳᠠᠲᠤ ᠪᠣᠳᠠᠰ ᠤᠨ | ᠨᠣᠷᠮ᠎ᠠ ᠪᠣᠯᠤᠨ ᠦᠢᠯᠡᠴᠢᠯᠡᠭᠡᠨ ᠤ ᠪᠠᠷᠢᠮᠵᠢᠶ᠎ᠠ ᠶᠢ ᠦᠨᠳᠦᠰᠦᠯᠡᠨ᠂ ᠬᠤᠯᠪᠣᠭᠳᠠᠯ ᠪᠦᠬᠦᠢ ᠪᠠᠷᠠᠭ᠎ᠠ ᠪᠣᠯᠤᠨ ᠦᠢᠯᠡᠴᠢᠯᠡᠭᠡᠨ ᠤ ᠵᠠᠬ᠎ᠠ ᠳᠡᠯᠭᠡᠭᠦᠷ ᠤᠨ ᠦᠨ᠎ᠡ | ᠬᠠᠩᠰᠢ ᠪᠠᠷ ᠯᠠᠪᠯᠠᠯᠲᠠ ᠪᠣᠯᠭᠠᠵᠤ᠂ ᠪᠠᠶᠢᠭᠤᠯᠭ᠎ᠠ ᠶᠢᠨ ᠠᠵᠢᠯᠯᠠᠭᠠᠨ ᠤ ᠵᠠᠷᠤᠳᠠᠯ ᠤᠨ ᠲᠥᠰᠦᠪ ᠤᠨ ᠵᠠᠷᠤᠯᠭ᠎ᠠ ᠶᠢᠨ ᠲᠣᠭᠲᠠᠭᠰᠠᠨ ᠨᠣᠷᠮ᠎ᠠ ᠶᠢᠨ ᠪᠠᠷᠢᠮᠵᠢᠶ᠎ᠠ ᠪᠣᠯᠤᠨ | ᠬᠤᠯᠪᠣᠭᠳᠠᠯ ᠪᠦᠬᠦᠢ ᠵᠠᠷᠤᠯᠭ᠎ᠠ ᠶᠢᠨ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠲᠣᠭᠲᠠᠭᠠᠬᠤ ᠬᠡᠷᠡᠭᠲᠡᠶ᠃ | ᠬᠤᠷᠢᠨ ᠨᠢᠭᠡᠳᠦᠭᠡᠷ ᠵᠤᠷᠪᠤᠰ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠪᠠᠶᠢᠭᠤᠯᠭ᠎ᠠ ᠶᠢᠨ ᠬᠡᠷᠡᠭ ᠶᠠᠪᠤᠳᠠᠯ ᠤᠨ ᠬᠠᠮᠢᠶᠠᠷᠤᠯᠲᠠ ᠶᠢ ᠬᠠᠷᠢᠭᠤᠴᠠᠵᠤ | ᠪᠠᠶᠢᠭ᠎ᠠ ᠪᠠᠶᠢᠭᠤᠯᠤᠮᠵᠢ ᠨᠢ ᠪᠠᠶᠢᠭᠤᠯᠭ᠎ᠠ ᠶᠢᠨ ᠠᠵᠢᠯᠯᠠᠭᠠᠨ ᠤ ᠪᠠᠲᠤᠯᠠᠭ᠎ᠠ ᠶᠢᠨ ᠬᠠᠩᠭᠠᠯᠭ᠎ᠠ ᠶᠢᠨ ᠨᠡᠶᠢᠭᠡᠮᠴᠢᠯᠡᠯᠲᠡ ᠶᠢ ᠠᠬᠢᠭᠤᠯᠵᠤ᠂ ᠨᠡᠶᠢᠭᠡᠮᠴᠢᠯᠡᠭᠰᠡᠨ | ᠪᠠᠲᠤᠯᠠᠭ᠎ᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠬᠦ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠪᠠᠶᠢᠭᠤᠯᠭ᠎ᠠ ᠶᠢᠨ ᠬᠡᠷᠡᠭ ᠶᠠᠪᠤᠳᠠᠯ ᠤᠨ ᠬᠠᠮᠢᠶᠠᠷᠤᠯᠲᠠ ᠶᠢᠨ | ᠲᠣᠪᠴᠢᠶ᠎ᠠ ᠨᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠪᠠᠶᠢᠭᠤᠯᠭ᠎ᠠ ᠶᠢᠨ ᠠᠵᠢᠯᠯᠠᠭᠠᠨ ᠤ ᠪᠠᠲᠤᠯᠠᠭ᠎ᠠ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ | ᠵᠢᠯᠣᠭᠤᠳᠤᠯᠭ᠎ᠠ ᠶᠢᠨ ᠭᠠᠷᠴᠠᠭ ᠢ ᠲᠣᠭᠲᠠᠭᠠᠵᠤ᠂ ᠨᠡᠶᠢᠭᠡᠮᠴᠢᠯᠡᠭᠰᠡᠨ ᠦᠢᠯᠡᠴᠢᠯᠡᠭᠡᠨ ᠤ ᠲᠥᠷᠥᠯ ᠵᠤᠷᠪᠤᠰ ᠪᠣᠯᠤᠨ ᠨᠣᠷᠮ᠎ᠠ ᠶᠢᠨ ᠪᠠᠷᠢᠮᠵᠢᠶ᠎ᠠ ᠶᠢ ᠵᠦᠢ ᠵᠣᠬᠢᠰᠲᠠᠶ | ᠲᠣᠭᠲᠠᠭᠠᠬᠤ ᠬᠡᠷᠡᠭᠲᠡᠶ᠃ | ᠵᠢᠯᠣᠭᠤᠳᠬᠤ ᠭᠠᠷᠴᠠᠭ ᠲᠤ ᠵᠢᠭᠰᠠᠭᠠᠨ ᠣᠷᠣᠭᠤᠯᠤᠭᠰᠠᠨ ᠦᠢᠯᠡᠴᠢᠯᠡᠭᠡᠨ ᠤ ᠲᠥᠷᠥᠯ ᠵᠤᠷᠪᠤᠰ ᠳᠤ᠂ ᠡᠯ᠎ᠡ ᠱᠠᠲᠤᠨ ᠤ ᠪᠠᠶᠢᠭᠤᠯᠭ᠎ᠠ ᠨᠢ ᠬᠢᠮᠳᠠ ᠪᠥᠭᠡᠳ | ᠳᠣᠭᠢᠷᠬᠠᠰᠠᠨ ᠵᠠᠷᠴᠢᠮ ᠶᠣᠰᠣᠭᠠᠷ᠂ ᠬᠠᠤᠯᠢ ᠶᠣᠰᠣᠭᠠᠷ ᠵᠠᠬ᠎ᠠ ᠳᠡᠯᠭᠡᠭᠦᠷ ᠤᠨ ᠭᠤᠤᠯ ᠴᠣᠭᠴᠠ ᠳᠤ ᠬᠠᠨᠳᠤᠨ ᠢᠯᠡ ᠪᠠᠷ ᠰᠢᠯᠢᠳᠡᠭ ᠢ ᠨᠢ ᠰᠣᠩᠭᠤᠵᠤ ᠬᠤᠳᠠᠯᠳᠤᠨ | ᠠᠪᠴᠤ ᠪᠣᠯᠤᠨ᠎ᠠ᠃ ᠵᠠᠰᠠᠭ ᠤᠨ ᠣᠷᠳᠣᠨ ᠤ ᠬᠤᠳᠠᠯᠳᠤᠨ ᠠᠪᠬᠤ ᠬᠦᠷᠢᠶ᠎ᠡ ᠬᠡᠪᠴᠢᠶᠡᠨ ᠳᠤ ᠬᠠᠷᠢᠶᠠᠯᠠᠭᠳᠠᠪᠠᠯ᠂ ᠵᠠᠰᠠᠭ ᠤᠨ ᠣᠷᠳᠣᠨ ᠤ ᠬᠤᠳᠠᠯᠳᠤᠨ ᠠᠪᠬᠤ | ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠶᠣᠰᠣᠭᠠᠷ ᠬᠡᠷᠡᠭᠵᠢᠭᠦᠯᠬᠦ ᠬᠡᠷᠡᠭᠲᠡᠶ᠃ | ᠬᠤᠷᠢᠨ ᠬᠤᠶᠠᠳᠤᠭᠠᠷ ᠵᠤᠷᠪᠤᠰ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠪᠠᠶᠢᠭᠤᠯᠭ᠎ᠠ ᠶᠢᠨ ᠬᠡᠷᠡᠭ ᠶᠠᠪᠤᠳᠠᠯ ᠤᠨ ᠬᠠᠮᠢᠶᠠᠷᠤᠯᠲᠠ ᠶᠢ ᠬᠠᠷᠢᠭᠤᠴᠠᠵᠤ | ᠪᠠᠶᠢᠭ᠎ᠠ ᠪᠠᠶᠢᠭᠤᠯᠤᠮᠵᠢ ᠨᠢ ᠠᠳᠠᠯᠢ ᠱᠠᠲᠤᠨ ᠤ ᠠᠷᠠᠳ ᠤᠨ ᠵᠠᠰᠠᠭ ᠤᠨ ᠣᠷᠳᠣᠨ ᠤ ᠡᠳ᠋ ᠤᠨ ᠵᠠᠰᠠᠭ᠂ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠲᠠᠢ ᠬᠠᠮᠲᠤᠷᠠᠨ | ᠤᠯᠤᠰ ᠠᠴᠠ ᠲᠣᠭᠲᠠᠭᠠᠭᠰᠠᠨ ᠪᠠᠶᠢᠭᠤᠯᠭ᠎ᠠ ᠶᠢᠨ ᠠᠵᠢᠯᠯᠠᠭᠠᠨ ᠤ ᠥᠪᠡᠷ ᠤᠨ ᠥᠷᠲᠡᠭ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠳᠦᠷᠢᠮ ᠢ | ᠨᠠᠶᠢᠳᠠᠪᠤᠷᠢᠵᠢᠭᠤᠯᠵᠤ᠂ ᠪᠠᠶᠢᠭᠤᠯᠭ᠎ᠠ ᠶᠢᠨ ᠠᠵᠢᠯᠯᠠᠭᠠᠨ ᠤ ᠥᠪᠡᠷ ᠤᠨ ᠥᠷᠲᠡᠭ ᠤᠨ ᠲᠤᠭ᠎ᠠ ᠪᠦᠷᠢᠳᠬᠡᠯ᠂ ᠵᠠᠳᠠᠯᠤᠯᠲᠠ᠂ ᠦᠨᠡᠯᠡᠯᠲᠡ ᠵᠡᠷᠭᠡ ᠠᠵᠢᠯ ᠢ ᠲᠣᠭᠲᠠᠮᠠᠯ | ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠥᠷᠨᠢᠭᠦᠯᠬᠦ ᠶᠢᠨ ᠬᠠᠮᠲᠤ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠳᠬᠠᠬᠤ ᠬᠡᠷᠡᠭᠲᠡᠶ᠃ | ᠳᠥᠷᠪᠡᠳᠦᠭᠡᠷ ᠪᠦᠯᠦᠭ ᠡᠬᠢ ᠪᠠᠶᠠᠯᠢᠭ ᠢ ᠠᠷᠪᠢᠯᠠᠬᠤ | ᠬᠤᠷᠢᠨ ᠭᠤᠷᠪᠠᠳᠤᠭᠠᠷ ᠵᠤᠷᠪᠤᠰ ᠡᠯ᠎ᠡ ᠱᠠᠲᠤᠨ ᠤ ᠪᠠᠶᠢᠭᠤᠯᠭ᠎ᠠ ᠨᠢ ᠪᠣᠬᠢᠷᠲᠤᠯ ᠦᠭᠡᠢ ᠬᠥᠭᠵᠢᠯᠲᠡ ᠶᠢᠨ ᠣᠨᠣᠯᠵᠢᠬᠤᠨ ᠢ ᠦᠢᠯᠡᠳᠦᠯᠭᠡᠵᠢᠭᠦᠯᠵᠦ᠂ ᠲᠣᠪᠴᠢ | ᠬᠤᠷᠢᠶᠠᠩᠭᠤᠢ ᠪᠥᠭᠡᠳ ᠲᠣᠬᠢᠷᠠᠮᠵᠢᠲᠠᠶ᠂ ᠪᠣᠬᠢᠷᠲᠤᠯ ᠦᠭᠡᠢ ᠪᠥᠭᠡᠳ ᠳᠣᠣᠷ᠎ᠠ ᠨᠡᠭᠦᠷᠡᠰᠦᠲᠦᠷᠦᠭᠴᠢᠲᠦ ᠶᠢᠨ ᠠᠵᠢᠯ ᠤᠨ ᠠᠷᠭ᠎ᠠ ᠮᠠᠶ᠋ᠢᠭ᠂ ᠠᠮᠢᠳᠤᠷᠠᠯ ᠤᠨ ᠠᠷᠭ᠎ᠠ | ᠮᠠᠶ᠋ᠢᠭ ᠢ ᠰᠠᠨᠠᠭᠠᠴᠢᠯᠠᠨ᠂ ᠪᠦᠷᠢᠯᠭᠡᠨ ᠰᠦᠢᠳᠬᠡᠬᠦ ᠦᠢᠯᠡ ᠠᠵᠢᠯᠯᠠᠭ᠎ᠠ ᠶᠢ ᠡᠰᠡᠷᠭᠦᠴᠡᠵᠦ᠂ ᠠᠷᠪᠢᠯᠠᠨ ᠭᠠᠮᠨᠠᠬᠤ ᠬᠡᠯᠪᠡᠷᠢ ᠶᠢᠨ ᠪᠠᠶᠢᠭᠤᠯᠭ᠎ᠠ ᠶᠢᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠨ᠂ ᠪᠠᠶᠢᠭᠤᠯᠭ᠎ᠠ ᠶᠢᠨ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠬᠤ ᠬᠡᠷᠡᠭᠲᠡᠶ᠃ | ᠡᠯ᠎ᠡ ᠱᠠᠲᠤᠨ ᠤ ᠪᠠᠶᠢᠭᠤᠯᠭ᠎ᠠ ᠨᠢ ᠡᠨᠧᠷᠭᠢ ᠶᠢᠨ ᠭᠡᠷ᠎ᠡ ᠶᠢᠨ ᠬᠠᠮᠢᠶᠠᠷᠤᠯᠲᠠ᠂ ᠤᠰᠤ ᠠᠷᠪᠢᠯᠠᠬᠤ ᠭᠡᠷ᠎ᠡ ᠶᠢᠨ ᠬᠠᠮᠢᠶᠠᠷᠤᠯᠲᠠ ᠶᠢ ᠦᠷᠨᠢᠭᠦᠯᠬᠦ ᠶᠢ ᠵᠣᠷᠢᠬᠵᠢᠭᠤᠯᠤᠨ᠎ᠠ᠃ | | ᠬᠤᠷᠢᠨ ᠳᠥᠷᠪᠡᠳᠦᠭᠡᠷ ᠵᠤᠷᠪᠤᠰ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠪᠠᠶᠢᠭᠤᠯᠭ᠎ᠠ ᠶᠢᠨ ᠬᠡᠷᠡᠭ ᠶᠠᠪᠤᠳᠠᠯ ᠤᠨ ᠬᠠᠮᠢᠶᠠᠷᠤᠯᠲᠠ ᠶᠢ ᠬᠠᠷᠢᠭᠤᠴᠠᠵᠤ | ᠪᠠᠶᠢᠭ᠎ᠠ ᠪᠠᠶᠢᠭᠤᠯᠤᠮᠵᠢ ᠨᠢ ᠠᠳᠠᠯᠢ ᠱᠠᠲᠤᠨ ᠤ ᠡᠨᠧᠷᠭᠢ ᠠᠷᠪᠢᠯᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠵᠢᠯᠣᠭᠤᠳᠤᠯᠭ᠎ᠠ ᠳᠣᠤᠷ᠎ᠠ᠂ ᠣᠯᠠᠨ ᠨᠡᠶᠢᠲᠡ ᠶᠢᠨ | ᠪᠠᠶᠢᠭᠤᠯᠤᠮᠵᠢ ᠶᠢᠨ ᠡᠨᠧᠷᠭᠢ ᠠᠷᠪᠢᠯᠠᠬᠤ ᠲᠥᠯᠥᠪᠵᠢᠭᠦᠯᠭᠡ᠂ ᠳᠦᠷᠢᠮ ᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠲᠤᠰ ᠱᠠᠲᠤᠨ ᠤ | ᠪᠠᠶᠢᠭᠤᠯᠭ᠎ᠠ ᠶᠢᠨ ᠡᠨᠧᠷᠭᠢ ᠠᠷᠪᠢᠯᠠᠬᠤ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠂ ᠳᠣᠤᠷᠠᠳᠤ ᠱᠠᠲᠤᠨ ᠤ ᠪᠠᠶᠢᠭᠤᠯᠭ᠎ᠠ ᠶᠢᠨ ᠡᠨᠧᠷᠭᠢ ᠠᠷᠪᠢᠯᠠᠬᠤ | ᠠᠵᠢᠯ ᠢ ᠠᠬᠢᠭᠤᠯᠵᠤ᠂ ᠵᠢᠯᠣᠭᠤᠳᠴᠤ᠂ ᠵᠣᠬᠢᠴᠠᠭᠤᠯᠵᠤ᠂ ᠬᠢᠨᠠᠯᠲᠠ ᠲᠠᠯᠪᠢᠨ᠎ᠠ᠃ | ᠬᠤᠷᠢᠨ ᠲᠠᠪᠤᠳᠤᠭᠠᠷ ᠵᠤᠷᠪᠤᠰ ᠡᠯ᠎ᠡ ᠱᠠᠲᠤᠨ ᠤ ᠪᠠᠶᠢᠭᠤᠯᠭ᠎ᠠ ᠨᠢ ᠡᠨᠧᠷᠭᠢ ᠠᠷᠪᠢᠯᠠᠬᠤ ᠬᠠᠮᠢᠶᠠᠷᠤᠯᠲᠠ ᠪᠠᠨ ᠴᠢᠩᠭᠠᠳᠬᠠᠵᠤ᠂ ᠮᠡᠷᠭᠡᠵᠢᠯ ᠤᠨ ᠲᠠᠯ᠎ᠠ ᠪᠠᠷ | ᠶᠠᠪᠤᠭᠳᠠᠭᠤᠰᠢᠲᠠᠶ᠂ ᠠᠵᠤ ᠠᠬᠤᠶ ᠶᠢᠨ ᠲᠠᠯ᠎ᠠ ᠪᠠᠷ ᠵᠦᠢ ᠵᠣᠬᠢᠰᠲᠠᠶ ᠠᠷᠭ᠎ᠠ ᠬᠡᠮᠵᠢᠶ᠎ᠡ ᠠᠪᠴᠤ ᠪᠠᠶᠢᠭᠠᠳ ᠡᠨᠧᠷᠭᠢ ᠶᠢᠨ ᠬᠤᠷᠣᠭᠳᠠᠯ ᠢ ᠪᠠᠭᠤᠷᠠᠭᠤᠯᠵᠤ᠂ ᠣᠷᠴᠢᠨ | ᠲᠣᠭᠤᠷᠢᠨ ᠢ ᠬᠠᠮᠠᠭᠠᠯᠠᠬᠤ ᠳᠤ ᠠᠰᠢᠭᠲᠠᠶ ᠡᠨᠧᠷᠭᠢ ᠠᠷᠪᠢᠯᠠᠬᠤ᠂ ᠤᠰᠤ ᠠᠷᠪᠢᠯᠠᠬᠤ᠂ ᠬᠤᠷᠣᠭᠳᠠᠯ ᠮᠠᠲ᠋ᠧᠷᠢᠶᠠᠯ ᠤᠨ ᠦᠢᠯᠡᠳᠬᠦᠨ ᠵᠢᠴᠢ ᠳᠠᠬᠢᠯᠲᠠ ᠦᠢᠯᠡᠳᠬᠦᠨ ᠢ | ᠡᠩ ᠲᠡᠷᠢᠭᠦᠨ ᠳᠤ ᠬᠤᠳᠠᠯᠳᠤᠨ ᠠᠪᠬᠤ ᠪᠠ ᠬᠡᠷᠡᠭᠯᠡᠵᠦ᠂ ᠰᠢᠨ᠎ᠡ ᠡᠨᠧᠷᠭᠢ ᠪᠣᠯᠤᠨ ᠲᠠᠬᠢᠯᠲᠠ ᠡᠨᠧᠷᠭᠢ ᠶᠢ ᠲᠦᠷᠦᠭᠦᠯᠡᠨ ᠠᠰᠢᠭᠯᠠᠵᠤ᠂ ᠨᠢᠭᠡᠨᠲᠡ ᠪᠠᠶᠢᠭ᠎ᠠ | ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ ᠴᠢᠩᠭᠠᠳᠬᠠᠨ᠂ ᠠᠵᠢᠯᠯᠠᠬᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ᠂ ᠠᠵᠢᠯᠯᠠᠭᠠᠨ ᠤ ᠪᠣᠬᠢᠷᠲᠤᠯ ᠦᠭᠡᠶ | ᠪᠠᠶᠢᠬᠤ ᠶᠢ ᠪᠡᠶᠡᠯᠡᠭᠦᠯᠬᠦ ᠬᠡᠷᠡᠭᠲᠡᠶ᠃ | ᠬᠤᠷᠢᠨ ᠵᠢᠷᠭᠤᠳᠤᠭᠠᠷ ᠵᠤᠷᠪᠤᠰ ᠡᠯ᠎ᠡ ᠱᠠᠲᠤᠨ ᠤ ᠪᠠᠶᠢᠭᠤᠯᠭ᠎ᠠ ᠨᠢ ᠤᠰᠤ ᠶᠢ ᠠᠷᠪᠢᠯᠠᠵᠤ ᠬᠡᠷᠡᠭᠯᠡᠬᠦ ᠬᠠᠮᠢᠶᠠᠷᠤᠯᠲᠠ ᠪᠠᠨ ᠴᠢᠩᠭᠠᠳᠬᠠᠵᠤ᠂ ᠤᠰᠤ ᠬᠡᠷᠡᠭᠯᠡᠬᠦ | ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠤᠰᠤ ᠬᠡᠷᠡᠭᠯᠡᠬᠦ ᠲᠥᠬᠦᠭᠡᠷᠦᠮᠵᠢ ᠶᠢᠨ ᠡᠳᠦᠷ ᠲᠤᠲᠤᠮ ᠤᠨ ᠬᠠᠮᠠᠭᠠᠯᠠᠯᠲᠠ ᠪᠠ ᠲᠣᠭᠤᠷᠢᠨ ᠪᠠᠶᠢᠴᠠᠭᠠᠯᠲᠠ ᠶᠢ ᠥᠷᠨᠢᠭᠦᠯᠵᠦ | ᠂ ᠤᠰᠤ ᠠᠷᠪᠢᠯᠠᠬᠤ ᠰᠢᠨ᠎ᠡ ᠮᠡᠷᠭᠡᠵᠢᠯ᠂ ᠰᠢᠨ᠎ᠡ ᠣᠷᠠᠯᠠᠯ ᠪᠠ ᠰᠢᠨ᠎ᠡ ᠦᠢᠯᠡᠳᠬᠦᠨ ᠢ ᠳᠡᠯᠭᠡᠷᠡᠭᠦᠯᠦᠨ ᠬᠡᠷᠡᠭᠯᠡᠵᠦ᠂ ᠤᠰᠤ ᠠᠷᠪᠢᠯᠠᠬᠤ ᠬᠡᠯᠪᠡᠷᠢ ᠶᠢᠨ ᠨᠢᠭᠡᠴᠢ ᠶᠢ | ᠪᠠᠶᠢᠭᠤᠯᠬᠤ ᠬᠡᠷᠡᠭᠲᠡᠶ᠃ | ᠨᠥᠬᠦᠴᠡᠯ ᠪᠦᠷᠢᠯᠳᠦᠭᠰᠡᠨ ᠨᠢᠭᠡᠴᠢ ᠨᠦᠭᠦᠳ ᠤᠨ ᠪᠣᠷᠣᠭᠠᠨ ᠤ ᠤᠰᠤ᠂ ᠳᠠᠬᠢᠯᠲᠠ ᠤᠰᠤᠨ ᠤ ᠠᠰᠢᠭᠯᠠᠯᠲᠠ ᠶᠢ ᠥᠷᠨᠢᠭᠦᠯᠬᠦ ᠶᠢ ᠵᠣᠷᠢᠭᠵᠢᠭᠤᠯᠤᠨ᠎ᠠ᠃ | ᠬᠤᠷᠢᠨ ᠳᠣᠯᠣᠳᠤᠭᠠᠷ ᠵᠤᠷᠪᠤᠰ ᠡᠯ᠎ᠡ ᠱᠠᠲᠤᠨ ᠤ ᠪᠠᠶᠢᠭᠤᠯᠭ᠎ᠠ ᠨᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ | ᠠᠵᠢᠯᠯᠠᠬᠤ ᠣᠷᠣᠨ ᠪᠦᠰᠡ ᠶᠢᠨ ᠵᠦᠯᠭᠡ ᠭᠠᠵᠠᠷ ᠤᠨ ᠪᠦᠲᠦᠭᠡᠨ ᠪᠠᠶᠢᠭᠤᠯᠤᠯᠲᠠ ᠶᠢ ᠵᠢᠷᠤᠮᠵᠢᠭᠤᠯᠵᠤ᠂ ᠤᠰᠤ ᠠᠷᠪᠢᠯᠠᠬᠤ᠂ ᠭᠠᠵᠠᠷ ᠠᠷᠪᠢᠯᠠᠬᠤ᠂ ᠡᠨᠧᠷᠭᠢ | ᠠᠷᠪᠢᠯᠠᠬᠤ᠂ ᠮᠠᠲ᠋ᠧᠷᠢᠶᠠᠯ ᠠᠷᠪᠢᠯᠠᠬᠤ᠂ ᠬᠦᠴᠤ ᠠᠷᠪᠢᠯᠠᠬᠤ ᠶᠢ ᠪᠠᠷᠢᠮᠲᠠᠯᠠᠵᠤ ᠂ ᠵᠦᠯᠭᠡ ᠭᠠᠵᠠᠷ ᠤᠨ ᠲᠠᠯᠠᠪᠠᠶ ᠶᠢ ᠵᠦᠢ ᠵᠣᠬᠢᠰᠲᠠᠶ ᠲᠣᠬᠢᠷᠠᠭᠤᠯᠵᠤ᠂ ᠲᠤᠬᠠᠶ ᠶᠢᠨ | ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ ᠤᠷᠭᠤᠮᠠᠯ ᠤᠨ ᠲᠥᠷᠥᠯ ᠵᠤᠷᠪᠤᠰ ᠢ ᠰᠣᠩᠭᠤᠵᠤ᠂ ᠲᠣᠬᠢᠷᠠᠮᠵᠢᠲᠠᠶ ᠴᠠᠭ ᠲᠤ ᠵᠣᠬᠢᠬᠤ ᠬᠡᠮᠵᠢᠶ᠎ᠡ ᠪᠠᠷ ᠰᠢᠨᠵᠢᠯᠡᠬᠦ | ᠤᠬᠠᠭᠠᠨᠴᠢ ᠪᠠᠷ ᠠᠷᠠᠴᠢᠯᠠᠨ ᠬᠠᠮᠠᠭᠠᠯᠠᠬᠤ ᠬᠡᠷᠡᠭᠲᠡᠶ᠃ ᠵᠦᠯᠭᠡ ᠭᠠᠵᠠᠷ ᠤᠨ ᠲᠠᠯᠠᠪᠠᠶ ᠶᠢ ᠳᠤᠷ᠎ᠠ ᠪᠠᠷ ᠢᠶᠠᠨ ᠥᠷᠭᠡᠳᠬᠡᠬᠦ ᠪᠤᠶᠤ ᠪᠠᠭᠠᠰᠬᠠᠵᠤ ᠪᠣᠯᠬᠤ ᠦᠭᠡᠶ᠂ | ᠪᠣᠳᠠᠲᠠᠶ ᠠᠴᠠ ᠰᠠᠯᠵᠤ ᠨᠡᠷᠡᠲᠦ ᠦᠨᠡᠲᠦ ᠮᠣᠳᠣ ᠡᠪᠡᠰᠦ ᠴᠡᠴᠡᠭ ᠲᠠᠷᠢᠵᠤ ᠪᠣᠯᠬᠤ ᠦᠭᠡᠶ᠂ ᠠᠷᠠᠴᠢᠯᠠᠵᠤ ᠬᠠᠮᠠᠭᠠᠯᠠᠬᠤ ᠪᠠᠷᠢᠮᠵᠢᠶ᠎ᠠ ᠶᠢ ᠳᠡᠭᠡᠭᠰᠢᠯᠡᠭᠦᠯᠵᠦ ᠪᠦᠷᠢᠯᠭᠡᠨ | ᠰᠦᠢᠳᠬᠡᠵᠦ ᠪᠣᠯᠬᠤ ᠦᠭᠡᠶ᠃ | ᠬᠤᠷᠢᠨ ᠨᠠᠢᠮᠠᠳᠤᠭᠠᠷ ᠵᠤᠷᠪᠤᠰ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠪᠠᠶᠢᠭᠤᠯᠭ᠎ᠠ ᠶᠢᠨ ᠬᠡᠷᠡᠭ ᠶᠠᠪᠤᠳᠠᠯ ᠤᠨ ᠬᠠᠮᠢᠶᠠᠷᠤᠯᠲᠠ ᠶᠢ ᠬᠠᠷᠢᠭᠤᠴᠠᠵᠤ | ᠪᠠᠶᠢᠭ᠎ᠠ ᠪᠠᠶᠢᠭᠤᠯᠤᠮᠵᠢ ᠨᠢ ᠪᠠᠶᠢᠭᠤᠯᠭ᠎ᠠ ᠶᠢᠨ ᠢᠳᠡᠭᠡᠨ ᠤᠮᠳᠠᠭᠠᠨ ᠢ ᠠᠷᠪᠢᠯᠠᠬᠤ ᠬᠠᠮᠢᠶᠠᠷᠤᠯᠲᠠ ᠶᠢ ᠴᠢᠩᠭᠠᠳᠬᠠᠨ᠂ ᠪᠠᠶᠢᠭᠤᠯᠭ᠎ᠠ ᠶᠢᠨ ᠬᠤᠭᠤᠯᠠᠨ ᠭᠡᠷ ᠤᠨ | ᠢᠳᠡᠭᠡᠨ ᠢ ᠪᠦᠷᠢᠯᠭᠡᠨ ᠰᠦᠢᠳᠬᠡᠬᠦ ᠶᠢ ᠡᠰᠡᠷᠭᠦᠴᠡᠬᠦ ᠠᠵᠢᠯ ᠤᠨ ᠦᠷ᠎ᠡ ᠪᠦᠲᠦᠮᠵᠢ ᠶᠢ ᠦᠨᠡᠯᠡᠨ ᠵᠢᠱᠢᠬᠦ ᠪᠠ ᠵᠠᠷᠯᠠᠬᠤ ᠳᠦᠷᠢᠮ ᠢ ᠪᠠᠶᠢᠭᠤᠯᠤᠨ ᠪᠦᠷᠢᠨᠰᠢᠭᠦᠯᠵᠦ᠂ | ᠢᠳᠡᠭᠡᠨ ᠤ ᠪᠦᠷᠢᠯᠭᠡᠨ ᠰᠦᠢᠳᠬᠡᠬᠦ ᠶᠢ ᠡᠰᠡᠷᠭᠦᠴᠡᠬᠦ ᠶᠠᠪᠤᠳᠠᠯ ᠢ ᠣᠯᠠᠨ ᠨᠡᠶᠢᠲᠡ ᠶᠢᠨ ᠪᠠᠶᠢᠭᠤᠯᠤᠮᠵᠢ ᠶᠢᠨ ᠡᠨᠧᠷᠭᠢ ᠡᠬᠢ ᠪᠠᠶᠠᠯᠢᠭ ᠢ ᠬᠢᠨᠠᠨ ᠰᠢᠯᠭᠠᠬᠤ ᠪᠠ | ᠠᠷᠪᠢᠯᠠᠬᠤ ᠬᠡᠯᠪᠡᠷᠢ ᠶᠢᠨ ᠪᠠᠶᠢᠭᠤᠯᠭ᠎ᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢᠨ ᠠᠭᠤᠯᠭ᠎ᠠ ᠳᠤ ᠣᠷᠣᠭᠤᠯᠬᠤ ᠬᠡᠷᠡᠭᠲᠡᠶ᠃ | ᠬᠤᠷᠢ ᠶᠢᠰᠦᠳᠦᠭᠡᠷ ᠵᠤᠷᠪᠤᠰ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠪᠠᠶᠢᠭᠤᠯᠭ᠎ᠠ ᠶᠢᠨ ᠬᠡᠷᠡᠭ ᠶᠠᠪᠤᠳᠠᠯ ᠤᠨ ᠬᠠᠮᠢᠶᠠᠷᠤᠯᠲᠠ ᠶᠢ ᠬᠠᠷᠢᠭᠤᠴᠠᠵᠤ | ᠪᠠᠶᠢᠭ᠎ᠠ ᠪᠠᠶᠢᠭᠤᠯᠤᠮᠵᠢ ᠨᠢ ᠬᠠᠶᠠᠭᠳᠠᠮᠠᠯ ᠬᠠᠭᠤᠴᠢᠷᠠᠭᠰᠠᠨ ᠪᠣᠳᠠᠰ ᠢ ᠰᠢᠢᠳᠪᠦᠷᠢᠯᠡᠬᠦ ᠳᠦᠷᠢᠮ ᠢ ᠪᠠᠶᠢᠭᠤᠯᠵᠤ᠂ ᠪᠠᠶᠢᠭᠤᠯᠭ᠎ᠠ ᠶᠢᠨ ᠠᠯᠪᠠᠯᠠᠬᠤ ᠲᠣᠭᠤᠷᠢᠭ ᠤᠨ | ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠤᠨ ᠵᠢᠷᠤᠮᠵᠢᠯ ᠢ ᠲᠣᠭᠲᠠᠭᠠᠨ᠂ ᠲᠣᠰ ᠱᠠᠲᠤᠨ ᠤ ᠪᠠᠶᠢᠭᠤᠯᠭ᠎ᠠ ᠶᠢᠨ ᠨᠢᠭᠤᠴᠠ ᠳᠤ ᠥᠯᠥ | ᠬᠤᠯᠪᠣᠭᠳᠠᠬᠤ ᠬᠠᠶᠠᠭᠳᠠᠮᠠᠯ ᠴᠠᠭᠠᠰᠤ᠂ ᠬᠠᠶᠠᠭᠳᠠᠮᠠᠯ ᠴᠠᠬᠢᠯᠭᠠᠨ ᠬᠡᠷᠡᠭᠰᠡᠯ᠂ ᠡᠯᠧᠺᠲᠷᠣᠨ ᠦᠢᠯᠡᠳᠬᠦᠨ ᠵᠡᠷᠭᠡ ᠬᠠᠶᠠᠭᠳᠠᠮᠠᠯ ᠪᠣᠳᠠᠰ ᠢ ᠲᠥᠪᠯᠡᠷᠡᠭᠦᠯᠦᠨ ᠬᠤᠷᠢᠶᠠᠨ | ᠠᠪᠴᠤ ᠰᠢᠢᠳᠪᠦᠷᠢᠯᠡᠬᠦ ᠶᠢ ᠵᠢᠯᠣᠭᠤᠳᠤᠨ ᠵᠣᠬᠢᠴᠠᠭᠤᠯᠵᠤ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠨᠠᠶᠢᠳᠠᠪᠤᠷᠢᠵᠢᠭᠤᠯᠤᠨ᠂ ᠡᠬᠢ | ᠪᠠᠶᠠᠯᠢᠭ ᠤᠨ ᠡᠷᠭᠢᠯᠳᠦᠭᠦᠯᠦᠨ ᠠᠰᠢᠭᠯᠠᠬᠤ ᠶᠢ ᠠᠬᠢᠭᠤᠯᠤᠨ᠎ᠠ᠃ | ᠲᠠᠪᠤᠳᠤᠭᠠᠷ ᠪᠦᠯᠦᠭ ᠦᠢᠯᠡᠴᠢᠯᠡᠭᠡᠨ ᠤ ᠬᠠᠮᠢᠶᠠᠷᠤᠯᠲᠠ | ᠭᠤᠴᠢᠳᠤᠭᠠᠷ ᠵᠤᠷᠪᠤᠰ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠪᠠᠶᠢᠭᠤᠯᠭ᠎ᠠ ᠶᠢᠨ ᠬᠡᠷᠡᠭ ᠶᠠᠪᠤᠳᠠᠯ ᠤᠨ ᠬᠠᠮᠢᠶᠠᠷᠤᠯᠲᠠ ᠶᠢ ᠬᠠᠷᠢᠭᠤᠴᠠᠵᠤ ᠪᠠᠶᠢᠭ᠎ᠠ | ᠪᠠᠶᠢᠭᠤᠯᠤᠮᠵᠢ ᠨᠢ ᠠᠷᠤ ᠲᠠᠯ᠎ᠠ ᠶᠢᠨ ᠦᠢᠯᠡᠴᠢᠯᠡᠭᠡᠨ ᠤ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠬᠤ ᠪᠠ ᠡᠷᠴᠢᠮᠵᠢᠭᠦᠯᠣᠨ ᠬᠡᠷᠡᠭᠯᠡᠵᠦ᠂ | ᠪᠠᠶᠢᠭᠤᠯᠭ᠎ᠠ ᠶᠢᠨ ᠠᠷᠤ ᠲᠠᠯ᠎ᠠ ᠶᠢᠨ ᠦᠢᠯᠡᠴᠢᠯᠡᠭᠡᠨ ᠤ ᠨᠢᠭᠡᠳᠦᠯᠲᠡᠶ ᠬᠠᠮᠢᠶᠠᠷᠤᠯᠲᠠ ᠶᠢᠨ ᠳᠦᠷᠢᠮ ᠢ ᠲᠣᠭᠲᠠᠭᠠᠨ᠂ ᠨᠣᠭᠤᠭᠠᠷᠠᠭᠤᠯᠬᠤ᠂ ᠠᠮᠤᠷ ᠢ ᠬᠠᠮᠠᠭᠠᠯᠠᠬᠤ᠂ | ᠠᠷᠢᠭᠤᠨ ᠴᠡᠪᠡᠷ ᠢ ᠬᠠᠮᠠᠭᠠᠯᠠᠬᠤ᠂ ᠡᠳᠦᠷ ᠲᠤᠲᠤᠮ ᠤᠨ ᠬᠠᠮᠠᠭᠠᠯᠠᠯᠲᠠ ᠵᠡᠷᠭᠡ ᠪᠠᠶᠢᠭᠤᠯᠭ᠎ᠠ ᠶᠢᠨ ᠠᠷᠤ ᠲᠠᠯ᠎ᠠ ᠶᠢᠨ ᠦᠢᠯᠡᠴᠢᠯᠡᠭᠡᠨ ᠤ ᠲᠥᠷᠥᠯ ᠵᠤᠷᠪᠤᠰ ᠪᠣᠯᠤᠨ | ᠡᠳ᠋ ᠪᠠᠷᠠᠭ᠎ᠠ ᠶᠢᠨ ᠬᠤᠷᠣᠭᠳᠠᠯ᠂ ᠠᠵᠢᠯᠲᠠᠨ ᠲᠣᠬᠢᠷᠠᠭᠤᠯᠬᠤ ᠬᠠᠷᠢᠴᠠᠯ ᠵᠡᠷᠭᠡ ᠪᠠᠷᠢᠮᠵᠢᠶ᠎ᠠ ᠶᠢ ᠲᠣᠭᠲᠠᠭᠠᠵᠤ᠂ ᠲᠥᠪᠯᠡᠷᠡᠭᠦᠯᠦᠨ ᠠᠵᠢᠯᠯᠠᠬᠤ ᠣᠷᠣᠨ ᠪᠦᠰᠡ ᠶᠢᠨ | ᠪᠠᠶᠢᠭᠤᠯᠭ᠎ᠠ ᠶᠢᠨ ᠠᠷᠤ ᠲᠠᠯ᠎ᠠ ᠶᠢᠨ ᠦᠢᠯᠡᠴᠢᠯᠡᠭᠡᠨ ᠢ ᠨᠢᠭᠡᠳᠦᠯᠲᠡᠶ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠲᠤᠰ ᠱᠠᠲᠤᠨ ᠤ ᠪᠠᠶᠢᠭᠤᠯᠭ᠎ᠠ ᠶᠢᠨ ᠠᠷᠤ ᠲᠠᠯ᠎ᠠ ᠶᠢᠨ | ᠦᠢᠯᠡᠴᠢᠯᠡᠭᠡᠨ ᠤ ᠠᠵᠢᠯ ᠳᠠᠬᠢ ᠵᠢᠯᠣᠭᠤᠳᠣᠯᠭ᠎ᠠ ᠪᠠ ᠬᠢᠨᠠᠯᠲᠠ ᠲᠠᠯᠪᠢᠯᠲᠠ ᠪᠠᠨ ᠴᠢᠩᠭᠠᠳᠬᠠᠬᠤ ᠬᠡᠷᠡᠭᠲᠡᠶ᠃ | ᠭᠤᠴᠢᠨ ᠨᠢᠭᠡᠳᠦᠭᠡᠷ ᠵᠤᠷᠪᠤᠰ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠪᠠᠶᠢᠭᠤᠯᠭ᠎ᠠ ᠶᠢᠨ ᠬᠡᠷᠡᠭ ᠶᠠᠪᠣᠳᠠᠯ ᠤᠨ ᠬᠠᠮᠢᠶᠠᠷᠣᠯᠲᠠ ᠶᠢ ᠬᠠᠷᠢᠭᠤᠴᠠᠵᠦ | ᠪᠠᠶᠢᠭ᠎ᠠ ᠪᠠᠶᠢᠭᠤᠯᠣᠮᠵᠢ ᠨᠢ ᠪᠠᠶᠢᠭᠤᠯᠭ᠎ᠠ ᠶᠢᠨ ᠠᠷᠤ ᠲᠠᠯ᠎ᠠ ᠶᠢᠨ ᠦᠢᠯᠡᠴᠢᠯᠡᠭᠡᠨ ᠤ ᠶᠠᠰᠤ ᠴᠢᠨᠠᠷ ᠢ ᠰᠢᠯᠭᠠᠨ ᠬᠢᠨᠠᠵᠤ ᠦᠨᠡᠯᠡᠬᠦ ᠳᠦᠷᠢᠮ ᠢ ᠪᠠᠶᠢᠭᠤᠯᠤᠨ | ᠪᠦᠷᠢᠨᠰᠢᠭᠦᠯᠵᠦ᠂ ᠲᠤᠰ ᠱᠠᠲᠤᠨ ᠤ ᠪᠠᠶᠢᠭᠤᠯᠭ᠎ᠠ ᠶᠢᠨ ᠠᠷᠤ ᠲᠠᠯ᠎ᠠ ᠶᠢᠨ ᠦᠢᠯᠡᠴᠢᠯᠡᠭᠡᠨ ᠤ ᠨᠢᠭᠡᠴᠢ ᠳᠤ ᠬᠢ ᠭᠡᠷ᠎ᠡ ᠪᠠᠨ ᠭᠦᠢᠴᠡᠳᠬᠡᠭᠰᠡᠨ ᠪᠠᠶᠢᠳᠠᠯ᠂ | ᠦᠢᠯᠡᠴᠢᠯᠡᠭᠡᠨ ᠤ ᠶᠠᠰᠤ ᠴᠢᠨᠠᠷ ᠲᠤ ᠪᠦᠬᠦ ᠲᠠᠯ᠎ᠠ ᠶᠢᠨ ᠰᠢᠯᠭᠠᠨ ᠬᠢᠨᠠᠯᠲᠠ᠂ ᠶᠡᠷᠦᠩᠬᠡᠶᠢᠯᠡᠭᠰᠡᠨ ᠦᠨᠡᠯᠡᠯᠲᠡ ᠬᠢᠬᠦ ᠶᠢ ᠵᠢᠯᠣᠭᠤᠳᠬᠤ ᠶᠢᠨ ᠬᠠᠮᠲᠤ᠂ ᠰᠢᠯᠭᠠᠨ | ᠲᠣᠭᠲᠠᠭᠠᠭᠰᠠᠨ ᠦᠷ᠎ᠡ ᠳ᠋ᠦᠩ ᠢ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ᠂ ᠦᠢᠯᠡᠴᠢᠯᠡᠭᠡᠨ ᠤ ᠭᠡᠷ᠎ᠡ ᠪᠠᠨ ᠦᠷᠭᠦᠯᠵᠢᠯᠡᠨ ᠲᠣᠭᠲᠠᠬᠤ ᠵᠡᠷᠭᠡ ᠠᠵᠢᠯ ᠤᠨ | ᠦᠨᠳᠦᠰᠦᠯᠡᠯ ᠪᠣᠯᠭᠠᠵᠤ᠂ ᠦᠢᠯᠡᠴᠢᠯᠡᠭᠡᠨ ᠤ ᠠᠷᠭ᠎ᠠ ᠮᠠᠶ᠋ᠢᠭ ᠢ ᠰᠢᠯᠢᠳᠡᠭᠵᠢᠭᠦᠯᠬᠦ ᠶᠢ ᠠᠬᠢᠭᠤᠯᠤᠨ᠂ ᠦᠢᠯᠡᠴᠢᠯᠡᠭᠡᠨ ᠤ ᠰᠡᠳᠬᠢᠯ ᠬᠠᠨᠤᠮᠵᠢᠲᠠᠶ ᠪᠠᠶᠢᠬᠤ ᠬᠡᠮᠵᠢᠶ᠎ᠡ ᠶᠢ | ᠳᠡᠭᠡᠭᠰᠢᠯᠡᠭᠦᠯᠬᠦ ᠬᠡᠷᠡᠭᠲᠡᠶ᠃ | ᠭᠤᠴᠢᠨ ᠬᠤᠶᠠᠳᠤᠭᠠᠷ ᠵᠤᠷᠪᠤᠰ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠪᠠᠶᠢᠭᠤᠯᠭ᠎ᠠ ᠶᠢᠨ ᠬᠡᠷᠡᠭ ᠶᠠᠪᠤᠳᠠᠯ ᠤᠨ ᠬᠠᠮᠢᠶᠠᠷᠤᠯᠲᠠ ᠶᠢᠨ | ᠪᠠᠶᠢᠭᠤᠯᠤᠮᠵᠢ ᠨᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠲᠤᠰ ᠱᠠᠲᠤᠨ ᠤ ᠪᠠᠶᠢᠭᠤᠯᠭ᠎ᠠ ᠶᠢᠨ ᠠᠯᠪᠠᠨ ᠶᠠᠪᠤᠳᠠᠯ ᠤᠨ ᠬᠦᠯᠢᠶᠡᠨ | ᠵᠣᠴᠢᠯᠠᠬᠤ ᠠᠵᠢᠯ ᠢ ᠥᠷᠨᠢᠭᠦᠯᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠣᠷᠠᠬᠤ ᠪᠣᠶᠣ ᠬᠠᠮᠵᠢᠯᠴᠠᠨ ᠲᠤᠰ ᠱᠠᠲᠤᠨ ᠤ ᠴᠢᠬᠤᠯᠠ ᠬᠤᠷᠠᠯ᠂ ᠴᠢᠬᠤᠯᠠ | ᠶᠡᠭᠡ ᠠᠵᠢᠯᠯᠠᠭ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠡᠭᠦᠷᠭᠡᠯᠡᠨ᠎ᠡ᠃ | ᠭᠤᠴᠢᠨ ᠭᠤᠷᠪᠠᠳᠤᠭᠠᠷ ᠵᠤᠷᠪᠤᠰ ᠡᠯ᠎ᠡ ᠱᠠᠲᠤᠨ ᠤ ᠪᠠᠶᠢᠭᠤᠯᠭ᠎ᠠ ᠨᠢ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ | ᠶᠣᠰᠣᠭᠠᠷ ᠬᠤᠷᠠᠯ ᠵᠡᠷᠭᠡ ᠠᠵᠢᠯᠯᠠᠭ᠎ᠠ ᠶᠢᠨ ᠬᠠᠮᠢᠶᠠᠷᠤᠯᠲᠠ ᠪᠠᠨ ᠴᠢᠩᠭᠠᠳᠭᠠᠵᠤ᠂ ᠬᠤᠷᠠᠯ᠂ ᠪᠣᠯᠪᠠᠰᠣᠷᠠᠯ ᠪᠣᠯᠤᠨ ᠪᠠᠶᠠᠷ ᠤᠨ ᠡᠳᠦᠷ ᠤᠨ ᠬᠤᠷᠠᠯ ᠂ ᠪᠠᠶᠠᠷ ᠤᠨ | ᠶᠣᠰᠣᠯᠠᠯ ᠵᠡᠷᠭᠡ ᠠᠵᠢᠯᠯᠠᠭ᠎ᠠ ᠶᠢᠨ ᠲᠤᠭ᠎ᠠ ᠬᠡᠮᠵᠢᠶ᠎ᠡ᠂ ᠬᠡᠪᠴᠢᠶ᠎ᠡ ᠪᠣᠯᠤᠨ ᠴᠠᠭ ᠬᠤᠭᠤᠴᠠᠭ᠎ᠠ ᠶᠢ ᠴᠢᠩᠭ᠎ᠠ ᠬᠢᠵᠠᠭᠠᠷᠯᠠᠵᠤ᠂ ᠦᠢᠯᠡᠴᠢᠯᠡᠭᠡᠨ ᠤ ᠪᠠᠲᠤᠯᠠᠭ᠎ᠠ ᠶᠢᠨ | ᠠᠭᠤᠯᠭ᠎ᠠ ᠪᠣᠯᠤᠨ ᠵᠠᠷᠤᠳᠠᠯ ᠤᠨ ᠵᠠᠷᠤᠯᠭ᠎ᠠ ᠶᠢ ᠵᠢᠷᠤᠮᠵᠢᠭᠤᠯᠬᠤ ᠬᠡᠷᠡᠭᠲᠡᠶ᠃ | ᠭᠤᠴᠢᠨ ᠳᠥᠷᠪᠡᠳᠦᠭᠡᠷ ᠵᠤᠷᠪᠤᠰ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠪᠠᠶᠢᠭᠤᠯᠭ᠎ᠠ ᠶᠢᠨ ᠬᠡᠷᠡᠭ ᠶᠠᠪᠤᠳᠠᠯ ᠤᠨ ᠬᠠᠮᠢᠶᠠᠷᠤᠯᠲᠠ ᠶᠢ ᠬᠠᠷᠢᠭᠤᠴᠠᠵᠤ | ᠪᠠᠶᠢᠭ᠎ᠠ ᠪᠠᠶᠢᠭᠤᠯᠤᠮᠵᠢ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠠᠳᠠᠯᠢ ᠱᠠᠲᠤᠨ ᠤ ᠪᠠᠶᠢᠭᠤᠯᠭ᠎ᠠ ᠨᠢ ᠪᠠᠶᠢᠭᠤᠯᠭ᠎ᠠ ᠶᠢᠨ ᠠᠶᠤᠯᠭᠦᠢ ᠶᠢᠨ | ᠪᠠᠲᠤᠯᠠᠭ᠎ᠠ ᠶᠢᠨ ᠳᠦᠷᠢᠮ᠂ ᠪᠠᠴᠢᠮ ᠪᠠᠶᠢᠳᠠᠯ ᠢ ᠠᠷᠭᠠᠴᠠᠭᠠᠬᠤ ᠤᠷᠢᠳᠴᠢᠯᠠᠭᠰᠠᠨ ᠲᠥᠰᠦᠯ ᠲᠣᠭᠲᠠᠭᠠᠬᠤ ᠶᠢ ᠵᠢᠯᠣᠭᠤᠳᠴᠤ᠂ ᠲᠥᠪᠯᠡᠷᠡᠭᠦᠯᠦᠨ ᠠᠵᠢᠯᠯᠠᠬᠤ | ᠣᠷᠣᠨ ᠤ ᠳᠣᠲᠣᠭᠠᠳᠤ ᠶᠢᠨ ᠠᠶᠤᠯᠭᠦᠢ ᠶᠢᠨ ᠬᠠᠮᠠᠭᠠᠯᠠᠯᠲᠠ ᠪᠣᠯᠤᠨ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢ ᠨᠢᠭᠡᠳᠦᠯᠲᠡᠶ ᠬᠠᠷᠢᠭᠤᠴᠠᠵᠤ᠂ ᠲᠤᠰ | ᠱᠠᠲᠤᠨ ᠤ ᠪᠠᠶᠢᠭᠤᠯᠭ᠎ᠠ ᠶᠢᠨ ᠳᠣᠲᠣᠭᠠᠳᠤ ᠶᠢᠨ ᠠᠶᠤᠯᠭᠦᠢ ᠶᠢᠨ ᠪᠠᠲᠤᠯᠠᠭ᠎ᠠ ᠶᠢᠨ ᠠᠵᠢᠯ ᠢ ᠵᠢᠯᠣᠭᠤᠳᠬᠤ ᠪᠠ ᠬᠢᠨᠠᠯᠲᠠ ᠲᠠᠯᠪᠢᠬᠤ ᠬᠡᠷᠡᠭᠲᠡᠶ᠃ | ᠡᠯ᠎ᠡ ᠱᠠᠲᠤᠨ ᠤ ᠪᠠᠶᠢᠭᠤᠯᠭ᠎ᠠ ᠨᠢ ᠠᠮᠤᠷ ᠲᠦᠪᠰᠢᠨ ᠪᠠᠶᠢᠭᠤᠯᠭ᠎ᠠ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠪᠠᠶᠢᠭᠤᠯᠭ᠎ᠠ ᠶᠢᠨ ᠠᠮᠤᠷ ᠲᠦᠪᠰᠢᠨ ᠤ | ᠳᠦᠷᠢᠮ ᠢ ᠨᠠᠶᠢᠳᠠᠪᠤᠷᠢᠵᠢᠭᠤᠯᠤᠨ᠂ ᠪᠠᠶᠢᠭᠤᠯᠭ᠎ᠠ ᠶᠢᠨ ᠠᠮᠤᠷ ᠲᠦᠪᠰᠢᠨ ᠠᠵᠢᠯᠯᠠᠭᠠᠨ ᠢ ᠪᠠᠲᠤᠯᠠᠬᠤ ᠬᠡᠷᠡᠭᠲᠡᠶ᠃ | ᠭᠤᠴᠢᠨ ᠲᠠᠪᠤᠳᠤᠭᠠᠷ ᠵᠤᠷᠪᠤᠰ ᠡᠯ᠎ᠡ ᠱᠠᠲᠤᠨ ᠤ ᠪᠠᠶᠢᠭᠤᠯᠭ᠎ᠠ ᠨᠢ ᠨᠡᠶᠢᠭᠡᠮ ᠤᠨ ᠬᠠᠷᠢᠭᠤᠴᠠᠯᠭ᠎ᠠ ᠶᠢ ᠡᠭᠦᠷᠭᠡᠯᠡᠵᠦ᠂ ᠤᠯᠤᠰ ᠢᠶᠠᠨ ᠬᠠᠶᠢᠷᠠᠯᠠᠬᠤ ᠡᠷᠡᠭᠦᠯ | ᠬᠠᠮᠠᠭᠠᠯᠠᠯ ᠤᠨ ᠬᠥᠳᠡᠯᠭᠡᠭᠡᠨ ᠢ ᠥᠷᠨᠢᠭᠦᠯᠦᠨ᠂ ᠨᠣᠭᠤᠭᠠᠷᠠᠭᠤᠯᠣᠯᠲᠠ ᠭᠤᠸᠠᠵᠢᠭᠤᠯᠣᠯᠲᠠ ᠶᠢᠨ ᠡᠷᠡᠭᠦᠯ ᠬᠠᠮᠠᠭᠠᠯᠠᠯ ᠤᠨ ᠪᠣᠯᠪᠠᠰᠤᠨ ᠨᠢᠭᠡᠴᠢ ᠶᠢ ᠪᠦᠲᠦᠭᠡᠨ | ᠪᠠᠶᠢᠭᠤᠯᠬᠤ ᠬᠡᠷᠡᠭᠲᠡᠶ ᠂ ᠨᠡᠶᠢᠭᠡᠮ ᠤᠨ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠠᠵᠢᠯ ᠳᠤ ᠣᠷᠣᠯᠴᠠᠵᠤ᠂ ᠡᠭᠦᠷᠭᠡ ᠴᠢᠳᠠᠪᠤᠷᠢ ᠡᠭᠦᠷᠭᠡ | ᠬᠠᠷᠢᠭᠤᠴᠠᠯᠭ᠎ᠠ ᠶᠢᠨ ᠶᠣᠰᠣᠭᠠᠷ ᠡᠳ᠋ ᠪᠠᠷᠠᠭ᠎ᠠ ᠶᠢᠨ ᠪᠠᠲᠤᠯᠠᠭ᠎ᠠ᠂ ᠵᠠᠮ ᠬᠠᠷᠢᠯᠴᠠᠭ᠎ᠠ ᠲᠡᠭᠡᠭᠡᠪᠦᠷᠢ᠂ ᠠᠷᠤ ᠲᠠᠯ᠎ᠠ ᠶᠢᠨ ᠦᠢᠯᠡᠴᠢᠯᠡᠭᠡᠨ ᠵᠡᠷᠭᠡ ᠲᠠᠯ᠎ᠠ ᠶᠢᠨ ᠳᠡᠮᠵᠢᠯᠭᠡ | ᠬᠠᠩᠭᠠᠬᠤ ᠬᠡᠷᠡᠭᠲᠡᠶ ᠂ ᠬᠡᠪ ᠤᠨ ᠠᠵᠢᠯ ᠤᠨ ᠡᠮᠬᠢ ᠳᠢᠭᠯᠢᠮ ᠪᠣᠯᠤᠨ ᠠᠮᠤᠷ ᠲᠦᠪᠰᠢᠨ ᠢ ᠦᠨᠡᠨ ᠬᠦ ᠪᠠᠲᠤᠯᠠᠭᠰᠠᠨ ᠤᠷᠢᠲᠠᠯ ᠳᠣᠤᠷ᠎ᠠ᠂ ᠪᠣᠳᠠᠲᠤ ᠪᠠᠶᠢᠳᠠᠯ ᠲᠠᠢ | ᠤᠶᠠᠯᠳᠤᠭᠤᠯᠤᠨ ᠪᠠᠶᠢᠭᠤᠯᠭ᠎ᠠ ᠶᠢᠨ ᠣᠯᠠᠨ ᠨᠡᠶᠢᠲᠡ ᠶᠢᠨ ᠪᠡᠯᠡᠳᠬᠡᠮᠵᠢ ᠶᠢᠨ ᠠᠷᠠᠳ ᠲᠤ ᠳᠥᠭᠦᠮ ᠦᠵᠡᠭᠦᠯᠬᠦ ᠠᠰᠢᠭᠯᠠᠯᠲᠠ ᠶᠢ ᠲᠦᠯᠬᠢᠨ ᠠᠬᠢᠭᠤᠯᠬᠤ ᠬᠡᠷᠡᠭᠲᠡᠢ ᠃ | ᠵᠢᠷᠭᠤᠳᠤᠭᠠᠷ ᠪᠦᠯᠦᠭ ᠪᠠᠲᠤᠯᠠᠭ᠎ᠠ ᠶᠢᠨ ᠲᠣᠭᠲᠠᠴᠠ | ᠭᠤᠴᠢᠨ ᠵᠢᠷᠭᠤᠳᠤᠭᠠᠷ ᠵᠤᠷᠪᠤᠰ ᠥᠪᠡᠷᠲᠡᠭᠡᠨ ᠵᠠᠰᠠᠬᠤ ᠣᠷᠣᠨ ᠤ ᠪᠠᠶᠢᠭᠤᠯᠭ᠎ᠠ ᠶᠢᠨ ᠬᠡᠷᠡᠭ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ ᠨᠢ | ᠪᠠᠷᠢᠮᠵᠢᠶᠠᠵᠢᠯ ᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠨ ᠬᠠᠮᠢᠶ᠎ᠠ ᠪᠦᠬᠦᠢ ᠪᠠᠷᠢᠮᠵᠢᠶ᠎ᠠ ᠶᠢ ᠲᠣᠭᠲᠠᠭᠠᠨ ᠲᠡᠭᠦᠯᠳᠡᠷᠵᠢᠭᠦᠯᠵᠦ᠂ ᠪᠠᠶᠢᠭᠤᠯᠭ᠎ᠠ ᠶᠢᠨ | ᠠᠵᠢᠯᠯᠠᠭᠠᠨ ᠢ ᠪᠠᠲᠤᠯᠠᠬᠤ ᠪᠠᠷᠢᠮᠵᠢᠶ᠎ᠠ ᠶᠢᠨ ᠲᠣᠭᠲᠠᠯᠴᠠᠭ᠎ᠠ ᠶᠢ ᠪᠦᠷᠢᠨᠰᠢᠭᠦᠯᠦᠨ᠂ ᠪᠠᠷᠢᠮᠵᠢᠶ᠎ᠠ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠬᠤ ᠬᠡᠷᠡᠭᠲᠡᠶ | ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠪᠠᠶᠢᠭᠤᠯᠭ᠎ᠠ ᠶᠢᠨ ᠬᠡᠷᠡᠭ ᠶᠠᠪᠤᠳᠠᠯ ᠤᠨ ᠬᠠᠮᠢᠶᠠᠷᠤᠯᠲᠠ ᠶᠢ ᠬᠠᠷᠢᠭᠤᠴᠠᠵᠤ ᠪᠠᠶᠢᠭ᠎ᠠ ᠪᠠᠶᠢᠭᠤᠯᠤᠮᠵᠢ ᠨᠢ | ᠪᠠᠶᠢᠭᠤᠯᠭ᠎ᠠ ᠶᠢᠨ ᠠᠵᠢᠯᠯᠠᠭᠠᠨ ᠤ ᠪᠠᠲᠤᠯᠠᠭ᠎ᠠ ᠶᠢᠨ ᠠᠵᠢᠯ ᠤᠨ ᠪᠠᠷᠢᠮᠵᠢᠶᠠᠵᠢᠯ ᠢ ᠠᠬᠢᠭᠤᠯᠤᠨ᠂ ᠪᠠᠷᠢᠮᠵᠢᠶ᠎ᠠ ᠶᠢᠨ ᠬᠡᠷᠡᠭᠵᠢᠭᠦᠯᠦᠯᠲᠡ ᠶᠢ ᠴᠢᠩᠭᠠᠳᠬᠠᠵᠤ᠂ | ᠪᠠᠶᠢᠭᠤᠯᠭ᠎ᠠ ᠶᠢᠨ ᠡᠳ᠋ ᠬᠥᠷᠥᠩᠭᠡ᠂ ᠠᠯᠪᠠᠨ ᠤ ᠬᠡᠷᠡᠭᠯᠡᠭᠡᠨ ᠤ ᠭᠡᠷ ᠪᠠᠶᠢᠰᠢᠩ᠂ ᠠᠯᠪᠠᠨ ᠶᠠᠪᠤᠳᠠᠯ ᠳᠤ ᠬᠡᠷᠡᠭᠯᠡᠬᠦ ᠲᠡᠷᠭᠡ᠂ ᠣᠯᠠᠨ ᠨᠡᠶᠢᠲᠡ ᠶᠢᠨ ᠪᠠᠶᠢᠭᠤᠯᠤᠮᠵᠢ ᠶᠢᠨ | ᠡᠨᠧᠷᠭᠢ ᠠᠷᠪᠢᠯᠠᠬᠤ᠂ ᠠᠷᠤ ᠲᠠᠯ᠎ᠠ ᠶᠢᠨ ᠦᠢᠯᠡᠴᠢᠯᠡᠭᠡ ᠵᠡᠷᠭᠡ ᠬᠠᠮᠢᠶᠠᠷᠤᠯᠲᠠ ᠶᠢᠨ ᠴᠤᠪᠤᠷᠠᠯ ᠤᠨ ᠵᠢᠷᠤᠮᠵᠢᠯ᠂ ᠵᠠᠭᠪᠤᠷ ᠢ ᠰᠠᠶᠢᠵᠢᠷᠠᠭᠤᠯᠬᠤ᠂ ᠬᠦᠴᠦᠨ | ᠴᠢᠳᠠᠪᠤᠷᠢ ᠶᠢ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠢ᠃ | ᠭᠤᠴᠢᠨ ᠳᠣᠯᠣᠳᠤᠭᠠᠷ ᠵᠤᠷᠪᠤᠰ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠪᠠᠶᠢᠭᠤᠯᠭ᠎ᠠ ᠶᠢᠨ ᠬᠡᠷᠡᠭ ᠶᠠᠪᠤᠳᠠᠯ ᠤᠨ ᠬᠠᠮᠢᠶᠠᠷᠤᠯᠲᠠ ᠶᠢ ᠬᠠᠷᠢᠭᠤᠴᠠᠵᠤ | ᠪᠠᠶᠢᠭ᠎ᠠ ᠪᠠᠶᠢᠭᠤᠯᠤᠮᠵᠢ ᠨᠢ ᠡᠳ᠋ ᠤᠨ ᠵᠠᠰᠠᠭ᠂ ᠲᠤᠭ᠎ᠠ ᠪᠠᠷᠢᠮᠲᠠ ᠶᠢᠨ ᠬᠠᠮᠢᠶᠠᠷᠤᠯᠲᠠ ᠵᠡᠷᠭᠡ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ | ᠪᠠᠶᠢᠭᠤᠯᠭ᠎ᠠ ᠶᠢᠨ ᠠᠵᠢᠯᠯᠠᠭᠠᠨ ᠤ ᠪᠠᠲᠤᠯᠠᠭ᠎ᠠ ᠶᠢᠨ ᠮᠡᠳᠡᠭᠡ ᠵᠠᠩᠭᠢᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠲᠤᠭ᠎ᠠ | ᠪᠠᠷᠢᠮᠲᠠ ᠶᠢ ᠠᠭᠤᠰᠤᠯᠴᠠᠭᠤᠯᠤᠨ ᠬᠠᠮᠲᠤ ᠪᠠᠷ ᠡᠳ᠋ᠯᠡᠬᠦ ᠲᠣᠭᠲᠠᠴᠠ ᠶᠢ ᠪᠠᠶᠢᠭᠤᠯᠤᠨ᠂ ᠰᠠᠯᠠᠭ᠎ᠠ ᠮᠥᠴᠢᠷ ᠠᠯᠣᠰᠯᠠᠭᠰᠠᠨ ᠂ ᠣᠷᠣᠨ ᠪᠦᠰᠡ ᠠᠯᠤᠰᠯᠠᠭᠰᠠᠨ᠂ | ᠰᠢᠰᠲ᠋ᠧᠮ ᠤᠨ ᠲᠠᠪᠴᠠᠩ ᠠᠯᠤᠰᠯᠠᠭᠰᠠᠨ ᠪᠠᠲᠤᠯᠠᠭ᠎ᠠ ᠶᠢ ᠴᠢᠩᠭᠠᠳᠬᠠᠵᠤ᠂ ᠪᠠᠶᠢᠭᠤᠯᠭ᠎ᠠ ᠶᠢᠨ ᠠᠵᠢᠯᠯᠠᠭᠠᠨ ᠤ ᠪᠠᠲᠤᠯᠠᠭ᠎ᠠ ᠶᠢᠨ ᠠᠷᠭ᠎ᠠ ᠬᠡᠯᠪᠡᠷᠢ᠂ ᠲᠤᠬᠠᠶᠢᠯᠠᠭᠰᠠᠨ | ᠠᠵᠢᠯ ᠤᠨ ᠴᠤᠪᠤᠷᠠᠯ ᠪᠠ ᠦᠢᠯᠡᠴᠢᠯᠡᠭᠡᠨ ᠤ ᠵᠠᠭᠪᠤᠷ ᠤᠨ ᠲᠣᠭᠠᠴᠢᠯᠠᠯᠲᠠ᠂ ᠤᠶᠤᠨᠴᠢᠯᠠᠯᠲᠠ ᠶᠢ ᠠᠬᠢᠭᠤᠯᠵᠤ᠂ ᠬᠡᠪᠴᠢᠶᠡᠵᠢᠭᠰᠡᠨ ᠡᠷᠴᠢᠮᠵᠢᠭᠰᠡᠨ ᠳᠠᠪᠠᠭᠤᠯᠢᠭ ᠢ | ᠪᠠᠳᠠᠷᠠᠭᠤᠯᠤᠨ᠂ ᠪᠠᠶᠢᠭᠤᠯᠭ᠎ᠠ ᠶᠢᠨ ᠠᠵᠢᠯᠯᠠᠭᠠᠨ ᠤ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠶ᠃ | ᠭᠤᠴᠢᠨ ᠨᠠᠢᠮᠠᠳᠤᠭᠠᠷ ᠵᠤᠷᠪᠤᠰ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠪᠠᠶᠢᠭᠤᠯᠭ᠎ᠠ ᠶᠢᠨ ᠬᠡᠷᠡᠭ ᠶᠠᠪᠤᠳᠠᠯ ᠤᠨ ᠬᠠᠮᠢᠶᠠᠷᠤᠯᠲᠠ ᠶᠢ ᠬᠠᠷᠢᠭᠤᠴᠠᠵᠤ | ᠪᠠᠶᠢᠭ᠎ᠠ ᠪᠠᠶᠢᠭᠤᠯᠤᠮᠵᠢ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠬᠢᠨᠠᠨ ᠰᠢᠯᠭᠠᠯᠲᠠ᠂ ᠠᠯᠪᠠᠨ ᠤ | ᠬᠡᠷᠡᠭᠯᠡᠭᠡᠨ ᠤ ᠭᠡᠷ ᠪᠠᠶᠢᠰᠢᠩ ᠢ ᠲᠣᠭᠤᠷᠢᠨ ᠪᠠᠶᠢᠴᠠᠭᠠᠬᠤ ᠂ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢᠨ ᠰᠢᠮᠳᠠᠭᠤᠯᠤᠨ ᠪᠠᠶᠢᠴᠠᠭᠠᠯᠲᠠ᠂ ᠪᠣᠬᠢᠷᠲᠤᠯ ᠦᠭᠡᠶ | ᠬᠥᠭᠵᠢᠯᠲᠡ ᠶᠢ ᠦᠨᠡᠯᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠪᠠᠶᠢᠭᠤᠯᠭ᠎ᠠ ᠶᠢᠨ ᠠᠵᠢᠯᠯᠠᠭᠠᠨ ᠤ ᠪᠠᠲᠤᠯᠠᠭ᠎ᠠ ᠶᠢᠨ ᠠᠵᠢᠯ ᠳᠤ ᠬᠢᠨᠠᠯᠲᠠ ᠲᠠᠯᠪᠢᠵᠤ | ᠪᠠᠶᠢᠴᠠᠭᠠᠬᠤ ᠶᠢᠨ ᠬᠠᠮᠲᠤ᠂ ᠲᠣᠭᠲᠠᠭᠠᠯ ᠶᠣᠰᠣᠭᠠᠷ ᠬᠢᠨᠠᠯᠲᠠ ᠲᠠᠯᠪᠢᠵᠤ ᠪᠠᠶᠢᠴᠠᠭᠠᠭᠰᠠᠨ ᠦᠷ᠎ᠡ ᠳ᠋ᠦᠩ ᠢᠶᠠᠨ ᠵᠠᠷᠯᠠᠬᠤ ᠬᠡᠷᠡᠭᠲᠡᠶ᠃ | ᠭᠤᠴᠢ ᠶᠢᠰᠦᠳᠦᠭᠡᠷ ᠵᠤᠷᠪᠤᠰ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠪᠠᠶᠢᠭᠤᠯᠭ᠎ᠠ ᠶᠢᠨ ᠬᠡᠷᠡᠭ ᠶᠠᠪᠤᠳᠠᠯ ᠤᠨ ᠬᠠᠮᠢᠶᠠᠷᠤᠯᠲᠠ ᠶᠢ ᠬᠠᠷᠢᠭᠤᠴᠠᠵᠤ | ᠪᠠᠶᠢᠭ᠎ᠠ ᠪᠠᠶᠢᠭᠤᠯᠤᠮᠵᠢ ᠨᠢ ᠪᠠᠶᠢᠭᠤᠯᠭ᠎ᠠ ᠶᠢᠨ ᠠᠵᠢᠯᠯᠠᠭᠠᠨ ᠢ ᠪᠠᠲᠤᠯᠠᠬᠤ ᠠᠵᠢᠯ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠪᠠ ᠬᠢᠨᠠᠨ ᠰᠢᠯᠭᠠᠵᠤ ᠦᠨᠡᠯᠡᠬᠦ ᠪᠠᠨ | ᠴᠢᠩᠭᠠᠳᠬᠠᠵᠤ᠂ ᠦᠢᠯᠡᠴᠢᠯᠡᠭᠡᠨ ᠤ ᠪᠠᠲᠤᠯᠠᠭ᠎ᠠ ᠶᠢᠨ ᠡᠲᠡᠭᠡᠳ ᠤᠨ ᠪᠠᠶᠢᠭᠤᠯᠭ᠎ᠠ ᠶᠢᠨ ᠠᠵᠢᠯᠯᠠᠭᠠᠨ ᠢ ᠪᠠᠲᠤᠯᠠᠬᠤ ᠠᠵᠢᠯ ᠤᠨ ᠲᠤᠬᠠᠶ ᠰᠠᠨᠠᠯ ᠪᠠ ᠰᠠᠨᠠᠭᠤᠯᠭ᠎ᠠ ᠶᠢ | ᠲᠣᠭᠲᠠᠮᠠᠯ ᠬᠤᠭᠤᠴᠠᠭ᠎ᠠ ᠲᠠᠢ ᠪᠠᠷ ᠬᠤᠷᠢᠶᠠᠵᠤ᠂ ᠡᠩᠨᠡᠭᠡᠨ ᠤ ᠪᠦᠲᠦᠭᠡᠨ ᠪᠠᠶᠢᠭᠤᠯᠤᠯᠲᠠ ᠪᠠᠨ ᠴᠢᠩᠭᠠᠳᠬᠠᠨ᠂ ᠦᠢᠯᠡᠴᠢᠯᠡᠭᠡᠨ ᠤ ᠪᠠᠲᠤᠯᠠᠭ᠎ᠠ ᠶᠢᠨ ᠴᠢᠳᠠᠪᠤᠷᠢ ᠪᠠᠨ | ᠳᠡᠭᠡᠭᠰᠢᠯᠡᠭᠦᠯᠵᠦ᠂ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢᠶᠠᠨ ᠰᠠᠶᠢᠵᠢᠷᠠᠭᠤᠯᠬᠤ ᠬᠡᠷᠡᠭᠲᠡᠶ᠃ | ᠳᠥᠴᠢᠳᠦᠭᠡᠷ ᠵᠤᠷᠪᠤᠰ ᠪᠠᠶᠢᠭᠤᠯᠭ᠎ᠠ ᠶᠢᠨ ᠠᠵᠢᠯᠯᠠᠭᠠᠨ ᠤ ᠪᠠᠲᠤᠯᠠᠭ᠎ᠠ ᠶᠢᠨ ᠠᠵᠢᠯ ᠤᠨ ᠬᠤᠯᠪᠣᠭᠳᠠᠯ ᠪᠦᠬᠦᠢ ᠵᠦᠢᠯᠡᠰ ᠢ ᠬᠠᠤᠯᠢ ᠶᠣᠰᠣᠭᠠᠷ ᠨᠡᠶᠢᠭᠡᠮ ᠳᠤ | ᠢᠯᠡ ᠪᠣᠯᠭᠠᠵᠤ᠂ ᠣᠯᠠᠨ ᠨᠡᠶᠢᠲᠡ ᠶᠢᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠬᠦ ᠬᠡᠷᠡᠭᠲᠡᠢ᠃ | ᠳᠣᠯᠣᠳᠤᠭᠠᠷ ᠪᠦᠯᠦᠭ ᠬᠠᠤᠯᠢ ᠴᠠᠭᠠᠵᠠ ᠶᠢᠨ ᠬᠠᠷᠢᠭᠤᠴᠠᠯᠭ᠎ᠠ | ᠳᠥᠴᠢᠨ ᠨᠢᠭᠡᠳᠦᠭᠡᠷ ᠵᠤᠷᠪᠤᠰ ᠲᠤᠰ ᠳᠦᠷᠢᠮ ᠤᠨ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠤᠯᠤᠰ ᠤᠨ ᠬᠤᠯᠪᠣᠭᠳᠠᠯ ᠪᠦᠬᠦᠢ ᠬᠠᠤᠯᠢ | ᠴᠠᠭᠠᠵᠠ᠂ ᠬᠠᠤᠯᠢ ᠲᠣᠭᠲᠠᠭᠠᠯ ᠳᠤ ᠪᠣᠳᠠᠲᠠᠶ ᠰᠢᠢᠳᠬᠡᠨ ᠲᠣᠷᠭᠠᠬᠤ ᠲᠣᠭᠲᠠᠭᠠᠯ ᠭᠠᠷᠭᠠᠭᠰᠠᠨ ᠪᠠᠶᠢᠪᠠᠯ᠂ ᠲᠡᠷᠡ ᠲᠣᠭᠲᠠᠭᠠᠯ ᠢ ᠨᠢ ᠳᠠᠭᠠᠬᠤ ᠬᠡᠷᠡᠭᠲᠡᠶ᠃ | ᠳᠥᠴᠢᠨ ᠬᠤᠶᠠᠳᠤᠭᠠᠷ ᠵᠤᠷᠪᠤᠰ ᠲᠤᠰ ᠳᠦᠷᠢᠮ ᠤᠨ ᠲᠣᠭᠲᠠᠭᠠᠯ ᠠᠴᠠ ᠵᠥᠷᠢᠴᠡᠵᠦ᠂ ᠳᠣᠤᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠡᠷᠬᠡᠲᠤ | ᠪᠠᠶᠢᠭᠤᠯᠭ᠎ᠠ ᠠᠴᠠ ᠰᠢᠭᠤᠳ ᠬᠠᠷᠢᠭᠤᠴᠠᠵᠤ ᠪᠠᠶᠢᠭ᠎ᠠ ᠭᠤᠤᠯᠴᠢᠯᠠᠨ ᠬᠠᠮᠢᠶᠠᠷᠴᠤ ᠪᠦᠬᠦᠢ ᠬᠥᠮᠦᠰ ᠪᠣᠯᠤᠨ ᠪᠤᠰᠤᠳ ᠰᠢᠭᠤᠳ ᠬᠠᠷᠢᠭᠤᠴᠠᠯᠭ᠎ᠠ ᠡᠭᠦᠷᠭᠡᠯᠡᠭᠴᠢ ᠳᠤ | ᠬᠠᠤᠯᠢ ᠶᠣᠰᠣᠭᠠᠷ ᠰᠢᠢᠳᠬᠡᠯ ᠣᠯᠭᠤᠨ᠎ᠠ᠄ | ︵ᠨᠢᠭᠡ︶ ᠲᠣᠭᠲᠠᠭᠠᠯ ᠠᠴᠠ ᠵᠥᠷᠢᠴᠡᠨ ᠠᠯᠪᠠᠨ ᠤ ᠬᠡᠷᠡᠭᠯᠡᠭᠡᠨ ᠤ ᠭᠡᠷ ᠪᠠᠶᠢᠰᠢᠩ ᠢ ᠪᠠᠶᠢᠭᠤᠯᠤᠭᠰᠠᠨ᠂ ᠬᠤᠳᠠᠯᠳᠤᠨ ᠠᠪᠤᠭᠰᠠᠨ᠂ ᠲᠦᠷᠢᠶᠡᠰᠦᠯᠡᠭᠰᠡᠨ᠂ | ᠵᠢᠭᠡᠯᠡᠭᠦᠯᠣᠭ᠍ᠰᠡᠨ ᠂ ᠲᠣᠬᠢᠷᠠᠭᠤᠯᠤᠭᠰᠠᠨ᠂ ᠰᠡᠯᠪᠢᠨ ᠵᠠᠰᠠᠭᠰᠠᠨ᠂ ᠵᠠᠰᠠᠵᠤ ᠴᠢᠮᠡᠭᠯᠡᠭᠰᠡᠨ ᠪᠣᠶᠣ ᠠᠯᠪᠠᠨ ᠤ ᠬᠡᠷᠡᠭᠯᠡᠭᠡᠨ ᠤ ᠭᠡᠷ ᠪᠠᠶᠢᠰᠢᠩ ᠢ ᠳᠤᠷ᠎ᠠ ᠪᠠᠷ ᠢᠶᠠᠨ | ᠳᠦᠷᠢᠶᠡᠰᠤᠯᠣᠭᠦᠯᠡᠭᠰᠡᠨ ᠂ ᠵᠢᠭᠡᠯᠡᠭᠦᠯᠦᠭᠰᠡᠨ ᠪᠠ ᠥᠭᠡᠷᠡᠴᠢᠯᠡᠭᠰᠡᠨ ᠪᠠᠶᠢᠪᠠᠯ ᠂ | ︵ᠬᠤᠶᠠᠷ︶ ᠠᠯᠪᠠᠨ ᠳᠤ ᠬᠡᠷᠡᠭᠯᠡᠬᠦ ᠲᠡᠷᠭᠡ ᠶᠢ ᠲᠣᠭᠲᠠᠭᠠᠯ ᠠᠴᠠ ᠵᠥᠷᠢᠴᠡᠨ ᠲᠣᠬᠢᠷᠠᠭᠤᠯᠤᠭᠰᠠᠨ᠂ ᠰᠢᠨᠡᠳᠬᠡᠭᠰᠡᠨ ᠂ ᠬᠡᠷᠡᠭᠯᠡᠭᠰᠡᠨ ᠪᠠ ᠰᠢᠢᠳᠪᠦᠷᠢᠯᠡᠭᠰᠡᠨ ᠪᠠᠶᠢᠪᠠᠯ᠂ | ︵ᠭᠤᠷᠪᠠ︶ ᠲᠣᠭᠲᠠᠭᠠᠯ ᠢ ᠵᠥᠷᠢᠴᠡᠨ ᠵᠦᠯᠭᠡ ᠭᠠᠵᠠᠷ ᠤᠨ ᠲᠠᠯᠠᠪᠠᠢ ᠶᠢ ᠳᠤᠷ᠎ᠠ ᠪᠠᠷ ᠢᠶᠠᠨ ᠥᠷᠭᠡᠳᠬᠡᠬᠦ ᠪᠤᠶᠤ ᠪᠠᠭᠠᠰᠬᠠᠵᠤ᠂ ᠪᠣᠳᠠᠲᠠᠶ ᠠᠴᠠ ᠰᠠᠯᠤᠩᠭᠢᠷᠠᠨ ᠨᠡᠷᠡᠲᠣ | ᠴᠤᠬᠠᠭ ᠮᠣᠳᠣ ᠡᠪᠡᠰᠦ ᠴᠡᠴᠡᠭ ᠲᠠᠷᠢᠵᠤ᠂ ᠱᠠᠯᠢᠨ ᠪᠦᠷᠢᠯᠭᠡᠵᠦ ᠠᠷᠠᠴᠢᠯᠠᠨ ᠬᠠᠮᠠᠭᠠᠯᠠᠬᠤ ᠪᠠᠷᠢᠮᠵᠢᠶ᠎ᠠ ᠶᠢ ᠳᠡᠭᠡᠭᠰᠢᠯᠡᠭᠦᠯᠦᠭᠰᠡᠨ ᠪᠠᠶᠢᠪᠠᠯ᠂ | ︵ᠲᠦᠷᠪᠡ︶ ᠲᠤᠰ ᠳᠦᠷᠢᠮ ᠤᠨ ᠲᠣᠭᠲᠠᠭᠠᠯ ᠠᠴᠠ ᠵᠥᠷᠢᠴᠡᠭᠰᠡᠨ ᠪᠤᠰᠤᠳ ᠠᠵᠢᠯᠯᠠᠭ᠎ᠠ᠃ | ᠳᠥᠴᠢᠨ ᠭᠤᠷᠪᠠᠳᠤᠭᠠᠷ ᠵᠤᠷᠪᠤᠰ ᠪᠠᠶᠢᠭᠤᠯᠭ᠎ᠠ ᠶᠢᠨ ᠠᠵᠢᠯᠯᠠᠭᠠᠨ ᠤ ᠪᠠᠲᠤᠯᠠᠭ᠎ᠠ ᠶᠢᠨ ᠠᠵᠢᠯ ᠤᠨ ᠳᠤᠮᠳᠠ ᠠᠯᠪᠠᠨ ᠲᠤᠰᠢᠶᠠᠯ ᠳᠤ ᠪᠠᠨ ᠠᠯᠮᠠᠶᠢᠷᠠᠨ | ᠣᠰᠣᠯᠳᠠᠭᠰᠠᠨ᠂ ᠡᠷᠬᠡ ᠲᠤᠰᠢᠶᠠᠯ ᠢᠶᠠᠨ ᠳᠤᠷ᠎ᠠ ᠪᠠᠷ ᠬᠡᠷᠡᠭᠯᠡᠭᠰᠡᠨ᠂ ᠬᠤᠪᠢ ᠶᠢᠨ ᠨᠠᠶᠢᠷ ᠢᠶᠠᠷ ᠬᠠᠤᠯᠢ ᠶᠣᠰᠣ ᠶᠢ ᠵᠥᠷᠢᠴᠡᠭᠰᠡᠨ ᠪᠠᠶᠢᠪᠠᠯ᠂ ᠰᠢᠭᠤᠳ ᠬᠠᠷᠢᠭᠤᠴᠠᠵᠤ | ᠪᠠᠶᠢᠭ᠎ᠠ ᠭᠤᠤᠯᠴᠢᠯᠠᠨ ᠬᠠᠮᠢᠶᠠᠷᠴᠤ ᠪᠦᠬᠦᠢ ᠬᠥᠮᠦᠰ ᠪᠣᠯᠤᠨ ᠪᠤᠰᠤᠳ ᠰᠢᠭᠤᠳ ᠬᠠᠷᠢᠭᠤᠴᠠᠯᠭ᠎ᠠ ᠡᠭᠦᠷᠭᠡᠯᠡᠭᠴᠢ ᠳᠤ ᠬᠠᠤᠯᠢ ᠶᠣᠰᠣᠭᠠᠷ ᠰᠢᠢᠳᠬᠡᠯ ᠣᠯᠭᠤᠨ᠎ᠠ ᠂ | ᠶᠠᠯ᠎ᠠ ᠳᠤ ᠬᠦᠷᠦᠭᠰᠡᠨ ᠪᠣᠯ ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠨᠠᠢᠮᠠᠳᠤᠭᠠᠷ ᠪᠦᠯᠦᠭ ᠳᠠᠭᠠᠯᠳᠤᠭᠤᠯᠤᠯ ᠳᠦᠷᠢᠮ | ᠳᠥᠴᠢᠨ ᠳᠥᠷᠪᠡᠳᠦᠭᠡᠷ ᠵᠤᠷᠪᠤᠰ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠭᠡᠴᠢ ᠶᠢᠨ ᠪᠠᠶᠢᠭᠤᠯᠭ᠎ᠠ ᠶᠢᠨ | ᠠᠵᠢᠯᠯᠠᠭᠠᠨ ᠤ ᠪᠠᠲᠤᠯᠠᠭ᠎ᠠ ᠶᠢᠨ ᠠᠵᠢᠯ ᠢ ᠲᠤᠰ ᠳᠦᠷᠢᠮ ᠢᠶᠠᠷ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃ | ᠳᠥᠴᠢᠨ ᠲᠠᠪᠤᠳᠤᠭᠠᠷ ᠵᠤᠷᠪᠤᠰ ᠲᠤᠰ ᠳᠦᠷᠢᠮ ᠢ 2025 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | ᠵᠢᠷᠤᠭᠲᠤ ᠲᠠᠶᠢᠯᠪᠤᠷᠢ᠄ ᠵᠢᠷᠤᠭ ᠲᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠤᠯᠭ᠎ᠠ ᠶᠢᠨ ᠠᠵᠢᠯᠯᠠᠭᠠᠨ ᠤ ᠪᠠᠲᠤᠯᠠᠭ᠎ᠠ ᠶᠢᠨ ᠲᠦᠷᠢᠮ︾ | ᠢ ᠤᠩᠰᠢᠨ ᠣᠶᠢᠯᠠᠭᠠᠪᠠ | ᠦᠰᠦᠭ ᠪᠢᠴᠢᠭ ᠢᠶᠠᠷ ᠦᠭᠦᠯᠡᠬᠦᠢ ᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠤᠯᠭ᠎ᠠ ᠶᠢᠨ ᠠᠵᠢᠯᠯᠠᠭᠠᠨ ᠤ ᠪᠠᠲᠤᠯᠠᠭ᠎ᠠ ᠶᠢᠨ ᠲᠦᠷᠢᠮ︾ | ᠤᠨ ᠲᠠᠶᠢᠯᠤᠮᠵᠢ | | |