ᠠᠵᠤ ᠠᠬᠤᠶᠢᠯᠠᠯ ᠢ ᠳᠡᠮᠵᠢᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠵᠠᠷᠴᠢᠮ ᠶᠣᠰᠣᠭᠠᠷ᠂ ᠣᠶᠢᠷ᠎ᠠ ᠶᠢᠨ ᠬᠤᠭᠤᠴᠠᠭᠠᠨ ᠤ ᠮᠠᠨ ᠤ ᠣᠷᠣᠨ ᠤ ᠪᠥᠲᠥᠭᠡᠨ | ᠪᠠᠶᠢᠭᠤᠯᠤᠯᠲᠠ ᠶᠢᠨ ᠢᠨᠵᠧᠨᠧᠷᠢᠭ ᠤᠨ ᠶᠠᠰᠤ ᠴᠢᠨᠠᠷ ᠢ ᠪᠠᠶᠢᠴᠠᠭᠠᠨ ᠰᠢᠯᠭᠠᠬᠤ ᠪᠠᠶᠢᠭᠤᠯᠤᠮᠵᠢ ︵ᠳᠣᠷᠣᠭᠰᠢ ᠪᠠᠶᠢᠴᠠᠭᠠᠨ ᠰᠢᠯᠭᠠᠬᠤ ᠪᠠᠶᠢᠭᠤᠯᠤᠮᠵᠢ ᠭᠡᠵᠦ | ᠲᠣᠪᠴᠢᠯᠠᠨ᠎ᠠ︶ ᠶᠢᠨ ᠳᠠᠬᠢᠨ ᠬᠢᠨᠠᠨ ᠲᠣᠭᠲᠠᠭᠠᠬᠤ ᠠᠵᠢᠯ ᠤᠨ ᠪᠣᠳᠠᠲᠠᠶ ᠲᠠᠢ ᠤᠶᠠᠯᠳᠤᠭᠤᠯᠤᠨ᠂ ᠨᠢᠭᠡᠨᠲᠡ ᠬᠠᠭᠤᠴᠢᠨ ᠪᠠᠷᠢᠮᠵᠢᠶ᠎ᠠ ᠶᠣᠰᠣᠭᠠᠷ ᠬᠢᠨᠠᠨ ᠣᠯᠣᠭᠰᠠᠨ | ᠪᠠᠶᠢᠴᠠᠭᠠᠨ ᠰᠢᠯᠭᠠᠬᠤ ᠪᠠᠶᠢᠭᠤᠯᠤᠮᠵᠢ ᠶᠢᠨ ᠬᠢᠷᠢ ᠬᠡᠮ ᠤᠨ ᠠᠵᠦ ᠠᠬᠤᠶᠢᠯᠠᠯ ᠨᠢ᠂ ᠪᠠᠶᠢᠴᠠᠭᠠᠨ ᠰᠢᠯᠭᠠᠬᠤ ᠪᠠᠶᠢᠭᠤᠯᠣᠮᠵᠢ ᠶᠢᠨ ᠬᠢᠷᠢ ᠬᠡᠮ ᠤᠨ ᠰᠢᠯᠵᠢᠯᠲᠡ ᠶᠢᠨ | ᠬᠤᠭᠤᠴᠠᠭ᠎ᠠ ᠳᠠᠭᠤᠰᠬᠤ ᠠᠴᠠ ᠡᠮᠣᠨ᠎ᠡ ︵2025 ᠣᠨ ᠤ 3 ᠳ᠋ᠤᠭᠠᠷ ᠰᠠᠷ᠎ᠠ ᠶᠢᠨ 31 ᠤ ᠡᠳᠦᠷ︶ ᠪᠥᠬᠦ ᠲᠤᠰᠬᠠᠶ ᠵᠦᠢᠯ ᠤᠨ ᠬᠢᠷᠢ ᠬᠡᠮ ᠢ ᠳᠠᠭᠢᠵᠤ ᠬᠢᠨᠠᠨ | ᠲᠣᠭᠲᠠᠭᠠᠬᠤ ᠶᠢ ᠪᠡᠶᠡᠯᠡᠭᠦᠯᠦᠭᠰᠡᠨ ᠥᠬᠡᠶ ᠪᠠᠶᠢᠪᠠᠯ᠂ ᠰᠢᠨ᠎ᠡ ᠪᠠᠷᠢᠮᠵᠢᠶ᠎ᠠ ᠶᠢᠨ ᠱᠠᠭᠠᠷᠳᠠᠯᠭ᠎ᠠ ᠶᠢ ᠬᠠᠩᠭᠠᠭᠰᠠᠨ ᠲᠤᠰᠬᠠᠶ ᠵᠦᠢᠯ ᠤᠨ ᠬᠢᠷᠢ ᠬᠡᠮ ᠢ ᠳᠠᠭᠢᠵᠤ ᠬᠢᠨᠠᠨ | ᠲᠣᠭᠲᠠᠭᠠᠬᠤ ᠶᠢ ᠵᠥᠪᠰᠢᠶᠡᠷᠡᠵᠦ᠂ 5 ᠵᠢᠯ ᠤᠨ ᠬᠦᠴᠦᠨ ᠲᠠᠢ ᠬᠢᠷᠢ ᠬᠡᠮ ᠤᠨ ᠦᠨᠡᠮᠯᠡᠯ ᠢ ᠬᠠᠷᠭᠤᠭᠤᠯᠤᠨ ᠣᠯᠭᠤᠨ᠎ᠠ ᠂ ᠰᠢᠨ᠎ᠡ ᠪᠠᠷᠢᠮᠵᠢᠶ᠎ᠠ ᠶᠢᠨ ᠱᠠᠭᠠᠷᠳᠠᠯᠭ᠎ᠠ ᠶᠢ | ᠦᠯᠣ ᠬᠠᠩᠭᠠᠬᠤ ᠲᠤᠰᠬᠠᠶ ᠵᠦᠢᠯ ᠤᠨ ᠬᠢᠷᠢ ᠬᠡᠮ ᠢ 2025 ᠣᠨ ᠤ 4 ᠳ᠋ᠦ᠋ᠭᠡᠷ ᠰᠠᠷ᠎ᠠ ᠶᠢᠨ 30 ᠤ ᠡᠳᠦᠷ ᠠᠴᠠ ᠡᠮᠦᠨ᠎ᠡ ᠳᠠᠭᠢᠵᠤ ᠰᠢᠨ᠎ᠡ ᠪᠠᠷ ᠬᠢᠨᠠᠨ | ᠲᠣᠭᠲᠠᠭᠠᠬᠤ ᠶᠠᠪᠤᠴᠠ ᠵᠢᠴᠢ ᠭᠤᠶᠤᠴᠢᠯᠠᠬᠤ ᠮᠠᠲ᠋ᠧᠷᠢᠶᠠᠯ ᠢᠶᠠᠨ ᠲᠣᠰᠢᠶᠠᠵᠦ ᠭᠤᠶᠣᠴᠢᠯᠠᠭᠠᠳ᠂ ᠬᠢᠨᠠᠨ ᠪᠠᠶᠢᠴᠠᠭᠠᠭᠠᠳ ᠬᠢᠷᠢ ᠲᠡᠩᠴᠡᠭᠰᠡᠨ ᠤ ᠳᠠᠷᠠᠭ᠎ᠠ ᠳᠠᠭᠢᠵᠤ | ᠬᠢᠨᠠᠨ ᠲᠣᠭᠲᠠᠭᠠᠬᠤ ᠶᠢ ᠵᠦᠪᠰᠢᠶᠡᠷᠡᠨ᠎ᠡ ᠂ ᠲᠣᠰ ᠲᠤᠰᠬᠠᠶ ᠵᠦᠢᠯ ᠤᠨ ᠬᠢᠷᠢ ᠬᠡᠮ ᠢ 2025 ᠣᠨ ᠤ 4 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠮᠦᠨ᠎ᠡ ᠳᠠᠭᠢᠵᠤ | ᠬᠢᠨᠠᠨ ᠲᠣᠭᠲᠠᠭᠠᠵᠤ ᠬᠢᠨᠠᠨ ᠵᠥᠪᠰᠢᠶᠡᠷᠡᠬᠦ ᠠᠴᠠ ᠡᠮᠦᠨ᠎ᠡ ᠬᠦᠴᠦᠨ ᠥᠬᠡᠶ ᠪᠣᠯᠭᠠᠨ᠎ᠠ᠃ 2025 ᠣᠨ ᠤ 5 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ | ᠬᠢᠨᠠᠨ ᠵᠦᠪᠰᠢᠶᠡᠷᠡᠭᠰᠡᠨ ᠦᠭᠡᠢ ᠪᠠᠷ ᠲᠠᠬᠢᠨ ᠬᠢᠨᠠᠨ ᠲᠣᠭᠲᠠᠭᠠᠭᠰᠠᠨ ᠲᠤᠰᠬᠠᠢ ᠲᠥᠷᠥᠯ ᠤᠨ ᠬᠢᠷᠢ ᠬᠡᠮ ᠢ ᠠᠩᠬᠠᠨ ᠤ ᠭᠤᠶᠣᠴᠢᠯᠠᠯ ᠢᠶᠠᠷ ᠭᠦᠢᠴᠡᠳᠬᠡᠨ᠎ᠡ ᠃ | ᠬᠤᠯᠪᠣᠭᠳᠠᠯ ᠪᠦᠬᠦᠢ ᠠᠵᠤ ᠠᠬᠤᠶᠢᠯᠠᠯ ᠴᠠᠭ ᠲᠣᠬᠠᠢ ᠳᠤ ᠨᠢ ᠮᠠᠨ ᠤ ᠲᠢᠩᠬᠢᠮ ᠤᠨ ᠨᠡᠶᠢᠲᠡᠯᠡᠭᠰᠡᠨ ᠵᠥᠪᠰᠢᠶᠡᠷᠡᠯ ᠤᠨ ᠠᠯᠪᠠᠨ ᠵᠠᠷ ᠢ ᠠᠩᠬᠠᠷᠤᠭᠠᠷᠠᠢ᠃ | | 2025 ᠣᠨ ᠤ 3 ᠳ᠋ᠤᠭᠠᠷ ᠰᠠᠷ᠎ᠠ ᠶᠢᠨ 24 ᠤ ᠡᠳᠦᠷ | |